ᠣᠶᠢᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠰᠠᠭᠠᠯᠢ ᠶᠢᠨ ᠦᠢᠯᠡᠰ ᠢ | ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ ᠴᠠᠭᠠᠨ ᠢᠳᠡᠭᠡᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠬᠤ | ᠲᠤᠬᠠᠶ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ ᠰᠠᠭᠠᠯᠢ ᠶᠢᠨ | ᠡᠬᠢ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ᠂ ᠴᠠᠭᠠᠨ ᠢᠳᠡᠭᠡ ᠪᠣᠯᠪᠠᠰᠤᠷᠠᠭᠤᠯᠬᠤ ᠭᠦᠢᠯᠭᠡᠭᠡ᠂ ᠴᠠᠭᠠᠨ | ᠢᠳᠡᠭᠡᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠵᠢᠴᠢ ᠬᠡᠷᠡᠭᠯᠡᠭᠡ ᠶᠢ ᠬᠥᠲᠥᠯᠥᠨ | ᠵᠢᠯᠣᠭᠤᠳᠬᠤ ᠵᠡᠷᠭᠡ ᠲᠠᠯ᠎ᠠ ᠪᠠᠷ ᠪᠥᠬᠦ ᠲᠠᠯ᠎ᠠ ᠶᠢᠨ ᠪᠠᠶᠢᠷᠢᠯᠠᠭᠤᠯᠤᠯᠲᠠ ᠬᠢᠪᠠ᠃ ᠰᠤᠷᠪᠤᠯᠵᠢᠯᠠᠭᠴᠢ ᠬᠤᠯᠪᠣᠭᠳᠠᠯ | ᠪᠥᠬᠦᠶ ᠠᠰᠠᠭᠤᠳᠠᠯ ᠤᠨ ᠲᠤᠬᠠᠶ ᠲᠠᠷᠢᠶᠠᠯᠠᠩ ᠪᠠ ᠬᠥᠳᠡᠭᠡ ᠲᠣᠰᠬᠤᠨ ᠤ ᠶᠠᠮᠤᠨ ᠤ ᠮᠠᠯ ᠠᠵᠤ ᠠᠬᠤᠶ ᠶᠢᠨ | ᠵᠤᠷᠭᠠᠨ ᠤ ᠳᠠᠷᠤᠭ᠎ᠠ ᠮᠠ ᠶᠢᠦ ᠰᠢᠶᠠᠩ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠳᠠ ᠶᠢᠨ ᠶᠠᠮᠤᠨ ᠤ | ᠬᠡᠷᠡᠭᠯᠡᠭᠡᠨ ᠤ ᠵᠦᠢᠯ ᠤᠨ ᠠᠵᠤ ᠦᠢᠯᠡᠳᠪᠦᠷᠢ ᠶᠢᠨ ᠵᠤᠷᠭᠠᠨ ᠤ ᠳᠠᠷᠤᠭ᠎ᠠ ᠭᠤᠤ ᠶᠠᠨ ᠮᠢᠨ᠂ ᠤᠯᠤᠰ ᠤᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠢᠳᠡᠭᠡᠨ ᠤ ᠬᠢᠨᠠᠯᠲᠠ ᠬᠠᠮᠢᠶᠠᠷᠤᠯᠲᠠ ᠶᠢᠨ | ᠨᠢᠭᠡᠳᠦᠭᠡᠷ ᠵᠤᠷᠭᠠᠨ ᠤ ᠳᠠᠷᠤᠭ᠎ᠠ ᠵᠠᠩ ᠵᠢᠩ ᠢ ᠰᠤᠷᠪᠤᠯᠵᠢᠯᠠᠪᠠ᠃ | ᠠᠰᠠᠭᠤᠯᠲᠠ᠄ ᠣᠶᠢᠷ᠎ᠠ ᠶᠢᠨ ᠵᠢᠯ ᠤᠳ ᠲᠤ᠂ ᠰᠠᠭᠠᠯᠢ ᠶᠢᠨ ᠦᠢᠯᠡᠰ ᠤᠨ ᠬᠥᠭᠵᠢᠯᠲᠡ ᠳᠡᠭᠡᠳᠦ ᠬᠡᠮᠵᠢᠶ᠎ᠡ ᠪᠠᠷ | ᠴᠢᠬᠤᠯᠠᠴᠢᠯᠠᠭᠳᠠᠬᠤ ᠪᠤᠯᠪᠠ᠃ ᠡᠨᠡ ᠤᠳᠠᠭ᠎ᠠ ᠰᠠᠭᠠᠯᠢ ᠶᠢᠨ ᠦᠢᠯᠡᠰ ᠢ ᠬᠦᠭᠵᠢᠭᠦᠯᠦᠨ ᠮᠠᠠᠳᠤᠭᠤᠯᠬᠤ ᠶᠢ | ᠠᠬᠢᠭᠤᠯᠬᠤ ᠲᠤᠬᠠᠢ ᠰᠠᠨᠠᠯ ᠢ ᠲᠤᠰᠬᠠᠶᠢᠯᠠᠨ ᠨᠡᠶᠢᠳᠡᠯᠡᠭᠰᠡᠨ ᠨᠢ ᠶᠠᠮᠠᠷ ᠪᠣᠳᠣᠯᠬᠢᠯᠠᠯ ᠠᠴᠠ ᠪᠣᠯᠤᠭᠰᠠᠨ ᠪᠤᠢ︖ | ︽ᠰᠠᠨᠠᠯ︾ ᠳᠤ ᠶᠠᠮᠠᠷ ᠶᠠᠮᠠᠷ ᠰᠢᠨ᠎ᠡ ᠬᠠᠷᠠᠯᠲᠠ ᠪᠠ ᠠᠷᠭ᠎ᠠ ᠬᠡᠮᠵᠢᠶ᠎ᠡ ᠪᠠᠶᠢᠬᠤ ᠪᠣᠶ︖ | ᠬᠠᠷᠢᠭᠤᠯᠲᠠ᠄ ᠡᠲᠡᠭᠡᠷ ᠵᠢᠯ ᠤᠳ ᠲᠤ᠂ ᠢᠯᠠᠩᠭᠤᠶ᠎ᠠ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ | ᠨᠠᠭᠠᠰᠢ᠂ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠣᠷᠣᠨ ᠨᠤᠲᠤᠭ ᠤᠨ ᠵᠠᠰᠠᠭ ᠤᠨ ᠣᠷᠳᠣᠨ ᠪᠠ ᠠᠵᠢᠯ | ᠲᠥᠷᠥᠯ ᠤᠨ ᠬᠢᠨ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠣᠰᠣᠭᠠᠷ᠂ | ᠰᠠᠭᠠᠯᠢ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠲᠦᠷᠭᠡᠳᠬᠡᠨ ᠠᠬᠢᠭᠤᠯᠵᠤ᠂ ᠶᠠᠰᠤ ᠴᠢᠨᠠᠷ ᠤᠨ ᠠᠮᠤᠷ | ᠲᠦᠪᠰᠢᠨ ᠤ ᠬᠢᠨᠠᠯᠲᠠ ᠬᠠᠮᠢᠶᠠᠷᠤᠯᠲᠠ᠂ ᠮᠡᠷᠭᠡᠵᠢᠯ ᠤᠨ ᠳᠠᠪᠰᠢᠯᠲᠠ᠂ ᠦᠢᠯᠡᠳᠪᠦᠷᠢᠯᠡᠯ ᠤᠨ ᠬᠥᠭᠵᠢᠯᠲᠡ ᠪᠠ | ᠲᠦᠷᠦᠯ ᠲᠡᠮᠳᠡᠭ ᠤᠨ ᠪᠠᠶᠢᠭᠤᠯᠤᠯᠲᠠ ᠶᠢ ᠴᠢᠩᠭ᠎ᠠ ᠠᠳᠬᠤᠵᠤ᠂ ᠮᠠᠨ ᠤ ᠤᠯᠤᠰ ᠤᠨ ᠰᠠᠭᠠᠯᠢ ᠶᠢᠨ ᠦᠢᠯᠡᠰ ᠲᠤ | ᠲᠦᠢᠯᠪᠤᠷᠢᠲᠠᠶ ᠬᠤᠪᠢᠷᠠᠯᠲᠠ ᠭᠠᠷᠴᠤ᠂ ᠪᠥᠬᠦ ᠲᠠᠯ᠎ᠠ ᠪᠠᠷ ᠬᠥᠭᠵᠢᠨ ᠮᠠᠠᠳᠤᠬᠤ ᠰᠢᠨ᠎ᠡ ᠴᠠᠭ ᠦᠶ᠎ᠡ ᠳᠤ ᠣᠷᠣᠵᠠᠶ᠃ | ᠭᠡᠪᠡᠴᠦ᠂ ᠮᠠᠨ ᠤ ᠤᠯᠤᠰ ᠤᠨ ᠰᠠᠭᠠᠯᠢ ᠶᠢᠨ ᠦᠢᠯᠡᠰ ᠤᠨ ᠬᠥᠭᠵᠢᠯᠲᠡ ᠮᠥᠨ ᠬᠦ ᠦᠢᠯᠡᠳᠬᠦᠨ ᠤ ᠬᠠᠩᠭᠠᠯᠭ᠎ᠠ | ᠬᠡᠷᠡᠭᠴᠡᠭᠡ ᠶᠢᠨ ᠪᠦᠲᠦᠴᠡ ᠲᠡᠩᠴᠡᠭᠦᠷᠢ ᠦᠭᠡᠶ᠂ ᠠᠵᠤ ᠦᠢᠯᠡᠰ ᠤᠨ ᠥᠷᠢᠰᠥᠯᠳᠦᠬᠦ ᠬᠦᠴᠦᠨ ᠴᠢᠩᠭ᠎ᠠ ᠪᠤᠰᠤ᠂ | ᠬᠡᠷᠡᠭᠯᠡᠭᠡ ᠶᠢ ᠪᠤᠶᠢᠵᠢᠭᠤᠯᠤᠬᠰᠠᠨ ᠢᠶᠠᠷ ᠬᠦᠷᠦᠯᠴᠡᠬᠦ ᠦᠭᠡᠶ ᠵᠡᠷᠭᠡ ᠳᠣᠪᠤᠶᠢᠮ᠎ᠠ ᠠᠰᠠᠭᠤᠳᠠᠯ ᠳᠤ ᠲᠤᠯᠭᠠᠷᠠᠵᠤ | ᠪᠠᠶᠢᠨ᠎ᠠ᠃ ᠰᠢᠨ᠎ᠡ ᠪᠠᠶᠢᠳᠠᠯ᠂ ᠰᠢᠨ᠎ᠡ ᠡᠭᠦᠷᠭᠡ ᠶᠢᠨ ᠡᠮᠦᠨ᠎ᠡ᠂ ᠰᠠᠭᠠᠯᠢ ᠶᠢᠨ ᠦᠢᠯᠡᠰ ᠢ ᠬᠥᠭᠵᠢᠭᠦᠯᠦᠨ | ᠮᠠᠨᠳᠤᠭᠤᠯᠬᠤ ᠶᠢ ᠵᠢᠯᠣᠭᠤᠳᠬᠤ ᠬᠥᠲᠥᠯᠪᠦᠷᠢ ᠶᠢᠨ ᠴᠢᠨᠠᠷᠲᠠᠶ ᠪᠢᠴᠢᠭ ᠮᠠᠲ᠋ᠧᠷᠢᠶᠠᠯ ᠢ ᠨᠡᠶᠢᠲᠡᠯᠡᠵᠦ᠂ ᠰᠠᠭᠠᠯᠢ ᠶᠢᠨ | ᠦᠢᠯᠡᠰ ᠤᠨ ᠬᠥᠭᠵᠢᠯᠲᠡ ᠶᠢᠨ ᠳᠤᠮᠳᠠᠬᠢ ᠪᠠᠭᠤᠷᠠᠶ ᠭᠤᠭᠴᠤᠭ᠎ᠠ ᠪᠠ ᠲᠣᠪᠤᠶᠢᠮ᠎ᠠ ᠠᠰᠠᠭᠤᠳᠠᠯ ᠢ ᠬᠦᠴᠦᠯᠡᠨ | ᠰᠢᠢᠳᠪᠦᠷᠢᠯᠡᠵᠦ᠂ ᠰᠠᠭᠠᠯᠢ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠪᠥᠬᠦ ᠲᠠᠯ᠎ᠠ ᠪᠠᠷ ᠠᠬᠢᠭᠤᠯᠬᠤ | ᠶᠠᠪᠤᠳᠠᠯ ᠲᠤᠯᠭᠠᠮ ᠱᠠᠭᠠᠷᠳᠠᠬᠳᠠᠵᠤ ᠪᠠᠶᠢᠨ᠎ᠠ᠃ | ︽ᠰᠠᠨᠠᠯ︾ ᠢ 6 ᠬᠡᠰᠡᠭ 22 ᠵᠦᠢᠯ ᠳᠤ ᠬᠤᠪᠢᠶᠠᠵᠤ᠂ ᠬᠤᠶᠢᠰᠢᠳᠠ ᠶᠢᠨ ᠨᠢᠭᠡ ᠬᠤᠭᠤᠴᠠᠭᠠᠨ ᠤ | ᠰᠠᠭᠠᠯᠢ ᠶᠢᠨ ᠦᠢᠯᠡᠰ ᠤᠨ ᠬᠥᠭᠵᠢᠯᠲᠡ ᠶᠢᠨ ᠵᠢᠯᠣᠭᠤᠳᠬᠤ ᠦᠵᠡᠯ ᠰᠠᠨᠠᠭ᠎ᠠ᠂ ᠦᠨᠳᠦᠰᠦᠨ ᠵᠠᠷᠴᠢᠮ᠂ ᠭᠤᠤᠯ | ᠬᠠᠷᠠᠯᠲᠠ ᠪᠣᠯᠤᠨ ᠴᠢᠬᠤᠯᠠ ᠶᠡᠭᠡ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠣᠳᠣᠷᠬᠠᠶᠢᠯᠠᠪᠠ᠂ ᠡᠨᠡ ᠨᠢ | ᠬᠤᠶᠢᠰᠢᠳᠠ ᠶᠢᠨ ᠨᠢᠭᠡ ᠬᠤᠭᠤᠴᠠᠭᠠᠨ ᠤ ᠮᠠᠨ ᠤ ᠤᠯᠤᠰ ᠤᠨ ᠰᠠᠭᠠᠯᠢ ᠶᠢᠨ ᠦᠢᠯᠡᠰ ᠤᠨ ᠬᠥᠭᠵᠢᠯᠲᠡ ᠶᠢ | ᠵᠢᠯᠣᠭᠤᠳᠬᠤ ᠬᠥᠲᠥᠯᠪᠦᠷᠢ ᠶᠢᠨ ᠴᠢᠨᠠᠷᠲᠠᠶ ᠪᠢᠴᠢᠭ ᠮᠠᠲ᠋ᠧᠷᠢᠶᠠᠯ ᠪᠣᠯᠬᠤ ᠶᠤᠮ᠃ | ᠨᠢᠭᠡ ᠳᠤ᠂ ᠰᠠᠭᠠᠯᠢ ᠶᠢᠨ ᠦᠢᠯᠡᠰ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ | ᠲᠣᠭᠲᠠᠭᠠᠪᠠ᠃ ︽ᠰᠠᠨᠠᠯ︾ ᠳᠤ᠂ ᠰᠠᠭᠠᠯᠢ ᠶᠢᠨ ᠦᠢᠯᠡᠰ ᠪᠣᠯ ᠡᠷᠡᠭᠦᠯ ᠡᠩᠬᠡ ᠳᠤᠮᠳᠠᠳᠤ ᠤᠯᠤᠰ᠂ ᠢᠳᠡᠷ | ᠴᠢᠬᠢᠷᠠᠭ ᠦᠨᠳᠦᠰᠦᠲᠡᠨ ᠳᠤ ᠳᠤᠲᠠᠭᠳᠠᠵᠤ ᠪᠣᠯᠤᠰᠢ ᠥᠬᠡᠶ ᠠᠵᠤ ᠦᠢᠯᠡᠰ ᠮᠥᠨ᠂ ᠢᠳᠡᠭᠡᠨ ᠤ ᠠᠮᠤᠷ | ᠲᠦᠪᠰᠢᠨ ᠤ ᠲᠥᠯᠥᠭᠡᠯᠡᠬᠦ ᠴᠢᠨᠠᠷᠲᠠᠶ ᠠᠵᠤ ᠦᠢᠯᠡᠰ ᠮᠥᠨ᠂ ᠲᠠᠷᠢᠶᠠᠯᠠᠩ ᠤᠨ ᠣᠳᠣᠬᠢᠴᠢᠯᠠᠯᠲᠠ ᠶᠢᠨ ᠪᠡᠯᠭᠡ | ᠲᠡᠮᠳᠡᠭ ᠤᠨ ᠴᠢᠨᠠᠷᠲᠠᠢ ᠠᠵᠤ ᠦᠢᠯᠡᠰ ᠪᠠ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠢ ᠵᠣᠬᠢᠴᠠᠩᠭᠤᠶ | ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠠᠵᠤ ᠦᠢᠯᠡᠰ ᠮᠥᠨ ᠭᠡᠵᠦ ᠵᠢᠭᠠᠵᠤ ᠭᠠᠷᠭᠠᠪᠠ᠃ | ᠬᠤᠶᠠᠷ ᠲᠤ᠂ ᠰᠠᠭᠠᠯᠢ ᠶᠢᠨ ᠦᠢᠯᠡᠰ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠲᠣᠳᠣᠷᠬᠠᠶᠢᠯᠠᠪᠠ᠃ | ︽ᠰᠠᠨᠠᠯ︾ ᠳᠤ᠂ 2020 ᠣᠨ ᠪᠣᠯᠬᠤ ᠳᠤ ᠰᠠᠭᠠᠯᠢ ᠶᠢᠨ ᠦᠢᠯᠡᠰ ᠤᠨ ᠬᠠᠩᠭᠠᠯᠭ᠎ᠠ ᠶᠢᠨ ᠲᠠᠯ᠎ᠠ ᠶᠢᠨ | ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠪᠣᠳᠠᠲᠤ ᠦᠷ᠎ᠡ ᠪᠦᠲᠦᠮᠵᠢ ᠲᠠᠢ ᠪᠤᠯᠭᠠᠵᠤ᠂ ᠰᠠᠭᠠᠯᠢ ᠶᠢᠨ | ᠦᠢᠯᠡᠰ ᠤᠨ ᠣᠳᠣᠬᠢᠴᠢᠯᠠᠬᠤ ᠪᠥᠲᠥᠭᠡᠨ ᠪᠠᠶᠢᠭᠤᠯᠤᠯᠲᠠ ᠶᠢ ᠢᠯᠡᠷᠬᠡᠢ ᠠᠬᠢᠯᠲᠠ ᠲᠠᠢ ᠪᠣᠯᠭᠠᠵᠤ᠂ 100 | ᠲᠣᠯᠣᠭᠠᠶ ᠠᠴᠠ ᠲᠡᠭᠡᠭᠰᠢ ᠬᠡᠪᠴᠢᠶᠡᠵᠢᠭᠦᠯᠵᠦ ᠲᠡᠵᠢᠭᠡᠨ ᠦᠷᠡᠵᠢᠭᠦᠯᠬᠦ ᠬᠤᠪᠢ ᠶᠢᠨ ᠵᠢᠩ ᠢ 65% ᠠᠴᠠ | ᠲᠠᠪᠠᠭᠤᠯᠵᠤ᠂ ᠰᠦ ᠰᠠᠭᠠᠯᠢ ᠶᠢᠨ ᠥᠪᠡᠷ ᠢ ᠪᠠᠨ ᠬᠠᠩᠭᠠᠬᠤ ᠨᠣᠷᠮ᠎ᠠ ᠶᠢ 70% ᠠᠴᠠ ᠳᠡᠭᠡᠭᠰᠢ ᠪᠠᠶᠢᠯᠭᠠᠵᠤ᠂ | ᠨᠢᠯᠬ᠎ᠠ ᠬᠡᠤᠬᠡᠳ ᠤᠨ ᠨᠠᠶᠢᠷᠠᠯᠭ᠎ᠠ ᠲᠠᠢ ᠰᠦᠨ ᠲᠠᠯᠬ᠎ᠠ ᠶᠢᠨ ᠶᠠᠰᠤ ᠴᠢᠨᠠᠷ᠂ ᠥᠷᠢᠰᠦᠯᠳᠦᠬᠦ ᠬᠦᠴᠦᠨ ᠪᠠ ᠠᠯᠳᠠᠷ | ᠨᠦᠯᠦᠭᠡ ᠶᠢ ᠢᠯᠡᠳᠲᠡ ᠳᠡᠭᠡᠭᠰᠢᠯᠡᠭᠦᠯᠵᠦ᠂ ᠴᠠᠭᠠᠨ ᠢᠳᠡᠭᠡᠨ ᠤ ᠬᠠᠩᠭᠠᠯᠭ᠎ᠠ ᠪᠠ ᠬᠡᠷᠡᠭᠯᠡᠭᠡᠨ ᠤ ᠬᠡᠷᠡᠭᠴᠡᠭᠡ ᠶᠢ ᠨᠠᠩ | ᠢᠯᠡᠭᠦᠤ ᠵᠣᠬᠢᠴᠠᠭᠤᠯᠤᠨ᠎ᠠ︔ 2025 ᠣᠨ ᠪᠣᠯᠬᠤ ᠳᠤ ᠰᠠᠭᠠᠯᠢ ᠶᠢᠨ ᠦᠢᠯᠡᠰ ᠢ ᠪᠥᠬᠦ ᠲᠠᠯ᠎ᠠ ᠪᠠᠷ ᠬᠥᠭᠵᠢᠭᠦᠯᠦᠨ | ᠮᠠᠨᠳᠤᠭᠤᠯᠵᠤ᠂ ᠣᠳᠣᠬᠢᠴᠢᠯᠠᠯᠲᠠ ᠶᠢ ᠦᠨᠳᠦᠰᠦᠨ ᠳᠤ ᠪᠠᠨ ᠪᠡᠶᠡᠯᠡᠭᠦᠯᠵᠦ᠂ ᠳᠡᠯᠡᠬᠡᠶ ᠶᠢᠨ ᠲᠡᠷᠢᠭᠦᠨ ᠤ | ᠡᠩᠨᠡᠭᠡᠨ ᠳᠤ ᠪᠦᠬᠦᠯᠢ ᠴᠣᠭᠴᠠ ᠪᠠᠷ ᠨᠢ ᠤᠷᠤᠭᠤᠯᠤᠨ᠎ᠠ ᠭᠡᠵᠦ ᠲᠤᠷᠠᠳᠪᠠ᠃ | ᠭᠤᠷᠪᠠ ᠳᠤ᠂ ᠴᠢᠨᠠᠷ ᠰᠠᠶᠢᠲᠠᠶ ᠬᠥᠭᠵᠢᠯᠲᠡ ᠶᠢᠨ ᠱᠠᠭᠠᠷᠳᠠᠯᠭ᠎ᠠ ᠶᠢ ᠳᠣᠪᠤᠶᠢᠯᠭᠠᠪᠠ᠃ ︽ᠰᠠᠨᠠᠯ︾ ᠳᠤ᠂ | ᠣᠳᠣᠬᠠᠨ ᠤ ᠰᠠᠭᠠᠯᠢ ᠶᠢᠨ ᠦᠢᠯᠡᠰ ᠤᠨ ᠬᠥᠭᠵᠢᠯᠲᠡ ᠲᠡᠩᠴᠡᠭᠦᠷᠢ ᠥᠬᠡᠶ ᠭᠦᠢᠴᠡᠳ ᠥᠬᠡᠶ ᠪᠠᠶᠢᠭ᠎ᠠ | ᠠᠰᠠᠭᠤᠳᠠᠯ ᠳᠤ ᠴᠢᠭᠯᠡᠭᠦᠯᠦᠨ᠂ ᠵᠠᠩᠭᠢᠯᠠᠭ᠎ᠠ ᠶᠢᠨ ᠭᠤᠭᠴᠤᠭ᠎ᠠ ᠪᠠ ᠭᠤᠤᠯᠳᠠᠯᠭ᠎ᠠ ᠲᠠᠢ ᠬᠦᠴᠢᠷ ᠠᠰᠠᠭᠤᠳᠠᠯ ᠢᠶᠠᠷ | ᠰᠢᠪᠲᠤᠯᠤᠯᠲᠠ ᠪᠣᠯᠭᠠᠵᠤ᠂ ᠰᠠᠭᠠᠯᠢ ᠶᠢᠨ ᠦᠢᠯᠡᠰ ᠤᠨ ᠬᠠᠩᠭᠠᠯᠭ᠎ᠠ ᠶᠢᠨ ᠲᠤᠬᠳᠠᠯᠴᠠᠭ᠎ᠠ ᠶᠢᠨ ᠶᠠᠰᠤ ᠴᠢᠨᠠᠷ ᠪᠠ | ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠵᠦ᠂ ᠴᠢᠨᠠᠷ ᠰᠠᠶᠢᠲᠠᠶ ᠰᠠᠭᠠᠯᠢ ᠶᠢᠨ ᠰᠠᠭᠤᠷᠢᠨ ᠭᠠᠵᠠᠷ ᠤᠨ | ᠪᠥᠲᠥᠭᠡᠨ ᠪᠠᠶᠢᠭᠤᠯᠤᠯᠲᠠ᠂ ᠴᠠᠭᠠᠨ ᠢᠳᠡᠭᠡ ᠪᠤᠯᠪᠠᠰᠤᠷᠠᠭᠤᠯᠬᠤ ᠭᠦᠢᠯᠭᠡᠭᠡ᠂ ᠴᠠᠭᠠᠨ ᠢᠳᠡᠭᠡᠨ ᠤ ᠶᠠᠰᠤ ᠴᠢᠨᠠᠷ ᠤᠨ | ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠵᠢᠴᠢ ᠬᠡᠷᠡᠭᠯᠡᠭᠡ ᠶᠢ ᠬᠥᠲᠥᠯᠥᠨ ᠵᠢᠯᠣᠭᠤᠳᠬᠤ ᠵᠡᠷᠭᠡ ᠵᠠᠩᠭᠢᠯᠠᠭ᠎ᠠ ᠶᠢᠨ | ᠭᠤᠭᠴᠤᠭ᠎ᠠ ᠳᠤ ᠨᠠᠷᠢᠯᠢᠭ ᠣᠨᠣᠴᠠᠲᠠᠶ ᠬᠦᠴᠦᠯᠡᠵᠦ᠂ ᠬᠡᠷᠡᠭᠯᠡᠭᠡᠨ ᠤ ᠬᠡᠷᠡᠭᠴᠡᠭᠡ ᠶᠢᠨ ᠶᠡᠷᠦᠩᠬᠡᠶ ᠬᠡᠮᠵᠢᠶ᠎ᠡ ᠪᠠ | ᠬᠡᠷᠡᠭᠴᠡᠭᠡᠨ ᠤ ᠪᠦᠲᠦᠴᠡ ᠶᠢᠨ ᠬᠤᠪᠢᠷᠠᠯᠲᠠ ᠳᠤ ᠨᠠᠩ ᠰᠠᠶᠢᠲᠤᠷ ᠵᠤᠬᠢᠴᠠᠭᠤᠯᠬᠤ ᠬᠡᠷᠡᠭᠲᠡᠢ ᠭᠡᠵᠦ ᠱᠠᠭᠠᠷᠳᠠᠪᠠ᠃ | ᠳᠥᠷᠪᠡ ᠳᠤ᠂ ᠰᠠᠭᠠᠯᠢᠴᠢᠳ ᠤᠨ ᠡᠷᠬᠡ ᠠᠰᠢᠭ ᠢ ᠪᠠᠲᠤᠯᠠᠬᠤ ᠶᠢ ᠴᠢᠬᠤᠯᠠᠴᠢᠯᠠᠪᠠ᠃ ︽ᠰᠠᠨᠠᠯ︾ ᠳᠤ᠂ | ᠰᠠᠭᠠᠯᠢᠴᠢᠳ ᠤᠨ ᠲᠤᠰᠬᠠᠶ ᠠᠵᠢᠯ ᠤᠨ ᠬᠤᠷᠰᠢᠬᠰᠠᠨ ᠵᠣᠬᠢᠶᠠᠨ ᠪᠠᠶᠢᠭᠤᠯᠤᠯᠲᠠ ᠶᠢ ᠪᠤᠶᠢᠵᠢᠭᠤᠯᠤᠨ | ᠪᠤᠵᠠᠭᠠᠶᠢᠷᠠᠭᠤᠯᠬᠤ᠂ ᠲᠡᠵᠢᠭᠡᠨ ᠦᠷᠡᠵᠢᠭᠦᠯᠬᠦ ᠪᠠ ᠡᠳ᠋ᠰᠢᠭᠦᠯᠵᠦ ᠪᠣᠯᠪᠠᠰᠤᠷᠠᠭᠤᠯᠬᠤ ᠶᠢ ᠨᠢᠭᠡ ᠴᠤᠭᠴᠠᠵᠢᠭᠤᠯᠤᠨ | ᠬᠥᠭᠵᠢᠭᠦᠯᠬᠦ ᠶᠢ ᠠᠬᠢᠭᠤᠯᠬᠤ᠂ ᠲᠦᠭᠦᠬᠡᠶ ᠰᠦ ᠶᠢᠨ ᠦᠨ᠎ᠡ ᠬᠠᠩᠰᠢ ᠶᠢ ᠵᠥᠪᠳᠡᠯᠴᠡᠬᠦ ᠲᠣᠭᠲᠠᠴᠠ ᠶᠢ ᠪᠠᠶᠢᠭᠤᠯᠬᠤ᠂ | ᠲᠦᠭᠦᠬᠡᠶ ᠰᠦ ᠶᠢᠨ ᠶᠠᠰᠤ ᠴᠢᠨᠠᠷ ᠢ ᠭᠤᠷᠪᠠᠳᠠᠬᠢ ᠡᠲᠡᠭᠡᠳ ᠠᠴᠠ ᠰᠢᠯᠭᠠᠨ ᠪᠠᠶᠢᠴᠠᠭᠠᠬᠤ ᠲᠤᠷᠰᠢᠯᠲᠠ ᠶᠢ | ᠥᠷᠨᠢᠭᠦᠯᠬᠦ᠂ ᠲᠦᠭᠦᠬᠡᠶ ᠰᠦ ᠬᠤᠳᠠᠯᠳᠤᠨ ᠠᠪᠬᠤ ᠪᠠ ᠪᠣᠷᠣᠯᠠᠭᠤᠯᠬᠤ ᠠᠵᠢᠯᠯᠠᠭ᠎ᠠ ᠶᠢ ᠵᠢᠷᠤᠮᠵᠢᠭᠤᠯᠬᠤ ᠵᠡᠷᠭᠡ | ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠤ᠂ ᠰᠠᠭᠠᠯᠢᠴᠢᠳ ᠤᠨ ᠵᠠᠬ᠎ᠠ ᠳᠡᠯᠭᠡᠭᠦᠷ ᠤᠨ | ᠲᠦᠭᠰᠢᠭᠦᠷᠢ ᠶᠢ ᠡᠰᠡᠷᠭᠦᠴᠡᠨ ᠲᠤᠯᠬᠤ᠂ ᠣᠲᠣ ᠦᠶ᠎ᠡ ᠶᠢᠨ ᠰᠠᠭᠠᠯᠢ ᠶᠢᠨ ᠦᠢᠯᠡᠰ ᠤᠨ ᠬᠥᠭᠵᠢᠯᠲᠡ ᠶᠢᠨ ᠦᠷ᠎ᠡ | ᠪᠦᠲᠦᠭᠡᠯ ᠢ ᠬᠠᠮᠲᠤ ᠪᠠᠷ ᠡᠳ᠋ᠯᠡᠬᠦ ᠴᠢᠳᠠᠪᠤᠷᠢ ᠶᠢ ᠴᠢᠩᠭᠠᠷᠠᠭᠤᠯᠤᠨ᠎ᠠ ᠭᠡᠵᠦ ᠲᠤᠷᠠᠳᠪᠠ᠃ | ︽ᠰᠠᠨᠠᠯ︾ ᠨᠢ ᠰᠠᠭᠠᠯᠢ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠴᠢᠩᠭ᠎ᠠ ᠳᠣᠬᠢᠶ᠎ᠠ ᠶᠢ ᠨᠡᠶᠢᠭᠡᠮ | ᠲᠠᠶᠠᠭᠠᠷ ᠲᠤ ᠥᠭᠴᠦ᠂ ᠰᠠᠭᠠᠯᠢ ᠶᠢᠨ ᠦᠢᠯᠡᠰ ᠢ ᠨᠠᠩ ᠰᠠᠶᠢᠲᠤᠷ ᠬᠥᠭᠵᠢᠭᠦᠯᠬᠦ ᠳᠤ ᠴᠢᠭᠯᠡᠯ ᠪᠠ ᠠᠷᠭ᠎ᠠ ᠵᠠᠮ ᠢ | ᠲᠣᠳᠣᠷᠬᠠᠶ ᠵᠢᠭᠠᠵᠤ᠂ ᠰᠠᠭᠠᠯᠢ ᠶᠢᠨ ᠦᠢᠯᠡᠰ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠳᠤ | ᠴᠢᠬᠤᠯᠠ ᠶᠡᠭᠡ ᠪᠣᠳᠠᠲᠤ ᠠᠴᠢ ᠬᠤᠯᠪᠣᠭᠳᠠᠯ ᠪᠠ ᠠᠯᠤᠰ ᠬᠡᠲᠦ ᠶᠢᠨ ᠲᠡᠤᠬᠡᠲᠦ ᠠᠴᠢ ᠬᠤᠯᠪᠣᠭᠳᠠᠯ ᠲᠠᠢ ᠶᠤᠮ᠃ | ᠠᠰᠠᠭᠤᠯᠲᠠ᠄ ︽ᠰᠠᠨᠠᠯ︾ ᠳᠤ ᠴᠢᠨᠠᠷ ᠰᠠᠶᠢᠲᠠᠶ ᠰᠠᠭᠠᠯᠢ ᠶᠢᠨ ᠰᠠᠭᠤᠷᠢᠨ ᠭᠠᠵᠠᠷ ᠤᠨ ᠪᠥᠲᠥᠭᠡᠨ | ᠪᠠᠶᠢᠭᠤᠯᠤᠯᠲᠠ ᠳᠤ ᠪᠣᠳᠠᠲᠠᠶ ᠪᠠᠶᠢᠷᠢᠯᠠᠭᠤᠯᠤᠯᠲᠠ ᠬᠢᠪᠠ᠂ ᠲᠠᠷᠠᠭᠠᠴᠢ ᠶᠢᠨ ᠠᠯᠬᠤᠮ ᠳᠤ ᠨᠠᠶᠢᠳᠠᠪᠤᠷᠢᠵᠢᠭᠤᠯᠤᠯᠲᠠ ᠶᠢ | ᠬᠡᠷᠬᠢᠨ ᠰᠠᠶᠢᠲᠤᠷ ᠠᠳᠬᠤᠬᠤ ᠪᠣᠶ︖ | ᠬᠠᠷᠢᠭᠤᠯᠲᠠ᠄ ᠰᠦ ᠰᠠᠭᠠᠯᠢ ᠪᠣᠯ ᠰᠠᠭᠠᠯᠢ ᠶᠢᠨ ᠦᠢᠯᠡᠰ ᠤᠨ ᠬᠥᠭᠵᠢᠯᠲᠡ ᠶᠢᠨ ᠰᠠᠭᠤᠷᠢ ᠮᠥᠨ᠂ | ᠰᠠᠭᠤᠷᠢ ᠨᠢ ᠪᠠᠲᠤ ᠥᠬᠡᠶ ᠪᠣᠯ ᠯᠠᠪᠳᠠᠭᠤᠨ ᠬᠦᠭᠵᠢᠵᠦ ᠴᠢᠳᠠᠬᠤ ᠦᠭᠡᠢ᠃ ᠡᠳᠡᠭᠡᠷ ᠵᠢᠯ ᠤᠳ ᠲᠤ᠂ ᠬᠦᠭᠵᠢᠯᠲᠡ | ᠶᠢᠨ ᠠᠷᠭ᠎ᠠ ᠬᠡᠯᠪᠡᠷᠢ ᠶᠢ ᠬᠤᠪᠢᠷᠠᠭᠤᠯᠵᠤ ᠳᠡᠰ ᠳᠡᠪᠰᠢᠭᠦᠯᠬᠦ ᠠᠵᠢᠯ ᠢ ᠶᠡᠭᠡ ᠪᠠᠷ ᠥᠷᠨᠢᠭᠦᠯᠬᠦ ᠪᠠᠷ ᠳᠠᠮᠵᠢᠭᠠᠳ | ᠮᠠᠨ ᠤ ᠤᠯᠤᠰ ᠤᠨ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠠᠵᠢᠯ ᠳᠤ ᠢᠯᠡᠳᠲᠡ ᠬᠤᠪᠢᠷᠠᠯᠲᠠ ᠭᠠᠷᠴᠠᠶ᠃ | ᠭᠡᠪᠡᠴᠦ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠳᠤ ᠮᠥᠨ ᠬᠦ ᠲᠡᠵᠢᠭᠡᠨ ᠦᠷᠡᠵᠢᠭᠦᠯᠬᠦ ᠥᠪᠡᠷ ᠤᠨ ᠥᠷᠲᠡᠭ | ᠨᠡᠯᠢᠶᠡᠳ ᠥᠨᠳᠥᠷ᠂ ᠦᠢᠯᠡᠳᠪᠦᠷᠢᠯᠡᠯ ᠤᠨ ᠦᠷ᠎ᠡ ᠪᠦᠲᠦᠮᠵᠢ ᠨᠡᠯᠢᠶᠡᠳ ᠳᠣᠣᠷ᠎ᠠ᠂ ᠵᠠᠬ᠎ᠠ ᠳᠡᠯᠭᠡᠭᠦᠷ ᠤᠨ | ᠥᠷᠢᠰᠥᠯᠳᠦᠬᠦ ᠬᠦᠴᠦᠨ ᠴᠢᠩᠭ᠎ᠠ ᠪᠤᠰᠤ ᠵᠡᠷᠭᠡ ᠠᠰᠠᠭᠤᠳᠠᠯ ᠣᠷᠣᠰᠢᠵᠤ ᠪᠠᠶᠢᠬᠤ ᠶᠢ ᠪᠢᠳᠡ ᠰᠡᠷᠭᠡᠭ ᠢᠶᠠᠷ ᠣᠯᠵᠤ | ᠦᠵᠡᠬᠦ ᠬᠡᠷᠡᠭᠲᠡᠶ᠃ ᠲᠠᠷᠠᠭᠠᠴᠢ ᠶᠢᠨ ᠠᠯᠬᠤᠮ ᠳᠤ᠂ ᠪᠢᠳᠡ ︽ᠰᠠᠨᠠᠯ︾ ᠢ ᠬᠢᠨᠠᠮᠠᠭᠠᠶ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠲᠦᠷᠪᠡᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠰᠠᠶᠢᠲᠤᠷ ᠬᠢᠨ᠎ᠠ᠃ | ᠨᠢᠭᠡ ᠳᠤ᠂ ᠰᠠᠶᠢᠳᠤᠷ ᠪᠠᠶᠢᠷᠢᠯᠠᠭᠤᠯᠤᠨ᠎ᠠ᠃ ᠲᠥᠯᠥᠪᠵᠢᠭᠦᠯᠵᠦ ᠬᠥᠲᠥᠯᠥᠨ ᠵᠢᠯᠣᠭᠤᠳᠬᠤ᠂ ᠲᠥᠷᠥ ᠶᠢᠨ | ᠪᠣᠳᠣᠯᠭ᠎ᠠ ᠪᠠᠷ ᠳᠡᠮᠵᠢᠬᠦ ᠪᠠ ᠮᠡᠷᠭᠡᠵᠢᠯ ᠤᠨ ᠵᠢᠯᠣᠭᠤᠳᠤᠯᠭ᠎ᠠ ᠬᠢᠬᠦ ᠶᠢ ᠴᠢᠩᠭᠠᠳᠬᠠᠵᠤ᠂ ᠭᠤᠣᠯᠳᠠᠯᠭ᠎ᠠ ᠶᠢ | ᠲᠣᠪᠤᠶᠢᠯᠭᠠᠨ᠂ ᠵᠡᠭᠦᠨ ᠬᠤᠶᠢᠲᠤ ᠣᠷᠣᠨ ᠪᠠ ᠥᠪᠥᠷ ᠮᠣᠩᠭᠤᠯ ᠤᠨ ᠭᠠᠷᠤᠯᠲᠠ ᠶᠢᠨ ᠣᠷᠣᠨ᠂ ᠤᠮᠠᠷᠠᠲᠤ ᠣᠷᠣᠨ | ᠪᠠ ᠲᠤᠮᠳᠠᠲᠦ ᠣᠷᠣᠨ ᠤ ᠭᠠᠷᠤᠯᠲᠠ ᠶᠢᠨ ᠣᠷᠣᠨ᠂ ᠪᠠᠷᠠᠭᠤᠨ ᠬᠤᠶᠢᠲᠤ ᠣᠷᠣᠨ ᠤ ᠭᠠᠷᠤᠯᠲᠠ ᠶᠢᠨ ᠣᠷᠣᠨ ᠢ | ᠪᠠᠬᠢᠵᠢᠭᠦᠯᠦᠨ ᠬᠥᠭᠵᠢᠭᠦᠯᠵᠦ᠂ ᠡᠮᠦᠨᠡᠲᠦ ᠣᠷᠣᠨ ᠤ ᠭᠠᠷᠤᠯᠲᠠ ᠶᠢᠨ ᠣᠷᠣᠨ ᠢ ᠢᠳᠡᠪᠬᠢᠲᠡᠶ ᠨᠡᠭᠡᠭᠡᠵᠦ᠂ ᠶᠡᠭᠡ | ᠬᠤᠲᠠ ᠶᠢᠨ ᠡᠷᠭᠢᠨ ᠲᠣᠭᠤᠷᠢᠨ ᠤ ᠭᠠᠷᠤᠯᠲᠠ ᠶᠢᠨ ᠣᠷᠣᠨ ᠢ ᠲᠣᠭᠲᠠᠭᠤᠨ ᠪᠠᠶᠢᠯᠭᠠᠨ᠎ᠠ᠃ ᠬᠤᠯᠰᠲ᠋ᠧᠢᠢᠨ ᠦᠨᠢᠶ᠎ᠠ | ᠪᠣᠯᠤᠨ ᠪᠤᠰᠤᠳ ᠰᠠᠭᠠᠯᠢ ᠶᠢᠨ ᠮᠠᠯ ᠤᠨ ᠬᠥᠭᠵᠢᠯᠲᠡ ᠶᠢ ᠨᠢᠭᠡᠳᠦᠯᠲᠡᠶ ᠲᠦᠯᠦᠪᠵᠢᠭᠦᠯᠦᠨ᠂ ᠰᠠᠭᠠᠯᠢ ᠶᠢᠨ ᠰᠠᠭᠤᠷᠢᠨ | ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠡᠵᠢᠭᠡᠯ ᠡᠪᠡᠰᠦ ᠪᠣᠷᠳᠤᠭ᠎ᠠ ᠲᠠᠷᠢᠬᠤ ᠪᠠ ᠴᠠᠭᠠᠨ ᠢᠳᠡᠭᠡ | ᠪᠣᠯᠪᠠᠰᠤᠷᠠᠭᠤᠯᠬᠤ ᠯᠤᠭ᠎ᠠ ᠵᠣᠬᠢᠴᠠᠩᠭᠤᠶ ᠪᠠᠷ ᠬᠥᠭᠵᠢᠬᠦᠯᠬᠦ ᠶᠢ ᠠᠬᠢᠭᠤᠯᠤᠨ᠎ᠠ᠃ | ᠬᠤᠶᠠᠷ ᠲᠤ᠂ ᠰᠠᠶᠢᠨ ᠦᠷ᠎ᠡ ᠶᠢ ᠪᠤᠶᠢᠵᠢᠭᠤᠯᠤᠨ᠎ᠠ᠃ ᠰᠠᠶᠢᠨ ᠡᠭᠦᠯᠳᠡᠷ ᠤᠨ ᠦᠨᠢᠶ᠎ᠠ ᠠᠴᠠ ᠰᠢᠮᠡᠲᠡᠢ ᠰᠦ | ᠭᠠᠷᠤᠨ᠎ᠠ᠃ ᠰᠠᠭᠠᠯᠢ ᠶᠢᠨ ᠦᠨᠢᠶᠡᠨ ᠤ ᠤᠳᠤᠮᠯᠠᠯ ᠢ ᠰᠠᠶᠢᠵᠢᠷᠠᠭᠤᠯᠬᠤ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠵᠦ᠂ | ᠰᠠᠭᠠᠯᠢ ᠶᠢᠨ ᠦᠨᠢᠶᠡᠨ ᠤ ᠰᠦ ᠪᠠᠭᠤᠬᠤ ᠴᠢᠠᠰᠠᠭ᠎ᠠ ᠶᠢ ᠬᠡᠮᠵᠢᠨ ᠲᠣᠭᠲᠠᠭᠠᠬᠤ ᠪᠠ ᠪᠤᠬ᠎ᠠ ᠶᠢᠨ ᠬᠤᠶᠢᠴᠢ ᠦᠶ᠎ᠡ ᠶᠢ | ᠬᠡᠮᠵᠢᠨ ᠲᠣᠭᠲᠠᠭᠠᠬᠤ ᠠᠵᠢᠯ ᠢ ᠳᠡᠮᠵᠢᠵᠦ᠂ ᠰᠠᠭᠠᠯᠢ ᠶᠢᠨ ᠦᠨᠢᠶᠡᠨ ᠤ ᠡᠭᠦᠯᠳᠡᠷ ᠪᠤᠶᠢᠵᠢᠭᠤᠯᠬᠤ ᠬᠤᠯᠪᠣᠭᠠᠯᠠᠯ ᠤᠨ | ᠬᠥᠭᠵᠢᠯᠲᠡ ᠶᠢ ᠳᠡᠮᠵᠢᠵᠦ᠂ ᠰᠢᠯᠢᠳᠡᠭ ᠡᠭᠦᠯᠳᠡᠷ ᠤᠨ ᠰᠠᠭᠠᠯᠢ ᠶᠢᠨ ᠦᠨᠢᠶ᠎ᠡ ᠶᠢ ᠶᠡᠭᠡ ᠪᠠᠷ ᠣᠷᠣᠭᠤᠯᠤᠨ | ᠠᠪᠴᠢᠷᠠᠵᠤ ᠦᠷᠡᠵᠢᠭᠦᠯᠦᠨ ᠪᠤᠶᠢᠵᠢᠭᠤᠯᠵᠤ᠂ ᠥᠨᠳᠥᠷ ᠭᠠᠷᠤᠯᠲᠠ ᠲᠠᠢ ᠰᠠᠭᠠᠯᠢ ᠶᠢᠨ ᠦᠨᠢᠶᠡᠨ ᠤ ᠭᠤᠣᠯ | ᠰᠦᠷᠦᠭ ᠢ ᠪᠣᠶ ᠪᠣᠯᠭᠠᠨ᠂ ᠰᠠᠭᠠᠯᠢ ᠶᠢᠨ ᠦᠨᠢᠶ᠎ᠠ ᠶᠢ ᠰᠢᠯᠢᠳᠡᠭ ᠡᠭᠦᠯᠳᠡᠷᠵᠢᠭᠦᠯᠬᠦ ᠶᠢ ᠲᠦᠷᠭᠡᠳᠬᠡᠵᠦ᠂ ᠰᠠᠭᠠᠯᠢ ᠶᠢᠨ | ᠦᠨᠢᠶᠡᠨ ᠤ ᠨᠢᠭᠡᠴᠢ ᠭᠠᠷᠤᠯᠲᠠ ᠶᠢᠨ ᠲᠦᠪᠰᠢᠨ ᠢ ᠳᠡᠭᠡᠭᠰᠢᠯᠡᠭᠦᠯᠦᠨ᠎ᠡ᠃ | ᠭᠤᠷᠪᠠ ᠳᠤ᠂ ᠰᠢᠮ᠎ᠠ ᠰᠠᠶᠢᠳᠠᠢ ᠡᠪᠡᠰᠦ ᠳᠠᠷᠢᠨ᠎ᠠ᠃ ᠰᠢᠮ᠎ᠠ ᠰᠠᠶᠢᠳᠠᠢ ᠡᠪᠡᠰᠦ ᠪᠠᠷ ᠰᠢᠯᠢᠳᠡᠭ ᠡᠭᠦᠯᠳᠡᠷ ᠤᠨ | ᠦᠨᠢᠶ᠎ᠠ ᠶᠢ ᠲᠡᠵᠢᠭᠡᠨ᠎ᠠ᠃ ᠰᠠᠭᠠᠯᠢ ᠶᠢᠨ ᠦᠨᠢᠶ᠎ᠡ ᠨᠢᠭᠡ ᠪᠦᠷᠢ ᠳᠤ ᠵᠣᠬᠢᠬᠤ ᠲᠠᠯᠠᠪᠠᠶ ᠪᠦᠭᠦᠢ ᠪᠡᠯᠴᠢᠭᠡᠷ | ᠲᠥᠬᠦᠷᠵᠢᠭᠦᠯᠬᠦ ᠪᠠᠷᠢᠮᠵᠢᠶ᠎ᠠ ᠶᠣᠰᠣᠭᠠᠷ᠂ ᠲᠡᠵᠢᠭᠡᠯ ᠡᠪᠡᠰᠦ ᠪᠣᠷᠳᠤᠭ᠎ᠠ ᠲᠠᠷᠢᠬᠤ ᠪᠠ ᠰᠠᠭᠠᠯᠢ ᠶᠢᠨ ᠦᠨᠢᠶ᠎ᠡ ᠲᠡᠵᠢᠭᠡᠨ | ᠦᠷᠡᠵᠢᠭᠦᠯᠬᠦ ᠶᠢ ᠲᠥᠬᠦᠷᠵᠢᠭᠦᠯᠦᠨ ᠵᠣᠯᠭᠠᠭᠤᠯᠬᠤ ᠶᠢ ᠠᠬᠢᠭᠤᠯᠵᠤ᠂ ᠲᠡᠵᠢᠭᠡᠯ ᠡᠪᠡᠰᠦ ᠪᠣᠷᠳᠤᠭ᠎ᠠ ᠬᠠᠩᠭᠠᠬᠤ | ᠠᠰᠠᠭᠤᠳᠠᠯ ᠢ ᠰᠢᠢᠳᠪᠦᠷᠢᠯᠡᠬᠦ ᠮᠥᠷᠲᠡᠭᠡᠨ ᠢᠯᠭᠠᠳᠠᠰᠤ ᠶᠢ ᠰᠢᠩᠭᠡᠭᠡᠵᠦ ᠰᠢᠢᠳᠪᠦᠷᠢᠯᠡᠭᠦ ᠶᠢ ᠪᠠᠲᠤᠯᠠᠨ᠎ᠠ᠃ ᠵᠢᠯ ᠪᠦᠷᠢ | 50 ᠲᠦᠮᠡᠨ ᠮᠦ ᠥᠨᠳᠥᠷ ᠤᠨᠠᠯᠲᠠ ᠲᠠᠢ ᠴᠢᠨᠠᠷ ᠰᠠᠶᠢᠲᠠᠶ ᠴᠠᠷᠭᠠᠰᠤ ᠶᠢᠨ ᠰᠠᠭᠤᠷᠢᠨ ᠭᠠᠵᠠᠷ ᠪᠠᠶᠢᠭᠤᠯᠬᠤ ᠶᠢ | ᠳᠡᠮᠵᠢᠵᠦ᠂ ᠠᠮᠤ ᠪᠤᠳᠠᠭᠠᠨ ᠤ ᠲᠠᠷᠢᠮᠠᠯ ᠢ ᠪᠣᠷᠳᠣᠭᠠᠨ ᠲᠠᠷᠢᠮᠠᠯ ᠪᠣᠯᠭᠠᠨ ᠬᠤᠪᠢᠷᠠᠭᠤᠯᠬᠤ ᠶᠢ ᠬᠡᠷᠡᠭᠵᠢᠭᠦᠯᠬᠦ | ᠬᠡᠪᠴᠢᠶ᠎ᠡ ᠶᠢ ᠥᠷᠭᠡᠳᠬᠡᠨ᠂ ᠰᠠᠭᠠᠯᠢ ᠶᠢᠨ ᠦᠨᠢᠶᠡᠨ ᠤ ᠲᠡᠵᠢᠭᠡᠯ ᠡᠪᠡᠰᠦ ᠶᠢ ᠴᠢᠨᠠᠷᠵᠢᠭᠤᠯᠤᠨᠠ᠃ 2020 ᠣᠨ | ᠪᠣᠯᠬᠤ ᠳᠤ᠂ ᠴᠢᠨᠠᠷ ᠰᠠᠶᠢᠲᠠᠶ ᠴᠠᠷᠭᠠᠰᠤ ᠶᠢᠨ ᠥᠪᠡᠷ ᠢ ᠪᠠᠨ ᠬᠠᠩᠭᠠᠬᠤ ᠨᠣᠷᠮ᠎ᠠ ᠶᠢ ᠨᠢᠳᠤᠨᠤᠨ ᠤ 60% | ᠪᠠᠶᠢᠭᠰᠠᠨ ᠠᠴᠠ ᠨᠢ 80% ᠪᠣᠯᠲᠠᠯ᠎ᠠ ᠳᠡᠭᠡᠭᠰᠢᠯᠡᠭᠦᠯᠬᠦ ᠪᠠᠷ ᠴᠢᠷᠮᠠᠶᠢᠨ᠎ᠠ᠃ | ᠳᠥᠷᠪᠡ ᠳᠤ ᠦᠨᠢᠶ᠎ᠡ ᠶᠢ ᠰᠠᠶᠢᠳᠤᠷ ᠲᠡᠵᠢᠭᠡᠨ᠎ᠡ᠃ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠣᠮᠣ | ᠰᠢᠶᠠᠨ ᠢᠶᠠᠷ ᠭᠤᠣᠯᠳᠠᠯᠭ᠎ᠠ ᠪᠣᠯᠭᠠᠵᠤ᠂ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠶ ᠶᠢᠨ ᠬᠦᠭᠵᠢᠯᠳᠠ | ᠶᠢᠨ ᠠᠷᠭ᠎ᠠ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦᠯᠬᠦ ᠪᠠ ᠭᠡᠷ ᠪᠦᠯᠢ ᠶᠢᠨ ᠮᠠᠯᠵᠢᠯ ᠤᠨ ᠲᠠᠯᠠᠪᠠᠶ ᠶᠢᠨ | ᠬᠥᠭᠵᠢᠯᠲᠡ ᠶᠢ ᠳᠡᠮᠵᠢᠵᠦ᠂ ᠵᠣᠬᠢᠬᠤ ᠬᠡᠪᠴᠢᠶ᠎ᠡ ᠪᠠᠷ ᠲᠡᠵᠢᠭᠡᠨ ᠦᠷᠡᠵᠢᠭᠦᠯᠬᠦ ᠶᠢ ᠬᠥᠲᠥᠯᠥᠨ ᠵᠢᠯᠣᠭᠤᠳᠤᠨ᠎ᠠ᠃ | ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯ᠎ᠠ ᠪᠠᠷ ᠬᠢ ᠪᠠᠷᠢᠮᠵᠢᠶᠠᠵᠢᠭᠤᠯᠤᠨ ᠵᠢᠱᠢᠶ᠎ᠡ ᠦᠵᠡᠭᠦᠯᠵᠦ ᠡᠭᠦᠳᠦᠨ | ᠪᠠᠶᠢᠭᠤᠯᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠣᠳᠣᠬᠢᠴᠢᠯᠠᠭᠰᠠᠨ ᠵᠢᠱᠢᠶ᠎ᠡ ᠦᠵᠡᠭᠦᠯᠬᠦ ᠮᠠᠯᠵᠢᠯ ᠤᠨ | ᠲᠠᠯᠠᠪᠠᠶ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠣᠮᠣ | ᠰᠢᠶᠠᠨ ᠤ ᠲᠠᠷᠢᠵᠤ ᠲᠡᠵᠢᠭᠡᠬᠦ ᠶᠢ ᠤᠶᠠᠯᠳᠤᠭᠤᠯᠤᠨ ᠠᠬᠢᠭᠤᠯᠬᠤ ᠶᠢ ᠳᠡᠮᠵᠢᠵᠦ᠂ ᠦᠢᠯᠡᠳᠪᠦᠷᠢᠯᠡᠯ ᠤᠨ ᠮᠡᠷᠭᠡᠵᠢᠯ ᠤᠨ | ᠲᠦᠪᠰᠢᠨ ᠢᠶᠠᠨ ᠳᠡᠭᠡᠭᠰᠢᠯᠡᠭᠦᠯᠬᠦ ᠶᠢ ᠬᠥᠲᠥᠯᠥᠨ ᠳᠠᠶᠢᠴᠢᠯᠠᠨ᠎ᠠ᠃ ︽ᠲᠣᠭᠠᠴᠢᠯᠠᠭᠰᠠᠨ ᠰᠠᠭᠠᠯᠢ ᠶᠢᠨ ᠦᠢᠯᠡᠰ ᠤᠨ | ᠮᠡᠳᠡᠭᠡ ᠵᠠᠩᠭᠢ ᠶᠢᠨ ᠦᠢᠯᠡᠴᠢᠯᠡᠭᠡᠨ ᠤ ᠡᠭᠦᠯᠡᠨ ᠲᠠᠪᠴᠠᠩ︾ ᠤᠨ ᠪᠠᠶᠢᠭᠤᠯᠤᠯᠲᠠ ᠶᠢ ᠴᠢᠩᠭᠠᠳᠬᠠᠵᠤ᠂ | ᠰᠠᠭᠠᠯᠢ ᠶᠢᠨ ᠦᠨᠢᠶᠡᠨ ᠤ ᠲᠠᠯᠠᠪᠠᠢ ᠶᠢᠨ ᠪᠠᠷᠠᠭ᠎ᠠ ᠶᠢᠨ ᠰᠦᠯᠵᠢᠶ᠎ᠡ ᠶᠢᠨ ᠮᠡᠷᠭᠡᠵᠢᠯ ᠪᠠ ᠣᠶᠤᠨᠴᠢᠯᠠᠭᠰᠠᠨ | ᠮᠡᠷᠭᠡᠵᠢᠯ ᠤᠨ ᠲᠥᠬᠦᠭᠡᠷᠦᠮᠵᠢ ᠶᠢ ᠳᠡᠯᠭᠡᠷᠡᠭᠦᠯᠦᠨ ᠬᠡᠷᠡᠭᠯᠡᠨ᠎ᠡ᠃ 2020 ᠣᠨ ᠪᠣᠯᠬᠤ ᠳᠤ᠂ ᠰᠠᠭᠠᠯᠢ ᠶᠢᠨ | ᠦᠨᠢᠶ᠎ᠡ ᠶᠢ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠶᠢ ᠢᠯᠡᠳᠲᠡ ᠨᠡᠮᠡᠭᠳᠡᠭᠦᠯᠵᠦ᠂ ᠲᠡᠵᠢᠭᠡᠨ ᠦᠷᠡᠵᠢᠭᠦᠯᠬᠦ ᠶᠢᠨ | ᠮᠠᠰᠢᠨᠴᠢᠯᠠᠯᠲᠠ᠂ ᠮᠡᠳᠡᠭᠡ ᠵᠠᠩᠭᠢᠴᠢᠯᠠᠯᠳᠠ᠂ ᠤᠶᠤᠨᠴᠢᠯᠠᠯᠲᠠ ᠶᠢᠨ ᠲᠦᠪᠰᠢᠨ ᠢ ᠶᠡᠭᠡ ᠪᠠᠷ ᠳᠡᠭᠡᠭᠰᠢᠯᠡᠭᠦᠯᠦᠨ᠎ᠡ᠃ | ᠠᠰᠠᠭᠤᠯᠲᠠ᠄ ᠡᠲᠡᠭᠡᠷ ᠵᠢᠯ ᠤᠳ ᠲᠤ᠂ ᠮᠠᠨ ᠤ ᠤᠯᠤᠰ ᠤᠨ ᠲᠦᠭᠦᠬᠡᠶ ᠰᠦ ᠶᠢᠨ ᠶᠠᠰᠤ ᠴᠢᠨᠠᠷ ᠤᠨ ᠠᠮᠤᠷ | ᠲᠦᠪᠰᠢᠨ ᠤ ᠬᠢᠷᠢ ᠲᠦᠪᠰᠢᠨ ᠲᠠᠰᠤᠷᠠᠯᠲᠠ ᠥᠬᠡᠶ ᠳᠡᠭᠡᠭᠰᠢᠯᠡᠵᠦ᠂ ᠴᠢᠨᠠᠷ ᠰᠠᠶᠢᠲᠠᠶ ᠴᠠᠭᠠᠨ ᠢᠳᠡᠭᠡᠨ | ᠦᠢᠯᠡᠳᠪᠦᠷᠢᠯᠡᠬᠦ ᠳᠤ ᠪᠠᠲᠤ ᠰᠠᠭᠤᠷᠢ ᠶᠢ ᠬᠠᠩᠭᠠᠪᠠ᠃ ᠲᠠᠷᠢᠶᠠᠯᠠᠩ ᠪᠠ ᠬᠥᠳᠡᠭᠡ ᠲᠣᠰᠬᠤᠨ ᠤ ᠶᠠᠮᠤᠨ ᠠᠯᠢ ᠠᠯᠢ | ᠲᠠᠯ᠎ᠠ ᠠᠴᠠ ᠭᠠᠷᠳᠠᠵᠤ ᠪᠠᠶᠢᠭᠠᠳ ᠲᠦᠭᠦᠬᠡᠶ ᠰᠦ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠶᠢ ᠴᠠᠭᠠᠰᠢᠳᠠ ᠴᠢᠩᠭᠠᠳᠬᠠᠬᠤ ᠪᠣᠶ︖ | ᠬᠠᠷᠢᠭᠤᠯᠲᠠ᠄ ᠴᠠᠭᠠᠨ ᠢᠳᠡᠭᠡᠨ ᠤ ᠶᠠᠰᠤ ᠴᠢᠨᠠᠷ ᠤᠨ ᠠᠮᠤᠷ ᠲᠦᠪᠰᠢᠨ ᠪᠣᠯ ᠰᠠᠭᠠᠯᠢ ᠶᠢᠨ ᠦᠢᠯᠡᠰ ᠤᠨ | ︽ᠠᠮᠢᠨ ᠰᠤᠳᠠᠰᠤ︾ ᠮᠥᠨ᠃ ᠲᠠᠷᠠᠭᠠᠴᠢ ᠶᠢᠨ ᠠᠯᠬᠤᠮ ᠳᠤ᠂ ︽ᠰᠠᠨᠠᠯ︾ ᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠳᠤ᠂ ︽ᠦᠨᠢᠶ᠎ᠡ ᠶᠢ ᠰᠠᠶᠢᠳᠤᠷ ᠲᠡᠵᠢᠭᠡᠬᠦ︾ ᠶᠢᠨ ᠬᠠᠮᠲᠤ ᠬᠢᠨᠠᠯᠲᠠ ᠬᠠᠮᠢᠶᠠᠷᠤᠯᠲᠠ ᠶᠢ | ᠴᠢᠩᠭᠠᠳᠬᠠᠬᠤ ᠲᠠᠯ᠎ᠠ ᠪᠠᠷ ᠬᠦᠴᠦ ᠲᠠᠯᠪᠢᠨ᠎ᠠ᠂ ᠪᠣᠳᠠᠲᠠᠶ ᠠᠵᠢᠯ ᠭᠡᠪᠡᠯ ︽ᠭᠤᠷᠪᠠᠵᠢᠭᠤᠯᠬᠤ︾ ᠶᠠᠪᠤᠳᠠᠯ ᠪᠣᠯᠤᠨ᠎ᠠ᠃ | ᠨᠢᠭᠡ ᠳᠤ᠂ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢᠴᠢᠯᠠᠯᠳᠠ ᠶᠢ ᠲᠡᠭᠦᠯᠳᠡᠷᠵᠢᠭᠦᠯᠦᠨ᠎ᠡ᠃ ᠰᠦ ᠶᠢᠨ ᠥᠷᠲᠡᠭᠡ | ᠪᠠ ᠲᠡᠭᠡᠭᠡᠪᠦᠷᠢ ᠶᠢᠨ ᠲᠡᠷᠭᠡ ᠶᠢ ᠪᠠᠷᠢᠮᠵᠢᠶᠠᠵᠢᠭᠤᠯᠬᠤ ᠪᠠᠶᠢᠭᠤᠯᠤᠯᠲᠠ ᠪᠠ ᠬᠠᠮᠢᠶᠠᠷᠤᠯᠲᠠ ᠶᠢ ᠠᠬᠢᠭᠤᠯᠵᠤ᠂ ᠪᠥᠬᠦ | ᠤᠯᠤᠰ ᠲᠤ ᠰᠦ ᠶᠢᠨ ᠥᠷᠲᠡᠭᠡ ᠪᠠ ᠲᠡᠭᠡᠭᠡᠪᠦᠷᠢ ᠶᠢᠨ ᠲᠡᠷᠭᠡ ᠶᠢ ᠬᠢᠨᠠᠨ ᠬᠠᠮᠢᠶᠠᠷᠴᠤ ᠬᠢᠨᠠᠨ ᠬᠡᠮᠵᠢᠭᠦ ᠮᠡᠳᠡᠭᠡ | ᠵᠠᠩᠭᠢ ᠶᠢᠨ ᠰᠢᠰᠲ᠋ᠧᠮ ᠢ ᠠᠵᠢᠯᠯᠠᠭᠤᠯᠵᠤ᠂ ᠰᠦ ᠶᠢᠨ ᠥᠷᠲᠡᠭᠡ ᠪᠠ ᠲᠡᠭᠡᠭᠡᠪᠦᠷᠢ ᠶᠢᠨ ᠲᠡᠷᠭᠡ ᠶᠢᠨ ᠠᠵᠢᠯᠯᠠᠭᠠᠨ ᠤ | ᠬᠤᠪᠢᠷᠠᠯᠲᠠ ᠶᠢᠨ ᠪᠠᠶᠢᠳᠠᠯ ᠢ ᠴᠠᠭ ᠲᠤᠬᠠᠶ ᠳᠤ ᠨᠢ ᠳᠣᠭᠢᠷᠠᠭᠤᠯᠤᠨ ᠡᠵᠡᠮᠰᠢᠵᠦ᠂ ᠪᠥᠬᠦ ᠤᠯᠤᠰ ᠤᠨ ᠪᠣᠶ ᠪᠥᠬᠦᠶ | ᠰᠦ ᠶᠢᠨ ᠥᠷᠲᠡᠭᠡ ᠪᠠ ᠲᠡᠭᠡᠭᠡᠪᠦᠷᠢ ᠶᠢᠨ ᠲᠡᠷᠭᠡ ᠳᠤ ᠨᠠᠷᠢᠯᠢᠬ ᠤᠨᠤᠴᠠᠳᠠᠢ᠂ ᠪᠥᠬᠦ ᠬᠤᠭᠤᠴᠠᠭᠠᠳᠤ ᠬᠠᠮᠢᠶᠠᠷᠤᠯᠳᠠ | ᠬᠢᠵᠦ᠂ ᠦᠨᠡᠮᠯᠡᠯ ᠲᠠᠢ ᠡᠵᠡᠩᠨᠡᠭᠦᠯᠵᠦ ᠵᠢᠷᠤᠮᠵᠢᠯ ᠲᠠᠢ ᠠᠵᠢᠯᠯᠠᠭᠤᠯᠤᠨ᠎ᠠ᠃ ᠬᠤᠶᠠᠷ ᠲᠤ᠂ ᠬᠢᠨᠠᠯᠲᠠ | ᠬᠠᠮᠢᠶᠠᠷᠤᠯᠲᠠ ᠶᠢ ᠲᠦᠷᠢᠮᠵᠢᠭᠦᠯᠬᠦ ᠶᠢ ᠲᠡᠭᠦᠯᠳᠡᠷᠵᠢᠭᠦᠯᠦᠨ᠎ᠡ᠃ ᠡᠯ᠎ᠡ ᠭᠠᠵᠠᠷ ᠤᠨ ᠰᠦ ᠶᠢᠨ ᠥᠷᠲᠡᠭᠡ᠂ ᠰᠦ ᠶᠢᠨ | ᠲᠡᠷᠭᠡ ᠶᠢ ᠲᠤᠰᠬᠠᠶ ᠬᠥᠮᠦᠨ ᠬᠢᠨᠠᠨ ᠬᠠᠮᠢᠶᠠᠷᠬᠤ ᠲᠦᠷᠢᠮ ᠢ ᠨᠠᠶᠢᠳᠠᠪᠤᠷᠢᠵᠢᠭᠤᠯᠬᠤ ᠶᠢ ᠬᠢᠨᠠᠨ ᠵᠢᠯᠣᠭᠤᠳᠴᠤ᠂ | ᠰᠦ ᠶᠢᠨ ᠥᠷᠲᠡᠭᠡ ᠪᠠ ᠲᠡᠭᠡᠭᠡᠪᠦᠷᠢ ᠶᠢᠨ ᠲᠡᠷᠭᠡ ᠶᠢ ᠥᠯᠥ ᠭᠤᠭᠤᠵᠢᠭᠳᠠᠭᠤᠯᠵᠤ᠂ ᠡᠷᠡᠰ ᠴᠡᠭᠴᠡᠯᠡᠨ | ᠰᠠᠶᠢᠵᠢᠷᠠᠭᠤᠯᠵᠤ᠂ ᠬᠢᠷᠢ ᠲᠡᠩᠴᠡᠭᠦ ᠥᠬᠡᠶ ᠰᠦ ᠶᠢᠨ ᠥᠷᠲᠡᠭᠡ ᠪᠠ ᠲᠡᠭᠡᠭᠡᠪᠦᠷᠢ ᠶᠢᠨ ᠲᠡᠷᠭᠡ ᠶᠢ ᠴᠠᠭᠠᠵᠠᠯᠠᠨ᠎ᠠ᠃ | ᠬᠢᠨᠠᠨ ᠬᠠᠮᠢᠶᠠᠷᠬᠤ ᠤᠳᠠᠭ᠎ᠠ ᠳᠠᠷᠠᠭ᠎ᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠰᠦ ᠶᠢᠨ ᠥᠷᠲᠡᠭᠡ᠂ ᠲᠡᠭᠡᠭᠡᠪᠦᠷᠢ | ᠶᠢᠨ ᠲᠡᠷᠭᠡ ᠶᠢ ᠲᠣᠭᠲᠠᠮᠠᠯ ᠬᠤᠭᠤᠴᠠᠭ᠎ᠠ ᠲᠠᠢ ᠪᠠᠷ ᠲᠣᠭᠤᠷᠢᠨ ᠪᠠᠶᠢᠴᠠᠭᠠᠵᠤ ᠬᠢᠨᠠᠨ ᠬᠠᠮᠢᠶᠠᠷᠴᠤ᠂ ᠢᠯᠠᠩᠭᠤᠶ᠎ᠠ | ᠨᠢᠯᠬ᠎ᠠ ᠬᠡᠦᠬᠡᠳ ᠤᠨ ᠨᠠᠶᠢᠷᠠᠯᠭ᠎ᠠ ᠲᠠᠢ ᠰᠦᠨ ᠲᠠᠯᠬ᠎ᠠ ᠶᠢᠨ ᠦᠢᠯᠡᠳᠪᠦᠷᠢᠯᠡᠯ ᠤᠨ ᠰᠦ ᠬᠠᠨᠭ᠍ᠭᠠᠬᠤ ᠥᠷᠲᠡᠭᠡ᠂ | ᠲᠡᠭᠡᠭᠡᠪᠦᠷᠢ ᠶᠢᠨ ᠲᠡᠷᠭᠡ ᠪᠣᠯᠤᠨ ᠰᠠᠭᠠᠯᠢ ᠶᠢᠨ ᠦᠨᠢᠶᠡᠨ ᠤ ᠲᠠᠯᠠᠪᠠᠶ ᠳᠤ ᠪᠦᠬᠦᠨ ᠢ ᠳᠠᠩᠰᠠᠯᠠᠵᠦ᠂ | ᠭᠤᠣᠯᠳᠠᠯᠭ᠎ᠠ ᠲᠠᠢ ᠬᠢᠨᠠᠨ ᠬᠠᠮᠢᠶᠠᠷᠤᠯᠲᠠ ᠳᠤ ᠣᠷᠣᠭᠤᠯᠤᠨ᠎ᠠ᠃ ᠭᠤᠷᠪᠠ ᠳᠤ᠂ ᠬᠢᠨᠠᠯᠲᠠ ᠬᠠᠮᠢᠶᠠᠷᠤᠯᠲᠠ ᠶᠢ | ᠪᠠᠶᠢᠩᠭᠤᠵᠢᠭᠤᠯᠬᠤ ᠶᠢ ᠲᠡᠭᠦᠯᠳᠡᠷᠵᠢᠭᠦᠯᠦᠨ᠎ᠡ᠃ ᠲᠦᠭᠦᠬᠡᠶ ᠰᠦ ᠶᠢᠨ ᠶᠠᠰᠤ ᠴᠢᠨᠠᠷ ᠢ ᠬᠢᠨᠠᠨ ᠬᠡᠮᠵᠢᠬᠦ | ᠲᠥᠯᠥᠪᠯᠡᠭᠡ ᠶᠢ ᠦᠷᠭᠦᠯᠵᠢᠯᠡᠨ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠦᠭᠰᠢᠭᠦᠷᠢᠲᠦ ᠡᠳ᠋ ᠢ ᠴᠠᠭᠠᠵᠠ | ᠲᠣᠭᠲᠠᠭᠠᠯ ᠠᠴᠠ ᠵᠥᠷᠢᠴᠡᠨ ᠨᠡᠮᠡᠭᠰᠡᠨ ᠢ ᠵᠢᠬᠰᠠᠭᠠᠨ ᠪᠠᠶᠢᠴᠠᠭᠠᠵᠦ᠂ ᠲᠦᠭᠦᠬᠡᠶ ᠰᠦ ᠶᠢᠨ ᠶᠠᠰᠤ ᠴᠢᠨᠠᠷ ᠤᠨ ᠠᠮᠤᠷ | ᠲᠦᠪᠰᠢᠨ ᠤ ᠲᠦᠭᠰᠢᠭᠦᠷᠢ ᠶᠢ ᠦᠨᠡᠯᠡᠨ ᠵᠢᠱᠢᠬᠦ ᠳᠦᠷᠢᠮ ᠢ ᠪᠦᠷᠢᠨᠰᠢᠭᠦᠯᠦᠨ᠎ᠡ᠃ ᠲᠦᠭᠦᠬᠡᠶ ᠰᠦ ᠦᠢᠯᠡᠳᠪᠦᠷᠢᠯᠡᠬᠦ᠂ | ᠬᠤᠳᠠᠯᠳᠤᠨ ᠠᠪᠬᠤ ᠪᠠ ᠲᠡᠭᠡᠭᠡᠪᠦᠷᠢᠯᠡᠬᠦ ᠶᠠᠪᠤᠴᠠ ᠳᠠᠬᠢ ᠬᠠᠤᠯᠢ ᠠᠴᠠ ᠵᠥᠷᠢᠴᠡᠨ ᠶᠠᠭᠤᠮ᠎ᠠ ᠨᠡᠮᠡᠬᠦ ᠦᠢᠯᠡ | ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠨᠢᠯᠬ᠎ᠠ ᠬᠡᠦᠬᠡᠳ ᠤᠨ ᠨᠠᠶᠢᠷᠠᠯᠭ᠎ᠠ ᠲᠠᠢ ᠰᠦᠨ ᠲᠠᠯᠬ᠎ᠠ ᠶᠢᠨ | ᠰᠦ ᠶᠢᠨ ᠢᠷᠡᠯᠲᠡ ᠶᠢᠨ ᠶᠠᠰᠤ ᠴᠢᠨᠠᠷ ᠤᠨ ᠠᠮᠤᠷ ᠲᠦᠪᠰᠢᠨ ᠢ ᠲᠤᠰᠬᠠᠶ ᠬᠢᠨᠠᠨ ᠬᠡᠮᠵᠢᠬᠦ ᠪᠠ ᠲᠠᠰᠢᠷᠠᠮ ᠢᠶᠠᠷ | ᠰᠤᠭᠤᠴᠢᠨ ᠪᠠᠶᠢᠴᠠᠭᠠᠬᠤ ᠠᠵᠢᠯ ᠢ ᠥᠷᠨᠢᠭᠦᠯᠵᠦ᠂ ᠨᠢᠯᠬ᠎ᠠ ᠬᠡᠦᠬᠡᠳ ᠤᠨ ᠨᠠᠶᠢᠷᠠᠯᠭ᠎ᠠ ᠲᠠᠢ ᠰᠦᠨ ᠲᠠᠯᠬ᠎ᠠ ᠶᠢᠨ | ᠰᠦ ᠶᠢᠨ ᠢᠷᠡᠯᠲᠡ ᠶᠢᠨ ᠶᠠᠰᠤ ᠴᠢᠨᠠᠷ ᠤᠨ ᠠᠮᠤᠷ ᠲᠦᠪᠰᠢᠨ ᠢ ᠮᠦᠷᠳᠡᠬᠦ ᠰᠢᠰᠲ᠋ᠧᠮ ᠢ ᠪᠦᠷᠢᠨᠰᠢᠭᠦᠯᠵᠦ᠂ ᠴᠠᠭᠠᠨ | ᠢᠳᠡᠭᠡᠨ ᠤ ᠡᠭᠢ ᠢᠷᠡᠯᠲᠡ ᠶᠢᠨ ᠶᠠᠰᠤ ᠴᠢᠨᠠᠷ ᠤᠨ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ | ᠠᠰᠠᠭᠤᠯᠲᠠ᠄ ︽ᠰᠠᠨᠠᠯ︾ ᠳᠤ ︽ᠴᠠᠭᠠᠨ ᠢᠳᠡᠭᠡᠨ ᠤ ᠠᠵᠤ ᠠᠬᠤᠶᠢᠯᠠᠯ ᠤᠨ ᠥᠷᠢᠰᠦᠯᠳᠦᠬᠦ ᠬᠦᠴᠦᠨ ᠢ | ᠳᠡᠭᠡᠭᠰᠢᠯᠡᠭᠦᠯᠦᠨ᠎ᠡ︾ ᠭᠡᠵᠦ ᠲᠣᠳᠣᠷᠬᠠᠶ ᠳᠤᠷᠠᠳᠴᠠᠢ᠃ ᠲᠡᠭᠡᠪᠡᠯ᠂ ᠠᠵᠤ ᠦᠢᠯᠡᠳᠪᠦᠷᠢ ᠪᠠ ᠮᠡᠳᠡᠭᠡ | ᠵᠠᠩᠭᠢᠴᠢᠯᠠᠯᠳᠠ ᠶᠢᠨ ᠶᠠᠮᠤᠨ ᠲᠠᠷᠠᠭᠠᠴᠢ ᠶᠢᠨ ᠠᠯᠬᠤᠮ ᠳᠤ ᠶᠠᠮᠠᠷ ᠶᠠᠮᠠᠷ ᠪᠣᠳᠠᠲᠠᠶ ᠠᠷᠭ᠎ᠠ ᠬᠡᠮᠵᠢᠶ᠎ᠡ ᠠᠪᠬᠤ ᠪᠣᠶ︖ | ᠬᠠᠷᠢᠭᠤᠯᠲᠠ᠄ ᠲᠠᠷᠠᠭᠠᠴᠢ ᠶᠢᠨ ᠠᠯᠬᠤᠮ ᠳᠤ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠳᠠ ᠶᠢᠨ | ᠶᠠᠮᠤᠨ ᠲᠤᠰᠢᠶᠠᠯ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ᠂ ᠡᠯ᠎ᠡ ᠭᠠᠵᠠᠷ ᠤᠨ ᠠᠵᠤ ᠦᠢᠯᠡᠳᠪᠦᠷᠢ ᠪᠠ ᠮᠡᠳᠡᠭᠡ | ᠵᠠᠩᠭᠢᠴᠢᠯᠠᠯᠳᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠂ ᠠᠵᠢᠯ ᠲᠥᠷᠥᠯ ᠤᠨ ᠨᠡᠶᠢᠭᠡᠮᠯᠢᠭ ᠵᠢᠴᠢ ᠴᠠᠭᠠᠨ | ᠢᠳᠡᠭᠡᠨ ᠤ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠪᠠᠶᠢᠭᠠᠳ ᠲᠥᠷᠥ ᠶᠢᠨ ᠶᠠᠪᠤᠳᠠᠯ ᠤᠨ ᠬᠤᠷᠢᠶᠠᠨ ᠤ | ᠪᠠᠶᠢᠩᠭᠤ ᠶᠢᠨ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠰᠠᠨᠠᠯ︾ | ᠤᠨ ᠱᠠᠭᠠᠷᠳᠠᠯᠭ᠎ᠠ ᠶᠣᠰᠣᠭᠠᠷ᠂ ᠠᠵᠤ ᠦᠢᠯᠡᠰ ᠢ ᠳᠡᠰ ᠳᠡᠪᠰᠢᠭᠦᠯᠬᠦ ᠶᠢ ᠲᠦᠷᠭᠡᠳᠬᠡᠨ ᠠᠬᠢᠭᠤᠯᠵᠤ᠂ ᠴᠠᠭᠠᠨ | ᠢᠳᠡᠭᠡᠨ ᠤ ᠠᠵᠤ ᠠᠬᠤᠶᠢᠯᠠᠯ ᠤᠨ ᠥᠷᠢᠰᠦᠯᠳᠦᠬᠦ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ | ᠨᠢᠭᠡ ᠳᠤ᠂ ᠴᠠᠭᠠᠨ ᠢᠳᠡᠭᠡᠨ ᠤ ᠪᠦᠲᠦᠭᠡᠭᠳᠡᠬᠦᠨ ᠤ ᠪᠦᠲᠦᠴᠡ ᠶᠢ ᠰᠢᠯᠢᠳᠡᠭᠵᠢᠭᠦᠯᠬᠦ ᠶᠢ ᠠᠬᠢᠭᠤᠯᠤᠨ᠎ᠠ᠃ ᠠᠵᠤ | ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠴᠠᠭᠠᠨ ᠢᠳᠡᠭᠡᠨ ᠦᠢᠯᠡᠳᠪᠦᠷᠢᠯᠡᠬᠦ ᠰᠢᠨ᠎ᠡ ᠤᠷ᠎ᠠ ᠮᠡᠷᠭᠡᠵᠢᠯ ᠢ | ᠢᠳᠡᠪᠬᠢᠲᠡᠶ ᠰᠤᠳᠤᠯᠤᠨ ᠬᠥᠭᠵᠢᠭᠦᠯᠵᠦ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ | ᠪᠠᠺᠲ᠋ᠧᠷᠢ ᠤᠰᠠᠳᠬᠠᠭᠰᠠᠨ ᠰᠦ᠂ ᠫᠠᠰᠲ᠋ᠧᠤᠷ ᠤᠨ ᠠᠷᠭ᠎ᠠ ᠪᠠᠷ ᠪᠠᠺᠲ᠋ᠧᠷᠢ ᠤᠰᠠᠳᠬᠠᠬᠰᠠᠨ ᠰᠦ᠂ ᠢᠰᠬᠡᠭᠰᠡᠨ ᠰᠦ | ᠵᠡᠷᠭᠡ ᠰᠢᠩᠭᠡᠨ ᠲᠥᠯᠥᠪᠲᠦ ᠴᠠᠭᠠᠨ ᠢᠳᠡᠭᠡᠨ ᠢ ᠬᠥᠭᠵᠢᠭᠦᠯᠵᠦ᠂ ᠪᠢᠰᠢᠯᠠᠭ᠂ ᠰᠢᠷᠠᠰᠤ ᠶᠢᠨ ᠲᠠᠯᠬ᠎ᠠ᠂ ᠰᠢᠷ᠎ᠠ | ᠲᠣᠰᠣ ᠵᠡᠷᠭᠡ ᠬᠠᠭᠤᠷᠠᠶ ᠴᠠᠭᠠᠨ ᠢᠳᠡᠭᠡᠨ ᠢ ᠬᠥᠭᠵᠢᠭᠦᠯᠬᠦ ᠶᠢ ᠳᠡᠮᠵᠢᠵᠦ᠂ ᠴᠢᠳᠠᠮᠵᠢ ᠶᠢᠨ ᠴᠢᠨᠠᠷᠲᠠᠶ ᠰᠦᠨ ᠲᠠᠯᠬ᠎ᠠ᠂ | ᠠᠮᠲᠠᠳᠤ ᠰᠦᠨ ᠲᠠᠯᠬ᠎ᠠ ᠶᠢᠨ ᠦᠢᠯᠡᠳᠪᠦᠷᠢᠯᠡᠯ ᠢ ᠨᠡᠮᠡᠭᠳᠡᠭᠦᠯᠵᠦ᠂ ᠦᠢᠯᠡᠳᠬᠦᠨ ᠤ ᠥᠷᠲᠡᠭ ᠤᠨ ᠬᠡᠯᠬᠢᠶ᠎ᠡ ᠶᠢ | ᠳᠡᠭᠡᠭᠰᠢᠯᠡᠭᠦᠯᠵᠦ᠂ ᠬᠡᠷᠡᠭᠯᠡᠭᠴᠢᠳ ᠤᠨ ᠣᠯᠠᠨ ᠶᠠᠩᠵᠤ ᠶᠢᠨ ᠬᠡᠷᠡᠭᠴᠡᠭᠡ ᠱᠠᠭᠠᠷᠳᠠᠯᠭ᠎ᠠ ᠶᠢ ᠲᠠᠰᠤᠷᠠᠯᠲᠠ ᠤᠢᠭᠡᠢ | ᠬᠠᠩᠭᠠᠨ᠎ᠠ᠃ ᠬᠤᠶᠠᠷ ᠲᠤ᠂ ᠠᠵᠤ ᠦᠢᠯᠡᠰ ᠢ ᠲᠦᠪᠯᠡᠷᠡᠭᠦᠯᠦᠨ ᠬᠦᠭᠵᠢᠭᠦᠯᠭᠦ ᠶᠢ ᠠᠬᠢᠭᠤᠯᠤᠨ᠎ᠠ᠃ ᠠᠵᠤ | ᠠᠬᠤᠶᠢᠯᠠᠯ ᠤᠨ ᠰᠠᠭᠠᠯᠢ ᠶᠢᠨ ᠰᠠᠭᠤᠷᠢᠨ ᠭᠠᠵᠠᠷ ᠢ ᠬᠥᠭᠵᠢᠭᠦᠯᠬᠦ ᠶᠢ ᠳᠡᠮᠵᠢᠵᠦ᠂ ᠴᠠᠭᠠᠨ ᠢᠳᠡᠭᠡᠨ ᠤ ᠠᠵᠤ | ᠦᠢᠯᠡᠰ ᠢ ᠪᠦᠯᠦᠭᠵᠢᠭᠦᠯᠵᠦ ᠲᠦᠪᠯᠡᠷᠡᠭᠦᠯᠦᠨ ᠬᠦᠭᠵᠢᠭᠦᠯᠬᠦ ᠶᠢ ᠠᠬᠢᠭᠤᠯᠵᠤ᠂ ᠠᠵᠤ ᠦᠢᠯᠡᠰ ᠤᠨ ᠰᠢᠯᠢᠳᠡᠭᠵᠢᠨ | ᠳᠡᠰ ᠳᠡᠪᠰᠢᠬᠦ ᠶᠢ ᠠᠬᠢᠭᠤᠯᠤᠨ᠎ᠠ᠃ ᠨᠢᠯᠬ᠎ᠠ ᠬᠡᠦᠬᠡᠳ ᠤᠨ ᠨᠠᠶᠢᠷᠠᠯᠭ᠎ᠠ ᠲᠠᠢ ᠰᠦᠨ ᠲᠠᠯᠬ᠎ᠠ ᠶᠢᠨ ᠠᠵᠤ ᠠᠬᠤᠶᠢᠯᠠᠯ ᠢ | ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠬᠤ ᠶᠢ ᠭᠦᠨᠵᠡᠭᠡᠶ ᠠᠬᠢᠭᠤᠯᠵᠤ᠂ ᠣᠯᠠᠨ ᠤᠯᠤᠰ ᠲᠤ ᠥᠷᠢᠰᠥᠯᠳᠦᠬᠦ | ᠴᠢᠳᠠᠯ ᠢᠶᠠᠷ ᠨᠡᠯᠢᠶᠡᠳ ᠴᠢᠩᠭ᠎ᠠ ᠲᠣᠮᠣ ᠬᠡᠯᠪᠡᠷᠢ ᠶᠢᠨ ᠴᠠᠭᠠᠨ ᠢᠳᠡᠭᠡᠨ ᠤ ᠠᠵᠤ ᠠᠬᠤᠶᠢᠯᠠᠯ ᠤᠨ ᠪᠦᠯᠦᠭᠯᠡᠯ ᠢ | ᠲᠦᠷᠭᠡᠳᠬᠡᠨ ᠪᠠᠶᠢᠭᠤᠯᠵᠦ᠂ ᠠᠵᠢᠯ ᠲᠥᠷᠥᠯ ᠤᠨ ᠲᠥᠪᠯᠡᠷᠡᠯ ᠤᠨ ᠬᠡᠮᠵᠢᠶ᠎ᠡ ᠶᠢ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ᠠᠵᠤ ᠦᠢᠯᠡᠰ ᠤᠨ ᠵᠢᠷᠤᠮᠵᠢᠭᠰᠠᠨ᠂ ᠬᠡᠪᠴᠢᠶᠡᠵᠢᠭᠰᠡᠨ᠂ ᠣᠳᠣᠬᠢᠴᠢᠯᠠᠭᠰᠠᠨ ᠬᠥᠭᠵᠢᠯᠲᠡ ᠶᠢ | ᠲᠦᠷᠭᠡᠳᠬᠡᠨ᠎ᠡ᠃ ᠭᠤᠷᠪᠠ ᠳᠤ᠂ ᠠᠵᠢᠯ ᠲᠥᠷᠥᠯ ᠤᠨ ᠶᠠᠰᠤ ᠴᠢᠨᠠᠷ ᠤᠨ ᠠᠮᠤᠷ ᠲᠦᠪᠰᠢᠨ ᠤ ᠪᠠᠲᠤᠯᠠᠭ᠎ᠠ ᠶᠢᠨ | ᠲᠦᠪᠰᠢᠨ ᠢ ᠳᠡᠭᠡᠭᠰᠢᠯᠡᠭᠦᠯᠦᠨ᠎ᠡ᠃ ᠨᠢᠯᠬ᠎ᠠ ᠬᠡᠦᠬᠡᠳ ᠤᠨ ᠨᠠᠶᠢᠷᠠᠯᠭ᠎ᠠ ᠲᠠᠢ ᠰᠦᠨ ᠲᠠᠯᠬ᠎ᠠ ᠶᠢᠨ ᠶᠠᠰᠤ ᠴᠢᠨᠠᠷ ᠤᠨ | ᠠᠮᠤᠷ ᠲᠦᠪᠰᠢᠨ ᠢ ᠮᠦᠷᠳᠡᠬᠦ ᠰᠢᠰᠲ᠋ᠧᠮ ᠤᠨ ᠪᠠᠶᠢᠭᠤᠯᠤᠯᠲᠠ ᠶᠢᠨ ᠲᠤᠷᠰᠢᠯᠲᠠ ᠶᠢᠨ ᠬᠡᠪᠴᠢᠶ᠎ᠡ ᠶᠢ ᠥᠷᠭᠡᠳᠬᠡᠨ᠂ | ᠨᠢᠯᠬ᠎ᠠ ᠬᠡᠦᠬᠡᠳ ᠤᠨ ᠨᠠᠶᠢᠷᠠᠯᠭ᠎ᠠ ᠲᠠᠢ ᠰᠦᠨ ᠲᠠᠯᠬ᠎ᠠ ᠶᠢᠨ ᠪᠦᠬᠦ ᠠᠵᠢᠯ ᠲᠥᠷᠥᠯ ᠳᠤ ᠶᠠᠰᠤ ᠴᠢᠨᠠᠷ ᠤᠨ ᠠᠮᠤᠷ | ᠲᠦᠪᠰᠢᠨ ᠢ ᠮᠦᠷᠳᠡᠬᠦ ᠰᠢᠰᠲ᠋ᠧᠮ ᠢ ᠠᠯᠬᠤᠮ ᠠᠯᠬᠤᠮ ᠢᠶᠠᠷ ᠪᠠᠶᠢᠭᠤᠯᠤᠨ᠎ᠠ︔ ᠡᠭᠦᠨ ᠤ ᠬᠠᠮᠲᠤ᠂ ᠢᠳᠡᠭᠡᠨ ᠤ | ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠶᠠᠰᠤ ᠴᠢᠨᠠᠷ ᠤᠨ ᠠᠮᠤᠷ ᠲᠦᠪᠰᠢᠨ ᠢ ᠮᠦᠷᠲᠡᠭᠦ ᠲᠠᠪᠴᠠᠩ ᠤᠨ | ᠪᠠᠶᠢᠭᠤᠯᠤᠯᠲᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠎ᠡ᠃ ︽ᠢᠳᠡᠭᠡᠨ ᠤ ᠠᠵᠤ ᠦᠢᠯᠡᠳᠪᠦᠷᠢ ᠶᠢᠨ ᠠᠵᠤ | ᠠᠬᠤᠶᠢᠯᠠᠯ ᠤᠨ ᠢᠲᠡᠭᠡᠮᠵᠢ ᠶᠢᠨ ᠬᠠᠮᠢᠶᠠᠷᠤᠯᠲᠠ ᠶᠢᠨ ᠰᠢᠰᠲ᠋ᠧᠮ︾ ᠤᠨ ᠤᠯᠤᠰ ᠤᠨ ᠪᠠᠷᠢᠮᠵᠢᠶ᠎ᠠ ᠶᠢ | ᠲᠤᠭᠤᠰᠢᠯᠠᠭᠤᠯᠤᠨ ᠬᠡᠷᠡᠭᠵᠢᠭᠦᠯᠵᠦ᠂ ᠨᠢᠯᠬ᠎ᠠ ᠬᠡᠦᠬᠡᠳ ᠤᠨ ᠨᠠᠶᠢᠷᠠᠯᠭ᠎ᠠ ᠲᠠᠢ ᠰᠦᠨ ᠲᠠᠯᠬ᠎ᠠ ᠶᠢᠨ ᠠᠵᠤ | ᠠᠬᠤᠶᠢᠯᠠᠯ ᠤᠨ ᠪᠦᠬᠦᠨ ᠢᠶᠠᠷ ᠢᠶᠠᠨ ᠢᠲᠡᠭᠡᠮᠵᠢ ᠶᠢᠨ ᠬᠠᠮᠢᠶᠠᠷᠤᠯᠲᠠ ᠶᠢᠨ ᠰᠢᠰᠲ᠋ᠧᠮ ᠪᠠᠶᠢᠭᠤᠯᠬᠤ ᠶᠢ ᠠᠬᠢᠭᠤᠯᠵᠤ᠂ | ᠠᠵᠤ ᠠᠬᠤᠶᠢᠯᠠᠯ ᠤᠨ ᠶᠠᠰᠤ ᠴᠢᠨᠠᠷ ᠤᠨ ᠠᠮᠤᠷ ᠲᠦᠪᠰᠢᠨ ᠤ ᠠᠮᠠᠯᠠᠯᠲᠠ ᠬᠢᠭᠦ ᠪᠠ ᠢᠲᠡᠭᠡᠮᠵᠢ ᠶᠢᠨ ᠰᠣᠶᠣᠯ ᠤᠨ | ᠪᠠᠶᠢᠭᠤᠯᠤᠯᠲᠠ ᠥᠷᠨᠢᠭᠦᠯᠬᠦ ᠶᠢ ᠳᠡᠮᠵᠢᠨ᠎ᠡ᠃ ᠳᠥᠷᠪᠡ ᠳᠤ᠂ ᠤᠬᠠᠭᠤᠯᠵᠤ ᠬᠥᠲᠥᠯᠥᠨ ᠵᠢᠯᠣᠭᠤᠳᠬᠤ ᠶᠢ | ᠴᠢᠩᠭᠠᠳᠬᠠᠨ᠎ᠠ᠃ ᠠᠵᠢᠯ ᠲᠥᠷᠥᠯ ᠤᠨ ᠨᠡᠶᠢᠭᠡᠮᠯᠢᠭ ᠤᠨ ᠦᠢᠯᠡᠳᠬᠦᠨ ᠤ ᠴᠢᠨᠠᠷ ᠰᠠᠶᠢᠲᠠᠶ᠂ ᠠᠯᠳᠠᠷ ᠨᠦᠯᠦᠭᠡ ᠲᠠᠢ | ᠠᠵᠤ ᠠᠬᠤᠶᠢᠯᠠᠯ ᠵᠢᠴᠢ ᠦᠢᠯᠡᠳᠬᠦᠨ ᠤ ᠲᠥᠷᠥᠯ ᠲᠡᠮᠳᠡᠭ ᠢ ᠲᠠᠨᠢᠯᠴᠠᠭᠤᠯᠬᠤ ᠶᠢ ᠳᠡᠮᠵᠢᠵᠦ᠂ ᠴᠠᠭᠠᠨ ᠢᠳᠡᠭᠡᠨ ᠤ | ᠲᠦᠷᠦᠯ ᠲᠡᠮᠳᠡᠭ ᠤᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠎ᠡ᠃ ᠴᠠᠭᠠᠨ ᠢᠳᠡᠭᠡᠨ ᠤ ᠠᠵᠤ ᠠᠬᠤᠶᠢᠯᠠᠯ ᠢ | ᠵᠣᠬᠢᠶᠠᠨ ᠪᠠᠶᠢᠭᠤᠯᠤᠨ ᠣᠯᠠᠨ ᠨᠡᠶᠢᠲᠡ ᠶᠢᠨ ᠨᠡᠭᠡᠭᠡᠯᠲᠡ ᠶᠢᠨ ᠡᠳᠦᠷ ᠤᠨ ᠠᠵᠢᠯᠯᠠᠭ᠎ᠠ ᠶᠢ ᠲᠣᠭᠲᠠᠮᠠᠯ | ᠬᠤᠭᠤᠴᠠᠭ᠎ᠠ ᠲᠠᠢ ᠪᠠᠷ ᠥᠷᠨᠢᠭᠦᠯᠵᠦ᠂ ᠴᠠᠭᠠᠨ ᠢᠳᠡᠭᠡᠨ ᠤ ᠠᠵᠢᠯ ᠲᠥᠷᠥᠯ ᠤᠨ ᠲᠤᠬᠠᠶ ᠬᠡᠷᠡᠭᠯᠡᠭᠴᠢᠳ ᠤᠨ | ᠰᠢᠨᠵᠢᠯᠡᠬᠦ ᠤᠬᠠᠭᠠᠨᠴᠢ ᠣᠶᠢᠯᠠᠭᠠᠯᠲᠠ ᠶᠢ ᠨᠡᠮᠡᠭᠳᠡᠭᠦᠯᠵᠦ᠂ ᠴᠠᠭᠠᠨ ᠢᠳᠡᠭᠡᠨ ᠤ ᠬᠡᠷᠡᠭᠯᠡᠭᠡ ᠵᠢᠴᠢ ᠢᠳᠡᠭᠡᠨ ᠤ ᠠᠮᠤᠷ | ᠲᠦᠪᠰᠢᠨ ᠤ ᠮᠡᠳᠡᠯᠭᠡ ᠶᠢ ᠤᠬᠠᠭᠤᠯᠵᠤ᠂ ᠶᠠᠷᠢᠶ᠎ᠠ ᠬᠡᠯᠡᠯᠴᠡᠭᠡᠨ ᠤ ᠰᠠᠶᠢᠨ ᠰᠠᠶᠢᠬᠠᠨ ᠣᠷᠴᠢᠨ ᠲᠤᠭᠤᠷᠢᠨ ᠢ ᠪᠤᠢ | ᠪᠤᠯᠭᠠᠨ᠎ᠠ᠃ | ᠠᠰᠠᠭᠤᠯᠲᠠ᠄ ︽ᠰᠠᠨᠠᠯ︾ ᠳᠤ ︽2020 ᠣᠨ ᠪᠣᠯᠬᠤ ᠳᠤ᠂ ᠨᠢᠯᠬ᠎ᠠ ᠬᠡᠤᠬᠡᠳ ᠤᠨ ᠨᠠᠶᠢᠷᠠᠯᠭ᠎ᠠ ᠲᠠᠢ | ᠰᠦᠨ ᠲᠠᠯᠬ᠎ᠠ ᠶᠢᠨ ᠶᠠᠰᠤ ᠴᠢᠨᠠᠷ᠂ ᠥᠷᠢᠰᠦᠯᠳᠦᠬᠦ ᠬᠦᠴᠦᠨ ᠪᠠ ᠠᠯᠳᠠᠷ ᠨᠦᠯᠦᠭᠡ ᠶᠢ ᠢᠯᠡᠳᠲᠡ | ᠳᠡᠭᠡᠭᠰᠢᠯᠡᠭᠦᠯᠦᠨ᠎ᠡ︾ ᠭᠡᠵᠦ ᠲᠣᠳᠣᠷᠬᠠᠶ ᠳᠤᠷᠠᠳᠤᠨ ᠭᠠᠷᠭᠠᠪᠠ᠂ ᠲᠡᠭᠡᠪᠡᠯ᠂ ᠤᠯᠤᠰ ᠤᠨ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠲᠠᠷᠠᠭᠠᠴᠢ ᠶᠢᠨ ᠠᠯᠬᠤᠮ ᠳᠤ ᠨᠢᠯᠬ᠎ᠠ ᠬᠡᠤᠬᠡᠳ ᠤᠨ | ᠨᠠᠶᠢᠷᠠᠯᠭ᠎ᠠ ᠲᠠᠢ ᠰᠦᠨ ᠲᠠᠯᠬ᠎ᠠ ᠦᠢᠯᠡᠳᠪᠦᠷᠢᠯᠡᠬᠦ ᠲᠠᠯ᠎ᠠ ᠪᠠᠷ ᠶᠠᠮᠠᠷ ᠶᠠᠮᠠᠷ ᠪᠣᠳᠠᠲᠠᠶ ᠠᠷᠭ᠎ᠠ ᠬᠡᠮᠵᠢᠶ᠎ᠡ ᠠᠪᠬᠤ ᠪᠣᠶ︖ | | ᠬᠠᠷᠢᠭᠤᠯᠲᠠ᠄ ᠨᠢᠭᠡ ᠯᠤᠩᠬᠤ ᠰᠦᠨ ᠲᠠᠯᠬ᠎ᠠ ᠨᠢ ᠨᠢᠭᠡ ᠠᠮᠢ ᠨᠠᠰᠤ ᠶᠢ ᠤᠮᠳᠠᠯᠠᠨ᠎ᠠ᠂ ᠨᠢᠯᠬ᠎ᠠ ᠬᠡᠤᠬᠡᠳ ᠤᠨ | ᠴᠢᠨᠠᠷ ᠰᠠᠶᠢᠲᠠᠢ ᠠᠮᠤᠷ ᠲᠦᠪᠰᠢᠨ ᠨᠠᠶᠢᠷᠠᠯᠭ᠎ᠠ ᠲᠠᠢ ᠰᠦᠨ ᠲᠠᠯᠬ᠎ᠠ ᠬᠠᠨᠭ᠍ᠭᠠᠬᠤ ᠪᠤᠯ ᠰᠠᠭᠠᠯᠢ ᠶᠢᠨ ᠦᠢᠯᠡᠰ ᠢ | ᠬᠦᠭᠵᠢᠭᠦᠯᠦᠨ ᠮᠠᠠᠳᠤᠭᠤᠯᠬᠤ ᠴᠢᠬᠤᠯᠠ ᠡᠭᠦᠷᠭᠡ ᠮᠦᠨ᠃ ᠲᠠᠷᠠᠭᠠᠴᠢ ᠶᠢᠨ ᠠᠯᠬᠤᠮ ᠳᠤ᠂ ᠤᠯᠤᠰ ᠤᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ︽ᠰᠠᠨᠠᠯ︾ ᠤᠨ ᠪᠠᠶᠢᠷᠢᠯᠠᠭᠤᠯᠤᠯᠲᠠ ᠶᠣᠰᠣᠭᠠᠷ᠂ | ᠴᠢᠩᠭ᠎ᠠ ᠪᠠᠶᠢᠬᠤ ᠶᠢ ᠲᠡᠷᠢᠭᠦᠨ ᠳᠤ ᠲᠠᠯᠪᠢᠵᠤ᠂ ᠡᠬᠢ ᠡᠭᠦᠰᠦᠯ ᠠᠴᠠ ᠨᠢ ᠴᠢᠩᠭ᠎ᠠ ᠰᠡᠷᠭᠡᠶᠢᠯᠡᠬᠦ᠂ ᠶᠠᠪᠤᠴᠠ ᠶᠢ | ᠴᠢᠩᠭ᠎ᠠ ᠡᠵᠡᠮᠳᠡᠬᠦ᠂ ᠦᠢᠯᠡᠳᠭᠦᠨ ᠢ ᠴᠢᠩᠭ᠎ᠠ ᠪᠠᠶᠢᠴᠠᠭᠠᠬᠤ᠂ ᠵᠠᠬ᠎ᠠ ᠳᠡᠯᠭᠡᠭᠦᠷ ᠢ ᠴᠢᠩᠭ᠎ᠠ ᠬᠠᠮᠢᠶᠠᠷᠬᠤ ᠶᠢ | ᠪᠠᠷᠢᠮᠲᠠᠯᠠᠨ᠂ ᠨᠢᠯᠬ᠎ᠠ ᠬᠡᠤᠬᠡᠳ ᠤᠨ ᠨᠠᠶᠢᠷᠠᠯᠭ᠎ᠠ ᠲᠠᠢ ᠰᠦᠨ ᠲᠠᠯᠬ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠢ | ᠪᠠᠲᠤᠯᠠᠵᠤ᠂ ᠡᠬᠡ ᠤᠯᠤᠰ ᠤᠨ ᠬᠤᠶᠢᠴᠢ ᠦᠶ᠎ᠡ ᠶᠢᠨ ᠬᠢᠨ ᠳᠤ ᠴᠢᠨᠠᠷ ᠰᠠᠶᠢᠳᠠᠢ ᠰᠦᠨ ᠲᠠᠯᠬ᠎ᠠ ᠤᠤᠭᠤᠯᠭᠠᠬᠤ ᠪᠠᠷ | ᠴᠢᠷᠮᠠᠶᠢᠨ᠎ᠠ᠃ | ᠨᠢᠭᠡ ᠳᠤ᠂ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ | ᠠᠵᠤ ᠠᠬᠤᠶᠢᠯᠠᠯ ᠢ ᠰᠢᠪᠠᠳᠠᠨ ᠱᠠᠭᠠᠷᠳᠠᠵᠤ ᠪᠠᠶᠢᠭᠠᠳ ᠢᠳᠡᠭᠡᠨ ᠤ ᠠᠮᠤᠷ ᠲᠦᠪᠰᠢᠨ ᠤ ᠭᠤᠣᠯ ᠴᠣᠭᠴᠠ ᠶᠢᠨ | ᠬᠠᠷᠢᠭᠤᠴᠠᠯᠭ᠎ᠠ ᠶᠢ ᠲᠠᠰᠤᠷᠠᠯᠲᠠ ᠤᠢᠭᠡᠢ ᠨᠠᠶᠢᠳᠠᠪᠤᠷᠢᠵᠢᠭᠤᠯᠵᠤ᠂ ᠨᠢᠯᠬ᠎ᠠ ᠬᠡᠦᠬᠡᠳ ᠤᠨ ᠨᠠᠶᠢᠷᠠᠯᠭ᠎ᠠ ᠲᠠᠢ ᠰᠦᠨ | ᠲᠠᠯᠬ᠎ᠠ ᠶᠢᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠪᠠᠷᠢᠮᠵᠢᠶ᠎ᠠ ᠶᠢ ᠴᠢᠩᠭ᠎ᠠ | ᠬᠡᠷᠡᠭᠵᠢᠭᠦᠯᠦᠨ᠎ᠠ᠃ ᠡᠭᠢ ᠡᠭᠦᠰᠦᠯ ᠠᠴᠠ ᠨᠢ ᠴᠢᠩᠭ᠎ᠠ ᠰᠡᠷᠭᠡᠶᠢᠯᠡᠵᠦ᠂ ᠲᠦᠭᠦᠬᠡᠢ ᠮᠠᠲ᠋ᠧᠷᠢᠶᠠᠯ ᠬᠠᠩᠭᠠᠬᠤ | ᠬᠤᠳᠠᠯᠳᠤᠭᠠᠴᠢᠳ ᠢ ᠬᠢᠨᠠᠨ ᠲᠤᠬᠳᠠᠭᠠᠬᠤ ᠲᠥᠷᠢᠮ ᠢ ᠪᠠᠶᠢᠭᠤᠯᠤᠨ ᠬᠡᠷᠡᠭᠵᠢᠭᠦᠯᠵᠦ᠂ ᠪᠠᠷᠠᠭ᠎ᠠ ᠣᠷᠣᠭᠤᠯᠬᠤ ᠳᠤ | ᠪᠠᠶᠢᠴᠠᠭᠠᠨ ᠰᠢᠯᠭᠠᠬᠤ ᠪᠠ ᠦᠢᠯᠡᠳᠪᠦᠷᠢ ᠳᠤ ᠣᠷᠣᠭᠤᠯᠬᠤ ᠳᠤ ᠪᠠᠶᠢᠴᠠᠭᠠᠨ ᠰᠢᠯᠭᠠᠬᠤ ᠠᠵᠢᠯ ᠢ ᠰᠠᠶᠢᠲᠤᠷ ᠬᠢᠨ᠎ᠠ᠃ | ᠶᠠᠪᠤᠴᠠ ᠶᠢ ᠴᠢᠩᠭ᠎ᠠ ᠡᠵᠡᠮᠳᠡᠵᠦ᠂ ᠦᠢᠯᠡᠳᠪᠦᠷᠢᠯᠡᠯ ᠤᠨ ᠤᠷ᠎ᠠ ᠮᠡᠷᠭᠡᠰᠢᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ | ᠦᠢᠯᠡᠳᠪᠦᠷᠢᠯᠡᠵᠦ᠂ ᠮᠢᠺᠷᠣᠪ᠂ ᠬᠢᠮᠢ᠂ ᠹᠢᠽᠢᠺ ᠤᠨ ᠪᠣᠬᠢᠷᠲᠤᠯ ᠢ ᠰᠡᠷᠭᠡᠶᠢᠯᠡᠨ ᠬᠢᠵᠠᠭᠠᠷᠯᠠᠬᠤ ᠱᠠᠭᠠᠷᠳᠠᠯᠭ᠎ᠠ ᠶᠢ | ᠴᠢᠩᠭ᠎ᠠ ᠬᠡᠷᠡᠭᠵᠢᠭᠦᠯᠦᠨ᠎ᠡ᠃ ᠦᠢᠯᠡᠳᠬᠦᠨ ᠢ ᠴᠢᠩᠭ᠎ᠠ ᠪᠠᠶᠢᠴᠠᠭᠠᠵᠤ᠂ ᠦᠢᠯᠡᠳᠪᠦᠷᠢ ᠠᠴᠠ ᠭᠠᠷᠭᠠᠬᠤ | ᠦᠢᠯᠡᠳᠬᠦᠨ ᠤ ᠪᠦᠬᠦ ᠲᠥᠷᠥᠯ ᠵᠦᠢᠯ ᠢ ᠪᠦᠯᠦᠭ ᠳᠠᠷᠠᠭᠠᠯᠠᠨ ᠥᠪᠡᠰᠦᠪᠡᠨ ᠪᠠᠶᠢᠴᠠᠭᠠᠬᠤ ᠶᠢ ᠴᠢᠩᠭ᠎ᠠ | ᠨᠠᠶᠢᠳᠠᠪᠤᠷᠢᠵᠢᠭᠤᠯᠵᠤ᠂ ᠰᠢᠯᠭᠠᠨ ᠪᠠᠶᠢᠴᠠᠭᠠᠭᠰᠠᠨ ᠲᠤᠭ᠎ᠠ ᠪᠠᠷᠢᠮᠲᠠ ᠶᠢᠨ ᠦᠨᠡᠨ ᠪᠣᠳᠠᠲᠠᠶ᠂ ᠪᠦᠷᠢᠨ ᠪᠦᠲᠦᠨ᠂ | ᠵᠦᠪ ᠣᠨᠣᠪᠴᠢᠲᠠᠶ ᠪᠠᠶᠢᠬᠤ ᠶᠢ ᠦᠨᠡᠨ ᠬᠦ ᠪᠠᠲᠤᠯᠠᠨ᠎ᠠ᠃ | ᠬᠤᠶᠠᠷ ᠲᠤ᠂ ᠢᠳᠡᠭᠡᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠴᠢᠩᠭ᠎ᠠ ᠰᠠᠬᠢᠨ᠎ᠠ᠃ ᠬᠢᠨᠠᠨ | ᠬᠠᠮᠢᠶᠠᠷᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠥᠨᠳᠥᠷ ᠳᠠᠷᠤᠯᠲᠠᠲᠤ ᠪᠠᠶᠢᠳᠠᠯ ᠢ ᠦᠷᠭᠦᠯᠵᠢᠯᠡᠨ | ᠪᠠᠲᠤᠯᠠᠨ᠎ᠠ᠃ ᠨᠢᠯᠬ᠎ᠠ ᠬᠡᠦᠬᠡᠳ ᠤᠨ ᠨᠠᠶᠢᠷᠠᠯᠭ᠎ᠠ ᠲᠠᠢ ᠰᠦᠨ ᠲᠠᠯᠬ᠎ᠠ ᠳᠤ ᠬᠢᠨᠠᠯᠲᠠ ᠲᠠᠯᠪᠢᠵᠤ ᠰᠤᠭᠤᠴᠢᠨ | ᠪᠠᠶᠢᠴᠠᠭᠠᠬᠤ ᠪᠠ ᠲᠦᠭᠰᠢᠭᠦᠷᠢ ᠶᠢ ᠬᠢᠨᠠᠨ ᠬᠡᠮᠵᠢᠬᠦ ᠪᠠᠨ ᠲᠠᠰᠤᠷᠠᠯᠲᠠ ᠤᠢᠭᠡᠢ ᠴᠢᠩᠭᠠᠳᠬᠠᠵᠤ᠂ ᠢᠳᠡᠭᠡᠨ ᠤ ᠠᠮᠤᠷ | ᠲᠦᠪᠰᠢᠨ ᠤ ᠲᠦᠭᠰᠢᠭᠦᠷᠢ ᠳᠠᠯᠳᠠ ᠭᠡᠮ ᠢ ᠴᠠᠭ ᠲᠤᠬᠠᠶ ᠳᠤ ᠨᠢ ᠠᠷᠢᠯᠭᠠᠨ᠎ᠠ᠃ ᠢᠳᠡᠭᠡᠨ ᠤ ᠠᠮᠤᠷ ᠲᠦᠪᠰᠢᠨ ᠤ | ᠦᠢᠯᠡᠳᠪᠦᠷᠢᠯᠡᠯ ᠤᠨ ᠵᠢᠷᠤᠮᠵᠢᠬᠰᠠᠨ ᠲᠤᠬᠳᠠᠯᠴᠠᠭ᠎ᠠ ᠳᠤ ᠦᠷᠭᠦᠯᠵᠢᠯᠡᠨ ᠪᠠᠶᠢᠴᠠᠭᠠᠯᠲᠠ ᠥᠷᠨᠢᠭᠦᠯᠵᠦ᠂ | ᠠᠰᠠᠭᠤᠳᠠᠯ ᠢ ᠨᠡᠯᠢᠶᠡᠳ ᠣᠯᠠᠨ ᠢᠯᠡᠷᠡᠭᠦᠯᠦᠭᠰᠡᠨ ᠠᠵᠤ ᠠᠬᠤᠶᠢᠯᠠᠯ ᠳᠤ ︽ᠡᠷᠬᠢᠵᠤ ᠬᠠᠷᠠᠬᠤ︾ ᠠᠵᠢᠯᠯᠠᠭ᠎ᠠ | ᠥᠷᠨᠢᠭᠦᠯᠦᠨ᠎ᠡ᠃ ᠢᠳᠡᠭᠡᠨ ᠤ ᠪᠤᠰᠤ ᠪᠣᠳᠠᠰ ᠢ ᠬᠠᠤᠯᠢ ᠪᠤᠰᠤ ᠪᠠᠷ ᠨᠡᠮᠡᠬᠦ᠂ ᠢᠳᠡᠭᠡᠨ ᠤ ᠨᠡᠮᠡᠯᠲᠡ ᠡᠳ᠋ ᠢ ᠬᠡᠪᠴᠢᠶ᠎ᠡ | ᠪᠠ ᠬᠡᠮᠵᠢᠶ᠎ᠡ ᠠᠴᠠ ᠬᠡᠲᠦᠷᠡᠭᠦᠯᠦᠨ ᠬᠡᠷᠡᠭᠯᠡᠬᠦ᠂ ᠱᠣᠰᠢᠭ᠎ᠠ ᠶᠢᠨ ᠠᠭᠤᠯᠭ᠎ᠠ ᠶᠢ ᠬᠤᠳᠠᠯ ᠬᠠᠭᠤᠷᠮᠠᠭ ᠢᠶᠠᠷ ᠲᠠᠪᠠᠭᠤᠯᠵᠤ | ᠶᠠᠷᠢᠬᠤ ᠪᠠ ᠱᠣᠰᠢᠭ᠎ᠠ ᠶᠢ ᠪᠠᠯᠠᠯᠤᠨ ᠵᠠᠰᠠᠬᠤ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ | ᠴᠣᠬᠢᠯᠲᠠ ᠥᠭᠭᠦᠨ᠎ᠡ᠃ ᠨᠢᠯᠬ᠎ᠠ ᠬᠡᠦᠬᠡᠳ ᠤᠨ ᠲᠤᠮᠤ ᠪᠤᠭᠤᠳᠠᠯ ᠪᠦᠭᠦᠢ ᠨᠠᠶᠢᠷᠠᠯᠭ᠎ᠠ ᠲᠠᠢ ᠰᠦᠨ ᠲᠠᠯᠬ᠎ᠠ ᠶᠢ | ᠭᠠᠳᠠᠭᠠᠳᠤ ᠠᠴᠠ ᠣᠷᠣᠭᠤᠯᠵᠤ ᠬᠢᠯᠢ ᠶᠢᠨ ᠳᠣᠲᠣᠷ᠎ᠠ ᠰᠠᠯᠭᠠᠨ ᠰᠠᠪᠠᠯᠠᠬᠤ ᠶᠢ ᠴᠢᠩᠭ᠎ᠠ ᠴᠠᠭᠠᠵᠠᠯᠠᠨ᠎ᠠ᠃ | ᠭᠤᠷᠪᠠ ᠳᠤ᠂ ᠶᠠᠰᠤ ᠴᠢᠨᠠᠷ ᠢ ᠪᠠᠳᠤᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠵᠤ ᠠᠬᠤᠶᠢᠯᠠᠯ ᠢ | ᠰᠢᠪᠠᠳᠠᠨ ᠱᠠᠭᠠᠷᠳᠠᠵᠤ ᠪᠠᠶᠢᠭᠠᠳ ᠨᠢᠯᠬ᠎ᠠ ᠬᠡᠤᠬᠡᠳ ᠤᠨ ᠨᠠᠶᠢᠷᠠᠯᠭ᠎ᠠ ᠲᠠᠢ ᠨᠤᠨᠲᠠᠭ ᠢᠳᠡᠭᠡᠨ ᠤ ᠰᠠᠶᠢᠨ ᠰᠠᠶᠢᠬᠠᠨ | ᠦᠢᠯᠡᠳᠪᠦᠷᠢᠯᠡᠯ ᠤᠨ ᠵᠢᠷᠤᠮᠵᠢᠯ᠂ ᠬᠤᠤᠷ ᠬᠥᠨᠥᠭᠡᠯ ᠤᠨ ᠵᠠᠳᠠᠯᠤᠯᠲᠠ ᠪᠠ ᠵᠠᠩᠭᠢᠯᠠᠭ᠎ᠠ ᠶᠢᠨ ᠡᠵᠡᠮᠳᠡᠬᠦ ᠴᠡᠭ ᠤᠨ | ᠲᠤᠬᠳᠠᠯᠴᠠᠭ᠎ᠠ ᠵᠡᠷᠭᠡ ᠢᠳᠡᠭᠡᠨ ᠤ ᠠᠮᠤᠷ ᠲᠦᠪᠰᠢᠨ ᠤ ᠶᠠᠰᠤ ᠴᠢᠨᠠᠷ ᠤᠨ ᠬᠠᠮᠢᠶᠠᠷᠤᠯᠲᠠ ᠶᠢᠨ ᠲᠦᠷᠢᠮ ᠢ | ᠦᠷᠭᠦᠯᠵᠢᠯᠡᠨ ᠬᠡᠷᠡᠭᠵᠢᠭᠦᠯᠦᠨ᠎ᠡ᠃ ᠨᠢᠯᠬ᠎ᠠ ᠬᠡᠦᠬᠡᠳ ᠤᠨ ᠨᠠᠶᠢᠷᠠᠯᠭ᠎ᠠ ᠲᠠᠢ ᠰᠦᠨ ᠲᠠᠯᠬ᠎ᠠ ᠶᠢᠨ ᠦᠢᠯᠡᠳᠬᠦᠨ ᠤ | ᠨᠠᠶᠢᠷᠠᠯᠭ᠎ᠠ ᠶᠢ ᠳᠠᠩᠰᠠᠯᠠᠭᠤᠯᠬᠤ ᠬᠠᠮᠢᠶᠠᠷᠤᠯᠲᠠ ᠶᠢ ᠴᠢᠩᠭᠠᠷᠠᠭᠤᠯᠤᠨ᠂ ᠨᠠᠶᠢᠷᠠᠯᠭ᠎ᠠ ᠶᠢᠨ ᠰᠢᠨᠵᠢᠯᠡᠬᠦ ᠤᠬᠠᠭᠠᠨᠴᠢ | ᠴᠢᠨᠠᠷ ᠪᠠ ᠠᠮᠤᠷ ᠲᠦᠪᠰᠢᠨ ᠴᠢᠨᠠᠷ ᠢ ᠪᠠᠲᠤᠯᠠᠨ᠎ᠠ᠃ ᠨᠢᠯᠬ᠎ᠠ ᠬᠡᠦᠬᠡᠳ ᠤᠨ ᠨᠠᠶᠢᠷᠠᠯᠭ᠎ᠠ ᠲᠠᠢ ᠰᠦᠨ ᠲᠠᠯᠬ᠎ᠠ ᠶᠢᠨ | ᠶᠠᠰᠤ ᠴᠢᠨᠠᠷ ᠤᠨ ᠠᠮᠤᠷ ᠲᠦᠪᠰᠢᠨ ᠢ ᠮᠦᠷᠳᠡᠬᠦ ᠲᠤᠬᠳᠠᠯᠴᠠᠭ᠎ᠠ ᠶᠢᠨ ᠪᠠᠶᠢᠭᠤᠯᠤᠯᠲᠠ ᠶᠢ ᠳᠡᠮᠵᠢᠵᠦ᠂ ᠲᠡᠵᠢᠭᠡᠨ | ᠦᠷᠡᠵᠢᠭᠦᠯᠬᠦ᠂ ᠪᠣᠯᠪᠠᠰᠤᠷᠠᠭᠤᠯᠬᠤ᠂ ᠭᠦᠢᠯᠭᠡᠭᠡᠬᠦ ᠵᠡᠷᠭᠡ ᠪᠦᠬᠦ ᠶᠠᠪᠤᠴᠠ ᠶᠢ ᠮᠦᠷᠲᠡᠵᠦ ᠪᠣᠯᠬᠤ ᠪᠤᠯᠭᠠᠨ᠎ᠠ᠃ | ᠲᠦᠭᠦᠬᠡᠶ ᠰᠦ ᠬᠡᠷᠡᠭᠯᠡᠨ ᠨᠢᠯᠬ᠎ᠠ ᠬᠡᠦᠬᠡᠳ ᠤᠨ ᠨᠠᠶᠢᠷᠠᠯᠭ᠎ᠠ ᠲᠠᠢ ᠰᠦᠨ ᠲᠠᠯᠬ᠎ᠠ ᠦᠢᠯᠡᠳᠪᠦᠷᠢᠯᠡᠬᠦ ᠶᠢ ᠶᠡᠭᠡ ᠪᠠᠷ | ᠰᠠᠨᠠᠭᠠᠴᠢᠯᠠᠨ ᠵᠣᠷᠢᠭᠵᠢᠭᠤᠯᠵᠤ᠂ ᠠᠵᠤ ᠠᠬᠤᠶᠢᠯᠠᠯ ᠤᠨ ᠦᠪᠡᠰᠦᠪᠡᠨ ᠡᠵᠡᠮᠳᠡᠬᠦ ᠰᠠᠭᠠᠯᠢ ᠶᠢᠨ ᠰᠠᠭᠤᠷᠢᠨ ᠭᠠᠵᠠᠷ | ᠪᠠᠶᠢᠭᠤᠯᠬᠤ ᠶᠢ ᠳᠡᠮᠵᠢᠨ᠎ᠡ᠃ | ᠳᠥᠷᠪᠡ ᠳᠤ᠂ ᠠᠵᠢᠯ ᠲᠥᠷᠥᠯ ᠤᠨ ᠰᠠᠶᠢᠨ ᠰᠠᠶᠢᠬᠠᠨ ᠳᠦᠷᠢ ᠲᠥᠷᠬᠦ ᠶᠢ ᠰᠠᠶᠢᠵᠢᠷᠠᠭᠤᠯᠤᠨ᠎ᠠ᠃ ᠨᠢᠯᠬ᠎ᠠ | ᠬᠡᠦᠬᠡᠳ ᠤᠨ ᠨᠠᠶᠢᠷᠠᠯᠭ᠎ᠠ ᠲᠠᠢ ᠰᠦᠨ ᠲᠠᠯᠬ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠢᠳᠡᠪᠬᠢᠲᠡᠶ ᠤᠬᠠᠭᠤᠯᠵᠤ᠂ ᠬᠢᠨᠠᠯᠲᠠ ᠲᠠᠯᠪᠢᠵᠤ ᠰᠤᠭᠤᠴᠢᠨ | ᠪᠠᠶᠢᠴᠠᠭᠠᠭᠰᠠᠨ ᠪᠠ ᠬᠢᠨᠠᠯᠲᠠ ᠲᠠᠯᠪᠢᠵᠤ ᠪᠠᠶᠢᠴᠠᠭᠠᠭᠰᠠᠨ ᠮᠡᠳᠡᠭᠡ ᠵᠠᠩᠭᠢ ᠶᠢ ᠲᠣᠭᠲᠠᠮᠠᠯ ᠬᠤᠭᠤᠴᠠᠭ᠎ᠠ ᠲᠠᠢ ᠪᠠᠷ | ᠨᠡᠶᠢᠲᠡᠯᠡᠵᠦ᠂ ᠨᠢᠯᠬ᠎ᠠ ᠬᠡᠦᠬᠡᠳ ᠤᠨ ᠨᠠᠶᠢᠷᠠᠯᠭ᠎ᠠ ᠲᠠᠢ ᠰᠦᠨ ᠲᠠᠯᠬ᠎ᠠ ᠶᠢᠨ ᠶᠠᠰᠤ ᠴᠢᠨᠠᠷ ᠤᠨ ᠪᠠᠶᠢᠳᠠᠯ ᠢ ᠪᠤᠰᠤᠳᠴᠢ᠂ | ᠦᠨᠡᠨ ᠪᠣᠳᠠᠲᠠᠶ᠂ ᠪᠦᠬᠦ ᠲᠠᠯ᠎ᠠ ᠪᠠᠷ ᠳᠡᠯᠭᠡᠨ ᠦᠵᠡᠭᠦᠯᠦᠨ᠎ᠡ᠃ ᠠᠵᠢᠯ ᠲᠥᠷᠥᠯ ᠤᠨ ᠦᠨᠡᠨᠴᠢ ᠢᠲᠡᠭᠡᠮᠵᠢ ᠶᠢᠨ | ᠲᠤᠬᠳᠠᠯᠴᠠᠭ᠎ᠠ ᠶᠢᠨ ᠪᠠᠶᠢᠭᠤᠯᠤᠯᠲᠠ ᠶᠢ ᠠᠬᠢᠭᠤᠯᠵᠤ᠂ ᠭᠠᠶᠢᠯᠢ ᠶᠢᠨ ᠶᠠᠪᠤᠳᠠᠯ᠂ ᠠᠵᠤ ᠦᠢᠯᠡᠳᠪᠦᠷᠢ ᠪᠠ ᠮᠡᠳᠡᠭᠡ | ᠵᠠᠩᠭᠢᠴᠢᠯᠠᠯᠳᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠤᠳ ᠠᠵᠤ | ᠠᠬᠤᠶᠢᠯᠠᠯ ᠤᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠪᠡᠶᠡᠯᠡᠭᠦᠯᠵᠦ᠂ ︽ᠬᠠᠷ᠎ᠠ ᠲᠠᠩᠰᠠ︾ ᠶᠢᠨ ᠲᠦᠷᠢᠮ ᠪᠠ | ᠵᠠᠬ᠎ᠠ ᠳᠡᠯᠭᠡᠭᠦᠷ ᠠᠴᠠ ᠤᠬᠤᠷᠢᠨ ᠭᠠᠷᠬᠤ ᠲᠣᠭᠲᠠᠴᠠ ᠶᠢ ᠪᠠᠶᠢᠭᠤᠯᠤᠨ᠎ᠠ᠃ ᠠᠵᠤ ᠠᠬᠤᠶᠢᠯᠠᠯ ᠤᠨ ᠢᠳᠡᠪᠬᠢᠵᠢᠯ | ᠪᠣᠯᠤᠨ ᠪᠦᠲᠦᠭᠡᠯᠴᠢ ᠴᠢᠳᠠᠪᠤᠷᠢ ᠶᠢ ᠭᠦᠢᠴᠡᠳ ᠬᠥᠭᠵᠢᠭᠡᠵᠤ᠂ ᠭᠤᠤᠯᠯᠠᠬᠴᠢ ᠠᠵᠤ ᠠᠬᠤᠶᠢᠯᠠᠯ ᠤᠨ ᠬᠥᠲᠥᠯᠦᠨ | ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠴᠢᠨᠠᠷ ᠰᠠᠶᠢᠲᠠᠶ ᠲᠥᠷᠦᠯ ᠲᠡᠮᠳᠡᠭ ᠢ ᠪᠤᠶᠢᠵᠢᠭᠤᠯᠤᠨ᠂ ᠰᠠᠶᠢᠨ | ᠰᠠᠶᠢᠬᠠᠨ ᠨᠡᠷ᠎ᠠ ᠨᠦᠯᠦᠭᠡ ᠶᠢ ᠪᠣᠶ ᠪᠣᠯᠭᠠᠵᠤ᠂ ᠥᠷᠭᠡᠨ ᠣᠯᠠᠨ ᠲᠦᠮᠡᠨ ᠤ ᠤᠯᠤᠰ ᠲᠤ ᠪᠠᠨ ᠦᠢᠯᠡᠳᠪᠦᠷᠢᠯᠡᠭᠰᠡᠨ | ᠰᠦᠨ ᠲᠠᠯᠬ᠎ᠠ ᠶᠢ ᠮᠡᠳᠡᠷᠡᠬᠦ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠠᠰᠠᠭᠤᠯᠲᠠ᠄ ︽ᠰᠠᠨᠠᠯ︾ ᠳᠤ ᠰᠠᠭᠠᠯᠢ ᠶᠢᠨ ᠦᠢᠯᠡᠰ ᠤᠨ ᠬᠥᠭᠵᠢᠯᠲᠡ ᠶᠢᠨ ᠡᠯ᠎ᠡ ᠲᠠᠯ᠎ᠠ ᠶᠢ ᠬᠠᠮᠤᠷᠪᠠ᠃ | ︽ᠰᠠᠨᠠᠯ︾ ᠤᠨ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠬᠡᠷᠬᠢᠨ | ᠦᠨᠡᠨ ᠬᠦ ᠪᠠᠲᠤᠯᠠᠬᠤ ᠲᠤᠬᠠᠢ ᠲᠠᠷᠢᠶᠠᠯᠠᠩ ᠪᠠ ᠬᠥᠳᠡᠭᠡ ᠲᠣᠰᠬᠤᠨ ᠤ ᠶᠠᠮᠤᠨ ᠳᠤ ᠶᠠᠮᠠᠷ ᠶᠠᠮᠠᠷ ᠪᠣᠳᠠᠲᠠᠶ ᠠᠷᠭ᠎ᠠ | ᠬᠡᠮᠵᠢᠶ᠎ᠡ ᠪᠠᠶᠢᠬᠤ ᠪᠣᠶ︖ | ᠬᠠᠷᠢᠭᠤᠯᠲᠠ᠄ ᠨᠢᠭᠡ ᠬᠤᠪᠢ ᠶᠢᠨ ᠪᠠᠶᠢᠷᠢᠯᠠᠭᠤᠯᠤᠯᠲᠠ ᠬᠢᠪᠡᠯ ᠶᠢᠰᠦᠨ ᠬᠤᠪᠢ ᠶᠢᠨ ᠨᠠᠶᠢᠳᠠᠪᠤᠷᠢᠵᠢᠭᠤᠯᠤᠯᠲᠠ | ᠱᠠᠭᠠᠷᠳᠠᠬᠳᠠᠨ᠎ᠠ᠃ ︽ᠰᠠᠨᠠᠯ︾ ᠳᠤ᠂ ᠲᠠᠷᠢᠶᠠᠯᠠᠩ ᠪᠠ ᠬᠥᠳᠡᠭᠡ ᠲᠣᠰᠬᠤᠨ ᠤ ᠶᠠᠮᠤᠨ ᠬᠤᠯᠪᠣᠭᠳᠠᠯ ᠪᠥᠬᠦᠶ | ᠰᠠᠯᠠᠭ᠎ᠠ ᠮᠥᠴᠢᠷ ᠲᠠᠢ ᠬᠠᠮᠲᠤᠷᠠᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠪᠠᠳᠠᠨ ᠪᠠᠶᠢᠴᠠᠭᠠᠬᠤ ᠶᠢᠨ ᠬᠠᠮᠲᠤ | ᠲᠥᠷᠥ ᠶᠢᠨ ᠶᠠᠪᠤᠳᠠᠯ ᠤᠨ ᠬᠤᠷᠢᠶ᠎ᠠ ᠳᠤ ᠮᠡᠳᠡᠭᠦᠯᠬᠦ ᠬᠡᠷᠡᠭᠲᠡᠶ ᠭᠡᠵᠦ ᠲᠤᠳᠤᠷᠬᠠᠢ ᠱᠠᠭᠠᠷᠳᠠᠵᠠᠢ᠃ ︽ᠰᠠᠨᠠᠯ︾ ᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ ᠬᠦᠳᠡᠭᠡ ᠠᠵᠤ ᠠᠬᠤᠢ ᠬᠥᠳᠡᠭᠡ ᠲᠣᠰᠬᠤᠨ ᠤ | ᠶᠠᠮᠤᠨ ᠭᠤᠷᠪᠠᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠰᠠᠶᠢᠲᠤᠷ ᠬᠢᠨ᠎ᠠ᠃ | ᠨᠢᠭᠡ ᠳᠤ᠂ ᠰᠠᠯᠠᠭ᠎ᠠ ᠮᠥᠴᠢᠷ ᠤᠨ ᠵᠤᠬᠢᠴᠠᠭᠤᠯᠤᠨ ᠬᠠᠮᠵᠢᠯᠴᠠᠬᠤ ᠶᠢ ᠨᠠᠶᠢᠳᠠᠪᠤᠷᠢᠵᠢᠭᠤᠯᠤᠨ᠎ᠠ᠃ ︽ᠰᠠᠨᠠᠯ︾ | ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ ᠡᠯ᠎ᠡ ᠲᠠᠯ᠎ᠠ ᠶᠢᠨ ᠬᠢᠨ ᠤ ᠬᠠᠮᠲᠤ ᠶᠢᠨ ᠴᠢᠷᠮᠠᠶᠢᠯᠭ᠎ᠠ | ᠱᠠᠭᠠᠷᠳᠠᠭᠳᠠᠨ᠎ᠠ᠃ ᠲᠠᠷᠢᠶᠠᠯᠠᠩ ᠪᠠ ᠬᠥᠳᠡᠭᠡ ᠲᠣᠰᠬᠤᠨ ᠤ ᠶᠠᠮᠤᠨ ︽ᠰᠠᠨᠠᠯ︾ ᠤᠨ ᠱᠠᠭᠠᠷᠳᠠᠯᠭ᠎ᠠ ᠶᠣᠰᠣᠭᠠᠷ᠂ | ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠪᠣᠳᠠᠲᠠᠶ ᠠᠵᠢᠯ ᠤᠨ ᠠᠷᠭ᠎ᠠ ᠬᠡᠮᠵᠢᠶ᠎ᠡ ᠶᠢ ᠲᠣᠭᠲᠠᠭᠠᠨ | ᠲᠡᠭᠦᠯᠳᠡᠷᠵᠢᠭᠦᠯᠵᠦ᠂ ᠲᠡᠳᠬᠦᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠡᠷᠴᠢᠮ ᠢᠶᠠᠨ ᠴᠠᠭᠠᠰᠢᠳᠠ | ᠴᠢᠩᠭᠠᠷᠠᠭᠤᠯᠵᠤ᠂ ᠰᠠᠭᠠᠯᠢ ᠶᠢᠨ ᠦᠢᠯᠡᠰ ᠤᠨ ᠠᠵᠢᠯ ᠤᠨ ᠲᠤᠬᠠᠢ ᠶᠠᠮᠤᠨ ᠤ ᠬᠤᠭᠤᠷᠣᠨᠳᠣᠬᠢ ᠬᠠᠮᠲᠤᠷᠠᠭᠰᠠᠨ | ᠬᠤᠷᠠᠯ ᠤᠨ ᠲᠦᠷᠢᠮ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠵᠣᠬᠢᠴᠠᠭᠤᠯᠤᠨ ᠬᠠᠮᠵᠢᠯᠴᠠᠬᠤ ᠪᠠᠨ | ᠴᠢᠩᠭᠠᠳᠬᠠᠵᠤ᠂ ᠡᠯ᠎ᠡ ᠵᠦᠢᠯ ᠤᠨ ᠠᠵᠢᠯ ᠢ ᠪᠤᠳᠠᠳᠠᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ᠃ | ᠬᠤᠶᠠᠷ ᠲᠤ᠂ ᠲᠥᠷᠥ ᠶᠢᠨ ᠪᠣᠳᠣᠯᠭ᠎ᠠ ᠶᠢᠨ ᠪᠠᠯᠠ ᠮᠥᠩᠭᠦ ᠶᠢᠨ ᠠᠬᠢᠭᠤᠯᠬᠤ ᠦᠢᠯᠡᠳᠦᠯ ᠢ ᠴᠢᠩᠭᠠᠳᠬᠠᠨ᠎ᠠ᠃ | ᠰᠠᠭᠠᠯᠢ ᠶᠢᠨ ᠦᠨᠢᠶ᠎ᠡ ᠶᠢ ᠪᠠᠷᠢᠮᠵᠢᠶᠠᠵᠢᠭᠤᠯᠤᠨ ᠬᠡᠪᠴᠢᠶᠡᠵᠢᠭᠦᠯᠵᠦ ᠲᠡᠵᠢᠭᠡᠨ ᠦᠷᠡᠵᠢᠭᠦᠯᠬᠦ᠂ ᠴᠢᠨᠠᠷ ᠰᠠᠶᠢᠲᠠᠶ | ᠲᠡᠵᠢᠭᠡᠯ ᠡᠪᠡᠰᠦ ᠶᠢᠨ ᠦᠢᠯᠡᠳᠪᠦᠷᠢᠯᠡᠯ᠂ ᠢᠯᠭᠠᠳᠠᠰᠤ ᠶᠢ ᠶᠡᠷᠦᠩᠬᠡᠶᠢᠯᠡᠨ ᠰᠢᠢᠳᠪᠦᠷᠢᠯᠡᠵᠦ ᠠᠰᠢᠬᠯᠠᠬᠤ᠂ | ᠦᠢᠯᠡᠳᠭᠦᠨ ᠤ ᠪᠦᠲᠦᠴᠡ ᠶᠢ ᠰᠢᠯᠢᠳᠡᠭᠵᠢᠭᠦᠯᠬᠦ᠂ ᠶᠠᠰᠤ ᠴᠢᠨᠠᠷ ᠤᠨ ᠠᠮᠤᠷ ᠲᠦᠪᠰᠢᠨ ᠢ ᠬᠠᠮᠢᠶᠠᠷᠤᠨ ᠡᠵᠡᠮᠳᠡᠬᠦ | ᠵᠡᠷᠭᠡ ᠭᠤᠤᠯᠳᠠᠯᠭ᠎ᠠ ᠲᠠᠢ ᠭᠤᠭᠴᠤᠭ᠎ᠠ ᠳᠤ ᠬᠠᠨᠳᠤᠭᠤᠯᠤᠨ᠂ ᠰᠠᠭᠠᠯᠢ ᠶᠢᠨ ᠦᠢᠯᠡᠰ ᠢ ᠲᠡᠳᠬᠦᠬᠦ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠬᠤ ᠡᠷᠴᠢᠮ ᠢᠶᠠᠨ ᠴᠠᠭᠠᠰᠢᠳᠠ ᠴᠢᠩᠭᠠᠷᠠᠭᠤᠯᠵᠤ᠂ ᠲᠥᠷᠥᠯ ᠵᠦᠢᠯ ᠢᠶᠠᠷ ᠳᠡᠮᠵᠢᠬᠦ | ᠠᠷᠭ᠎ᠠ ᠪᠠᠷᠢᠯ ᠢᠶᠠᠨ ᠰᠢᠨᠡᠳᠭᠡᠵᠦ᠂ ᠲᠥᠷᠥ ᠶᠢᠨ ᠪᠣᠳᠣᠯᠭ᠎ᠠ ᠶᠢᠨ ᠪᠠᠯᠠ ᠮᠥᠩᠭᠦ ᠶᠢᠨ ᠦᠷ᠎ᠡ ᠪᠦᠲᠦᠮᠵᠢ ᠶᠢ | ᠪᠠᠲᠤᠯᠠᠨ᠎ᠠ᠃ | ᠭᠤᠷᠪᠠ ᠳᠤ᠂ ᠠᠵᠤ ᠠᠬᠤᠶᠢᠯᠠᠯ ᠤᠨ ᠭᠤᠣᠯ ᠴᠣᠭᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ | ᠠᠵᠤ ᠠᠬᠤᠶᠢᠯᠠᠯ ᠬᠥᠭᠵᠢᠪᠠᠯ ᠠᠵᠤ ᠦᠢᠯᠡᠰ ᠮᠠᠠᠳᠤᠨ᠎ᠠ᠂ ᠴᠠᠭᠠᠨ ᠢᠳᠡᠭᠡᠨ ᠤ ᠠᠵᠤ ᠠᠬᠤᠶᠢᠯᠠᠯ ᠪᠣᠯ ᠳᠤᠮᠳᠠᠳᠤ | ᠤᠯᠤᠰ ᠤᠨ ᠰᠠᠭᠠᠯᠢ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠭᠤᠣᠯ ᠴᠣᠭᠴᠠ ᠪᠣᠯᠤᠨ᠎ᠠ᠃ ᠳᠤᠮᠳᠠᠳᠤ | ᠤᠯᠤᠰ ᠤᠨ ᠰᠠᠭᠠᠯᠢ ᠶᠢᠨ ᠦᠢᠯᠡᠰ ᠤᠨ 20 ᠬᠦᠴᠦᠷᠬᠡᠭ ︵D20︶ ᠤᠨ ᠬᠤᠯᠪᠣᠭᠠᠯᠠᠯ ᠢ ᠲᠡᠭᠦᠯᠳᠡᠷᠵᠢᠭᠦᠯᠵᠦ᠂ | ᠴᠠᠭᠠᠨ ᠢᠳᠡᠭᠡᠨ ᠤ ᠠᠵᠤ ᠠᠬᠤᠶᠢᠯᠠᠯ ᠤᠨ ᠶᠡᠭᠡ ᠬᠠᠮᠵᠢᠯᠴᠠᠭ᠎ᠠ ᠶᠡᠭᠡ ᠬᠤᠯᠪᠣᠭᠠᠯᠠᠯ ᠢ ᠠᠬᠢᠭᠤᠯᠤᠨ᠎ᠠ᠃ ᠳᠤᠮᠳᠠᠳᠤ | ᠤᠯᠤᠰ ᠤᠨ ᠰᠠᠭᠠᠯᠢ ᠶᠢᠨ ᠦᠢᠯᠡᠰ ᠤᠨ 20 ᠬᠦᠴᠦᠷᠬᠡᠭ ᠤᠨ ᠲᠦᠷᠦᠭᠦᠴᠦᠳ ᠤᠨ ᠬᠤᠷᠠᠯ ᠢ ᠦᠷᠭᠦᠯᠵᠢᠯᠡᠨ | ᠡᠷᠭᠢᠯᠡᠵᠦ᠂ ᠦᠨᠳᠦᠰᠦᠲᠡᠨ ᠤ ᠰᠠᠭᠠᠯᠢ ᠶᠢᠨ ᠦᠢᠯᠡᠰ ᠤᠨ ᠲᠦᠷᠦᠯ ᠲᠡᠮᠳᠡᠭ ᠤᠨ ᠨᠥᠯᠥᠭᠡᠯᠡᠬᠦ ᠬᠦᠴᠦᠨ ᠢ | ᠳᠡᠭᠡᠭᠰᠢᠯᠡᠭᠦᠯᠦᠨ᠎ᠡ᠃ ᠳᠤᠮᠳᠠᠳᠤ ᠤᠯᠤᠰ ᠤᠨ ᠴᠢᠨᠡᠭᠡᠯᠢᠭᠵᠢᠯ ᠤᠨ ᠰᠦ ᠶᠢᠨ ᠠᠵᠢᠯᠯᠠᠭ᠎ᠠ ᠪᠠ ᠪᠢᠰᠢᠯᠠᠭ ᠢ | ᠳᠡᠯᠭᠡᠷᠡᠭᠦᠯᠬᠦ ᠠᠵᠢᠯᠯᠠᠭ᠎ᠠ ᠶᠢ ᠠᠬᠢᠭᠤᠯᠵᠤ᠂ ᠨᠠᠩ ᠣᠯᠠᠨ ᠴᠠᠭᠠᠨ ᠢᠳᠡᠭᠡᠨ ᠤ ᠠᠵᠤ ᠠᠬᠤᠶᠢᠯᠠᠯ ᠢ ᠲᠡᠳᠡᠨ | ᠣᠷᠣᠯᠴᠠᠭᠤᠯᠵᠤ᠂ ᠴᠠᠭᠠᠨ ᠢᠳᠡᠭᠡᠨ ᠤ ᠬᠡᠷᠡᠭᠯᠡᠭᠡ ᠶᠢᠨ ᠳᠠᠯᠳᠠ ᠬᠦᠴᠦᠨ ᠢ ᠪᠤᠶᠢᠵᠢᠭᠤᠯᠵᠤ᠂ ᠳᠤᠮᠳᠠᠳᠤ ᠤᠯᠤᠰ | ᠤᠨ ᠰᠠᠭᠠᠯᠢ ᠶᠢᠨ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ᠃ | ᠣᠯᠠᠨ ᠤ ᠴᠢᠷᠮᠠᠶᠢᠯᠭ᠎ᠠ ᠪᠠᠷ ᠳᠠᠮᠵᠢᠭᠠᠳ ᠵᠠᠰᠠᠭ ᠤᠨ ᠣᠷᠳᠣᠨ ᠬᠥᠲᠥᠯᠥᠨ ᠵᠢᠯᠣᠭᠤᠳᠤᠭᠰᠠᠨ᠂ ᠠᠵᠤ | ᠠᠬᠤᠶᠢᠯᠠᠯ ᠢᠶᠠᠷ ᠭᠤᠤᠯ ᠴᠣᠭᠴᠠ ᠪᠣᠯᠭᠠᠭᠰᠠᠨ᠂ ᠣᠯᠠᠨ ᠲᠠᠯ᠎ᠠ ᠶᠢᠨ ᠬᠢᠨ ᠣᠷᠣᠯᠴᠠᠭᠰᠠᠨ᠂ ᠬᠠᠮᠲᠤ ᠪᠠᠷ | ᠠᠬᠢᠭᠤᠯᠤᠭᠰᠠᠨ ︽ᠰᠠᠨᠠᠯ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠤᠨ ᠪᠠᠶᠢᠷᠢᠰᠢᠯ ᠢ ᠯᠠᠪᠲᠠᠶ ᠪᠣᠶ | ᠪᠣᠯᠭᠠᠵᠤ᠂ ᠰᠠᠭᠠᠯᠢ ᠶᠢᠨ ᠦᠢᠯᠡᠰ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠯᠠᠪᠲᠠᠶ ᠡᠷᠲᠡᠬᠡᠨ | ᠪᠡᠶᠡᠯᠡᠭᠦᠯᠵᠦ ᠴᠢᠳᠠᠨ᠎ᠠ ᠭᠡᠳᠡᠭ ᠢ ᠪᠢᠳᠡ ᠢᠲᠡᠭᠡᠵᠦ ᠪᠠᠶᠢᠨ᠎ᠠ᠃ |