ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ | ᠬᠡᠷᠡᠭᠵᠢᠭᠦᠯᠬᠦ ᠳᠤ ᠬᠦᠴᠦᠲᠡᠢ ᠬᠠᠤᠯᠢᠵᠢᠯ ᠤᠨ ᠪᠠᠲᠤᠯᠠᠭ᠎ᠠ ᠬᠠᠩᠭᠠᠬᠤ ᠶᠢᠨ ᠲᠤᠰᠠᠳᠠ —— ᠪᠥᠬᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢᠵᠢᠯ ᠤᠨ ᠠᠵᠢᠯ ᠤᠨ | ᠺᠤᠮᠢᠰ ᠪᠣᠯᠤᠨ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠠᠤᠯᠢ ᠶᠢᠨ ᠲᠤᠬᠠᠶ | ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ | 4 ᠰᠠᠷ᠎ᠠ ᠶᠢᠨ 29 ᠤ ᠡᠳᠦᠷ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ | ᠬᠠᠤᠯᠢ ᠶᠢ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ | ᠨᠠᠢᠮᠠᠳᠤᠭᠠᠷ ᠤᠳᠠᠭᠠᠨ ᠤ ᠬᠤᠷᠠᠯᠳᠣᠭᠠᠨ ᠢᠶᠠᠷ ᠪᠠᠲᠤᠯᠠᠭᠠᠳ᠂ ᠨᠡᠶᠢᠲᠡᠯᠡᠭᠰᠡᠨ ᠤ ᠳᠠᠷᠠᠭ᠎ᠠ 2021 ᠣᠨ ᠤ 6 | ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠪᠡ᠃ ᠬᠤᠷᠠᠯ ᠤᠨ ᠳᠠᠷᠠᠭ᠎ᠠ᠂ ᠪᠥᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢᠵᠢᠯ ᠤᠨ ᠠᠵᠢᠯ ᠤᠨ ᠺᠣᠮᠢᠰ ᠪᠣᠯᠤᠨ | ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠠᠤᠯᠢ ᠶᠢᠨ ᠲᠤᠬᠠᠶ ᠰᠤᠷᠪᠤᠯᠵᠢᠯᠠᠭᠴᠢ ᠶᠢᠨ | ᠠᠰᠠᠭᠤᠯᠲᠠ ᠶᠢ ᠬᠠᠷᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠠᠤᠯᠢ ᠳᠤ | ᠨᠠᠷᠢᠨ ᠵᠠᠳᠠᠯᠤᠯᠲᠠ ᠬᠢᠪᠠ᠃ | ᠠᠰᠠᠭᠤᠯᠲᠠ᠄ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠠᠤᠯᠢ ᠶᠢ | ᠲᠣᠭᠲᠠᠭᠠᠨ ᠨᠡᠶᠢᠲᠡᠯᠡᠬᠦ ᠶᠢᠨ ᠴᠢᠬᠤᠯᠠ ᠠᠴᠢ ᠬᠤᠯᠪᠣᠭᠳᠠᠯ ᠢ ᠬᠡᠷᠬᠢᠨ ᠣᠶᠢᠯᠠᠭᠠᠬᠤ ᠪᠤᠢ︖ | ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠬᠠᠤᠯᠢᠵᠢᠯ ᠤᠨ ᠠᠵᠢᠯ ᠤᠨ ᠺᠣᠮᠢᠰ ᠤᠨ ᠠᠵᠤ ᠠᠬᠤᠢ ᠶᠢᠨ ᠬᠠᠤᠯᠢ ᠶᠢᠨ ᠲᠠᠰᠤᠭ ᠤᠨ ᠡᠷᠬᠢᠯᠡᠭᠴᠢ ᠸᠠᠩ ᠷᠦᠢ | ᠾᠧ᠄ ᠬᠥᠳᠡᠭᠡ ᠲᠣᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠪᠣᠯ ᠰᠢᠨ᠎ᠡ | ᠴᠠᠭ ᠦᠶ᠎ᠡ ᠳᠤ ᠲᠠᠷᠢᠶᠠᠯᠠᠩ ᠲᠠᠷᠢᠶᠠᠯᠠᠬᠤ ᠤᠷᠤᠨ ᠲᠠᠷᠢᠶᠠᠴᠢᠨ ᠤ ᠠᠵᠢᠯ ᠢ ᠰᠠᠶᠢᠲᠤᠷ ᠬᠢᠬᠦ ᠶᠢᠨ ᠶᠡᠷᠦᠩᠬᠡᠶ | ᠭᠠᠷᠳᠠᠴᠠ ᠮᠥᠨ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠠᠤᠯᠢ ᠶᠢ ᠲᠣᠭᠲᠠᠭᠠᠬᠤ | ᠪᠣᠯ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠪᠦᠬᠦ | ᠲᠠᠯ᠎ᠠ ᠪᠠᠷ ᠬᠡᠷᠡᠭᠵᠢᠭᠦᠯᠬᠦ ᠶᠢ ᠪᠠᠲᠤᠯᠠᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ︔ ᠰᠢᠨ᠎ᠡ ᠬᠥᠭᠵᠢᠯᠲᠡ ᠶᠢᠨ ᠱᠠᠲᠤᠨ | ᠳᠤ ᠰᠠᠭᠤᠷᠢᠯᠠᠵᠤ᠂ 《 ᠬᠤᠣᠰ ᠵᠠᠭᠤᠨ ᠵᠢᠯ 》 ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠶᠢ ᠠᠬᠢᠭᠤᠯᠬᠤ | ᠴᠢᠬᠤᠯᠠ ᠲᠤᠯᠭᠠᠭᠤᠷᠢᠯᠠᠯ ᠮᠥᠨ︔ ᠲᠠᠷᠢᠶᠠᠯᠠᠩ ᠲᠠᠷᠢᠶᠠᠯᠠᠬᠤ ᠤᠷᠤᠨ ᠲᠠᠷᠢᠶᠠᠴᠢᠨ ᠤ ᠬᠠᠤᠯᠢ ᠪᠠᠷ ᠵᠠᠰᠠᠬᠤ | ᠦᠶᠯᠡᠳᠦᠯᠭᠡ ᠶᠢ ᠭᠦᠶᠴᠡᠳ ᠳ᠋ᠦᠩᠨᠡᠵᠦ᠂ ᠳᠤᠮᠳᠠᠳᠤ ᠤᠯᠤᠰ ᠤᠨ ᠣᠨᠴᠠᠯᠢᠭ ᠪᠥᠬᠦᠶ ᠲᠠᠷᠢᠶᠠᠯᠠᠩ ᠲᠠᠷᠢᠶᠠᠯᠠᠬᠤ | ᠤᠷᠤᠨ ᠲᠠᠷᠢᠶᠠᠴᠢᠨ ᠤ ᠬᠠᠤᠯᠢ ᠴᠠᠭᠠᠵᠠ ᠶᠢᠨ ᠰᠢᠰᠲ᠋ᠧᠮ ᠢ ᠲᠡᠭᠦᠯᠳᠡᠷᠵᠢᠭᠦᠯᠦᠨ ᠬᠥᠭᠵᠢᠭᠦᠯᠬᠦ ᠶᠢᠨ ᠴᠢᠬᠤᠯᠠ | ᠦᠷ᠎ᠡ ᠪᠦᠲᠦᠭᠡᠯ ᠮᠥᠨ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠠᠤᠯᠢ ᠶᠢ ᠲᠣᠭᠲᠠᠭᠠᠨ ᠨᠡᠶᠢᠲᠡᠯᠡᠭᠰᠡᠨ | ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ | ᠬᠡᠷᠡᠭᠵᠢᠭᠦᠯᠬᠦ ᠳᠤ ᠬᠦᠴᠦᠲᠡᠢ ᠬᠠᠤᠯᠢᠵᠢᠯ ᠤᠨ ᠪᠠᠲᠤᠯᠠᠭ᠎ᠠ ᠬᠠᠩᠭᠠᠵᠤ᠂ ᠲᠠᠷᠢᠶᠠᠯᠠᠩ ᠢ ᠪᠦᠬᠦ ᠲᠠᠯ᠎ᠠ ᠪᠠᠷ ᠲᠡᠰ | ᠳᠡᠪᠰᠢᠭᠦᠯᠬᠦ᠂ ᠬᠥᠳᠡᠭᠡ ᠲᠣᠰᠬᠤᠨ ᠤ ᠪᠦᠬᠦ ᠲᠠᠯ᠎ᠠ ᠪᠠᠷ ᠲᠠᠪᠰᠢᠬᠤ᠂ ᠲᠠᠷᠢᠶᠠᠴᠢᠳ ᠤᠨ ᠪᠦᠬᠦ ᠲᠠᠯ᠎ᠠ ᠪᠠᠷ | ᠬᠥᠭᠵᠢᠬᠦ ᠶᠢ ᠠᠬᠢᠭᠤᠯᠬᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ | ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ | ᠶᠢ ᠲᠡᠷᠭᠡᠯᠰᠢᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ | ᠠᠰᠠᠭᠤᠯᠲᠠ᠄ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠠᠤᠯᠢ ᠶᠢᠨ ᠭᠤᠣᠯ | ᠣᠨᠴᠠᠯᠢᠭ ᠵᠢᠴᠢ ᠬᠢᠯᠠᠰ ᠴᠡᠭ ᠢ ᠲᠠᠨᠢᠯᠴᠠᠭᠤᠯᠵᠤ ᠥᠭᠭᠦᠨ᠎ᠡ ᠤᠤ︖ | ᠸᠠᠩ ᠷᠦᠢ ᠾᠧ᠄ ᠡᠩ ᠲᠡᠷᠢᠭᠦᠨ ᠳᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠠᠮ ᠢᠶᠠᠷ ᠵᠠᠮᠨᠠᠬᠤ ᠶᠢ ᠪᠠᠷᠢᠮᠲᠠᠯᠠᠨ᠎ᠠ᠃ ᠳᠤᠮᠳᠠᠳᠤ ᠤᠯᠤᠰ | ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ᠂ ᠰᠢᠨ᠎ᠡ ᠶᠢ ᠡᠭᠦᠳᠬᠦ᠂ ᠵᠣᠬᠢᠴᠠᠩᠭᠤᠢ᠂ ᠪᠣᠬᠢᠷᠲᠤᠯ | ᠦᠭᠡᠢ᠂ ᠨᠡᠭᠡᠭᠡᠯᠲᠡᠲᠦ᠂ ᠬᠠᠮᠲᠤ ᠪᠠᠷ ᠡᠳ᠋ᠯᠡᠬᠦ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠬᠤ᠂ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠵᠠᠮ ᠢᠶᠠᠷ ᠵᠠᠮᠨᠠᠬᠤ᠂ ᠬᠠᠮᠲᠤ ᠪᠠᠷ ᠴᠢᠨᠡᠭᠡᠯᠢᠭᠵᠢᠬᠦ ᠶᠢ ᠠᠬᠢᠭᠤᠯᠬᠤ ᠪᠠᠷ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠬᠦ ᠶᠢᠨ ᠵᠢᠯᠣᠭᠤᠳᠬᠤ ᠦᠵᠡᠯ ᠰᠠᠨᠠᠭ᠎ᠠ | ᠪᠣᠯᠭᠠᠶ᠎ᠠ᠃ | ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠪᠠᠷᠢᠮᠲᠠᠯᠠᠨ᠎ᠠ᠃ ᠬᠥᠳᠡᠭᠡ | ᠲᠣᠰᠬᠤᠨ ᠤ ᠠᠵᠤ ᠠᠬᠤᠢ ᠶᠢᠨ ᠪᠦᠳᠦᠭᠡᠨ ᠪᠠᠶᠢᠭᠤᠯᠤᠯᠲᠠ᠂ ᠤᠯᠤᠰ ᠲᠦᠷᠦ ᠶᠢᠨ ᠪᠠᠶᠢᠭᠤᠯᠤᠯᠲᠠ᠂ ᠰᠣᠶᠣᠯ ᠤᠨ | ᠪᠠᠶᠢᠭᠤᠯᠤᠯᠲᠠ᠂ ᠨᠡᠶᠢᠭᠡᠮ ᠤᠨ ᠪᠠᠶᠢᠭᠤᠯᠤᠯᠲᠠ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠣᠯᠤᠨ ᠨᠠᠮ ᠤᠨ | ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠥᠳᠡᠭᠡ ᠲᠣᠰᠬᠤᠨ ᠤ ᠠᠵᠤ ᠦᠢᠯᠡᠰ ᠢ | ᠬᠥᠭᠵᠢᠭᠦᠯᠦᠨ ᠮᠠᠨᠳᠤᠭᠤᠯᠬᠤ᠂ ᠴᠢᠳᠠᠪᠤᠷᠢᠲᠠᠨ ᠢ ᠬᠥᠭᠵᠢᠭᠦᠯᠦᠨ ᠮᠠᠨᠳᠤᠭᠤᠯᠬᠤ᠂ ᠰᠣᠶᠣᠯ ᠢ ᠬᠥᠭᠵᠢᠭᠦᠯᠦᠨ | ᠮᠠᠨᠳᠤᠭᠤᠯᠬᠤ᠂ ᠠᠮᠢ ᠠᠬᠤᠢ ᠶᠢ ᠬᠥᠭᠵᠢᠭᠦᠯᠦᠨ ᠮᠠᠨᠳᠤᠭᠤᠯᠬᠤ᠂ ᠵᠣᠬᠢᠶᠠᠨ ᠪᠠᠶᠢᠭᠤᠯᠤᠯᠲᠠ ᠶᠢ ᠬᠥᠭᠵᠢᠭᠦᠯᠦᠨ | ᠮᠠᠨᠳᠤᠭᠤᠯᠬᠤ ᠶᠢ ᠠᠬᠢᠭᠤᠯᠬᠤ ᠲᠦᠷᠢᠮ ᠠᠷᠭ᠎ᠠ ᠬᠡᠮᠵᠢᠶ᠎ᠡ ᠶᠢ ᠪᠦᠬᠦᠯᠢ ᠴᠣᠭᠴᠠ ᠪᠠᠷ ᠨᠢ ᠪᠠᠶᠢᠷᠢᠯᠠᠭᠤᠯᠪᠠ᠃ | ᠲᠠᠷᠢᠶᠠᠯᠠᠩ ᠬᠥᠳᠡᠭᠡ ᠲᠣᠰᠬᠤᠨ ᠢ ᠤᠷᠢᠳ ᠢᠶᠠᠷ ᠬᠥᠭᠵᠢᠭᠦᠯᠬᠦ ᠶᠢ ᠪᠠᠷᠢᠮᠲᠠᠯᠠᠨ᠎ᠠ᠃ ᠺᠠᠳ᠋ᠷ ᠤᠨ ᠲᠣᠬᠢᠷᠠᠭᠤᠯᠤᠯᠲᠠ | ᠶᠢ ᠤᠷᠢᠳ ᠢᠶᠠᠷ ᠪᠣᠳᠣᠯᠬᠢᠯᠠᠬᠤ᠂ ᠡᠯᠧᠮᠧᠨ᠋ᠲ ᠤᠨ ᠲᠣᠬᠢᠷᠠᠭᠤᠯᠤᠯᠲᠠ ᠶᠢ ᠤᠷᠢᠳ ᠢᠶᠠᠷ ᠬᠠᠩᠭᠠᠬᠤ᠂ ᠪᠠᠯᠠ ᠮᠥᠩᠭᠦ | ᠶᠢᠨ ᠣᠷᠣᠭᠤᠯᠤᠯᠲᠠ ᠶᠢ ᠤᠷᠢᠳ ᠢᠶᠠᠷ ᠪᠠᠲᠤᠯᠠᠬᠤ᠂ ᠣᠯᠠᠨ ᠨᠡᠶᠢᠲᠡ ᠶᠢᠨ ᠦᠶᠯᠡᠴᠢᠯᠡᠭᠡ ᠶᠢ ᠤᠷᠢᠳ ᠢᠶᠠᠷ | ᠲᠣᠬᠢᠷᠠᠭᠤᠯᠬᠤ ᠱᠠᠭᠠᠷᠳᠠᠯᠭ᠎ᠠ ᠶᠣᠰᠣᠭᠠᠷ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ | ᠪᠣᠳᠣᠯᠭ᠎ᠠ ᠶᠢ ᠬᠡᠷᠡᠭᠵᠢᠭᠦᠯᠬᠦ ᠶᠢᠨ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ᠂ ᠪᠠᠯᠠ ᠮᠥᠩᠭᠦ ᠶᠢᠨ ᠣᠷᠣᠭᠤᠯᠤᠯᠲᠠ᠂ | ᠲᠥᠷᠥ ᠶᠢᠨ ᠪᠣᠳᠣᠯᠭ᠎ᠠ ᠶᠢᠨ ᠳᠡᠮᠵᠢᠯᠭᠡ ᠵᠡᠷᠭᠡ ᠲᠦᠷᠢᠮ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ ᠪᠠᠶᠢᠭᠤᠯᠤᠨ | ᠪᠦᠷᠢᠨᠰᠢᠭᠦᠯᠦᠨ᠎ᠡ᠃ | ᠲᠠᠷᠢᠶᠠᠴᠢᠳ ᠤᠨ ᠭᠤᠤᠯ ᠴᠣᠭᠴᠠ ᠶᠢᠨ ᠪᠠᠶᠢᠷᠢ ᠰᠠᠭᠤᠷᠢ ᠶᠢ ᠪᠠᠷᠢᠮᠲᠠᠯᠠᠨ᠎ᠠ᠃ ᠲᠠᠷᠢᠶᠠᠴᠢᠳ ᠤᠨ ᠭᠤᠤᠯ | ᠴᠣᠭᠴᠠ ᠶᠢᠨ ᠪᠠᠶᠢᠷᠢ ᠰᠠᠭᠤᠷᠢ ᠶᠢ ᠬᠠᠮᠠᠭᠠᠯᠠᠬᠤ᠂ ᠲᠠᠷᠢᠶᠠᠴᠢᠳ ᠤᠨ ᠬᠦᠰᠡᠯ ᠰᠠᠨᠠᠭ᠎ᠠ ᠶᠢ ᠬᠦᠨᠳᠦᠳᠬᠡᠬᠦ᠂ | ᠲᠠᠷᠢᠶᠠᠴᠢᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠶᠢ ᠲᠣᠪᠣᠶᠢᠮ᠎ᠠ ᠪᠠᠶᠢᠷᠢᠨ ᠳᠤ ᠲᠠᠯᠪᠢᠵᠤ᠂ | ᠬᠠᠤᠯᠢ ᠴᠠᠭᠠᠵᠠ ᠶᠢ ᠢᠮᠠᠭᠲᠠ ᠲᠤᠭᠤᠰᠢᠯᠠᠭᠤᠯᠵᠤ᠂ ᠲᠠᠷᠢᠶᠠᠴᠢᠳ ᠢ ᠦᠨᠡᠨ ᠬᠦ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢᠨ ᠣᠷᠣᠯᠴᠠᠭᠴᠢ᠂ ᠳᠡᠮᠵᠢᠭᠴᠢ ᠪᠠ ᠠᠰᠢᠭ ᠬᠦᠷᠲᠡᠭᠴᠢ ᠪᠣᠯᠭᠠᠬᠤ ᠪᠤᠯᠤᠨ᠎ᠠ᠃ | ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠢ ᠪᠠᠷᠢᠮᠲᠠᠯᠠᠨ᠎ᠠ᠃ ᠲᠠᠷᠢᠶᠠᠯᠠᠩ ᠬᠥᠳᠡᠭᠡ ᠲᠣᠰᠬᠤᠨ ᠤ | ᠬᠥᠭᠵᠢᠯᠲᠡ ᠶᠢᠨ ᠱᠠᠭᠠᠷᠳᠠᠯᠭ᠎ᠠ ᠪᠠ ᠬᠤᠳᠠ ᠬᠥᠳᠡᠭᠡ ᠶᠢᠨ ᠬᠠᠷᠢᠴᠠᠭᠠᠨ ᠤ ᠬᠤᠪᠢᠷᠠᠯᠲᠠ ᠶᠢᠨ ᠬᠠᠨᠳᠤᠰᠢ ᠳᠤ | ᠵᠣᠬᠢᠴᠠᠭᠤᠯᠤᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠪᠠ ᠰᠢᠨ᠎ᠡ | ᠬᠡᠯᠪᠡᠷᠢ ᠶᠢᠨ ᠬᠤᠳᠠ ᠪᠠᠯᠭᠠᠰᠤᠵᠢᠯᠳᠠ ᠶᠢᠨ ᠪᠠᠶᠢᠯᠳᠤᠬᠤ ᠪᠤᠳᠤᠯᠭ᠎ᠠ ᠶᠢᠨ ᠬᠡᠷᠡᠭᠵᠢᠭᠦᠯᠦᠯᠲᠡ ᠶᠢ ᠬᠠᠮᠵᠢᠯᠴᠠᠨ | ᠠᠬᠢᠭᠤᠯᠵᠤ᠂ ᠬᠤᠳᠠ ᠬᠥᠳᠡᠭᠡ ᠶᠢᠨ ᠡᠯᠧᠮᠧᠨ᠋ᠲ ᠤᠨ ᠡᠮᠬᠢ ᠵᠢᠷᠤᠮ ᠲᠠᠢ ᠰᠢᠯᠵᠢᠯᠲᠡ᠂ ᠡᠷᠬᠡ ᠲᠡᠭᠰᠢ ᠰᠣᠯᠢᠯᠴᠠᠭ᠎ᠠ | ᠪᠠ ᠤᠯᠠᠨ ᠨᠡᠶᠢᠲᠡ ᠶᠢᠨ ᠡᠬᠢ ᠪᠠᠶᠠᠯᠢᠭ ᠤᠨ ᠲᠡᠩᠴᠡᠭᠦᠷᠢᠲᠡᠢ ᠲᠤᠬᠢᠷᠠᠭᠤᠯᠤᠯᠳᠠ ᠶᠢ ᠠᠬᠢᠭᠤᠯᠤᠨ᠂ ᠠᠵᠤ | ᠦᠢᠯᠡᠳᠪᠦᠷᠢ ᠪᠠᠷ ᠲᠠᠷᠢᠶᠠᠯᠠᠩ ᠢ ᠨᠥᠬᠦᠪᠥᠷᠢᠯᠡᠬᠦ᠂ ᠬᠤᠳᠠ ᠪᠠᠷ ᠬᠥᠳᠡᠭᠡ ᠲᠣᠰᠬᠤᠨ ᠢ ᠳᠠᠶᠢᠴᠢᠯᠠᠬᠤ ᠶᠢ | ᠪᠠᠷᠢᠮᠲᠠᠯᠠᠵᠤ᠂ ᠠᠵᠤ ᠦᠢᠯᠡᠳᠪᠦᠷᠢ ᠲᠠᠷᠢᠶᠠᠯᠠᠩ ᠬᠠᠷᠢᠯᠴᠠᠨ ᠠᠬᠢᠭᠤᠯᠤᠭᠰᠠᠨ᠂ ᠬᠤᠳᠠ ᠬᠥᠳᠡᠭᠡ ᠬᠠᠷᠢᠯᠴᠠᠨ | ᠨᠥᠬᠦᠪᠥᠷᠢᠯᠡᠭᠰᠡᠨ᠂ ᠵᠣᠬᠢᠴᠠᠩᠭᠤᠢ ᠬᠥᠭᠵᠢᠭᠰᠡᠨ᠂ ᠬᠠᠮᠲᠤ ᠪᠠᠷ ᠴᠡᠴᠡᠭᠯᠡᠨ ᠬᠥᠭᠵᠢᠭᠰᠡᠨ ᠠᠵᠤ ᠦᠢᠯᠡᠳᠪᠦᠷᠢ | ᠲᠠᠷᠢᠶᠠᠯᠠᠩ ᠬᠤᠳᠠ ᠬᠥᠳᠡᠭᠡ ᠶᠢᠨ ᠰᠢᠨ᠎ᠡ ᠬᠡᠯᠪᠡᠷᠢ ᠶᠢᠨ ᠬᠠᠷᠢᠴᠠᠭ᠎ᠠ ᠶᠢ ᠪᠤᠢ ᠪᠣᠯᠭᠠᠬᠤ ᠶᠢ ᠠᠬᠢᠭᠤᠯᠤᠨ᠎ᠠ᠃ | ᠠᠰᠠᠭᠤᠯᠲᠠ᠄ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠠᠤᠯᠢ ᠳᠤ | ᠲᠠᠷᠢᠶᠠᠴᠢᠳ ᠤᠨ ᠭᠤᠣᠯ ᠴᠣᠭᠴᠠ ᠶᠢᠨ ᠪᠠᠶᠢᠷᠢ ᠰᠠᠭᠤᠷᠢ ᠶᠢ ᠪᠠᠷᠢᠮᠲᠠᠯᠠᠬᠤ ᠲᠠᠯ᠎ᠠ ᠪᠠᠷ ᠶᠠᠮᠠᠷ ᠶᠠᠮᠠᠷ ᠲᠣᠭᠲᠠᠭᠠᠯ ᠪᠠ | ᠢᠯᠡᠷᠡᠯ ᠪᠠᠶᠢᠬᠤ ᠪᠤᠢ︖ | ᠸᠠᠩ ᠷᠦᠢ ᠾᠧ᠄ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ | ᠬᠡᠷᠡᠭᠵᠢᠭᠦᠯᠬᠦ ᠪᠣᠯ ᠨᠢᠭᠡᠨ ᠲᠣᠮᠣ ᠶᠠᠪᠤᠳᠠᠯ ᠪᠣᠯᠣᠨ᠎ᠠ᠂ ᠲᠠᠷᠢᠶᠠᠴᠢᠳ ᠤᠨ ᠬᠦᠰᠡᠯ ᠰᠠᠨᠠᠭ᠎ᠠ ᠶᠢ ᠭᠦᠶᠴᠡᠳ | ᠬᠦᠨᠳᠦᠳᠬᠡᠵᠦ᠂ ᠲᠠᠷᠢᠶᠠᠴᠢᠳ ᠤᠨ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠳᠠᠶᠢᠴᠢᠯᠠᠬᠤ | ᠬᠡᠷᠡᠭᠲᠡᠶ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠳᠤ | ᠵᠢᠷᠤᠮᠯᠠᠬᠤ ᠴᠢᠬᠤᠯᠠᠲᠠᠢ ᠦᠨᠳᠦᠰᠦᠨ ᠵᠠᠷᠴᠢᠮ ᠳᠤ᠂ ᠲᠠᠷᠢᠶᠠᠴᠢᠳ ᠤᠨ ᠭᠤᠤᠯ ᠴᠣᠭᠴᠠ ᠶᠢᠨ ᠪᠠᠶᠢᠷᠢ ᠰᠠᠭᠤᠷᠢ ᠶᠢ | ᠪᠠᠷᠢᠮᠲᠠᠯᠠᠵᠤ᠂ ᠲᠠᠷᠢᠶᠠᠴᠢᠳ ᠤᠨ ᠠᠷᠠᠳᠴᠢᠯᠠᠯ ᠤᠨ ᠡᠷᠬᠡ ᠪᠠ ᠪᠤᠰᠤᠳ ᠬᠠᠤᠯᠢ ᠶᠣᠰᠣᠨ ᠤ ᠡᠷᠬᠡ ᠠᠰᠢᠭ ᠢ | ᠪᠠᠲᠤᠯᠠᠵᠤ᠂ ᠲᠠᠷᠢᠶᠠᠴᠢᠳ ᠤᠨ ᠦᠨᠳᠦᠰᠦᠨ ᠠᠰᠢᠭ ᠲᠤᠰᠠ ᠶᠢ ᠬᠠᠮᠠᠭᠠᠯᠠᠬᠤ ᠬᠡᠷᠡᠭᠲᠡᠶ ᠭᠡᠵᠦ ᠴᠢᠬᠤᠯᠠᠴᠢᠯᠠᠪᠠ᠃ | ᠠᠵᠤ ᠦᠢᠯᠡᠰ ᠤᠨ ᠬᠥᠭᠵᠢᠯᠲᠡ ᠪᠠ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠲᠠᠯ᠎ᠠ ᠪᠠᠷ᠂ | ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠬᠤ᠂ ᠬᠥᠳᠡᠭᠡ ᠲᠣᠰᠬᠤᠨ ᠤ ᠠᠵᠤ ᠦᠢᠯᠡᠰ ᠤᠨ | ᠬᠥᠭᠵᠢᠯᠲᠡ ᠶᠢ ᠠᠬᠢᠭᠤᠯᠬᠤ ᠠᠯᠢ ᠤᠯᠠᠨ ᠠᠷᠭ᠎ᠠ ᠬᠡᠮᠵᠢᠶ᠎ᠡ ᠶᠢ ᠲᠣᠭᠲᠠᠭᠠᠵᠤ᠂ ᠡᠯ᠎ᠡ ᠱᠠᠲᠤᠨ ᠤ ᠠᠷᠠᠳ ᠤᠨ | ᠵᠠᠰᠠᠭ ᠤᠨ ᠣᠷᠳᠣᠨ ᠢ ᠲᠠᠷᠢᠶᠠᠴᠢᠳ ᠤᠨ ᠣᠷᠣᠯᠭ᠎ᠠ ᠶᠢᠨ ᠲᠣᠭᠲᠠᠭᠤᠨ ᠢᠶᠠᠷ ᠨᠡᠮᠡᠭᠳᠡᠬᠦ ᠳᠤ ᠠᠰᠢᠭᠲᠠᠢ ᠲᠣᠭᠲᠠᠴᠠ | ᠶᠢ ᠪᠠᠶᠢᠭᠤᠯᠤᠨ ᠲᠡᠭᠦᠯᠳᠡᠷᠵᠢᠭᠦᠯᠵᠦ᠂ ᠪᠦᠷᠢᠯᠳᠦᠬᠦᠨ ᠤ ᠬᠠᠮᠲᠤ ᠶᠢᠨ ᠡᠵᠡᠩᠨᠡᠯᠲᠡ ᠶᠢᠨ ᠣᠷᠣᠯᠭ᠎ᠠ ᠠᠴᠠ ᠠᠰᠢᠭ | ᠣᠷᠣᠯᠭ᠎ᠠ ᠤᠯᠬᠤ ᠬᠤᠪᠢᠶᠠᠷᠢᠯᠠᠯᠲᠠ ᠶᠢᠨ ᠡᠷᠬᠡ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ | ᠬᠥᠳᠡᠭᠡ ᠲᠣᠰᠬᠤᠨ ᠤ ᠵᠠᠰᠠᠯᠲᠠ ᠶᠢᠨ ᠲᠠᠯ᠎ᠠ ᠪᠠᠷ᠂ ᠬᠥᠳᠡᠭᠡ ᠲᠣᠰᠬᠤᠨ ᠤ ᠦᠨᠳᠦᠰᠦᠨ ᠱᠠᠲᠤᠨ ᠤ ᠣᠯᠠᠨ | ᠲᠦᠮᠡᠨ ᠤ ᠥᠪᠡᠷᠲᠡᠭᠡᠨ ᠵᠠᠰᠠᠬᠤ ᠳᠦᠷᠢᠮ ᠢ ᠲᠡᠭᠦᠯᠳᠡᠷᠵᠢᠭᠦᠯᠵᠦ᠂ ᠲᠣᠰᠬᠤᠨ ᠤ ᠠᠷᠠᠳ ᠤᠨ ᠵᠥᠪᠯᠡᠯ ᠤᠨ | ᠠᠷᠠᠳᠴᠢᠯᠠᠯ ᠢᠶᠠᠷ ᠰᠢᠶᠳᠪᠦᠷᠢᠲᠦ ᠪᠣᠳᠣᠯᠭ᠎ᠠ ᠲᠣᠭᠲᠠᠭᠠᠬᠤ ᠲᠣᠭᠲᠠᠴᠠ ᠪᠣᠯᠤᠨ ᠲᠣᠰᠬᠤᠨ ᠤ ᠶᠠᠪᠤᠳᠠᠯ ᠢ ᠢᠯᠡ | ᠪᠣᠯᠭᠠᠬᠤ ᠳᠦᠷᠢᠮ ᠢ ᠪᠦᠷᠢᠨᠰᠢᠭᠦᠯᠵᠦ᠂ ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠦᠨ᠂ | ᠠᠮᠢᠵᠢᠷᠠᠯ ᠤᠨ ᠬᠦᠴᠦᠨ ᠢᠶᠠᠷ ᠪᠢᠯᠬᠠᠮ᠎ᠠ᠂ ᠡᠶ᠎ᠡ ᠵᠣᠬᠢᠴᠠᠯ ᠲᠠᠢ ᠡᠮᠬᠢ ᠵᠢᠷᠤᠮ ᠲᠠᠢ ᠴᠢᠳᠠᠮᠠᠭᠠᠶ ᠵᠠᠰᠠᠬᠤ ᠬᠥᠳᠡᠭᠡ | ᠲᠣᠰᠬᠤᠨ ᠢ ᠪᠠᠶᠢᠭᠤᠯᠤᠨ᠎ᠠ᠃ ᠣᠯᠠᠨ ᠨᠡᠶᠢᠲᠡ ᠶᠢᠨ ᠦᠶᠯᠡᠴᠢᠯᠡᠭᠡᠨ ᠤ ᠲᠠᠯ᠎ᠠ ᠪᠠᠷ᠂ ᠣᠯᠠᠨ ᠨᠡᠶᠢᠲᠡ ᠶᠢᠨ | ᠦᠨᠳᠦᠰᠦᠨ ᠦᠶᠯᠡᠴᠢᠯᠡᠭᠡ ᠶᠢ ᠠᠳᠠᠯᠢ ᠲᠡᠭᠰᠢ ᠪᠣᠯᠭᠠᠬᠤ ᠶᠢ ᠪᠡᠶᠡᠯᠡᠭᠦᠯᠬᠦ ᠲᠣᠳᠣᠷᠬᠠᠶ ᠱᠠᠭᠠᠷᠳᠠᠯᠭ᠎ᠠ ᠶᠢ ᠳᠤᠷᠠᠳᠴᠤ᠂ | ᠬᠥᠳᠡᠭᠡ ᠲᠣᠰᠬᠤᠨ ᠤ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠬᠥᠭᠵᠢᠭᠦᠯᠬᠦ᠂ ᠰᠠᠭᠤᠷᠢ ᠰᠤᠷᠭᠠᠨ | ᠬᠥᠮᠦᠵᠢᠯ ᠪᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠬᠤ᠂ | ᠥᠨᠳᠥᠷ ᠬᠡᠪ ᠴᠢᠨᠠᠷ ᠪᠥᠬᠦᠶ ᠲᠠᠷᠢᠶᠠᠴᠢᠨ ᠢ ᠬᠥᠮᠦᠵᠢᠭᠦᠯᠬᠦ᠂ ᠣᠯᠠᠨ ᠨᠡᠶᠢᠲᠡ ᠶᠢᠨ ᠰᠠᠭᠤᠷᠢ ᠲᠥᠬᠦᠭᠡᠷᠦᠮᠵᠢ ᠶᠢ | ᠨᠢᠭᠡᠳᠦᠯᠲᠡᠶ ᠲᠦᠯᠦᠪᠯᠡᠬᠦ ᠪᠥᠲᠥᠭᠡᠨ ᠪᠠᠶᠢᠭᠤᠯᠬᠤ᠂ ᠬᠥᠳᠡᠭᠡ ᠲᠣᠰᠬᠤᠨ ᠤ ᠨᠡᠶᠢᠭᠡᠮ ᠤᠨ ᠦᠶᠯᠡᠰ ᠢ ᠬᠥᠭᠵᠢᠭᠦᠯᠬᠦ | ᠵᠡᠷᠭᠡ ᠡᠯ᠎ᠡ ᠲᠠᠯ᠎ᠠ ᠠᠴᠠ ᠪᠣᠳᠠᠲᠠᠶ ᠠᠷᠭ᠎ᠠ ᠬᠡᠮᠵᠢᠶ᠎ᠡ ᠳᠤᠷᠠᠳᠣᠪᠠ᠃ ᠨᠡᠶᠢᠭᠡᠮ ᠤᠨ ᠪᠠᠲᠤᠯᠠᠭ᠎ᠠ ᠶᠢᠨ ᠲᠠᠯ᠎ᠠ ᠪᠠᠷ᠂ | ᠬᠤᠲᠠ ᠬᠥᠳᠡᠭᠡ ᠶᠢ ᠨᠢᠭᠡᠳᠦᠯᠲᠡᠶ ᠲᠥᠯᠥᠪᠯᠡᠭᠰᠡᠨ ᠨᠡᠶᠢᠭᠡᠮ ᠤᠨ ᠪᠠᠲᠤᠯᠠᠭ᠎ᠠ ᠶᠢᠨ ᠳᠦᠷᠢᠮ ᠢ ᠲᠡᠭᠦᠯᠳᠡᠷᠵᠢᠭᠦᠯᠵᠦ᠂ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠣᠯᠭᠤᠮᠵᠢ ᠶᠢ ᠠᠵᠤ | ᠠᠬᠤᠶ ᠨᠡᠶᠢᠭᠡᠮ ᠤᠨ ᠬᠥᠭᠵᠢᠯᠲᠡ ᠶᠢ ᠳᠠᠭᠠᠯᠳᠤᠭᠤᠯᠤᠨ ᠠᠯᠬᠤᠮ ᠠᠯᠬᠤᠮ ᠢᠶᠠᠷ ᠳᠡᠭᠡᠭᠰᠢᠯᠡᠭᠦᠯᠬᠦ ᠶᠢ ᠦᠨᠡᠨ ᠬᠦ | ᠪᠠᠲᠤᠯᠠᠨ᠎ᠠ︔ ᠬᠥᠳᠡᠭᠡ ᠲᠣᠰᠬᠤᠨ ᠤ ᠭᠡᠷ ᠢᠶᠠᠨ ᠰᠠᠬᠢᠵᠤ ᠬᠤᠴᠣᠷᠤᠭᠰᠠᠨ ᠬᠡᠦᠬᠡᠳ᠂ ᠡᠮᠡᠭᠲᠡᠶᠢᠴᠦᠳ ᠪᠠ | ᠨᠠᠰᠤᠲᠠᠶᠢᠴᠤᠳ ᠵᠢᠴᠢ ᠵᠡᠮᠳᠡᠭᠴᠦᠳ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠬᠤ | ᠦᠢᠯᠡᠴᠢᠯᠡᠭᠡ ᠶᠢ ᠴᠢᠩᠭᠠᠳᠬᠠᠨ᠎ᠠ︔ ᠬᠤᠲᠠ ᠳᠤ ᠡᠷᠦᠬᠡ ᠠᠮᠠ ᠤᠷᠤᠭᠰᠠᠨ ᠲᠠᠷᠢᠶᠠᠴᠢᠨ ᠪᠠ ᠬᠥᠯᠥᠰᠥᠨ | ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃ ᠬᠥᠳᠡᠭᠡ ᠲᠣᠰᠬᠤᠨ ᠤ ᠪᠦᠳᠦᠭᠡᠨ | ᠪᠠᠶᠢᠭᠤᠯᠤᠯᠲᠠ ᠶᠢᠨ ᠲᠠᠯ᠎ᠠ ᠪᠠᠷ᠂ ᠬᠥᠳᠡᠭᠡ ᠲᠣᠰᠬᠤᠨ ᠤ ᠣᠷᠣᠨ ᠰᠠᠭᠤᠴᠠ ᠶᠢᠨ ᠪᠦᠳᠦᠭᠡᠨ ᠪᠠᠶᠢᠭᠤᠯᠤᠯᠲᠠ ᠶᠢᠨ | ᠬᠠᠮᠢᠶᠠᠷᠤᠯᠲᠠ ᠪᠠ ᠦᠢᠯᠡᠴᠢᠯᠡᠭᠡ ᠶᠢ ᠴᠢᠩᠭᠠᠳᠬᠠᠵᠤ᠂ ᠬᠠᠤᠯᠢ ᠶᠢ ᠵᠥᠷᠢᠴᠡᠨ ᠲᠠᠷᠢᠶᠠᠨ ᠭᠠᠵᠠᠷ ᠢ ᠡᠵᠡᠯᠡᠨ ᠭᠡᠷ | ᠪᠠᠶᠢᠰᠢᠩ ᠪᠠᠷᠢᠬᠤ ᠶᠢ ᠴᠢᠩᠭ᠎ᠠ ᠴᠠᠭᠠᠵᠠᠯᠠᠨ᠎ᠠ︔ ᠠᠶᠢᠯ ᠲᠣᠰᠬᠤᠨ ᠢ ᠬᠠᠰᠤᠵᠤ ᠨᠡᠶᠢᠯᠡᠭᠦᠯᠬᠦ ᠶᠢ ᠴᠢᠩᠭ᠎ᠠ | ᠵᠢᠷᠤᠮᠵᠢᠭᠤᠯᠵᠤ᠂ ᠲᠠᠷᠢᠶᠠᠴᠢᠳ ᠤᠨ ᠬᠦᠰᠡᠯ ᠰᠠᠨᠠᠭ᠎ᠠ ᠶᠢ ᠵᠥᠷᠢᠴᠡᠨ᠂ ᠬᠠᠤᠯᠢ ᠪᠠᠷ ᠲᠣᠭᠲᠠᠭᠠᠭᠰᠠᠨ ᠳᠡᠰ | ᠳᠠᠷᠠᠭᠠᠯᠠᠯ ᠢ ᠵᠥᠷᠢᠴᠡᠨ ᠠᠶᠢᠯ ᠲᠣᠰᠬᠤᠨ ᠢ ᠬᠠᠰᠤᠵᠤ ᠨᠡᠶᠢᠯᠡᠭᠦᠯᠬᠦ ᠶᠢ ᠴᠢᠩᠭ᠎ᠠ ᠴᠠᠭᠠᠵᠠᠯᠠᠨ᠎ᠠ︔ ᠬᠥᠳᠡᠭᠡ | ᠲᠣᠰᠬᠤᠨ ᠤ ᠠᠮᠢ ᠠᠬᠤᠢ ᠶᠢ ᠬᠠᠮᠠᠭᠠᠯᠠᠬᠤ ᠪᠠ ᠵᠠᠰᠠᠨ ᠰᠡᠷᠭᠦᠭᠡᠬᠦ ᠶᠢ ᠴᠢᠩᠭᠠᠳᠬᠠᠵᠤ᠂ ᠠᠷᠭ᠎ᠠ ᠬᠡᠮᠵᠢᠶ᠎ᠡ ᠠᠪᠴᠤ | ᠪᠠᠶᠢᠭᠠᠳ ᠲᠠᠷᠢᠶᠠᠯᠠᠩ ᠤᠨ ᠤᠯᠠᠨ ᠡᠬᠢᠳᠤ ᠪᠣᠬᠢᠷᠲᠤᠯ ᠢ ᠵᠠᠰᠠᠬᠤ ᠠᠵᠢᠯ ᠢ ᠴᠢᠩᠭᠠᠳᠬᠠᠵᠤ᠂ ᠬᠥᠳᠡᠭᠡ ᠲᠣᠰᠬᠤᠨ | ᠤ ᠣᠷᠣᠰᠢᠨ ᠠᠮᠢᠳᠤᠷᠠᠬᠤ ᠣᠷᠴᠢᠨ ᠲᠤᠭᠤᠷᠢᠨ ᠢ ᠦᠷᠭᠦᠯᠵᠢᠯᠡᠨ ᠰᠠᠶᠢᠵᠢᠷᠠᠭᠤᠯᠤᠨ᠎ᠠ᠃ | ᠠᠰᠠᠭᠤᠯᠲᠠ᠄ ᠠᠷᠠᠳ ᠢᠷᠭᠡᠳ ᠠᠮᠤ ᠪᠤᠳᠠᠭ᠎ᠠ ᠪᠠᠷ ᠠᠮᠢ ᠭᠤᠤᠯ ᠢᠶᠠᠨ ᠪᠣᠯᠭᠠᠳᠠᠭ᠂ ᠠᠮᠤ ᠪᠤᠳᠠᠭᠠᠨ ᠤ | ᠠᠮᠤᠷ ᠲᠦᠪᠰᠢᠨ ᠪᠣᠯ 《 ᠤᠯᠤᠰ ᠤᠨ ᠶᠡᠭᠡ ᠶᠠᠪᠤᠳᠠᠯ ᠮᠥᠨ 》᠂ ᠠᠮᠤ ᠪᠤᠳᠠᠭᠠᠨ ᠤ ᠠᠮᠤᠷ ᠲᠦᠪᠰᠢᠨ ᠤ | ᠰᠠᠨᠠᠭᠠᠴᠢᠯᠠᠭᠠᠲᠤ ᠡᠷᠬᠡ ᠶᠢ ᠡᠷᠬᠡᠪᠰᠢ ᠪᠠᠲᠤ ᠡᠵᠡᠮᠳᠡᠬᠦ ᠬᠡᠷᠡᠭᠲᠡᠶ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠠᠬᠢᠭᠤᠯᠬᠤ ᠬᠠᠤᠯᠢ ᠳᠤ ᠡᠭᠦᠨ ᠤ ᠲᠤᠬᠠᠶ ᠶᠠᠮᠠᠷ ᠶᠠᠮᠠᠷ ᠲᠣᠭᠲᠠᠭᠠᠯ ᠭᠠᠷᠭᠠᠭᠰᠠᠨ ᠪᠣᠶ︖ | ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠬᠠᠤᠯᠢ ᠲᠣᠭᠲᠠᠭᠠᠯ ᠤᠨ ᠵᠤᠷᠭᠠᠨ ᠤ ᠳᠠᠷᠤᠭ᠎ᠠ ᠸᠠᠩ ᠯᠧ | ᠵᠢᠶᠦ᠋ᠨ᠄ ᠡᠩ ᠲᠡᠷᠢᠭᠦᠨ ᠳᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠪᠠᠶᠢᠯᠳᠤᠬᠤ ᠪᠣᠳᠣᠯᠭ᠎ᠠ ᠶᠢ | ᠬᠠᠤᠯᠢ ᠪᠠᠷ ᠵᠠᠰᠠᠬᠤ ᠪᠠᠲᠤᠯᠠᠭ᠎ᠠ ᠳᠤ ᠣᠷᠣᠭᠤᠯᠤᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠠᠬᠢᠭᠤᠯᠬᠤ ᠬᠠᠤᠯᠢ ᠳᠤ᠂ ᠤᠯᠤᠰ ᠠᠴᠠ ᠥᠪᠡᠷ ᠤᠨ ᠬᠢ ᠪᠠᠷ ᠢᠶᠠᠨ ᠭᠤᠣᠯ ᠪᠣᠯᠭᠠᠬᠤ᠂ ᠤᠯᠤᠰ ᠤᠨ | ᠳᠣᠲᠣᠭᠠᠳᠤ ᠳᠤ ᠪᠠᠨ ᠰᠠᠭᠤᠷᠢᠯᠠᠬᠤ᠂ ᠦᠢᠯᠡᠳᠪᠦᠷᠢᠯᠡᠯ ᠤᠨ ᠴᠢᠳᠠᠪᠤᠷᠢ ᠶᠢ ᠪᠠᠲᠤᠯᠠᠬᠤ᠂ ᠭᠠᠳᠠᠭᠠᠳᠤ ᠠᠴᠠ | ᠵᠣᠬᠢᠰᠲᠠᠢ ᠣᠷᠣᠭᠤᠯᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠲᠤᠯᠭᠠᠭᠤᠷᠢᠯᠠᠭᠤᠯᠤᠭᠰᠠᠨ ᠠᠮᠤ ᠪᠤᠳᠠᠭᠠᠨ | ᠤ ᠠᠮᠤᠷ ᠲᠦᠪᠰᠢᠨ ᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠦᠨ᠎ᠡ ᠭᠡᠵᠦ ᠲᠣᠳᠣᠷᠬᠠᠶᠢᠯᠠᠪᠠ᠃ ᠭᠠᠵᠠᠷ | ᠰᠢᠷᠤᠢ ᠪᠠᠷ ᠠᠮᠤ ᠲᠠᠷᠢᠶ᠎ᠠ ᠶᠢ ᠪᠠᠲᠤᠯᠠᠬᠤ᠂ ᠤᠷ᠎ᠠ ᠮᠡᠷᠭᠡᠰᠢᠯ ᠢᠶᠠᠷ ᠪᠤᠳᠠᠭᠠᠨ ᠤ ᠤᠨᠠᠯᠲᠠ ᠶᠢ ᠳᠡᠭᠡᠭᠰᠢᠯᠡᠭᠦᠯᠬᠦ ᠶᠢ | ᠪᠠᠷᠢᠮᠲᠠᠯᠠᠨ᠂ ᠠᠷᠭ᠎ᠠ ᠬᠡᠮᠵᠢᠶ᠎ᠡ ᠠᠪᠴᠤ ᠪᠠᠶᠢᠭᠠᠳ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ | ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠠᠵᠤ | ᠦᠢᠯᠡᠰ ᠤᠨ ᠪᠦᠰᠡ ᠶᠢ ᠪᠦᠲᠦᠭᠡᠨ ᠪᠠᠶᠢᠭᠤᠯᠤᠨ᠂ ᠠᠮᠤ ᠪᠤᠳᠠᠭ᠎ᠠ ᠶᠢ ᠦᠨᠳᠦᠰᠦᠨ ᠳᠤ ᠪᠠᠨ ᠦᠪᠡᠰᠦᠪᠡᠨ | ᠬᠠᠩᠭᠠᠬᠤ ᠪᠠ ᠬᠦᠨᠡᠰᠦ ᠠᠮᠤ ᠶᠢᠨ ᠬᠠᠷᠢᠴᠠᠯᠠᠰᠢ ᠦᠭᠡᠢ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ | ᠳᠠᠷᠠᠭ᠎ᠠ ᠨᠢ᠂ 《 ᠬᠤᠶᠠᠷ ᠴᠢᠬᠤᠯᠠ ᠵᠦᠢᠯ 》 ᠢ ᠰᠢᠢᠳᠪᠦᠷᠢᠯᠡᠬᠦ ᠳᠤ ᠬᠠᠤᠯᠢ ᠴᠠᠭᠠᠵᠠ ᠶᠢᠨ | ᠲᠤᠯᠭᠠᠭᠤᠷᠢᠯᠠᠯ ᠬᠠᠩᠭᠠᠨ᠎ᠠ᠃ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠳᠤ ᠲᠠᠷᠢᠶᠠᠨ ᠭᠠᠵᠠᠷ ᠪᠠ ᠦᠷ᠎ᠡ | ᠪᠣᠯ ᠵᠠᠩᠭᠢᠯᠠᠭ᠎ᠠ ᠪᠣᠯᠤᠨ᠎ᠠ᠃ ᠬᠠᠤᠯᠢ ᠴᠠᠭᠠᠵᠠ ᠳᠤ ᠤᠯᠤᠰ ᠠᠴᠠ ᠲᠠᠷᠢᠶᠠᠨ ᠭᠠᠵᠠᠷ ᠢ ᠴᠢᠩᠭ᠎ᠠ ᠬᠠᠮᠠᠭᠠᠯᠠᠵᠤ᠂ | ᠲᠠᠷᠢᠶᠠᠨ ᠭᠠᠵᠠᠷ ᠢ ᠣᠶᠢᠲᠤ ᠭᠠᠵᠠᠷ᠂ ᠴᠡᠴᠡᠷᠯᠢᠭ ᠤᠨ ᠭᠠᠵᠠᠷ ᠵᠡᠷᠭᠡ ᠪᠤᠰᠤᠳ ᠲᠥᠷᠥᠯ ᠬᠡᠯᠪᠡᠷᠢ ᠶᠢᠨ ᠲᠠᠷᠢᠶᠠᠯᠠᠩ | ᠳᠤ ᠬᠡᠷᠡᠭᠯᠡᠬᠦ ᠭᠠᠵᠠᠷ ᠪᠣᠯᠭᠠᠨ ᠬᠤᠪᠢᠷᠠᠭᠤᠯᠬᠤ ᠶᠢ ᠴᠢᠩᠭ᠎ᠠ ᠬᠢᠵᠠᠭᠠᠷᠯᠠᠵᠤ᠂ ᠡᠯ᠎ᠡ ᠮᠤᠵᠢ ( ᠣᠷᠣᠨ᠂ ᠬᠤᠲᠠ ) | ᠠᠷᠭ᠎ᠠ ᠬᠡᠮᠵᠢᠶ᠎ᠡ ᠠᠪᠴᠤ ᠪᠠᠶᠢᠭᠠᠳ ᠲᠠᠷᠢᠶᠠᠨ ᠭᠠᠵᠠᠷ ᠤᠨ ᠶᠡᠷᠦᠩᠬᠡᠶ ᠬᠡᠮᠵᠢᠶ᠎ᠡ ᠬᠠᠰᠤᠭᠳᠠᠬᠤ ᠥᠬᠡᠶ ᠮᠦᠷᠲᠡᠭᠡᠨ | ᠶᠠᠰᠤ ᠴᠢᠨᠠᠷ ᠨᠢ ᠳᠡᠭᠡᠭᠰᠢᠯᠡᠯᠲᠡ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ︔ ᠤᠯᠤᠰ | ᠠᠴᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠬᠠᠮᠠᠭᠠᠯᠠᠬᠤ ᠲᠦᠷᠢᠮ ᠢ ᠬᠡᠷᠡᠭᠵᠢᠭᠦᠯᠦᠨ᠎ᠡ ᠭᠡᠵᠦ | ᠲᠣᠭᠲᠠᠭᠠᠪᠠ᠃ ᠡᠭᠦᠨ ᠤ ᠬᠠᠮᠲᠤ᠂ ᠤᠯᠤᠰ ᠠᠴᠠ ᠲᠠᠷᠢᠶᠠᠯᠠᠩ ᠤᠨ ᠦᠷ᠎ᠡ ᠡᠳ᠋ ᠤᠨ ᠡᠬᠢ ᠪᠠᠶᠠᠯᠢᠭ ᠢ ᠬᠠᠮᠠᠭᠠᠯᠠᠨ | ᠠᠰᠢᠭᠯᠠᠬᠤ ᠪᠠ ᠦᠷ᠎ᠡ ᠡᠳ᠋ ᠤᠨ ᠡᠬᠢ ᠪᠠᠶᠠᠯᠢᠭ ᠤᠨ ᠬᠥᠮᠥᠷᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ | ᠡᠭᠦᠯᠳᠡᠷ ᠪᠣᠶᠢᠵᠢᠭᠤᠯᠬᠤ ᠰᠠᠭᠤᠷᠢ ᠴᠢᠨᠠᠷᠲᠠᠢ᠂ ᠬᠤᠰᠢᠭᠤᠷᠠᠯ ᠴᠢᠨᠠᠷᠲᠠᠢ ᠪᠠ ᠬᠡᠷᠡᠭᠯᠡᠭᠡᠨ ᠤ ᠮᠡᠷᠭᠡᠵᠢᠯ ᠤᠨ | ᠰᠤᠳᠤᠯᠭᠠᠨ ᠢ ᠲᠡᠮᠵᠢᠵᠤ᠂ ᠲᠠᠷᠢᠮᠠᠯ ᠤᠨ ᠵᠦᠢᠯ ᠪᠠ ᠮᠠᠯ ᠵᠢᠭᠦᠷᠲᠡᠨ ᠵᠡᠷᠭᠡ ᠰᠠᠶᠢᠨ ᠡᠭᠦᠯᠳᠡᠷ ᠢ ᠪᠣᠶᠢᠵᠢᠭᠤᠯᠬᠤ᠂ | ᠡᠭᠦᠯᠳᠡᠷ ᠪᠣᠶᠢᠵᠢᠭᠤᠯᠬᠤ ᠵᠠᠩᠭᠢᠯᠠᠭ᠎ᠠ ᠶᠢᠨ ᠮᠡᠷᠭᠡᠵᠢᠯ ᠤᠨ ᠪᠡᠷᠬᠡ ᠰᠡᠳᠦᠪ ᠢ ᠰᠢᠢᠳᠪᠦᠷᠢᠯᠡᠬᠦ ᠶᠢ ᠬᠡᠷᠡᠭᠵᠢᠭᠦᠯᠵᠦ᠂ | ᠠᠮᠢᠳᠤ ᠪᠣᠳᠠᠰ ᠤᠨ ᠦᠷ᠎ᠡ ᠶᠢᠨ ᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ | ᠵᠡᠷᠭᠡ ᠶᠢ ᠲᠦᠯᠬᠢᠨ ᠠᠬᠢᠭᠤᠯᠤᠨ᠎ᠠ᠃ | ᠭᠤᠷᠪᠠ ᠳᠤ᠂ 《ᠭᠤᠷᠪᠠ ᠶᠢ ᠪᠠᠲᠤᠯᠠᠬᠤ》 ᠶᠢ ᠴᠢᠩᠭᠠᠳᠬᠠᠵᠤ᠂ ᠠᠮᠤ ᠪᠤᠳᠠᠭ᠎ᠠ ᠪᠠ ᠴᠢᠬᠤᠯᠠ | ᠲᠠᠷᠢᠶᠠᠯᠠᠩ ᠤᠨ ᠪᠦᠲᠦᠭᠡᠭᠳᠡᠬᠦᠨ ᠤ ᠪᠦᠲᠦᠮᠵᠢᠲᠡᠢ ᠬᠠᠩᠭᠠᠯᠭ᠎ᠠ ᠶᠢ ᠪᠡᠶᠡᠯᠡᠭᠦᠯᠦᠨ᠎ᠡ᠃ 《ᠭᠤᠷᠪᠠ ᠶᠢ | ᠪᠠᠲᠤᠯᠠᠬᠤ》 ᠪᠣᠯ ᠳᠠᠷᠤᠶ ᠲᠤᠭ᠎ᠠ ᠬᠡᠮᠵᠢᠶ᠎ᠡ ᠶᠢ ᠪᠠᠲᠤᠯᠠᠬᠤ᠂ ᠣᠯᠠᠨ ᠶᠠᠩᠵᠤ ᠶᠢ ᠪᠠᠲᠤᠯᠠᠬᠤ᠂ ᠶᠠᠰᠤ ᠴᠢᠨᠠᠷ ᠢ | ᠪᠠᠲᠤᠯᠠᠬᠤ ᠶᠠᠪᠤᠳᠠᠯ ᠪᠣᠯᠤᠨ᠎ᠠ᠃ ᠬᠠᠤᠯᠢ ᠴᠠᠭᠠᠵᠠ ᠳᠤ᠂ ᠤᠯᠤᠰ ᠠᠴᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ | ᠢ ᠪᠠᠲᠤᠯᠠᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ᠂ ᠠᠷᠭ᠎ᠠ ᠬᠡᠮᠵᠢᠶ᠎ᠡ ᠠᠪᠴᠤ ᠪᠠᠶᠢᠭᠠᠳ ᠲᠠᠷᠢᠶᠠᠯᠠᠩ ᠤᠨ | ᠦᠢᠯᠡᠳᠪᠦᠷᠢᠯᠡᠯ ᠤᠨ ᠬᠦᠴᠦᠨ ᠤ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠂ ᠲᠠᠷᠢᠶᠠᠯᠠᠩ ᠤᠨ ᠪᠦᠲᠦᠴᠡ ᠶᠢᠨ | ᠲᠤᠬᠢᠷᠠᠭᠤᠯᠤᠯᠳᠠ ᠶᠢ ᠠᠬᠢᠭᠤᠯᠵᠤ᠂ ᠳᠠᠪᠠᠭᠤᠯᠢᠭ ᠤᠨᠴᠠᠯᠢᠬᠳᠤ ᠠᠵᠤ ᠦᠢᠯᠡᠰ ᠢ ᠬᠦᠭᠵᠢᠭᠦᠯᠦᠨ᠂ ᠠᠮᠤ ᠪᠤᠳᠠᠭ᠎ᠠ | ᠪᠣᠯᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠪᠦᠲᠦᠮᠵᠢᠲᠡᠢ ᠬᠠᠩᠭᠠᠯᠭ᠎ᠠ ᠪᠣᠯᠤᠨ ᠶᠠᠰᠤ ᠴᠢᠨᠠᠷ ᠤᠨ ᠠᠮᠤᠷ | ᠲᠦᠪᠰᠢᠨ ᠢ ᠪᠠᠲᠤᠯᠠᠬᠤ ᠶᠢᠨ ᠬᠠᠮᠲᠤ ᠲᠤᠰᠬᠠᠶᠢᠯᠠᠨ ᠲᠣᠳᠣᠷᠬᠠᠶᠢᠯᠠᠵᠤ᠂ ᠲᠦᠷᠤᠯ ᠬᠤᠪᠢᠶᠠᠨ ᠪᠠᠲᠤᠯᠠᠬᠤ ᠬᠠᠷᠠᠯᠲᠠ | ᠶᠢ ᠲᠣᠳᠣᠷᠬᠠᠶᠢᠯᠠᠵᠤ᠂ ᠰᠢᠨᠵᠢᠯᠡᠬᠦ ᠤᠬᠠᠭᠠᠨᠴᠢ ᠵᠦᠢ ᠵᠣᠬᠢᠰᠲᠠᠢ᠂ ᠠᠮᠤᠷ ᠲᠦᠪᠰᠢᠨ ᠥᠨᠳᠥᠷ ᠪᠦᠲᠦᠮᠵᠢᠲᠡᠢ | ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢ ᠪᠠᠲᠤᠯᠠᠬᠤ ᠰᠢᠰᠲ᠋ᠧᠮ ᠢ ᠪᠠᠶᠢᠭᠤᠯᠤᠨ᠎ᠠ ᠭᠡᠵᠦ | ᠲᠣᠭᠲᠠᠭᠠᠪᠠ᠃ | ᠳᠦᠷᠪᠡ ᠳᠤ᠂ 《 ᠭᠤᠷᠪᠠᠨ ᠵᠦᠢᠯ ᠬᠢᠭᠡᠳ ᠨᠢᠭᠡ ᠪᠠᠷᠢᠮᠵᠢᠶ᠎ᠠ 》 ᠢ ᠶᠡᠭᠡ ᠪᠠᠷ ᠬᠥᠭᠵᠢᠭᠦᠯᠵᠦ᠂ | ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ 2020 ᠣᠨ ᠤ ᠵᠢᠯ ᠤᠨ ᠡᠴᠦᠰ ᠤᠨ ᠲᠥᠪ | ᠤᠨ ᠬᠥᠳᠡᠭᠡ ᠲᠣᠰᠬᠤᠨ ᠤ ᠠᠵᠢᠯ ᠤᠨ ᠬᠤᠷᠠᠯ ᠠᠴᠠ᠂ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ | ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠡᠭᠦᠯᠳᠡᠷ ᠢ ᠰᠢᠯᠢᠳᠡᠭᠵᠢᠭᠦᠯᠬᠦ᠂ ᠶᠠᠰᠤ ᠴᠢᠨᠠᠷ ᠢ | ᠳᠡᠭᠡᠭᠰᠢᠯᠡᠭᠦᠯᠬᠦ᠂ ᠨᠡᠷᠡᠲᠦ ᠲᠡᠮᠳᠡᠭ ᠢ ᠴᠣᠭᠴᠠᠯᠠᠬᠤ ᠪᠠ ᠪᠠᠷᠢᠮᠵᠢᠶᠠᠵᠢᠭᠤᠯᠤᠨ ᠦᠢᠯᠡᠳᠪᠦᠷᠢᠯᠡᠬᠦ ᠶᠢ ᠠᠬᠢᠭᠤᠯᠬᠤ | ᠬᠡᠷᠡᠭᠲᠡᠢ ᠭᠡᠵᠦ ᠱᠠᠭᠠᠷᠳᠠᠪᠠ᠂ ᠳᠠᠷᠤᠢ ᠰᠢᠨ᠎ᠡ 《 ᠭᠤᠷᠪᠠᠨ ᠵᠦᠢᠯ ᠬᠢᠭᠡᠳ ᠨᠢᠭᠡ ᠪᠠᠷᠢᠮᠵᠢᠶ᠎ᠠ》 ᠪᠣᠯᠤᠨ᠎ᠠ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠠᠤᠯᠢ ᠳᠤ 《 ᠭᠤᠷᠪᠠᠨ ᠵᠦᠢᠯ ᠬᠢᠭᠡᠳ | ᠨᠢᠭᠡ ᠪᠠᠷᠢᠮᠵᠢᠶ᠎ᠠ 》 ᠢ ᠲᠦᠯᠬᠢᠨ ᠠᠬᠢᠭᠤᠯᠬᠤ᠂ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠦᠷ᠎ᠡ ᠠᠰᠢᠭ | ᠪᠠ ᠥᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠲᠤᠬᠠᠶ ᠲᠣᠳᠣᠷᠬᠠᠶ ᠲᠣᠭᠲᠠᠭᠠᠯ ᠭᠠᠷᠭᠠᠭᠰᠠᠨ ᠤ ᠬᠠᠮᠲᠤ ᠪᠠᠰᠠ | ᠲᠠᠷᠢᠶᠠᠯᠠᠩ ᠤᠨ ᠣᠷᠣᠭᠤᠯᠤᠯᠲᠠ ᠡᠳ᠋ ᠤᠨ ᠬᠡᠷᠡᠭᠯᠡᠯᠲᠡ ᠶᠢ ᠬᠢᠵᠠᠭᠠᠷᠯᠠᠬᠤ ᠱᠠᠭᠠᠷᠳᠠᠯᠭ᠎ᠠ ᠭᠠᠷᠭᠠᠵᠤ᠂ ᠲᠠᠷᠢᠶᠠᠯᠠᠩ | ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠪᠠᠷᠢᠮᠵᠢᠶ᠎ᠠ ᠪᠠ ᠲᠣᠭᠲᠠᠭᠠᠯ ᠢ ᠵᠥᠷᠢᠴᠡᠵᠦ ᠬᠡᠪᠴᠢᠶ᠎ᠡ | ᠠᠴᠠ ᠬᠡᠲᠦᠷᠡᠭᠦᠯᠦᠨ᠂ ᠬᠡᠮᠵᠢᠶ᠎ᠡ ᠠᠴᠠ ᠬᠡᠲᠦᠷᠡᠭᠦᠯᠦᠨ ᠬᠡᠷᠡᠭᠯᠡᠵᠦ ᠪᠣᠯᠬᠤ ᠥᠬᠡᠶ ᠭᠡᠵᠦ ᠲᠣᠭᠲᠠᠭᠠᠵᠠᠶ᠃ | ᠠᠰᠠᠭᠤᠯᠲᠠ᠄ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠠᠵᠢᠯᠯᠠᠭ᠎ᠠ ᠪᠣᠯ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠬᠤ ᠴᠢᠬᠤᠯᠠ ᠭᠠᠷᠳᠠᠴᠠ ᠮᠥᠨ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠠᠤᠯᠢ ᠳᠤ ᠡᠭᠦᠨ ᠤ ᠲᠤᠬᠠᠶ ᠶᠠᠮᠠᠷ ᠶᠠᠮᠠᠷ | ᠲᠣᠭᠲᠠᠭᠠᠯ ᠭᠠᠷᠭᠠᠭᠰᠠᠨ ᠪᠣᠶ︖ | ᠸᠠᠩ ᠯᠧ ᠵᠢᠶᠦ᠋ᠨ᠄ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠠᠵᠢᠯᠯᠠᠭ᠎ᠠ ᠪᠣᠯ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠴᠢᠬᠤᠯᠠ ᠡᠭᠦᠷᠭᠡ ᠪᠣᠯᠬᠤ | ᠪᠥᠭᠡᠳ ᠪᠠᠰᠠ ᠴᠤ ᠤᠯᠤᠰ ᠤᠨ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠴᠢᠬᠤᠯᠠ ᠠᠭᠤᠯᠭ᠎ᠠ | ᠪᠣᠯᠤᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠠᠤᠯᠢ ᠳᠤ ᠭᠤᠤᠯᠳᠠᠭᠤ | ᠳᠥᠷᠪᠡᠨ ᠲᠠᠯ᠎ᠠ ᠶᠢᠨ ᠲᠣᠭᠲᠠᠭᠠᠯ ᠭᠠᠷᠭᠠᠪᠠ᠄ | ᠲᠦᠯᠦᠪᠵᠢᠭᠦᠯᠦᠨ ᠬᠥᠲᠥᠯᠥᠨ ᠳᠠᠭᠠᠭᠤᠯᠬᠤ᠃ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠬᠤ᠂ | ᠤᠷᠢᠳᠠᠪᠠᠷ ᠲᠥᠯᠥᠪᠵᠢᠭᠦᠯᠬᠦ᠂ ᠠᠯᠬᠤᠮ ᠳᠠᠷᠠᠭ᠎ᠠ ᠲᠠᠢ ᠪᠠᠷ ᠤᠷᠤᠭᠰᠢᠯᠠᠭᠤᠯᠬᠤ ᠶᠢ ᠪᠠᠷᠢᠮᠲᠠᠯᠠᠨ᠂ ᠠᠶᠢᠯ ᠲᠣᠰᠬᠤᠨ | ᠤ ᠬᠥᠭᠵᠢᠯᠲᠡ ᠶᠢᠨ ᠵᠢᠮ᠎ᠡ ᠶᠣᠰᠣ ᠶᠢ ᠳᠠᠭᠠᠵᠤ᠂ ᠠᠶᠢᠯ ᠲᠣᠰᠬᠤᠨ ᠤ ᠪᠠᠶᠢᠷᠢᠰᠢᠭᠤᠯᠤᠯᠲᠠ ᠶᠢ ᠲᠣᠬᠢᠷᠠᠭᠤᠯᠤᠨ᠂ | ᠠᠶᠢᠯ ᠲᠣᠰᠬᠤᠨ ᠤ ᠲᠥᠯᠥᠪᠵᠢᠭᠦᠯᠭᠡ ᠶᠢ ᠬᠠᠤᠯᠢ ᠶᠣᠰᠣᠭᠠᠷ ᠨᠠᠶᠢᠷᠠᠭᠤᠯᠤᠨ ᠵᠣᠬᠢᠶᠠᠵᠤ᠂ ᠠᠶᠢᠯ ᠲᠣᠰᠬᠤᠨ ᠤ | ᠪᠥᠲᠥᠭᠡᠨ ᠪᠠᠶᠢᠭᠤᠯᠤᠯᠲᠠ ᠶᠢ ᠲᠥᠷᠥᠯ ᠬᠤᠪᠢᠶᠠᠨ ᠡᠮᠬᠢ ᠵᠢᠷᠤᠮ ᠲᠠᠢ ᠠᠬᠢᠭᠤᠯᠬᠤ ᠬᠡᠷᠡᠭᠲᠡᠶ ᠭᠡᠵᠦ | ᠲᠤᠳᠤᠷᠬᠠᠶᠢᠯᠠᠪᠠ᠃ ᠡᠭᠦᠨ ᠤ ᠬᠠᠮᠲᠤ᠂ ᠣᠨᠴᠠ ᠵᠠᠷᠢᠮ ᠭᠠᠵᠠᠷ ᠣᠷᠣᠨ ᠤ ᠨᠡᠶᠢᠯᠡᠵᠦ ᠰᠠᠭᠤᠭᠰᠠᠨ ᠭᠠᠴᠠᠭ᠎ᠠ ᠶᠢᠨ | ᠲᠠᠷᠢᠶᠠᠴᠢᠨ ᠤ ᠠᠰᠢᠭ ᠲᠤᠰᠠ ᠶᠢ ᠬᠤᠬᠢᠷᠠᠭᠤᠯᠤᠭᠰᠠᠨ ᠦᠵᠡᠭᠳᠡᠯ ᠳᠤ ᠴᠢᠭᠯᠡᠭᠦᠯᠦᠨ᠂ ᠭᠠᠴᠠᠭ᠎ᠠ ᠲᠣᠰᠬᠤᠨ ᠢ | ᠬᠠᠰᠤᠵᠤ ᠨᠡᠶᠢᠯᠡᠭᠦᠯᠬᠦ ᠶᠢ ᠴᠢᠩᠭ᠎ᠠ ᠵᠢᠷᠤᠮᠵᠢᠭᠤᠯᠵᠤ᠂ ᠲᠠᠷᠢᠶᠠᠴᠢᠨ ᠤ ᠬᠦᠰᠡᠯ ᠰᠠᠨᠠᠭ᠎ᠠ ᠠᠴᠠ ᠲᠡᠷᠰᠯᠡᠨ᠂ ᠬᠠᠤᠯᠢ | ᠳᠤ ᠲᠣᠭᠲᠠᠭᠠᠭᠰᠠᠨ ᠵᠢᠷᠤᠮ ᠠᠴᠠ ᠵᠥᠷᠢᠴᠡᠨ ᠭᠠᠴᠠᠭ᠎ᠠ ᠲᠣᠰᠬᠤᠨ ᠢ ᠬᠠᠰᠤᠵᠤ ᠨᠡᠶᠢᠯᠡᠭᠦᠯᠬᠦ ᠶᠢ ᠴᠢᠩᠭ᠎ᠠ | ᠴᠠᠭᠠᠵᠠᠯᠠᠨ᠎ᠠ ᠭᠡᠵᠦ ᠲᠣᠭᠲᠠᠭᠠᠵᠠᠢ᠃ | ᠬᠠᠲᠠᠭᠤ ᠲᠣᠨᠤᠭ ᠪᠠᠶᠢᠭᠤᠯᠬᠤ᠃ ᠣᠷᠣᠨ ᠨᠤᠲᠤᠭ ᠤᠨ ᠵᠠᠰᠠᠭ ᠤᠨ ᠣᠷᠳᠣᠨ ᠢ ᠬᠤᠲᠠ ᠬᠥᠳᠡᠭᠡ ᠶᠢᠨ | ᠵᠠᠮ᠂ ᠬᠤᠭ ᠨᠣᠪᠰᠢ ᠪᠣᠬᠢᠷ ᠤᠰᠤ ᠶᠢ ᠰᠢᠢᠳᠪᠦᠷᠢᠯᠡᠬᠦ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠭᠠᠮᠰᠢᠭ ᠢ | ᠪᠠᠭᠠᠰᠬᠠᠬᠤ ᠵᠡᠷᠭᠡ ᠤᠯᠠᠨ ᠨᠡᠶᠢᠲᠡ ᠶᠢᠨ ᠰᠠᠭᠤᠷᠢ ᠪᠡᠯᠡᠳᠭᠡᠮᠵᠢ ᠪᠣᠯᠤᠨ ᠰᠢᠨ᠎ᠡ ᠬᠡᠯᠪᠡᠷᠢ ᠶᠢᠨ ᠰᠠᠭᠤᠷᠢ ᠪᠡᠯᠡᠳᠭᠡᠮᠵᠢ | ᠶᠢ ᠨᠢᠭᠡᠳᠦᠯᠲᠡᠢ ᠲᠥᠯᠥᠪᠵᠢᠭᠦᠯᠵᠦ᠂ ᠪᠦᠲᠦᠭᠡᠨ ᠪᠠᠶᠢᠭᠤᠯᠤᠨ᠂ ᠬᠠᠮᠢᠶᠠᠷᠤᠨ ᠬᠠᠮᠠᠭᠠᠯᠠᠵᠤ᠂ ᠬᠤᠲᠠ ᠬᠥᠳᠡᠭᠡ ᠶᠢᠨ | ᠰᠠᠭᠤᠷᠢ ᠪᠡᠯᠡᠳᠭᠡᠮᠵᠢ ᠶᠢᠨ ᠬᠤᠯᠪᠣᠯᠳᠤᠨ ᠨᠡᠪᠲᠡᠷᠡᠯᠴᠡᠬᠦ ᠶᠢ ᠠᠬᠢᠭᠤᠯᠬᠤ ᠬᠡᠷᠡᠭᠲᠡᠢ︔ ᠵᠠᠰᠠᠭ ᠤᠨ ᠣᠷᠳᠣᠨ᠂ | ᠭᠠᠴᠠᠭᠠᠨ ᠤ ᠱᠠᠲᠤᠨ ᠤ ᠵᠣᠬᠢᠶᠠᠨ ᠪᠠᠶᠢᠭᠤᠯᠤᠯᠲᠠ᠂ ᠠᠵᠤ ᠠᠬᠤᠶᠢᠯᠠᠯ᠂ ᠲᠠᠷᠢᠶᠠᠴᠢᠳ ᠵᠡᠷᠭᠡ ᠡᠯ᠎ᠡ ᠲᠠᠯ᠎ᠠ ᠶᠢᠨ | ᠣᠷᠣᠯᠴᠠᠭᠰᠠᠨ ᠬᠠᠮᠲᠤ ᠪᠠᠷ ᠪᠠᠶᠢᠭᠤᠯᠵᠤ ᠬᠠᠮᠲᠤ ᠪᠠᠷ ᠬᠠᠮᠢᠶᠠᠷᠴᠤ ᠬᠠᠮᠲᠤ ᠪᠠᠷ ᠡᠳ᠋ᠯᠡᠬᠦ ᠲᠣᠭᠲᠠᠴᠠ ᠶᠢ ᠪᠠᠶᠢᠭᠤᠯᠵᠤ | ᠂ᠬᠥᠳᠡᠭᠡ ᠲᠣᠰᠬᠤᠨ ᠤ ᠤᠰᠤᠨ ᠰᠢᠰᠲ᠋ᠧᠮ ᠢ ᠶᠡᠷᠦᠩᠬᠡᠶᠢᠯᠡᠨ ᠴᠡᠭᠴᠡᠯᠡᠨ ᠵᠠᠰᠠᠵᠤ᠂ ᠬᠥᠳᠡᠭᠡ ᠲᠣᠰᠬᠤᠨ ᠤ ᠬᠤᠭ | ᠨᠣᠪᠰᠢ ᠪᠠ ᠪᠣᠬᠢᠷ ᠤᠰᠤ ᠶᠢ ᠵᠠᠰᠠᠵᠤ᠂ ᠠᠷᠢᠭᠤᠨ ᠴᠡᠪᠡᠷ ᠵᠣᠷᠯᠣᠩ ᠢ ᠳᠡᠯᠭᠡᠷᠡᠭᠦᠯᠵᠦ᠂ ᠬᠥᠳᠡᠭᠡ ᠲᠣᠰᠬᠤᠨ ᠤ | ᠣᠷᠣᠰᠢᠨ ᠰᠠᠭᠤᠬᠤ ᠣᠷᠴᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠬᠤ ᠬᠡᠷᠡᠭᠲᠡᠢ ᠭᠡᠵᠦ ᠱᠠᠭᠠᠷᠳᠠᠪᠠ᠃ | ᠵᠥᠭᠡᠯᠡᠨ ᠲᠣᠨᠤᠭ ᠢ ᠰᠠᠶᠢᠨ ᠠᠳᠬᠤᠬᠤ᠃ ᠬᠥᠳᠡᠭᠡ ᠲᠣᠰᠬᠤᠨ ᠤ ᠨᠡᠶᠢᠭᠡᠮ ᠤᠨ ᠠᠵᠢᠯ ᠦᠢᠯᠡᠰ ᠢ | ᠬᠥᠭᠵᠢᠭᠦᠯᠵᠦ᠂ ᠤᠯᠠᠨ ᠨᠡᠶᠢᠲᠡ ᠶᠢᠨ ᠰᠤᠷᠭᠠᠨ ᠬᠥᠮᠦᠵᠢᠯ᠂ ᠡᠮ ᠡᠮᠨᠡᠯᠭᠡ ᠡᠷᠡᠭᠦᠯ ᠬᠠᠮᠠᠭᠠᠯᠠᠯ᠂ ᠨᠡᠶᠢᠭᠡᠮ ᠤᠨ | ᠪᠠᠲᠤᠯᠠᠭ᠎ᠠ ᠵᠡᠷᠭᠡ ᠡᠬᠢ ᠪᠠᠶᠠᠯᠢᠭ ᠢ ᠬᠥᠳᠡᠭᠡ ᠲᠣᠰᠬᠤᠨ ᠲᠡᠶᠢᠰᠢ ᠬᠡᠯᠪᠡᠶᠢᠯᠭᠡᠬᠦ ᠶᠢ ᠠᠬᠢᠭᠤᠯᠬᠤ ᠬᠡᠷᠡᠭᠲᠡᠢ︔ | ᠬᠥᠳᠡᠭᠡ ᠲᠣᠰᠬᠤᠨ ᠤ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠰᠢᠰᠲ᠋ᠧᠮᠵᠢ ᠶᠢ ᠪᠦᠷᠢᠨᠰᠢᠭᠦᠯᠵᠦ᠂ | ᠦᠢᠯᠡᠴᠢᠯᠡᠭᠡᠨ ᠤ ᠪᠠᠶᠢᠭᠤᠯᠤᠮᠵᠢ ᠬᠢᠭᠡᠳ ᠦᠢᠯᠡᠴᠢᠯᠡᠭᠡᠨ ᠤ ᠲᠥᠷᠥᠯ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ | ᠶᠢ ᠪᠣᠶᠢᠵᠢᠭᠤᠯᠤᠨ᠎ᠠ︔ ᠬᠤᠲᠠ ᠬᠥᠳᠡᠭᠡ ᠶᠢ ᠨᠢᠭᠡᠳᠦᠯᠲᠡᠢ ᠲᠥᠯᠥᠪᠵᠢᠭᠦᠯᠦᠭᠰᠡᠨ ᠨᠡᠶᠢᠭᠡᠮ ᠤᠨ ᠪᠠᠲᠤᠯᠠᠭ᠎ᠠ ᠶᠢᠨ | ᠳᠦᠷᠢᠮ ᠢ ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠨᠡᠶᠢᠭᠡᠮ ᠤᠨ ᠪᠠᠲᠤᠯᠠᠭ᠎ᠠ ᠶᠢᠨ ᠬᠠᠮᠢᠶᠠᠷᠤᠯᠲᠠ ᠶᠢᠨ | ᠦᠢᠯᠡᠴᠢᠯᠡᠭᠡᠨ ᠤ ᠬᠢᠷᠢ ᠬᠡᠮᠵᠢᠶ᠎ᠡ ᠪᠠᠨ ᠳᠡᠭᠡᠭᠰᠢᠯᠡᠭᠦᠯᠬᠦ ᠶᠢ ᠳᠡᠮᠵᠢᠬᠦ ᠶᠢᠨ ᠬᠠᠮᠲᠤ ᠪᠠᠰᠠ ᠬᠥᠳᠡᠭᠡ ᠲᠣᠰᠬᠤᠨ ᠤ | ᠣᠨᠴᠠ ᠬᠦᠴᠢᠷᠳᠡᠯ ᠲᠠᠢ ᠬᠥᠮᠦᠰ ᠢ ᠠᠰᠠᠷᠠᠨ ᠲᠡᠵᠢᠭᠡᠬᠦ ᠵᠡᠷᠭᠡ ᠨᠡᠶᠢᠭᠡᠮ ᠤᠨ ᠠᠪᠤᠷᠠᠨ ᠲᠤᠰᠠᠯᠠᠬᠤ ᠬᠢᠷᠢ | ᠲᠦᠪᠰᠢᠨ ᠢ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠲᠦᠭᠡᠮᠡᠯ ᠬᠠᠷᠠᠭᠠᠯᠵᠠᠯᠲᠤ ᠬᠡᠯᠪᠡᠷᠢ ᠶᠢᠨ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡ ᠪᠠ ᠬᠠᠷᠢᠯᠴᠠᠨ ᠬᠠᠪᠰᠤᠷᠤᠯᠴᠠᠬᠤ ᠬᠡᠯᠪᠡᠷᠢ ᠶᠢᠨ ᠨᠠᠰᠤᠵᠢᠯ ᠤᠨ ᠠᠰᠠᠷᠠᠮᠵᠢ ᠵᠡᠷᠭᠡ ᠶᠢ | ᠬᠥᠭᠵᠢᠭᠦᠯᠬᠦ ᠶᠢ ᠳᠡᠮᠵᠢᠬᠦ ᠬᠡᠷᠡᠭᠲᠡᠢ ᠭᠡᠵᠦ ᠱᠠᠭᠠᠷᠳᠠᠪᠠ᠃ | ᠤᠯᠠᠮᠵᠢᠯᠠᠯᠲᠤ ᠠᠶᠢᠯ ᠲᠣᠰᠬᠤᠨ ᠢ ᠬᠠᠮᠠᠭᠠᠯᠠᠬᠤ᠃ ᠬᠠᠤᠯᠢ ᠴᠠᠭᠠᠵᠠ ᠳᠤ᠂ ᠣᠷᠣᠨ ᠨᠤᠲᠤᠭ ᠤᠨ ᠵᠠᠰᠠᠭ | ᠤᠨ ᠣᠷᠳᠣᠨ ᠲᠡᠦᠬᠡ ᠰᠣᠶᠣᠯ ᠤᠨ ᠨᠠᠷᠠᠲᠤ ᠬᠤᠲᠠ ᠨᠠᠷᠠᠲᠤ ᠪᠠᠯᠭᠠᠰᠤ ᠨᠠᠷᠠᠲᠤ ᠲᠣᠰᠬᠤᠨ᠂ ᠤᠯᠠᠮᠵᠢᠯᠠᠯᠲᠤ ᠠᠶᠢᠯ | ᠲᠣᠰᠬᠤᠨ ᠪᠠ ᠬᠥᠳᠡᠭᠡ ᠲᠣᠰᠬᠤᠨ ᠤ ᠳᠦᠷᠰᠦ ᠪᠠᠶᠢᠳᠠᠯ᠂ ᠴᠥᠭᠡᠨ ᠲᠣᠭᠠᠲᠤ ᠦᠨᠳᠦᠰᠦᠲᠡᠨ ᠤ ᠤᠨᠴᠠᠯᠢᠭᠳᠤ | ᠠᠶᠢᠯ ᠲᠣᠰᠬᠤᠨ ᠤ ᠬᠠᠮᠠᠭᠠᠯᠠᠯᠲᠠ ᠶᠢ ᠴᠢᠩᠭᠠᠳᠬᠠᠵᠤ᠂ ᠬᠠᠮᠠᠭᠠᠯᠠᠯᠲᠠ ᠶᠢᠨ ᠪᠠᠶᠢᠳᠠᠯ ᠢ ᠬᠢᠨᠠᠨ ᠬᠡᠮᠵᠢᠬᠦ ᠪᠠ | ᠦᠨᠡᠯᠡᠨ ᠵᠢᠱᠢᠬᠦ ᠠᠵᠢᠯ ᠢ ᠥᠷᠨᠢᠭᠦᠯᠵᠦ᠂ ᠠᠷᠭ᠎ᠠ ᠬᠡᠮᠵᠢᠶ᠎ᠡ ᠠᠪᠴᠤ ᠪᠠᠶᠢᠭᠠᠳ ᠭᠠᠯ ᠤᠨ ᠠᠶᠤᠯ᠂ ᠦᠶᠡᠷ᠂ ᠭᠠᠵᠠᠷ | ᠬᠥᠳᠡᠯᠦᠯᠲᠡ ᠵᠡᠷᠭᠡ ᠭᠠᠮᠰᠢᠭ ᠢ ᠰᠡᠷᠭᠡᠶᠢᠯᠡᠬᠦ ᠪᠠ ᠪᠠᠭᠠᠰᠬᠠᠵᠤ᠂ ᠬᠥᠳᠡᠭᠡ ᠲᠣᠰᠬᠤᠨ ᠤ ᠣᠷᠣᠨ ᠰᠠᠭᠤᠴᠠ ᠶᠢᠨ | ᠵᠢᠷᠤᠭ ᠲᠥᠯᠥᠪᠯᠡᠭᠡ ᠶᠢᠨ ᠭᠠᠵᠠᠷ ᠣᠷᠣᠨ᠂ ᠦᠨᠳᠦᠰᠦᠲᠡᠨ ᠪᠠ ᠨᠤᠲᠤᠭ ᠤᠨ ᠣᠨᠴᠠᠯᠢᠭ ᠵᠡᠷᠭᠡ ᠶᠢ ᠢᠯᠡᠷᠡᠭᠦᠯᠬᠦ ᠶᠢ | ᠵᠣᠷᠢᠭᠵᠢᠭᠤᠯᠬᠤ ᠬᠡᠷᠡᠭᠲᠡᠶ ᠭᠡᠵᠦ ᠱᠠᠭᠠᠷᠳᠠᠪᠠ᠃ | ᠠᠰᠠᠭᠤᠯᠲᠠ᠄ ᠬᠠᠤᠯᠢ ᠴᠠᠭᠠᠵᠠ ᠶᠢᠨ ᠠᠮᠢ ᠨᠠᠰᠤ ᠨᠢ ᠬᠡᠷᠡᠭᠵᠢᠭᠦᠯᠬᠦ ᠳᠤ ᠪᠣᠶ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠠᠤᠯᠢ ᠶᠢ ᠨᠡᠶᠢᠲᠡᠯᠡᠭᠰᠡᠨ ᠤ ᠳᠠᠷᠠᠭ᠎ᠠ᠂ ᠲᠠᠷᠢᠶᠠᠯᠠᠩ ᠬᠥᠳᠡᠭᠡ | ᠲᠣᠰᠬᠤᠨ ᠤ ᠰᠠᠯᠠᠭ᠎ᠠ ᠮᠥᠴᠢᠷ ᠤᠳ ᠬᠡᠷᠬᠢᠨ ᠲᠡᠭᠦᠨ ᠢ ᠪᠣᠳᠠᠲᠠᠶ ᠳᠤ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ | ᠠᠬᠢᠭᠤᠯᠬᠤ ᠪᠣᠶ︖ | ᠸᠠᠩ ᠯᠧ ᠵᠢᠶᠦ᠋ᠨ᠄ ᠲᠠᠷᠢᠶᠠᠯᠠᠩ ᠬᠥᠳᠡᠭᠡ ᠲᠣᠰᠬᠤᠨ ᠤ ᠶᠠᠮᠤᠨ ᠬᠠᠤᠯᠢ ᠪᠠᠷ ᠲᠣᠭᠲᠠᠭᠠᠭᠰᠠᠨ ᠡᠭᠦᠷᠭᠡ | ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠢᠴᠡᠳᠭᠡᠨ᠂ ᠬᠠᠤᠯᠢ ᠴᠠᠭᠠᠵᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢ ᠦᠨᠡᠨ ᠬᠦ ᠰᠠᠶᠢᠲᠤᠷ ᠬᠢᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠪᠥᠬᠦ ᠲᠠᠯ᠎ᠠ ᠪᠠᠷ ᠠᠬᠢᠭᠤᠯᠬᠤ ᠳᠤ ᠬᠠᠤᠯᠢᠵᠢᠯ ᠤᠨ ᠪᠠᠲᠤᠯᠠᠭ᠎ᠠ ᠬᠠᠩᠭᠠᠨ᠎ᠠ᠃ | ᠰᠤᠷᠤᠯᠴᠠᠯᠭ᠎ᠠ ᠤᠬᠠᠭᠤᠯᠭ᠎ᠠ ᠶᠢ ᠴᠢᠩᠭᠠᠳᠬᠠᠵᠤ᠂ ᠬᠠᠤᠯᠢ ᠪᠠᠷ ᠵᠠᠰᠠᠬᠤ ᠰᠡᠳᠬᠢᠬᠦᠶ ᠶᠢ ᠴᠢᠩᠭᠠᠳᠬᠠᠨ᠎ᠠ᠃ | ᠲᠠᠷᠢᠶᠠᠯᠠᠩ ᠬᠥᠳᠡᠭᠡ ᠲᠣᠰᠬᠤᠨ ᠤ ᠶᠠᠮᠤᠨ ᠠᠴᠠ ᠬᠠᠤᠯᠢ ᠴᠠᠭᠠᠵᠠ ᠶᠢ ᠤᠬᠠᠭᠤᠯᠤᠨ ᠬᠡᠷᠡᠭᠵᠢᠭᠦᠯᠬᠦ᠂ ᠬᠠᠪᠰᠤᠷᠤᠨ | ᠵᠢᠯᠣᠭᠤᠳᠴᠤ ᠲᠠᠶᠢᠯᠪᠤᠷᠢᠯᠠᠬᠤ ᠠᠵᠢᠯ ᠢ ᠢᠳᠡᠪᠬᠢᠲᠡᠶ ᠰᠠᠶᠢᠲᠤᠷ ᠬᠢᠵᠦ᠂ ᠡᠯ᠎ᠡ ᠭᠠᠵᠠᠷ ᠤᠨ ᠲᠠᠷᠢᠶᠠᠯᠠᠩ ᠬᠥᠳᠡᠭᠡ | ᠲᠣᠰᠬᠤᠨ ᠤ ᠰᠠᠯᠠᠭ᠎ᠠ ᠮᠥᠴᠢᠷ ᠪᠠ ᠥᠷᠭᠡᠨ ᠣᠯᠠᠨ ᠬᠥᠳᠡᠭᠡ ᠲᠣᠰᠬᠤᠨ ᠤ ᠺᠠᠳ᠋ᠷ ᠣᠯᠠᠨ ᠲᠦᠮᠡᠨ᠂ ᠡᠯ᠎ᠡ | ᠲᠥᠷᠥᠯ ᠤᠨ ᠭᠤᠣᠯ ᠴᠣᠭᠴᠠ ᠶᠢᠨ ᠬᠠᠤᠯᠢ ᠴᠠᠭᠠᠵᠠ ᠶᠢᠨ ᠬᠤᠯᠪᠣᠭᠳᠠᠯ ᠪᠥᠬᠦᠶ ᠲᠣᠭᠲᠠᠭᠠᠯ ᠢ ᠣᠨᠣᠪᠴᠢᠲᠠᠶ | ᠤᠶᠢᠯᠠᠭᠠᠨ ᠡᠵᠡᠮᠰᠢᠬᠦ ᠶᠢ ᠵᠢᠯᠣᠭᠤᠳᠤᠨ ᠬᠠᠪᠰᠤᠷᠤᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠠᠬᠢᠭᠤᠯᠬᠤ ᠬᠠᠤᠯᠢ ᠶᠢ ᠬᠠᠤᠯᠢ ᠴᠠᠭᠠᠵᠠ ᠶᠢᠨ ᠬᠡᠯᠪᠡᠷᠢ ᠪᠠᠷ ᠵᠢᠯ ᠪᠦᠷᠢ ᠶᠢᠨ ᠪᠢᠯᠢᠭ ᠤᠨ ᠤᠯᠠᠷᠢᠯ ᠤᠨ ᠨᠠᠮᠤᠷ ᠤᠨ | ᠬᠤᠭᠤᠰ ᠤᠨ ᠡᠳᠦᠷ ᠢ ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ ᠤᠨ ᠡᠳᠦᠷ | ᠢᠶᠠᠷ ᠲᠣᠭᠲᠠᠭᠠᠵᠤ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠬᠠᠤᠯᠢ ᠴᠠᠭᠠᠵᠠ ᠶᠢ ᠨᠡᠶᠢᠲᠡᠯᠡᠵᠦ ᠬᠡᠷᠡᠭᠵᠢᠭᠦᠯᠬᠦ | ᠪᠠᠷ ᠠᠵᠠ ᠲᠣᠬᠢᠶᠠᠯ ᠪᠣᠯᠭᠠᠨ᠂ ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ ᠤᠨ | ᠰᠢᠷᠢᠰ ᠠᠵᠢᠯᠯᠠᠭ᠎ᠠ ᠪᠠᠷ ᠳᠠᠮᠵᠢᠭᠤᠯᠤᠨ᠂ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠨᠡᠶᠢᠭᠡᠮ ᠳᠠᠶᠠᠭᠠᠷ ᠲᠤ | ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠬᠠᠤᠯᠢ ᠶᠣᠰᠣᠭᠠᠷ ᠠᠬᠢᠭᠤᠯᠬᠤ ᠰᠠᠶᠢᠨ | ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃ | ᠳᠦᠷᠢᠮ ᠢ ᠢᠵᠢ ᠪᠦᠷᠢᠳᠦᠭᠦᠯᠬᠦ ᠶᠢ ᠴᠢᠩᠭᠠᠳᠬᠠᠵᠤ᠂ ᠡᠭᠦᠷᠭᠡ ᠶᠢ ᠨᠠᠷᠢᠯᠢᠭᠵᠢᠭᠤᠯᠤᠨ | ᠨᠠᠶᠢᠳᠠᠪᠤᠷᠢᠵᠢᠭᠤᠯᠤᠨ᠎ᠠ᠃ ᠲᠠᠷᠢᠶᠠᠯᠠᠩ ᠬᠥᠳᠡᠭᠡ ᠲᠣᠰᠬᠤᠨ ᠤ ᠶᠠᠮᠤᠨ ᠬᠠᠤᠯᠢ ᠳᠤ ᠲᠣᠭᠲᠠᠭᠠᠭᠰᠠᠨ ᠡᠭᠦᠷᠭᠡ | ᠬᠠᠷᠢᠭᠤᠴᠠᠯᠭ᠎ᠠ ᠶᠣᠰᠣᠭᠠᠷ᠂ ᠲᠠᠷᠢᠶᠠᠯᠠᠩ ᠬᠥᠳᠡᠭᠡ ᠲᠣᠰᠬᠤᠨ ᠤ ᠬᠥᠭᠵᠢᠯᠲᠡ ᠶᠢᠨ 《 ᠠᠷᠪᠠᠨ ᠳᠥᠷᠪᠡᠳᠦᠭᠡᠷ | ᠲᠠᠪᠤᠨ ᠵᠢᠯ 》 ᠤᠨ ᠲᠥᠯᠥᠪᠵᠢᠭᠦᠯᠭᠡ ᠶᠢ ᠲᠣᠭᠲᠠᠭᠠᠬᠤ ᠲᠠᠢ ᠤᠶᠠᠯᠳᠤᠭᠤᠯᠵᠤ᠂ ᠲᠥᠷᠥ ᠶᠢᠨ ᠪᠣᠳᠣᠯᠭ᠎ᠠ ᠶᠢᠨ | ᠦᠵᠦ ᠲᠥᠯᠥᠪᠯᠡᠭᠡ ᠶᠢ ᠴᠢᠩᠭᠠᠳᠬᠠᠵᠤ᠂ ᠢᠵᠢ ᠪᠥᠷᠢᠳᠦᠭᠰᠡᠨ ᠲᠦᠷᠢᠮ ᠢ ᠪᠠᠶᠢᠭᠤᠯᠤᠨ ᠪᠦᠷᠢᠨᠰᠢᠭᠦᠯᠦᠨ᠎ᠡ᠃ | ᠡᠭᠦᠨ ᠤ ᠬᠠᠮᠲᠤ ᠬᠠᠤᠯᠢ ᠲᠣᠭᠲᠠᠭᠠᠬᠤ ᠪᠠᠶᠢᠭᠤᠯᠭ᠎ᠠ ᠲᠠᠢ ᠢᠳᠡᠪᠬᠢᠲᠡᠢ ᠪᠠᠷ ᠬᠠᠮᠵᠢᠯᠴᠠᠨ ᠠᠮᠤ ᠪᠤᠳᠠᠭᠠᠨ ᠤ ᠠᠮᠤᠷ | ᠲᠦᠪᠰᠢᠨ ᠢ ᠪᠠᠲᠤᠯᠠᠬᠤ ᠬᠠᠤᠯᠢ᠂ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ | ᠬᠠᠤᠯᠢ᠂ ᠤᠷᠭᠤᠮᠠᠯ ᠤᠨ ᠰᠢᠨ᠎ᠡ ᠡᠭᠦᠯᠳᠡᠷ ᠢ ᠬᠠᠮᠠᠭᠠᠯᠠᠬᠤ ᠳᠦᠷᠢᠮ ᠵᠡᠷᠭᠡ ᠬᠠᠤᠯᠢ ᠴᠠᠭᠠᠵᠠ᠂ ᠵᠠᠰᠠᠭ ᠵᠠᠬᠢᠷᠭᠠᠨ ᠤ | ᠬᠠᠤᠯᠢ ᠲᠣᠭᠲᠠᠭᠠᠯ ᠢ ᠲᠣᠭᠲᠠᠭᠠᠨ ᠵᠠᠰᠠᠪᠤᠷᠢ ᠣᠷᠣᠭᠤᠯᠵᠤ᠂ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ | ᠶᠢᠨ ᠵᠣᠬᠢᠶᠠᠨ ᠪᠠᠶᠢᠭᠤᠯᠤᠯᠲᠠ ᠶᠢᠨ ᠬᠠᠤᠯᠢ ᠶᠢ ᠰᠤᠳᠤᠯᠤᠨ ᠲᠣᠭᠲᠠᠭᠠᠨ᠎ᠠ᠃ ᠣᠷᠣᠨ ᠨᠤᠲᠤᠭ ᠢ ᠵᠢᠯᠤᠭᠤᠳᠴᠤ | ᠪᠠᠶᠢᠭᠠᠳ ᠲᠠᠷᠢᠶᠠᠯᠠᠩ ᠤᠨ ᠲᠠᠯ᠎ᠠ ᠶᠢᠨ ᠣᠨᠴᠠᠯᠢᠭ ᠲᠠᠢ ᠬᠠᠤᠯᠢ ᠲᠣᠭᠲᠠᠭᠠᠬᠤ ᠶᠢ ᠲᠦᠷᠭᠡᠳᠬᠡᠵᠦ᠂ ᠭᠠᠵᠠᠷ ᠣᠷᠣᠨ | ᠤ ᠪᠠᠶᠢᠳᠠᠯ ᠳᠤ ᠪᠠᠨ ᠲᠤᠬᠢᠷᠠᠭᠤᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠯ᠎ᠠ ᠶᠢᠨ ᠣᠷᠣᠨ | ᠨᠤᠲᠤᠭ ᠤᠨ ᠴᠢᠨᠠᠷᠲᠠᠢ ᠬᠠᠤᠯᠢ ᠲᠦᠷᠢᠮ᠂ ᠲᠦᠷᠢᠮ ᠲᠣᠭᠲᠠᠭᠠᠯ ᠢ ᠲᠥᠬᠦᠷᠵᠢᠭᠦᠯᠦᠨ ᠲᠣᠭᠲᠠᠭᠠᠵᠤ᠂ ᠬᠠᠤᠯᠢ | ᠴᠠᠭᠠᠵᠠ ᠳᠤ ᠲᠣᠭᠲᠠᠭᠠᠭᠰᠠᠨ ᠴᠢᠬᠤᠯᠠ ᠵᠠᠷᠴᠢᠮ ᠪᠣᠯᠤᠨ ᠲᠦᠷᠢᠮ ᠤᠨ ᠱᠠᠭᠠᠷᠳᠠᠯᠭ᠎ᠠ ᠵᠡᠷᠭᠡ ᠶᠢ ᠬᠡᠷᠡᠭᠵᠢᠭᠦᠯᠵᠦ | ᠪᠣᠯᠬᠤ᠂ ᠬᠢᠨᠠᠨ ᠰᠢᠯᠭᠠᠵᠤ ᠪᠣᠯᠬᠤ᠂ ᠨᠠᠶᠢᠳᠠᠪᠤᠷᠢᠵᠢᠭᠤᠯᠵᠤ ᠪᠣᠯᠬᠤ ᠲᠦᠷᠢᠮ ᠠᠷᠭ᠎ᠠ ᠬᠡᠮᠵᠢᠶ᠎ᠡ ᠪᠣᠯᠭᠠᠨ | ᠬᠤᠪᠢᠷᠠᠭᠤᠯᠤᠨ᠎ᠠ᠃ | ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ ᠶᠢ ᠴᠢᠩᠭᠠᠳᠬᠠᠵᠤ᠂ ᠠᠬᠢᠭᠤᠯᠬᠤ ᠬᠠᠮᠲᠤᠷᠠᠯ ᠬᠦᠴᠦᠨ ᠢ | ᠪᠦᠷᠢᠯᠳᠦᠭᠦᠯᠦᠨ᠎ᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠠᠤᠯᠢ ᠳᠤ ᠤᠯᠤᠰ | ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ | ᠶᠢ ᠲᠣᠳᠣᠷᠬᠠᠶᠢᠯᠠᠪᠠ᠃ ᠡᠯ᠎ᠡ ᠱᠠᠲᠤᠨ ᠤ ᠵᠠᠰᠠᠭ ᠤᠨ ᠣᠷᠳᠣᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠰᠢᠯᠭᠠᠨ ᠬᠢᠨᠠᠵᠤ ᠦᠨᠡᠯᠡᠬᠦ ᠲᠦᠷᠢᠮ᠂ ᠠᠵᠢᠯ ᠤᠨ ᠣᠨ ᠤ ᠮᠡᠳᠡᠭᠦᠯᠦᠯᠲᠡ ᠶᠢᠨ ᠲᠦᠷᠢᠮ ᠪᠠ | ᠬᠢᠨᠠᠯᠲᠠ ᠲᠠᠯᠪᠢᠵᠤ ᠪᠠᠶᠢᠴᠠᠭᠠᠬᠤ ᠲᠦᠷᠢᠮ ᠢ ᠪᠠᠶᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠠᠬᠢᠴᠠ ᠶᠢ ᠪᠤᠰᠤᠳᠴᠢ ᠪᠠᠷ ᠲᠤᠰᠬᠠᠬᠤ ᠭᠦᠶᠴᠡᠳᠬᠡᠯ ᠲᠤᠭ᠎ᠠ ᠪᠠ ᠲᠤᠭ᠎ᠠ ᠪᠦᠷᠢᠳᠬᠡᠯ ᠤᠨ ᠰᠢᠰᠲ᠋ᠧᠮ ᠪᠠᠶᠢᠭᠤᠯᠬᠤ | ᠶᠢ ᠠᠬᠢᠭᠤᠯᠬᠤ ᠬᠡᠷᠡᠭᠲᠡᠶ᠃ ᠡᠭᠦᠨ ᠤ ᠬᠠᠮᠲᠤ᠂ ᠬᠠᠤᠯᠢ ᠴᠠᠭᠠᠵᠠ ᠠᠴᠠ ᠲᠠᠷᠢᠶᠠᠯᠠᠩ ᠬᠥᠳᠡᠭᠡ ᠲᠣᠰᠬᠤᠨ ᠤ ᠶᠠᠮᠤᠨ | ᠳᠤ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ᠂ ᠬᠤᠷᠸ᠎ᠠ ᠵᠢᠯᠣᠭᠤᠳᠣᠯᠭ᠎ᠠ ᠬᠢᠬᠦ ᠪᠠ ᠪᠥᠬᠦ ᠤᠯᠤᠰ ᠤᠨ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠠᠵᠢᠯ ᠳᠤ ᠬᠢᠨᠠᠯᠲᠠ ᠲᠠᠯᠪᠢᠬᠤ ᠬᠠᠤᠯᠢ ᠳᠤ | ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠣᠯᠭᠤᠪᠠ᠂ ᠡᠭᠦᠨ ᠤ ᠲᠤᠰᠠᠳᠠ᠂ ᠡᠯ᠎ᠡ ᠱᠠᠲᠤᠨ ᠤ ᠲᠠᠷᠢᠶᠠᠯᠠᠩ | ᠬᠥᠳᠡᠭᠡ ᠲᠣᠰᠬᠤᠨ ᠤ ᠰᠠᠯᠠᠭ᠎ᠠ ᠮᠥᠴᠢᠷ ᠤᠨ ᠬᠢᠨ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠵᠢᠯᠴᠠᠨ | ᠠᠵᠢᠯᠯᠠᠬᠤ ᠪᠠᠨ ᠰᠠᠶᠢᠲᠤᠷ ᠬᠢᠵᠦ᠂ ᠳᠡᠭᠡᠳᠦ ᠳᠣᠤᠷᠠᠳᠤ ᠱᠠᠲᠤ ᠪᠠᠷ ᠢᠶᠠᠨ ᠨᠡᠪᠲᠡᠷᠡᠯᠴᠡᠭᠰᠡᠨ᠂ ᠲᠣᠰ ᠲᠣᠰ ᠤᠨ | ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠭᠰᠡᠨ᠂ ᠲᠤᠭᠤᠰᠢᠲᠠᠢ ᠠᠳᠬᠤᠭᠰᠠᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠠᠵᠢᠯ ᠤᠨ ᠰᠢᠰᠲ᠋ᠧᠮ ᠢ ᠪᠠᠶᠢᠭᠤᠯᠤᠨ ᠪᠦᠷᠢᠨᠰᠢᠬᠦᠯᠬᠦ ᠬᠡᠷᠡᠭᠲᠡᠶ᠃ | | | ( ᠢᠷᠡᠯᠲᠡ᠄ ᠲᠠᠷᠢᠶᠠᠴᠢᠨ ᠤ ᠡᠳᠦᠷ ᠤᠨ ᠰᠣᠨᠢᠨ ) | ᠬᠠᠷᠢᠭᠤᠴᠠᠯᠭᠠᠲᠤ ᠨᠠᠶᠢᠷᠠᠭᠤᠯᠤᠭᠴᠢ᠄ ᠬᠠᠨ ᠰᠢᠤᠢ |