ᠠᠳᠣᠭᠤ ᠲᠠᠮᠠᠭᠠᠯᠠᠬᠤ
ᠨᠡᠶᠢᠲᠡᠯᠡᠭᠰᠡᠨ ᠴᠠᠭ᠄
2021/8/4
     ᠮᠣᠷᠢ ᠶᠢ ᠬᠤᠶᠠᠷ ᠨᠠᠰᠤᠨ ᠳᠡᠭᠡᠷ᠎ᠡ ᠨᠢ ᠲᠠᠮᠠᠭᠠᠯᠠᠳᠠᠭ᠃ ᠤᠯᠠᠩᠬᠢ ᠭᠠᠵᠠᠷ ᠲᠤ ᠳᠠᠭ᠎ᠠ ᠲᠠᠮᠠᠭᠠᠯᠠᠬᠤ ᠭᠡᠳᠡᠭ᠃ ᠮᠣᠩᠭᠤᠯᠴᠣᠳ ᠤᠨ ᠤᠯᠠᠮᠵᠢᠯᠠᠯᠲᠤ ᠵᠠᠩᠰᠢᠯ ᠢᠶᠠᠷ ᠵᠦᠪ ᠲᠠᠯ᠎ᠠ ᠶᠢᠨ ᠭᠤᠶᠠᠨ ᠳᠤᠨᠢ ᠲᠠᠮᠠᠭ᠎ᠠ ᠳᠠᠷᠣᠵᠣ᠂ ᠪᠤᠷᠤᠭᠤ ᠲᠠᠯ᠎ᠠ ᠶᠢᠨ ᠴᠢᠬᠢᠨ ᠳᠤᠨᠢ ᠢᠮ ᠬᠢᠳᠡᠭ᠃      ᠠᠳᠣᠭᠤ ᠲᠠᠮᠠᠭᠠᠯᠠᠬᠤ ᠶᠢ ᠤᠯᠠᠩᠬᠢ ᠳᠠᠭᠠᠨ ᠬᠠᠩᠰᠢ ᠶᠢᠨ ᠡᠳᠦᠷ ᠢ ᠲᠣᠬᠢᠶᠠᠯᠳᠣᠭᠤᠯᠳᠠᠭ᠃ ᠬᠡᠷᠪᠡ ᠬᠠᠩᠰᠢ ᠶᠢᠨ ᠡᠳᠦᠷ ᠰᠠᠯᠬᠢ ᠰᠢᠭᠤᠷᠭ᠎ᠠ ᠶᠡᠬᠡᠲᠡᠢ ᠪᠣᠯ ᠲᠤᠩᠭᠠᠯᠠᠭ ᠰᠠᠶᠢᠬᠠᠨ ᠡᠳᠦᠷ ᠢ ᠡᠷᠢᠵᠦ᠂ ᠦᠯᠵᠡᠶᠢᠲᠦ ᠰᠠᠶᠢᠨ ᠡᠳᠦᠷ ᠢ ᠰᠣᠩᠭᠤᠨ ᠠᠳᠣᠭᠤ ᠪᠠᠨ ᠲᠠᠮᠠᠭᠠᠯᠠᠨ᠎ᠠ᠃ ᠮᠠᠯᠴᠢᠳ ᠲᠠᠪᠤᠨ ᠬᠤᠰᠢᠭᠤ ᠮᠠᠯ ᠢ ᠪᠦᠷ ᠲᠠᠮᠠᠭᠠᠯᠠᠵᠤ ᠢᠮᠨᠡᠳᠡᠭ ᠪᠣᠯᠪᠠᠴᠤ ᠠᠳᠣᠭᠤ ᠲᠠᠮᠠᠭᠠᠯᠠᠬᠤ ᠶᠢ ᠤᠨᠴᠠᠭᠠᠶᠢᠯᠠᠨ ᠬᠦᠨᠳᠦᠳᠭᠡᠨ ᠦᠵᠡᠳᠡᠭ ᠶᠤᠮ᠃      ᠠᠳᠣᠭᠤ ᠲᠠᠮᠠᠭᠠᠯᠠᠬᠤ ᠠᠶᠢᠯ ᠤᠨ ᠬᠢᠨ ᠲᠠᠮᠠᠭᠠᠯᠠᠬᠤ ᠡᠳᠦᠷ ᠪᠠ ᠤᠷᠤᠨ ᠪᠠᠶᠢᠷᠢ ᠪᠠᠨ ᠲᠤᠭᠲᠠᠭᠰᠠᠨ ᠤ ᠳᠠᠷᠠᠭ᠎ᠠ ᠠᠶᠢᠯ ᠬᠤᠲᠠᠨ ᠳᠠᠭᠠᠨ ᠴᠢᠮᠡᠭᠡ ᠲᠠᠷᠬᠠᠭᠠᠨ᠂ ᠲᠠᠮᠠᠭᠠᠯᠠᠬᠤ ᠳᠠᠭᠠᠨ ᠤᠷ᠎ᠠ ᠳᠡᠮ ᠲᠠᠢ ᠵᠠᠯᠠᠭᠤᠴᠤᠳ ᠢ ᠤᠷᠢᠨ ᠵᠠᠯᠠᠳᠠᠭ᠃ ᠲᠡᠭᠡᠭᠡᠳ ᠲᠡᠷᠡ ᠡᠳᠦᠷ ᠤᠨ ᠬᠢᠨᠢ ᠦᠷᠯᠦᠭᠡ ᠡᠷᠲᠡ ᠪᠠᠷ ᠲᠠᠮᠠᠭᠠᠯᠠᠬᠤ ᠳᠠᠭ᠎ᠠ ᠪᠠᠨ ᠲᠤᠭᠲᠠᠭᠰᠠᠨ ᠭᠠᠵᠠᠷ ᠲᠤ ᠴᠤᠭᠯᠠᠭᠤᠯᠤᠨ᠎ᠠ᠃ ᠳᠠᠷᠠᠭ᠎ᠠ ᠨᠢ ᠡᠷᠦᠬᠡ ᠶᠢᠨ ᠡᠵᠡᠨ ᠮᠠᠯ ᠤᠨ ᠲᠠᠮᠠᠭ᠎ᠠ ᠪᠠᠨ ᠠᠪᠴᠤ᠂ ᠭᠠᠯ ᠭᠤᠯᠤᠮᠲᠠ ᠳᠠᠭᠠᠨ ᠬᠦᠵᠢ᠂ ᠠᠷᠴᠠ ᠽᠠᠨᠳᠠᠨ ᠤ ᠵᠦᠢᠯ ᠢ ᠠᠰᠠᠭᠠᠨ᠂ ᠠᠷᠢᠭᠤᠨ ᠰᠠᠶᠢᠬᠠᠨ ᠦᠨᠦᠷ ᠭᠠᠷᠭᠠᠵᠤ ᠲᠠᠮᠠᠭ᠎ᠠ ᠶᠢᠨ ᠲᠤᠯᠤᠭᠠᠢ ᠶᠢ ᠤᠲᠤᠭᠠᠨ ᠳᠡᠭᠡᠭᠦᠷ ᠵᠦᠪ ᠢᠶᠠᠷ ᠭᠤᠷᠪᠠ ᠡᠷᠭᠢᠭᠦᠯᠦᠨ ᠠᠷᠢᠭᠤᠳᠬᠠᠵᠤ ᠮᠠᠯ ᠲᠠᠮᠠᠭᠠᠯᠠᠬᠤ ᠭᠠᠵᠠᠷ ᠲᠤ ᠠᠪᠴᠤ ᠶᠠᠪᠤᠨ᠎ᠠ᠃ ᠡᠨᠡ ᠦᠶᠡᠰ ᠠᠶᠢᠯ ᠬᠤᠲᠠᠨ ᠤ ᠬᠢᠨᠢ ᠬᠡᠨ ᠨᠢᠭᠡᠨ ᠨᠢ ᠪᠣᠶᠣ ᠡᠰᠡᠭᠦᠯ᠎ᠡ ᠨᠤᠲᠤᠭ ᠤᠰᠤᠨ ᠤ ᠬᠢᠨᠢ ᠲᠣᠮᠣᠭᠠᠲᠠᠨ ᠠᠴᠠ ᠲᠠᠮᠠᠭᠠᠯᠠᠬᠤ ᠭᠠᠵᠠᠷ ᠲᠤ ᠬᠦᠷᠴᠦ ᠭᠤᠷᠪᠠᠨ ᠴᠢᠯᠠᠭᠤ ᠶᠢ ᠴᠢᠨᠳᠠᠮᠤᠨᠢ ᠲᠠᠮᠠᠭ᠎ᠠ ᠶᠢᠨ ᠬᠡᠯᠪᠡᠷᠢ ᠪᠠᠷ ᠭᠤᠷᠪᠠᠯᠵᠢᠯᠠᠨ ᠪᠤᠰᠬᠠᠵᠤ ᠲᠠᠯᠪᠢᠭᠠᠳ ᠭᠤᠷᠪᠠᠨ ᠬᠡᠰᠡᠭ ᠴᠢᠯᠠᠭᠤᠨ ᠳᠡᠭᠡᠷ᠎ᠡ ᠪᠠᠨ ᠰᠢᠷ᠎ᠠ ᠲᠤᠰᠤ᠂ ᠰᠦ᠂ ᠰᠦ ᠲᠠᠢ ᠴᠠᠢ ᠵᠡᠷᠭᠡ ᠶᠢ ᠮᠢᠯᠢᠶᠠᠨ᠂ ᠳᠠᠷᠠᠭ᠎ᠠ ᠨᠢ ᠠᠷᠭᠠᠯ ᠵᠡᠷᠭᠡᠯᠡᠨ ᠤᠪᠤᠭᠠᠯᠠᠵᠤ ᠭᠠᠯ ᠬᠦᠭᠵᠢᠭᠡᠨ᠎ᠡ᠃ ᠲᠡᠭᠡᠬᠦ ᠳᠡᠭᠡᠨ ᠡᠷᠬᠡᠪᠰᠢ ᠲᠠᠮᠠᠭᠠᠯᠠᠬᠤ ᠮᠠᠯ ᠢ ᠴᠤᠭᠯᠠᠭᠤᠯᠵᠤ ᠢᠷᠡᠬᠦ ᠠᠴᠠ ᠡᠮᠦᠨ᠎ᠡ ᠭᠠᠯ ᠢᠶᠠᠨ ᠬᠦᠭᠵᠢᠭᠡᠬᠦ ᠬᠡᠷᠡᠭᠲᠡᠢ᠃ ᠲᠠᠮᠠᠭ᠎ᠠ ᠠᠪᠴᠤ ᠢᠷᠡᠭᠰᠡᠨ ᠬᠦᠮᠦᠨ ᠲᠠᠮᠠᠭ᠎ᠠ ᠪᠠᠨ ᠳᠦᠷᠡᠯᠵᠡᠨ ᠨᠤᠴᠤᠵᠤ ᠪᠠᠶᠢᠭ᠎ᠠ ᠭᠠᠯ ᠤᠨ ᠳᠡᠭᠡᠭᠦᠷ ᠵᠦᠪ ᠢᠶᠠᠷ ᠭᠤᠷᠪᠠᠨᠲᠠ ᠡᠷᠭᠢᠭᠦᠯᠦᠭᠡᠳ ᠳᠠᠷᠠᠭ᠎ᠠ ᠨᠢ ᠡᠬᠢᠯᠡᠨ ᠤᠯᠠᠶᠢᠰᠬᠠᠨ᠎ᠠ᠃      ᠡᠨᠡ ᠦᠶ᠎ᠡ ᠳᠤ ᠡᠷᠦᠬᠡ ᠶᠢᠨ ᠡᠵᠡᠨ ᠠᠴᠠ ᠡᠨᠡ ᠡᠳᠦᠷ ᠤᠨ ᠠᠳᠣᠭᠤ ᠲᠠᠮᠠᠭᠠᠯᠠᠬᠤ ᠠᠵᠢᠯ ᠡᠬᠢᠯᠡᠬᠦ ᠶᠢ ᠵᠠᠷᠯᠠᠵᠤ᠂ ᠲᠤᠰᠬᠠᠢ ᠢᠷᠦᠭᠡᠯᠴᠢ ᠪᠣᠶᠣ ᠠᠶᠢᠯ ᠬᠤᠲᠠ ᠶᠢᠨ ᠲᠤᠮᠤᠭᠠᠲᠠᠨ ᠠᠴᠠ ᠢᠷᠦᠭᠡᠯ ᠬᠡᠯᠡᠭᠡᠳ ᠲᠠᠮᠠᠭᠠᠯᠠᠬᠤ ᠠᠵᠢᠯ ᠡᠬᠢᠯᠡᠨ᠎ᠡ᠃      ᠬᠠᠮᠤᠭ ᠤᠨ ᠲᠡᠷᠢᠭᠦᠨ ᠳᠤ ᠲᠠᠮᠠᠭᠠᠯᠠᠬᠤ ᠳᠠᠭ᠎ᠠ ᠶᠢ ᠵᠠᠷᠢᠮ ᠭᠠᠵᠠᠷ ᠤᠨ ᠬᠢᠨ ᠪᠣᠯ ᠣᠨ ᠣᠨ ᠳᠠᠭᠠᠨ ᠲᠦᠯ  ᠲᠠᠢ᠂ ᠤᠳᠤᠮ ᠤᠭᠰᠠᠭ᠎ᠠ ᠳᠤᠨᠢ ᠰᠠᠶᠢᠨ ᠮᠣᠷᠢ ᠭᠠᠷᠳᠠᠭ ᠦᠬᠢᠨ ᠳᠠᠭ᠎ᠠ ᠠᠴᠠ ᠡᠬᠢᠯᠡᠳᠡᠭ᠃ ᠭᠡᠲᠡᠯ᠎ᠡ ᠵᠠᠷᠢᠮ ᠭᠠᠵᠠᠷ ᠤᠨ ᠬᠢᠨ ᠡᠷ᠎ᠡ ᠴᠢᠳᠠᠯ ᠰᠠᠶᠢᠲᠠᠢ᠂ ᠰᠠᠶᠢᠨ ᠤᠳᠤᠮ ᠤᠨ ᠠᠳᠣᠭᠤᠨ ᠤ ᠠᠵᠢᠷᠭ᠎ᠠ ᠲᠠᠯᠪᠢᠬᠤ ᠪᠠᠷ ᠲᠤᠭᠲᠠᠭᠠᠭᠰᠠᠨ ᠡᠷ᠎ᠡ ᠲᠠᠭ᠎ᠠ ᠪᠠᠷ ᠡᠬᠢᠯᠡᠳᠡᠭ᠃ ᠡᠬᠢᠨ ᠤ ᠲᠠᠮᠠᠭ᠎ᠠ ᠶᠢ ᠬᠠᠰᠢᠷ ᠲᠤᠷᠰᠢᠯᠭ᠎ᠠ ᠲᠠᠢ ᠠᠬᠠᠮᠠᠳ ᠮᠠᠯᠴᠢᠨ ᠪᠣᠶᠣ ᠠᠶᠢᠯ ᠤᠰᠣᠨ ᠤ ᠲᠤᠮᠤᠭᠠᠲᠠᠨ ᠡᠬᠢᠯᠡᠵᠦ ᠲᠠᠮᠠᠭᠠᠯᠠᠨ᠎ᠠ᠃ ᠲᠠᠮᠠᠭᠠᠯᠠᠬᠤ ᠬᠦᠮᠦᠨ ᠳᠠᠭ᠎ᠠ ᠶᠢᠨ ᠵᠦᠪ ᠲᠠᠯ᠎ᠠ ᠶᠢᠨ ᠭᠤᠶ᠎ᠠ ᠳᠡᠭᠡᠷ᠎ᠡ ᠲᠠᠮᠠᠭᠠᠯᠠᠬᠤ ᠤᠷᠤᠨ ᠢ ᠨᠢ ᠲᠤᠭᠲᠠᠭᠠᠭᠰᠠᠨ ᠤ ᠳᠠᠷᠠᠭ᠎ᠠ ᠲᠡᠷᠡ ᠤᠷᠤᠨ ᠠᠴᠠ ᠨᠢᠭᠡ ᠪᠣᠷᠴᠠ ᠦᠰᠦ ᠬᠠᠶᠢᠴᠢᠯᠠᠨ ᠠᠪᠤᠭᠠᠳ᠂ ᠲᠡᠭᠦᠨ ᠤ ᠲᠤᠲᠤᠷ᠎ᠠ ᠠᠴᠠ ᠬᠡᠳᠦᠨ ᠰᠢᠷᠬᠡᠭ ᠦᠰᠦ ᠶᠢ ᠴᠢᠮᠬᠢᠨ ᠠᠪᠴᠤ ᠲᠠᠷᠨᠢᠳᠠᠨ ᠦᠯᠢᠶᠡᠵᠦ ᠬᠡᠶᠢᠰᠬᠡᠨ ᠶᠠᠪᠤᠭᠤᠯᠤᠭᠠᠳ ᠪᠤᠰᠤᠳ ᠢ ᠨᠢ ᠡᠵᠡᠨ ᠳᠤᠨᠢ ᠭᠠᠷᠳᠠᠭᠤᠯᠤᠨ᠎ᠠ᠃ ᠳᠠᠷᠠᠭ᠎ᠠ ᠨᠢ ᠤᠯᠠᠶᠢᠭᠰᠠᠨ ᠲᠠᠮᠠᠭ᠎ᠠ ᠪᠠᠨ ᠠᠪᠴᠤ ᠲᠤᠭᠲᠠᠭᠰᠠᠨ ᠤᠷᠤᠨ ᠳᠤᠨᠢ ᠬᠦᠨᠳᠦ ᠬᠦᠩᠬᠡᠨ ᠨᠢ ᠲᠡᠩᠴᠡᠭᠦᠷᠢᠲᠡᠢ ᠪᠠᠷ ᠲᠠᠮᠠᠭ᠎ᠠ ᠪᠠᠨ ᠳᠠᠷᠤᠨ᠎ᠠ᠃      ᠠᠳᠣᠭᠤ ᠲᠠᠮᠠᠭᠠᠯᠠᠵᠤ ᠪᠠᠷᠠᠭᠰᠠᠨ ᠤ ᠳᠠᠷᠠᠭ᠎ᠠ ᠲᠠᠮᠠᠭ᠎ᠠ ᠠᠳᠬᠤᠵᠤ ᠪᠠᠶᠢᠭ᠎ᠠ ᠬᠦᠮᠦᠨ ᠪᠤᠶᠤ ᠡᠰᠡᠭᠦᠯ᠎ᠡ ᠭᠡᠷ ᠤᠨ ᠡᠵᠡᠨ ᠠᠴᠠ ᠦᠪᠡᠷ ᠢᠶᠠᠨ᠄ ︽ᠠᠳᠣᠭᠤ ᠮᠠᠯ ᠦᠨᠢᠷ ᠦᠰᠴᠦ ᠠᠲᠠᠷ ᠲᠠᠯ᠎ᠠ ᠶᠢ ᠳᠦᠭᠦᠷᠭᠡᠬᠦ ᠪᠣᠯᠲᠤᠭᠠᠢ᠂ ᠬᠦᠷᠦᠩᠭᠡ ᠪᠤᠶᠠᠨ ᠢᠶᠠᠨ ᠬᠦᠷᠲᠡᠭᠡᠭᠰᠡᠨ ᠮᠠᠯ ᠰᠦᠷᠦᠭ ᠮᠢᠨᠢ ᠲᠦᠮᠡ ᠪᠣᠮ ᠢᠶᠠᠷ ᠦᠷᠡᠵᠢᠲᠦᠭᠡᠢ︾ ᠭᠡᠵᠦ ᠢᠷᠦᠭᠡᠯ ᠬᠡᠯᠡᠭᠡᠳ ᠲᠠᠮᠠᠭ᠎ᠠ ᠶᠢᠨ ᠲᠤᠯᠤᠭᠠᠢ ᠶᠢ ᠳᠦᠷᠡᠯᠵᠡᠵᠦ ᠪᠠᠶᠢᠭ᠎ᠠ ᠭᠠᠯ ᠳᠡᠭᠡᠭᠦᠷ ᠵᠦᠪ ᠢᠶᠠᠷ ᠭᠤᠷᠪᠠ ᠡᠷᠭᠢᠭᠦᠯᠦᠭᠡᠳ ᠲᠠᠮᠠᠭ᠎ᠠ ᠪᠠᠨ ᠬᠤᠷᠢᠶᠠᠨ ᠠᠪᠤᠨ᠎ᠠ᠃      ︵ᠢᠷᠡᠯᠲᠡ᠄ ᠪᠤᠷᠵᠤᠤ᠂ ᠤᠯᠠᠭᠠᠨᠪᠠᠭᠠᠲᠤᠷ᠂ ᠲᠠᠨ᠎ᠠ ᠶᠢᠨ ᠨᠠᠶᠢᠷᠠᠭᠤᠯᠤᠭᠰᠠᠨ ︽ᠲᠠᠪᠤᠨ ᠬᠤᠰᠢᠭᠤ ᠮᠠᠯ ᠤᠨ ᠠᠷᠠᠴᠢᠯᠠᠭ᠎ᠠ ᠶᠢᠨ ᠰᠤᠶᠤᠯ︾ ᠭᠡᠬᠦ ᠨᠤᠮ ᠠᠴᠠ ᠰᠤᠩᠭᠤᠨ ᠰᠡᠶᠢᠷᠡᠭᠦᠯᠪᠡ᠃︶
 
ᠢᠷᠡᠯᠲᠡ᠄ ︽ᠲᠠᠪᠤᠨ ᠬᠤᠰᠢᠭᠤ ᠮᠠᠯ ᠤᠨ ᠠᠷᠠᠴᠢᠯᠠᠭ᠎ᠠ ᠶᠢᠨ ᠰᠤᠶᠤᠯ︾
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号