ᠪᠡᠯᠭᠡ ᠨᠢ ᠡᠷᠲᠡ ᠪᠤᠯᠪᠠᠰᠤᠷᠠᠭᠰᠠᠨ ᠪᠤᠶᠢᠵᠢᠭᠤᠯᠤᠯᠲᠡ ᠶᠢᠨ ᠲᠠᠬᠢᠶᠠᠨ ︵ᠪᠡᠯᠡᠳᠭᠡᠯ ᠦᠨᠳᠡᠭᠡᠨ ᠲᠠᠬᠢᠶ᠎ᠠ︶ ᠤ | ᠡᠬᠢᠯᠡᠵᠦ ᠦᠨᠳᠡᠭᠡᠯᠡᠬᠦ ᠦᠶ᠎ᠡ ᠶᠢᠨ ᠪᠡᠶ᠎ᠡ ᠶᠢᠨ ᠬᠦᠨᠳᠦ ᠨᠢ ᠬᠡᠳᠦ ᠬᠦᠩᠭᠡᠨ ᠪᠠᠶᠢᠬᠤ ᠨᠢ ᠬᠤᠵᠢᠮ ᠤᠨ | ᠦᠨᠳᠡᠭᠡᠯᠡᠯᠲᠡ ᠶᠢᠨ ᠣᠷᠭᠢᠯ ᠨᠢ ᠦᠨᠳᠦᠷ ᠪᠤᠰᠤ ᠪᠣᠯᠬᠤ ᠶᠢᠨ ᠢᠯᠡᠷᠡᠯ ᠪᠣᠯᠬᠤ ᠶᠤᠮ᠃ ᠲᠠᠬᠢᠶ᠎ᠠ | ᠪᠤᠶᠢᠵᠢᠭᠤᠯᠤᠯᠲᠡ ᠶᠢᠨ ᠬᠤᠭᠤᠴᠠᠭᠠᠨ ᠳᠤ ᠪᠡᠶ᠎ᠡ ᠶᠢᠨ ᠬᠦᠨᠳᠦ ᠨᠢ ᠪᠠᠷᠢᠮᠵᠢᠶᠠᠨ ᠳᠤ ᠨᠡᠶᠢᠴᠡᠬᠦ ᠦᠭᠡᠢ ᠪᠣᠯ ᠬᠤᠵᠢᠮ | ᠦᠨᠳᠡᠭᠡᠯᠡᠬᠦ ᠨᠤᠷᠮ᠎ᠠ ᠨᠢ ᠣᠷᠭᠢᠯ ᠳᠠᠭᠠᠨ ᠬᠦᠷᠬᠦ ᠪᠤᠯᠤᠮᠵᠢ ᠦᠭᠡᠢ ᠶᠤᠮ᠃ ᠢᠩᠭᠢᠪᠡᠯ ᠡᠮᠡᠭᠴᠢᠨ ᠲᠠᠬᠢᠶᠠᠨ ᠤ ᠨᠢᠭᠡ | ᠨᠠᠰᠤᠨ ᠤ ᠦᠨᠳᠡᠭᠡᠯᠡᠯᠲᠡ ᠶᠢ ᠨᠦᠯᠦᠭᠡᠯᠡᠬᠦ ᠪᠤᠯᠤᠨ᠎ᠠ᠃ ᠮᠠᠨ ᠤ ᠤᠯᠤᠰ ᠤᠨ ᠦᠨᠳᠡᠭᠡᠨ ᠲᠠᠬᠢᠶᠠᠨ ᠤ ᠡᠶᠢᠮᠦᠷᠭᠦᠦ | ᠤᠷᠤᠰᠢᠵᠦ ᠪᠠᠶᠢᠭ᠎ᠠ ᠠᠰᠠᠭᠤᠳᠠᠯ ᠳᠤ ᠬᠠᠨᠳᠦᠭᠤᠯᠵᠦ ᠬᠡᠳᠦᠨ ᠠᠷᠭ᠎ᠠ ᠶᠢ ᠳᠤᠤᠷᠠᠬᠢ ᠬᠦᠰᠦᠨᠦᠭᠲᠦ 1- 1 ᠳᠤ | ᠦᠵᠡᠭᠦᠯᠪᠡ᠃ | | | | | | ︵ ᠨᠢᠭᠡ︶ ᠡᠬᠢᠯᠡᠵᠦ ᠦᠨᠳᠡᠭᠡᠯᠡᠬᠦ ᠪᠡᠶ᠎ᠡ ᠶᠢᠨ ᠬᠦᠨᠳᠦ ᠶᠢᠨ ᠬᠠᠷᠠᠯᠲᠠ ᠶᠢ ᠲᠤᠳᠤᠷᠬᠠᠶᠢᠯᠠᠬᠤ ᠬᠡᠷᠡᠭᠲᠡᠢ᠃ | ᠲᠡᠵᠢᠭᠡᠬᠦ ᠡᠭᠦᠯᠳᠡᠷ ᠵᠢᠴᠢ ᠪᠦᠷᠢᠨ ᠤᠳᠤᠮ ᠤᠨ ᠪᠡᠶ᠎ᠡ ᠶᠢᠨ ᠬᠦᠨᠳᠦ ᠶᠢ ᠤᠶᠢᠯᠠᠭᠠᠬᠤ ᠨᠢ ᠨᠢᠭᠡᠨ ᠲᠠᠬᠢᠶ᠎ᠠ | ᠠᠷᠠᠴᠢᠯᠠᠭᠴᠢ ᠳᠤ ᠠᠪᠴᠤ ᠬᠡᠯᠡᠪᠡᠯ ᠲᠤᠩ ᠴᠢᠬᠤᠯᠠ ᠶᠤᠮ᠃ ᠡᠶᠢᠮᠦ ᠠᠴᠠ ᠳᠡᠭᠡᠷᠡᠬᠢ ᠬᠦᠰᠦᠨᠦᠭᠲᠦ 1 - 1 | ᠬᠢᠭᠡᠳ ᠳᠤᠤᠷᠠᠬᠢ ᠬᠦᠰᠦᠨᠦᠭᠲᠦ 1 - 2 ᠢ ᠯᠠᠪᠯᠠᠯᠲᠠ ᠪᠤᠯᠭᠠᠵᠦ ᠦᠵᠡᠭᠡᠷᠡᠢ᠃ | | | | | ︵ᠬᠤᠶᠠᠷ︶ ᠪᠤᠶᠢᠵᠢᠭᠤᠯᠤᠯᠲᠡ ᠶᠢᠨ ᠲᠠᠬᠢᠶ᠎ᠠ ︵ᠪᠡᠯᠡᠳᠭᠡᠯ ᠦᠨᠳᠡᠭᠡᠨ ᠲᠠᠬᠢᠶ᠎ᠠ︶ ᠶᠢᠨ ᠬᠤᠨᠤᠭ ᠤᠨ | ᠪᠤᠷᠳᠤᠭᠠᠨ ᠤ ᠡᠨᠧᠷᠬᠢ ᠶᠢᠨ ᠡᠯᠧᠮᠧᠨ᠋ᠲ ᠢ ᠴᠢᠬᠤᠯᠴᠢᠯᠠᠵᠦ ᠦᠵᠡᠬᠦ ᠭᠡᠷᠡᠭᠲᠡᠢ᠃ ᠮᠠᠨ ᠤ ᠤᠯᠤᠰ ᠤᠨ ᠤᠯᠠᠩᠬᠢ | ᠲᠠᠬᠢᠶ᠎ᠠ ᠲᠡᠵᠢᠭᠡᠬᠦ ᠲᠠᠯᠠᠪᠠᠢ ᠨᠢ ᠪᠤᠷᠳᠤᠭᠠᠨ ᠳᠠᠬᠢ ᠡᠨᠧᠷᠬᠢ ᠶᠢᠨ ᠬᠡᠮᠵᠢᠶ᠎ᠡ ᠬᠦᠷᠦᠯᠴᠡᠬᠦ ᠦᠭᠡᠢ ᠪᠠᠶᠢᠭ᠎ᠠ ᠪᠠᠶᠢᠳᠠᠯ ᠢ | ᠶᠡᠷᠦ ᠳᠡᠭᠡᠨ ᠳᠡᠮᠡᠢ ᠠᠩᠬᠠᠷᠤᠯ ᠳᠠᠭᠠᠨ ᠠᠪᠬᠤ ᠦᠭᠡᠢ ᠪᠠᠶᠢᠨ᠎ᠠ᠃ ᠨᠡᠩ ᠢᠯᠠᠩᠭᠤᠶ᠎ᠠ 15 ᠭᠠᠷᠠᠭ ᠨᠠᠰᠤᠨ ᠠᠴᠠ | ᠬᠤᠶᠢᠰᠢᠬᠢ ᠪᠡᠯᠡᠳᠭᠡᠯ ᠲᠠᠬᠢᠶᠠᠨ ᠤ ᠬᠤᠨᠤᠭ ᠤᠨ ᠪᠤᠷᠳᠤᠭᠠᠨ ᠳᠤ ᠬᠡᠪᠡᠭ ᠬᠢᠬᠦ ᠨᠢ ᠠᠷᠪᠢᠳᠴᠦ᠂ ᠡᠨᠧᠷᠬᠢ ᠶᠢᠨ | ᠪᠤᠷᠳᠤᠭ᠎ᠠ᠂ ᠡᠷᠳᠡᠨᠢ ᠰᠢᠰᠢ ᠭᠡᠷᠡᠭᠯᠡᠬᠦ ᠪᠠᠷᠢᠮᠵᠢᠶ᠎ᠠ ᠨᠢ ᠪᠠᠭᠠᠰᠴᠦ ᠪᠤᠢ᠃ ᠭᠠᠳᠠᠭᠠᠲᠦ ᠤᠯᠤᠰ ᠤᠨ ᠬᠢᠨ ᠦᠨᠳᠡᠭᠡᠨ | ᠲᠠᠬᠢᠶᠠᠨ ᠤ ᠦᠰᠦᠯᠲᠡ ᠪᠤᠶᠢᠵᠢᠯᠲᠡ ᠶᠢᠨ ᠡᠯ᠎ᠡ ᠱᠠᠲᠤᠨ ᠤ ᠬᠤᠨᠤᠭ ᠤᠨ ᠪᠤᠷᠳᠤᠭᠠᠨ ᠳᠤ ᠶᠡᠷᠦ ᠳᠡᠭᠡᠨ 1% ~ | 1.5% ᠶᠢᠨ ᠦᠭᠡᠬᠦ ᠬᠤᠯᠢᠵᠦ ᠪᠠᠶᠢᠭ᠎ᠠ ᠨᠢ ᠪᠡᠶ᠎ᠡ ᠶᠢᠨ ᠬᠦᠨᠳᠦ ᠶᠢ ᠨᠢ ᠨᠡᠮᠡᠭᠳᠡᠭᠦᠯᠵᠦ ᠪᠠᠶᠢᠬᠤ ᠪᠠᠷ ᠪᠠᠷᠠᠬᠤ ᠦᠭᠡᠢ | ᠲᠡᠵᠢᠭᠡᠯ ᠪᠤᠷᠳᠤᠭᠠᠨ ᠤ ᠬᠤᠪᠢᠷᠠᠭᠠᠯᠲᠠ ᠶᠢᠨ ᠨᠤᠷᠮ᠎ᠠ ᠶᠢ ᠨᠡᠮᠡᠭᠳᠡᠭᠦᠯᠵᠦ ᠪᠠᠶᠢᠭ᠎ᠠ ᠶᠤᠮ᠃ ᠡᠶᠢᠮᠦ ᠠᠴᠠ ᠮᠠᠨ ᠤ | ᠤᠯᠤᠰ ᠤᠨ ᠲᠠᠬᠢᠶ᠎ᠠ ᠠᠷᠠᠴᠢᠯᠠᠵᠦ ᠲᠡᠵᠢᠭᠡᠵᠦ ᠪᠠᠶᠢᠭ᠎ᠠ ᠠᠵᠤ ᠠᠬᠤᠶᠢᠯᠠᠯ ᠨᠢ ᠪᠡᠯᠡᠳᠭᠡᠯ ᠲᠠᠬᠢᠶᠠᠨ ᠤ ᠬᠤᠨᠤᠭ ᠤᠨ | ᠪᠤᠷᠳᠤᠭᠠᠨ ᠳᠤ ᠵᠢᠭᠠᠰᠤᠨ ᠲᠤᠰᠤ᠂ ᠰᠢᠰᠢ᠂ ᠪᠤᠷᠴᠠᠭ ᠮᠡᠲᠦ ᠶᠢᠨ ᠦᠭᠡᠭᠦᠨ ᠤ ᠠᠭᠤᠯᠤᠭᠳᠠᠴᠠ ᠪᠠᠷ ᠡᠯᠪᠡᠭ ᠵᠦᠢᠯ | ᠨᠡᠮᠡᠵᠦ ᠤᠷᠤᠭᠤᠯᠵᠦ ᠪᠤᠯᠤᠨ᠎ᠠ ︵ ᠬᠦᠰᠦᠨᠤᠭ᠍ᠲᠦ 1 - 3 ᠳᠤ ᠦᠵᠡ︶᠃ | | | | | | ︵ᠭᠤᠷᠪᠠ︶ ᠲᠡᠵᠢᠭᠡᠯ ᠪᠤᠷᠳᠤᠭ᠎ᠠ ᠶᠢ ᠬᠢᠵᠠᠭᠠᠷᠯᠠᠬᠤ ᠠᠷᠭ᠎ᠠ ᠶᠢ ᠰᠤᠬᠤᠷ ᠪᠠᠯᠠᠢ ᠪᠠᠷ ᠬᠡᠷᠡᠭᠯᠡᠵᠦ ᠪᠣᠯᠬᠤ | ᠦᠭᠡᠢ᠃ ᠲᠡᠵᠢᠭᠡᠯ ᠪᠤᠷᠳᠤᠭ᠎ᠠ ᠶᠢ ᠬᠢᠵᠠᠭᠠᠷᠯᠠᠬᠤ ᠨᠢ ᠭᠡᠳᠦᠶᠢᠪᠡᠷ ᠪᠡᠯᠡᠳᠭᠡᠯ ᠲᠠᠬᠢᠶᠠᠨ ᠤ ᠬᠡᠳᠦ ᠡᠷᠲᠡ | ᠦᠨᠳᠡᠭᠡᠯᠡᠬᠦ ᠶᠢ ᠰᠡᠷᠭᠡᠶᠢᠯᠡᠳᠡᠭ ᠪᠤᠯᠪᠠᠴᠦ ᠡᠨᠡ ᠬᠦ ᠠᠷᠭ᠎ᠠ ᠶᠢ ᠵᠤᠬᠢᠬᠤ ᠨᠦᠬᠦᠴᠡᠯ ᠳᠤᠤᠷ᠎ᠠ ᠭᠡᠷᠡᠭᠯᠡᠬᠦ ᠭᠡᠷᠡᠭᠲᠡᠢ᠃ | ᠣᠳᠣᠬᠠᠨ ᠤ ᠪᠡᠯᠡᠳᠭᠡᠯ ᠦᠨᠳᠡᠭᠡᠨ ᠲᠠᠬᠢᠶᠠᠨ ᠤ ᠬᠤᠨᠤᠭ ᠤᠨ ᠪᠤᠷᠳᠤᠭᠠᠨ ᠳᠤ ᠶᠡᠭᠡ ᠬᠡᠮᠵᠢᠶᠠᠨ ᠤ ᠡᠨᠧᠷᠬᠢ | ᠳᠤᠲᠡᠭ᠌ᠳᠠᠵᠦ ᠪᠠᠶᠢᠭ᠎ᠠ ᠨᠦᠬᠦᠴᠡᠯ ᠳᠤᠤᠷ᠎ᠠ ᠲᠡᠵᠢᠭᠡᠯ ᠪᠤᠷᠳᠤᠭ᠎ᠠ ᠶᠢ ᠬᠢᠵᠠᠭᠠᠷᠯᠠᠬᠤ ᠨᠢ ᠵᠦᠪᠬᠡᠨ ᠤᠷᠪᠠᠭᠤ | ᠦᠢᠯᠡᠳᠦᠯ ᠭᠠᠷᠭᠠᠬᠤ ᠠᠴᠠ ᠪᠢᠰᠢ ᠠᠰᠢᠭ ᠲᠤᠰᠠ ᠬᠦᠷᠲᠡᠵᠦ ᠲᠡᠶᠢᠯᠬᠦ ᠦᠭᠡᠢ ᠨᠢ ᠯᠠᠪᠲᠠᠢ ᠶᠤᠮ᠃ ᠡᠶᠢᠮᠦ ᠠᠴᠠ | ᠲᠡᠵᠢᠭᠡᠯ ᠪᠤᠷᠳᠤᠭ᠎ᠠ ᠶᠢ ᠬᠢᠵᠠᠭᠠᠷᠯᠠᠬᠤ ᠳᠠᠭᠠᠨ ᠭᠡᠷᠡᠭᠯᠡᠵᠦ ᠪᠠᠶᠢᠭ᠎ᠠ ᠬᠤᠨᠤᠭ ᠤᠨ ᠪᠤᠷᠳᠤᠭᠠᠨ ᠤ ᠪᠠᠨ ᠰᠢᠮ᠎ᠡ | ᠲᠡᠵᠢᠭᠡᠯ ᠤᠨ ᠬᠡᠮᠵᠢᠶ᠎ᠡ ᠶᠢ ᠦᠨᠳᠦᠰᠦᠯᠡᠵᠦ ᠲᠣᠭᠲᠠᠭᠠᠪᠠᠯ ᠵᠤᠬᠢᠨ᠎ᠠ᠃ | ︵ᠳᠦᠷᠪᠡ︶ ᠭᠡᠷᠡᠯ ᠤᠨ ᠳᠤᠰᠬᠠᠯᠲᠠ ᠪᠠᠷ ᠰᠡᠲᠦᠯᠲᠡ ᠦᠭᠬᠦ ᠴᠠᠭ ᠢ ᠤᠷᠲᠤᠳᠬᠠᠬᠤ ᠭᠡᠷᠡᠭᠲᠡᠢ᠃ | ᠡᠬᠢᠯᠡᠵᠦ ᠦᠨᠳᠡᠭᠡᠯᠡᠬᠦ ᠡᠮᠡᠭᠴᠢᠨ ᠲᠠᠬᠢᠶ᠎ᠠ ᠳᠤ ᠬᠡᠳᠦ ᠡᠷᠲᠡ ᠭᠡᠷᠡᠯ ᠤᠨ ᠳᠤᠰᠬᠠᠯᠲᠠ ᠦᠭᠴᠦ᠂ ᠰᠡᠲᠦᠯᠲᠡ ᠦᠭᠪᠡᠯ | ᠦᠨᠳᠡᠭᠡᠨ ᠤ ᠭᠠᠷᠤᠯᠲᠠ ᠨᠢ ᠳᠤᠤᠷ᠎ᠠ᠂ ᠬᠤᠶᠠᠷ ᠦᠨᠳᠡᠭᠡᠨ ᠰᠢᠷ᠎ᠠ ᠲᠠᠢ ᠦᠨᠳᠡᠭᠡ ᠠᠷᠪᠢᠳᠴᠦ᠂ ᠬᠤᠰᠬᠢᠨᠠᠭ ᠨᠢ | ᠤᠷᠪᠠᠭ᠋ᠤ ᠦᠵᠡᠭᠳᠡᠯ ᠠᠷᠪᠢᠨ ᠭᠠᠷᠴᠦ᠂ ᠦᠨᠳᠡᠭᠡᠯᠡᠬᠦ ᠤᠷᠭᠢᠯ ᠤᠨ ᠬᠤᠭᠤᠴᠠᠭ᠎ᠠ ᠨᠢ ᠪᠤᠭᠤᠨᠢᠰᠤᠭᠠᠳ᠂ ᠨᠦᠭᠡᠴᠡ | ᠬᠦᠴᠦ ᠨᠢ ᠳᠤᠲᠠᠭᠳᠠᠬᠤ ᠪᠦᠭᠡᠳ ᠦᠨᠳᠡᠭᠡᠯᠡᠬᠦ ᠬᠤᠭᠤᠴᠠᠭᠠᠨ ᠳᠠᠬᠢ ᠬᠤᠬᠢᠷᠠᠯ ᠤᠨ ᠨᠤᠷᠮ᠎ᠠ ᠨᠢ ᠴᠦ ᠦᠨᠳᠦᠷ | ᠪᠤᠯᠳᠠᠭ᠃ ᠡᠶᠢᠮᠦ ᠠᠴᠠ 19 ~ 20 ᠭᠠᠷᠠᠭ ᠨᠠᠰᠤᠨ ᠳᠤ ᠬᠦᠷᠦᠮᠡᠭᠴᠡ ᠶᠠᠭᠠᠷᠠᠵᠦ ᠭᠡᠷᠡᠯ ᠤᠨ ᠳᠤᠰᠬᠠᠯᠲᠠ ᠬᠢᠵᠦ | ᠪᠣᠯᠬᠤ ᠦᠭᠡᠢ᠃ ᠬᠠᠷᠢᠨ ᠪᠡᠯᠡᠳᠭᠡᠯ ᠡᠮᠡᠭᠴᠢᠨ ᠲᠠᠬᠢᠶᠠᠨ ᠤ ᠪᠡᠶ᠎ᠡ ᠶᠢᠨ ᠬᠦᠨᠳᠦ ᠶᠢᠨ ᠪᠠᠶᠢᠳᠠᠯ ᠢ ᠦᠨᠳᠦᠰᠦᠯᠡᠵᠦ | ᠪᠠᠶᠢᠭᠠᠳ ᠭᠡᠷᠡᠯ ᠤᠨ ᠳᠤᠰᠬᠠᠯᠲᠠ ᠦᠭᠬᠦ ᠭᠡᠷᠡᠭᠲᠡᠢ᠃ | ︵ᠲᠠᠪᠤ︶ ᠪᠡᠯᠡᠳᠭᠡᠯ ᠡᠮᠡᠭᠴᠢᠨ ᠲᠠᠬᠢᠶᠠᠨ ᠤ ᠲᠡᠵᠢᠭᠡᠬᠦ ᠨᠢᠭᠲᠠᠴᠠ ᠶᠢ ᠲᠤᠬᠢᠷᠠᠭᠤᠯᠬᠤ ᠭᠡᠷᠡᠭᠲᠡᠢ᠃ | ᠲᠠᠬᠢᠶᠠᠨ ᠰᠦᠷᠦᠭ ᠤᠨ ᠨᠢᠭᠲᠠᠴᠠ ᠨᠢ ᠲᠠᠬᠢᠶᠠᠨ ᠤ ᠪᠡᠶ᠎ᠡ ᠶᠢᠨ ᠬᠦᠨᠳᠦ ᠲᠠᠢ ᠰᠢᠭᠤᠳ ᠬᠠᠷᠢᠴᠠᠭ᠎ᠠ ᠲᠠᠢ ᠪᠠᠶᠢᠳᠠᠭ᠃ | ᠰᠦᠷᠦᠭ ᠤᠨ ᠨᠢᠭᠲᠠᠴᠠ ᠨᠢ ᠬᠡᠳᠦ ᠶᠡᠭᠡ ᠪᠤᠯᠪᠠᠯ ᠡᠬᠢᠯᠡᠵᠦ ᠦᠨᠳᠡᠭᠡᠯᠡᠬᠦ ᠬᠤᠭᠤᠴᠠᠭᠠᠨ ᠤ ᠪᠡᠶ᠎ᠡ ᠶᠢᠨ ᠬᠦᠨᠳᠦ ᠶᠢ | ᠨᠢ ᠨᠦᠯᠦᠭᠡᠯᠡᠳᠡᠭ᠃ ᠤᠳᠤᠬᠠᠨ ᠤ ᠲᠠᠬᠢᠶᠠᠨ ᠪᠠᠶᠢᠷᠢ ᠶᠢᠨ ᠤᠷᠴᠢᠨ ᠲᠤᠭᠤᠷᠢᠨ ᠤ ᠡᠵᠡᠮᠰᠢᠯ ᠳᠦᠷᠢᠮᠵᠢᠵᠦ | ᠳᠡᠶᠢᠯᠦᠭᠡᠳᠦᠢ ᠪᠠᠶᠢᠳᠠᠯ ᠳᠤᠤᠷ᠎ᠠ ᠨᠢᠭᠲᠠᠴᠠ ᠨᠢ ᠶᠡᠭᠡ ᠪᠣᠯ ᠪᠡᠯᠡᠳᠭᠡᠯ ᠲᠠᠬᠢᠶᠠᠨ ᠤ ᠦᠰᠦᠯᠲᠡ ᠪᠤᠶᠢᠵᠢᠯᠲᠡ ᠪᠠ | ᠡᠷᠡᠭᠦᠯ ᠴᠢᠬᠢᠷᠠᠭ ᠢ ᠶᠡᠭᠡ ᠪᠠᠷ ᠨᠦᠯᠦᠭᠡᠯᠡᠬᠦ ᠪᠤᠯᠤᠨ᠎ᠠ᠃ ᠦᠨᠳᠡᠭᠡᠨ ᠲᠠᠬᠢᠶᠠᠨ ᠤ ᠰᠦᠷᠦᠭ ᠤᠨ ᠨᠢᠭᠲᠠᠴᠠ ᠶᠢ | ᠭᠠᠳᠠᠭᠠᠲᠦ ᠤᠯᠤᠰ ᠤᠨ ᠪᠠᠷᠢᠮᠵᠢᠶ᠎ᠠ ᠠᠴᠠ ᠳᠤᠤᠷ᠎ᠠ ᠰᠢᠭ᠋ ᠪᠠᠶᠢᠯᠭᠠᠬᠤ ᠨᠢ ᠡᠬᠢᠯᠡᠵᠦ ᠦᠨᠳᠡᠭᠡᠯᠡᠬᠦ ᠦᠶ᠎ᠡ ᠶᠢᠨ | ᠪᠡᠶ᠎ᠡ ᠶᠢᠨ ᠬᠦᠨᠳᠦ ᠶᠢ ᠨᠡᠮᠡᠭᠳᠡᠭᠦᠯᠬᠦ ᠳᠤ ᠠᠰᠢᠭ ᠲᠠᠢ ᠪᠠᠶᠢᠳᠠᠭ ︵ ᠬᠦᠰᠦᠨᠦᠭᠲᠦ 1 - 4 ᠳᠤ ᠦᠵᠡ︶᠃ | | | | | | | | ︵ᠢᠷᠡᠯᠲᠡ᠄ ᠵᠢᠷᠭᠠᠯ ᠡᠷᠬᠢᠯᠡᠨ ᠨᠠᠶᠢᠷᠠᠭᠤᠯᠤᠭᠰᠠᠨ ︽ᠭᠠᠭ᠋ᠠᠢ ᠲᠠᠬᠢᠶ᠎ᠠ ᠨᠤᠭᠤᠰᠤ ᠲᠡᠵᠢᠭᠡᠵᠦ ᠪᠤᠷᠳᠤᠬᠤ | ᠮᠡᠷᠭᠡᠵᠢᠯ︾ ᠭᠡᠬᠦ ᠨᠣᠮ ᠠᠴᠠ ᠰᠤᠩᠭᠤᠨ ᠰᠡᠶᠢᠷᠡᠭᠦᠯᠪᠠ᠃︶ |