12 ᠳ᠋ᠤᠭᠠᠷ ᠰᠠᠷ᠎ᠠ ᠶᠢᠨ 14 ᠤ ᠡᠳᠦᠷ ᠠᠴᠠ 16 ᠤ ᠡᠳᠦᠷ ᠦᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ | ᠬᠤᠸᠠᠩ ᡁᠢ ᠴᠢᠶᠠᠩ ᠬᠢᠩᠭᠠᠨ ᠠᠶᠢᠮᠠᠭ ᠲᠤ ᠭᠦᠨᠵᠡᠭᠡᠶᠢᠷᠡᠵᠦ ᠪᠠᠶᠢᠴᠠᠭᠠᠨ ᠰᠤᠳᠤᠯᠤᠯᠲᠠ ᠬᠢᠬᠦ ᠳᠤ ᠪᠠᠨ᠂ ᠨᠠᠮ ᠤᠨ ᠠᠷᠪᠠ | ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ | ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠣᠶ ᠪᠣᠯᠭᠠᠨ᠂ ᠲᠣᠰ ᠪᠡᠶ᠎ᠡ ᠶᠢᠨ | ᠴᠢᠳᠠᠮᠵᠢ ᠶᠢᠨ ᠪᠠᠶᠢᠷᠢ ᠲᠣᠭᠲᠠᠭᠠᠯᠲᠠ᠂ ᠡᠬᠢ ᠪᠠᠶᠠᠯᠢᠭ ᠤᠨ ᠤᠭ ᠴᠢᠨᠠᠷ ᠪᠠ ᠬᠠᠷᠢᠴᠠᠭᠤᠯᠤᠭᠰᠠᠨ ᠳᠠᠪᠠᠭᠤᠯᠢᠭ ᠢ | ᠣᠨᠣᠪᠴᠢᠲᠠᠶ ᠡᠵᠡᠮᠳᠡᠵᠦ᠂ ᠪᠣᠳᠠᠲᠤ ᠴᠣᠭᠴᠠ ᠶᠢᠨ ᠠᠵᠤ ᠠᠬᠤᠶ ᠳᠤ ᠮᠥᠩᠭᠦᠨ ᠭᠦᠢᠯᠭᠡᠭᠡᠨ ᠤ ᠦᠢᠯᠡᠴᠢᠯᠡᠬᠦ ᠠᠷᠭ᠎ᠠ | ᠬᠡᠯᠪᠡᠷᠢ ᠶᠢᠨ ᠰᠢᠨ᠎ᠡ ᠶᠢ ᠡᠭᠦᠳᠴᠦ᠂ ᠣᠷᠣᠨ ᠨᠤᠲᠤᠭ ᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | 12 ᠳ᠋ᠤᠭᠠᠷ ᠰᠠᠷ᠎ᠠ ᠶᠢᠨ 16 ᠤ ᠡᠳᠦᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ | ᠬᠢᠭᠡᠳ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠶ ᠡᠪᠯᠡᠯ ᠠᠷᠪᠠᠨ ᠬᠤᠶᠠᠳᠤᠭᠠᠷ ᠤᠳᠠᠭᠠᠨ ᠤ | ᠬᠠᠮᠲᠤᠷᠠᠭᠰᠠᠨ ᠬᠤᠷᠠᠯ ᠬᠤᠷᠠᠯᠳᠤᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠯᠮᠦᠷᠢ ᠶᠢᠨ | ᠵᠢᠱᠢᠶᠡᠴᠢ ᠪᠠ ᠲᠡᠷᠢᠭᠦᠨ ᠤ ᠠᠵᠢᠯᠲᠠᠨ ᠤ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠰᠤᠳᠤᠯᠵᠤ | ᠬᠢᠨᠠᠨ ᠵᠦᠪᠯᠡᠪᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠳᠡᠳ᠋ ᠡᠷᠬᠢᠯᠡᠭᠴᠢ᠂ ᠦᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠤᠨ ᠲᠡᠷᠢᠭᠦᠯᠡᠭᠴᠢ ᠦ᠋ | ᠲᠤᠸᠠᠨ ᠶᠢᠩ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠠᠢ ᠯᠢ ᠬᠤᠸᠠ ᠲᠤᠰ ᠬᠤᠷᠠᠯ ᠳᠤ ᠣᠷᠤᠯᠴᠠᠪᠠ᠃ | | 12 ᠳ᠋ᠤᠭᠠᠷ ᠰᠠᠷ᠎ᠠ ᠶᠢᠨ 17 ᠤ ᠡᠳᠦᠷ ᠬᠤᠶᠠᠳᠤᠭᠠᠷ ᠬᠤᠭᠤᠴᠠᠭᠠᠨ ᠤ ᠪᠡᠭᠡᠵᠢᠩ ᠥᠪᠥᠷ ᠮᠣᠩᠭᠤᠯ ᠤᠨ | ᠳᠣᠲᠣᠭᠠᠳᠤ ᠶᠢ ᠬᠠᠮᠠᠭᠠᠯᠠᠬᠤ ᠴᠠᠭᠳᠠᠭᠠᠨ ᠤ ᠶᠠᠪᠤᠳᠠᠯ ᠤᠨ ᠬᠠᠮᠲᠤᠷᠠᠯᠴᠠᠭᠠᠨ ᠤ ᠬᠠᠮᠲᠤᠷᠠᠭᠰᠠᠨ ᠬᠤᠷᠠᠯ ᠤᠯᠠᠭᠠᠨᠬᠠᠳᠠ ᠳᠤ | ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠦᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ | ᠬᠠᠮᠠᠭᠠᠯᠠᠬᠤ ᠲᠢᠩᠬᠢᠮ ᠤᠨ ᠳᠠᠷᠤᠭ᠎ᠠ ᠾᠧᠩ ᠰᠢᠶᠤᠤ ᠹᠠᠨ ᠪᠡᠭᠡᠵᠢᠩ ᠬᠤᠳᠠ ᠶᠢᠨ ᠳᠣᠲᠣᠭᠠᠳᠤ ᠶᠢ ᠬᠠᠮᠠᠭᠠᠯᠠᠬᠤ | ᠲᠣᠪᠴᠢᠶ᠎ᠡ ᠶᠢᠨ ᠳᠡᠳ᠋ ᠳᠠᠷᠤᠭ᠎ᠠ ᠰᠦᠨ ᠯᠢᠶᠠᠨ ᠬᠤᠢ ᠲᠤᠰ ᠬᠤᠷᠠᠯ ᠳᠤ ᠣᠷᠣᠯᠴᠠᠪᠠ᠃ ᠬᠤᠷᠠᠯ ᠳᠡᠭᠡᠷ᠎ᠡ᠂ ᠪᠡᠭᠡᠵᠢᠩ | ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ | ᠲᠢᠩᠬᠢᠮ ︽ᠪᠡᠭᠡᠵᠢᠩ ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠬᠡᠪ ᠴᠢᠨᠠᠷ ᠢᠶᠠᠷ ᠴᠠᠭᠳᠠᠭ᠎ᠠ ᠶᠢ | ᠬᠦᠴᠦᠷᠬᠡᠭᠵᠢᠭᠦᠯᠬᠦ ᠰᠣᠯᠢᠯᠴᠠᠭ᠎ᠠ ᠬᠠᠮᠲᠤᠷᠠᠯᠴᠠᠭᠠᠨ ᠤ ᠵᠦᠪᠯᠡᠯᠴᠡᠭᠡᠷ︾ ︽ᠪᠡᠭᠡᠵᠢᠩ ᠥᠪᠥᠷ ᠮᠣᠩᠭᠤᠯ ᠤᠨ | ᠳᠣᠲᠣᠭᠠᠳᠤ ᠶᠢ ᠬᠠᠮᠠᠭᠠᠯᠠᠬᠤ ᠡᠷᠡᠭᠦᠤ ᠶᠢᠨ ᠬᠡᠷᠡᠭ ᠢ ᠣᠨᠳᠣᠤ ᠭᠠᠵᠠᠷ ᠲᠤ ᠲᠠᠩᠨᠠᠨ ᠪᠠᠶᠢᠴᠠᠭᠠᠵᠤ ᠰᠢᠢᠳᠪᠦᠷᠢᠯᠡᠬᠦ | ᠬᠠᠮᠲᠤᠷᠠᠯᠴᠠᠭᠠᠨ ᠤ ᠵᠦᠪᠯᠡᠯᠴᠡᠭᠡᠷ︾ ︽ᠪᠡᠭᠡᠵᠢᠩ ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠠᠶᠤᠯ ᠲᠠᠢ | ᠪᠣᠳᠠᠰ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠬᠠᠮᠲᠤᠷᠠᠯᠴᠠᠭᠠᠨ ᠤ ᠵᠦᠪᠯᠡᠯᠴᠡᠭᠡᠷ︾ ᠲᠤ ᠭᠠᠷ ᠤᠨ | ᠥᠰᠥᠭ ᠵᠢᠷᠤᠪᠠ᠃ | 12 ᠳ᠋ᠤᠭᠠᠷ ᠰᠠᠷ᠎ᠠ ᠶᠢᠨ 19 ᠤ ᠡᠳᠦᠷ ᠠᠮᠤᠭᠤᠯᠠᠩᠲᠤ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠶᠢᠨ | ᠠᠵᠢᠯ ᠤᠨ ᠬᠤᠷᠠᠯ ᠬᠥᠬᠡᠬᠤᠲᠠ ᠳᠤ ᠬᠤᠷᠠᠯᠳᠤᠪᠠ᠃ ᠬᠤᠷᠠᠯ ᠠᠴᠠ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ | ᠬᠤᠷᠢᠶᠠᠨ ᠤ ᠲᠠᠪᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ᠂ ᠨᠡᠩ ᠥᠨᠳᠥᠷ ᠲᠦᠪᠰᠢᠨ ᠪᠦᠬᠦᠢ ᠠᠮᠤᠭᠤᠯᠠᠩᠲᠤ | ᠳᠤᠮᠳᠠᠳᠤ ᠤᠯᠤᠰ ᠢ ᠪᠦᠳᠦᠭᠡᠨ ᠪᠠᠶᠢᠭᠤᠯᠬᠤ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ | ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠥᠪ ᠤᠨ ᠰᠢᠢᠳᠪᠦᠷᠢᠲᠦ ᠪᠤᠳᠤᠯᠭ᠎ᠠ ᠶᠢᠨ | ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ | ᠨᠠᠶᠢᠳᠠᠪᠤᠷᠢᠵᠢᠭᠤᠯᠵᠤ᠂ 2020 ᠣᠨ ᠤ ᠠᠮᠤᠭᠤᠯᠠᠩᠲᠤ ᠥᠪᠥᠷ ᠮᠣᠩᠭᠤᠯ ᠤᠨ ᠪᠦᠳᠦᠭᠡᠨ ᠪᠠᠶᠢᠭᠤᠯᠤᠯᠲᠠ ᠶᠢᠨ ᠠᠵᠢᠯ ᠢ | ᠳ᠋ᠦᠩᠨᠡᠵᠦ᠂ ᠪᠠᠶᠢᠳᠠᠯ ᠢ ᠵᠠᠳᠠᠯᠤᠨ᠂ ᠬᠠᠷᠠᠯᠲᠠ ᠶᠢ ᠲᠤᠳᠤᠷᠬᠠᠢ ᠲᠣᠭᠲᠠᠭᠠᠵᠤ᠂ ᠨᠡᠩ ᠥᠨᠳᠥᠷ ᠲᠦᠪᠰᠢᠨ ᠪᠦᠬᠦᠢ | ᠠᠮᠤᠭᠤᠯᠠᠩᠲᠤ ᠥᠪᠥᠷ ᠮᠣᠩᠭᠤᠯ ᠢ ᠪᠦᠳᠦᠭᠡᠨ ᠪᠠᠶᠢᠭᠤᠯᠬᠤ ᠠᠵᠢᠯ ᠢᠶᠠᠨ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ | ᠯᠢᠨ ᠱᠣᠤ ᠴᠦᠨ ᠲᠤᠰ ᠬᠤᠷᠠᠯ ᠳᠤ ᠣᠷᠤᠯᠴᠠᠭᠰᠠᠨ ᠪᠦᠭᠡᠳ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠳᠡᠳ᠋ | ᠲᠡᠷᠢᠭᠦᠯᠡᠭᠴᠢ᠂ ᠦᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠳᠠᠷᠤᠭ᠎ᠠ ᠾᠧᠩ ᠰᠢᠶᠤᠤ | ᠹᠠᠨ ᠬᠤᠷᠠᠯ ᠢ ᠡᠷᠭᠢᠯᠡᠪᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶᠠᠨ ᠤ | ᠳᠠᠷᠤᠭ᠎ᠠ ᠶᠠᠩ ᠽᠦᠩ ᠷᠧᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶᠠᠨ ᠤ ᠳᠠᠷᠤᠭ᠎ᠠ ᠯᠢ ᠴᠢ | ᠯᠢᠨ ᠬᠤᠷᠠᠯ ᠳᠤ ᠣᠷᠣᠯᠴᠠᠪᠠ᠃ ᠲᠤᠰ ᠬᠤᠷᠠᠯ ᠢ ᠸᠢᠳᠢᠣ᠋ ᠶᠢᠨ ᠬᠡᠯᠪᠡᠷᠢ ᠪᠠᠷ ᠡᠯ᠎ᠡ ᠠᠶᠢᠮᠠᠭ ᠬᠤᠲᠠ ᠬᠦᠷᠲᠡᠯ᠎ᠡ | ᠬᠤᠷᠠᠯᠳᠤᠭᠤᠯᠪᠠ᠃ | 12 ᠳ᠋ᠤᠭᠠᠷ ᠰᠠᠷ᠎ᠠ ᠶᠢᠨ 21 ᠤ ᠡᠳᠦᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠡ ᠡᠯ᠎ᠡ | ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭᠠᠲᠤ ᠬᠤᠷᠠᠯ᠂ ᠨᠠᠮ ᠪᠦᠯᠦᠭ ᠤᠨ ᠪᠤᠰᠤ | ᠬᠥᠮᠦᠰ ᠤᠨ ᠲᠥᠯᠥᠭᠡᠯᠡᠭᠴᠢ ᠶᠢᠨ 2020 ᠣᠨ ᠤ ᠭᠤᠣᠯᠳᠠᠯᠭ᠎ᠠ ᠲᠠᠢ ᠰᠤᠳᠤᠯᠭᠠᠨ ᠤ ᠰᠡᠳᠦᠪ ᠤᠨ ᠪᠠᠶᠢᠴᠠᠭᠠᠨ | ᠰᠤᠳᠤᠯᠤᠯᠲᠠ ᠶᠢᠨ ᠦᠷ᠎ᠡ ᠪᠦᠲᠦᠭᠡᠯ ᠤᠨ ᠬᠠᠷᠢᠭᠤ ᠮᠡᠳᠡᠭᠦᠯᠦᠯᠲᠡ ᠶᠢᠨ ᠬᠤᠷᠠᠯ ᠢ ᠬᠤᠷᠠᠯᠳᠤᠭᠤᠯᠪᠠ᠃ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠦᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃ | ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠪᠦ᠋ ᠰᠢᠶᠤᠤ ᠯᠢᠨ᠂ ᠯᠢ ᠰᠢᠤ ᠯᠢᠩ᠂ ᠯᠢᠨ ᠱᠤᠤ ᠴᠦᠨ᠂ ᠵᠠᠩ ᠱᠤᠤ | ᠴᠦᠨ᠂ ᠳ᠋ᠤᠸᠠᠨ ᡁᠢ ᠴᠢᠶᠠᠩ᠂ ᠡᠦ ᠲᠤᠸᠠᠨ ᠶᠢᠩ᠂ ᠯᠢ ᠪᠢᠩ ᠷᠦᠩ᠂ ᠵᠧᠩ ᠬᠤᠩ ᠹᠠᠨ ᠨᠠᠷ ᠬᠤᠷᠠᠯ ᠳᠤ ᠣᠷᠣᠯᠴᠠᠪᠠ᠃ | ᠦᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠳ ᠲᠤᠰ ᠬᠤᠷᠠᠯ ᠳᠤ | ᠣᠷᠤᠯᠴᠠᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ | ᠲᠡᠷᠢᠭᠦᠯᠡᠭᠴᠢ ᠪᠦ᠋ ᠰᠢᠶᠤᠤ ᠯᠢᠨ ᠰᠠᠭᠤᠳᠠᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ 2021 ᠣᠨ ᠤ ᠠᠵᠢᠯ ᠵᠢᠴᠢ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠦᠯᠦᠪᠵᠢᠭᠦᠯᠭᠡ ᠶᠢᠨ ᠬᠥᠭᠵᠢᠯᠲᠡ ᠶᠢᠨ ᠲᠠᠯ᠎ᠠ ᠳᠤ ᠬᠡᠰᠡᠭ ᠠᠵᠤ ᠠᠬᠤᠶᠢᠯᠠᠯ ᠪᠠ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢᠨ ᠬᠠᠷᠢᠭᠤᠴᠠᠯᠭᠠᠲᠠᠨ ᠤ ᠰᠠᠨᠠᠯ ᠰᠠᠨᠠᠭᠤᠯᠭ᠎ᠠ ᠶᠢ ᠰᠣᠨᠣᠰᠪᠠ᠃ ᠦᠪᠡᠷᠲᠡᠭᠡᠨ ᠵᠠᠰᠠᠬᠤ ᠣᠷᠣᠨ ᠤ | ᠤᠳᠤᠷᠢᠳᠤᠯᠭ᠎ᠠ ᠵᠠᠩ ᠱᠣᠣ ᠴᠦᠨ᠂ ᠠᠢ ᠯᠢ ᠬᠤᠸᠠ᠂ ᠡᠸᠤ ᠶᠠᠩ ᠰᠢᠶᠤᠤ ᠬᠤᠢ᠂ ᠯᠢ ᠪᠢᠩ ᠷᠦᠩ᠂ ᠵᠧᠩ ᠬᠤᠩ ᠹᠠᠨ᠂ | ᠬᠤᠸᠠᠩ ᡁᠢ ᠴᠢᠶᠠᠩ᠂ ᠾᠧᠩ ᠰᠢᠶᠤᠤ ᠹᠠᠨ ᠵᠢᠴᠢ ᠬᠤᠯᠪᠣᠭᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠳ | ᠲᠤᠰ ᠰᠠᠭᠤᠳᠠᠯ ᠤᠨ ᠬᠤᠷᠠᠯ ᠳᠤ ᠣᠷᠤᠯᠴᠠᠪᠠ᠃ | ᠪᠦᠬᠦ ᠣᠷᠣᠨ ᠤ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠲᠧᠯᠸᠢᠰ ᠤᠲᠠᠰᠤᠲᠤ ᠬᠤᠷᠠᠯ | ᠬᠤᠷᠠᠯᠳᠤᠪᠠ᠃ ᠬᠤᠷᠠᠯ ᠠᠴᠠ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠪᠠ ᠲᠥᠪ ᠤᠨ ᠪᠦᠬᠦ ᠲᠠᠯ᠎ᠠ ᠪᠠᠷ | ᠤᠯᠤᠰ ᠢᠶᠠᠨ ᠬᠠᠤᠯᠢ ᠪᠠᠷ ᠵᠠᠰᠠᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ | ᠬᠠᠤᠯᠢᠵᠢᠯ ᠤᠨ ᠵᠠᠰᠠᠭ ᠤᠨ ᠣᠷᠳᠣᠨ ᠤ ᠲᠦᠯᠦᠪᠵᠢᠭᠦᠯᠭᠡ ᠶᠢᠨ ᠬᠦᠲᠦᠯᠪᠦᠷᠢ ᠶᠢ ᠬᠡᠷᠡᠭᠵᠢᠭᠦᠯᠦᠭᠰᠡᠨ ᠪᠠᠶᠢᠳᠠᠯ ᠢᠶᠠᠨ | ᠳ᠋ᠦᠩᠨᠡᠨ᠂ ᠪᠦᠬᠦ ᠣᠷᠣᠨ ᠤ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠢ ᠤᠯᠠᠮ ᠨᠢᠭᠡ ᠠᠯᠬᠤᠮ | ᠠᠬᠢᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ | ᠲᠡᠷᠢᠭᠦᠯᠡᠭᠴᠢ ᠪᠦ᠋ ᠰᠢᠶᠤᠤ ᠯᠢᠨ ᠲᠤᠰ ᠬᠤᠷᠠᠯ ᠢ ᠡᠷᠬᠢᠯᠡᠭᠰᠡᠨ ᠪᠦᠭᠡᠳ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ | ᠣᠷᠣᠨ ᠤ ᠳᠡᠳ᠋ ᠲᠡᠷᠢᠭᠦᠯᠡᠭᠴᠢ᠂ ᠦᠪᠡᠷᠲᠡᠭᠡᠨ ᠵᠠᠰᠬᠠᠤ ᠣᠷᠣᠨ ᠤ ᠲᠤᠳᠤᠭᠠᠲᠤ ᠶᠢ ᠬᠠᠮᠠᠭᠠᠯᠠᠬᠤ ᠲᠢᠩᠭᠢᠮ ᠤᠨ ᠳᠠᠷᠤᠭ᠎ᠠ | ᠾᠧᠩ ᠰᠢᠶᠤᠤ ᠹᠠᠨ ᠲᠤᠰ ᠬᠤᠷᠠᠯ ᠳᠤ ᠣᠷᠤᠯᠴᠠᠭᠰᠠᠨ ᠪᠦᠭᠡᠳ ᠬᠠᠤᠯᠢᠵᠢᠯ ᠤᠨ ᠵᠠᠰᠠᠭ ᠤᠨ ᠣᠷᠳᠣᠨ ᠤ | ᠪᠠᠶᠢᠭᠤᠯᠤᠯᠲᠠ ᠶᠢᠨ ᠲᠠᠷᠠᠭᠠᠴᠢ ᠶᠢᠨ ᠠᠯᠬᠤᠮ ᠤᠨ ᠠᠵᠢᠯ ᠳᠤ ᠪᠣᠳᠠᠲᠠᠶ ᠪᠠᠶᠢᠷᠢᠯᠠᠭᠤᠯᠤᠯᠲᠠ ᠬᠢᠪᠠ᠃ ᠥᠪᠡᠷᠲᠡᠭᠡᠨ ᠵᠠᠰᠠᠬᠤ | ᠣᠷᠣᠨ ᠤ ᠬᠠᠤᠯᠢ ᠴᠠᠭᠠᠵᠠ ᠶᠢᠨ ᠲᠢᠩᠬᠢᠮ ᠤᠨ ᠬᠠᠷᠢᠭᠤᠴᠠᠯᠭᠠᠲᠠᠨ ᠪᠥᠬᠦ ᠣᠷᠣᠨ ᠤ ᠬᠠᠤᠯᠢᠵᠢᠯ ᠤᠨ ᠵᠠᠰᠠᠭ ᠤᠨ | ᠣᠷᠳᠣᠨ ᠤ ᠪᠠᠶᠢᠭᠤᠯᠤᠯᠲᠠ ᠶᠢᠨ ᠪᠠᠶᠢᠳᠠᠯ ᠢ ᠨᠡᠪᠲᠡᠷᠡᠭᠦᠯᠦᠨ ᠮᠡᠳᠡᠭᠡᠯᠡᠪᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠪᠦᠷᠢᠯᠳᠦᠭᠦᠨ ᠪᠣᠯᠬᠤ ᠰᠠᠯᠠᠭ᠎ᠠ ᠮᠥᠴᠢᠷ᠂ ᠰᠢᠭᠤᠳ ᠬᠠᠷᠢᠶ᠎ᠠ ᠣᠨᠴᠠᠭᠠᠢ ᠪᠠᠶᠢᠭᠤᠯᠤᠮᠵᠢ᠂ | ᠰᠢᠭᠤᠳ ᠬᠠᠷᠢᠶ᠎ᠠ ᠪᠠᠶᠢᠭᠤᠯᠤᠮᠵᠢ ᠪᠠ ᠬᠤᠯᠪᠣᠭᠳᠠᠯ ᠪᠦᠬᠦᠢ ᠰᠠᠯᠠᠭ᠎ᠠ ᠮᠦᠴᠢᠷ ᠤᠨ ᠭᠤᠣᠯ ᠬᠠᠷᠢᠭᠤᠴᠠᠯᠭᠠᠲᠠᠨ ᠲᠤᠰ | ᠬᠤᠷᠠᠯ ᠤᠨ ᠭᠤᠣᠯ ᠲᠠᠯᠠᠪᠠᠢ ᠶᠢᠨ ᠬᠤᠷᠠᠯ ᠳᠤ ᠣᠷᠣᠯᠴᠠᠪᠠ᠃ ᠲᠤᠰ ᠬᠤᠷᠠᠯ ᠢ ᠸᠢᠳᠢᠣ᠋ ᠶᠢᠨ ᠬᠡᠯᠪᠡᠷᠢ ᠪᠠᠷ ᠠᠶᠢᠮᠠᠭ ᠬᠤᠲᠠ᠂ | ᠬᠤᠰᠢᠭᠤ ᠰᠢᠶᠠᠨ ︵ᠬᠤᠲᠠ᠂ ᠲᠣᠭᠤᠷᠢᠭ︶ ᠬᠦᠷᠲᠡᠯ᠎ᠡ ᠬᠤᠷᠠᠯᠳᠤᠭᠤᠯᠪᠠ᠃ | 12 ᠳ᠋ᠤᠭᠠᠷ ᠰᠠᠷ᠎ᠠ ᠶᠢᠨ 22 ᠤᠨ ᠡᠳᠦᠷ ᠥᠪᠡᠷᠲᠡᠭᠡᠨ ᠵᠠᠰᠠᠬᠤ ᠣᠷᠣᠨ ᠤ ᠬᠤᠶᠠᠷ ᠢ ᠬᠦᠷᠢᠶᠡᠯᠡᠭᠰᠡᠨ ᠵᠢᠱᠢᠶᠡᠴᠢ | ᠬᠤᠲᠠ ︵ᠬᠤᠰᠢᠭᠤ ᠰᠢᠶᠠᠨ᠂ ᠬᠤᠲᠠ ᠲᠣᠭᠤᠷᠢᠭ︶ ᠶᠢ ᠨᠡᠷᠡᠶᠢᠳᠬᠦ ᠶᠡᠭᠡ ᠬᠤᠷᠠᠯ ᠬᠥᠬᠡᠬᠤᠲᠠ ᠳᠤ ᠬᠤᠷᠠᠯᠳᠤᠪᠠ᠃ | ᠬᠤᠷᠠᠯ ᠠᠴᠠ ᠣᠳᠣᠬᠠᠨ ᠤ ᠬᠤᠶᠠᠷ ᠢ ᠬᠦᠷᠢᠶᠡᠯᠡᠬᠦ ᠠᠵᠢᠯ ᠤᠨ ᠪᠠᠶᠢᠳᠠᠯ ᠢ ᠵᠠᠳᠠᠯᠵᠤ᠂ ᠬᠤᠶᠢᠰᠢᠳᠠ ᠶᠢᠨ ᠨᠢᠭᠡ | ᠬᠤᠭᠤᠴᠠᠭᠠᠨ ᠳᠠᠬᠢ ᠬᠤᠶᠠᠷ ᠢ ᠬᠦᠷᠢᠶᠡᠯᠡᠬᠦ ᠠᠵᠢᠯ ᠤᠨ ᠡᠭᠦᠷᠭᠡ ᠶᠢ ᠪᠠᠶᠢᠷᠢᠯᠠᠭᠤᠯᠤᠨ᠂ ᠰᠢᠨ᠎ᠡ ᠨᠢᠭᠡ ᠬᠤᠭᠤᠴᠠᠭᠠᠨ ᠤ | ᠥᠪᠡᠷᠲᠡᠭᠡᠨ ᠵᠠᠰᠠᠬᠤ ᠣᠷᠣᠨ ᠤ ᠬᠤᠶᠠᠷ ᠢ ᠬᠦᠷᠢᠶᠡᠯᠡᠭᠰᠡᠨ ᠵᠢᠱᠢᠶᠡᠴᠢ ᠬᠤᠲᠠ ︵ᠬᠤᠰᠢᠭᠤ ᠰᠢᠶᠠᠨ᠂ ᠬᠤᠲᠠ ᠲᠣᠭᠤᠷᠢᠭ︶ | ᠶᠢ ᠨᠡᠷᠡᠶᠢᠳᠪᠡ᠃ ᠬᠤᠷᠠᠯ ᠠᠴᠠ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠱᠢ ᠲᠠᠢ ᠹᠧᠩ᠂ ᠪᠦ᠋ | ᠰᠢᠶᠤᠤ ᠯᠢᠨ᠂ ᠯᠢ ᠰᠢᠤ ᠯᠢᠩ᠂ ᠯᠢᠨ ᠱᠤᠤ ᠴᠦᠨ᠂ ᠵᠠᠩ ᠱᠤᠤ ᠴᠦᠨ᠂ ᠮᠠ ᠴᠢᠩ ᠯᠸᠢ᠂ ᠦ᠋ ᠲᠤᠸᠠᠨ ᠶᠢᠩ᠂ ᠡᠸᠤ | ᠶᠠᠩ ᠰᠢᠶᠤᠤ ᠬᠤᠢ᠂ ᠯᠢ ᠱᠤᠤ ᠵᠢᠶᠦ᠋ᠨ᠂ ᠰᠢᠶᠤᠤ ᠹᠠᠩ ᠵᠢᠤᠢ ᠲᠤᠰ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠲᠠᠢ | ᠬᠠᠮᠲᠤ ᠪᠠᠷ ᠬᠡᠷᠡᠯ ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠪᠡ᠃ ᠦᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ | ᠡᠸᠤ ᠶᠠᠩ ᠰᠢᠶᠤᠤ ᠬᠤᠶ ᠲᠤᠰ ᠬᠤᠷᠠᠯ ᠳᠤ ᠣᠷᠤᠯᠴᠠᠭᠰᠠᠨ ᠪᠦᠭᠡᠳ ᠶᠠᠷᠢᠶ᠎ᠠ ᠲᠠᠯᠪᠢᠪᠠ᠃ ᠦᠪᠡᠷᠲᠡᠭᠡᠨ ᠵᠠᠰᠠᠬᠤ | ᠣᠷᠣᠨ ᠤ ᠤᠯᠤᠰ ᠲᠦᠷᠦ ᠶᠢᠨ ᠵᠦᠪᠯᠡᠯᠭᠡᠨ ᠤ ᠪᠠᠶᠢᠩᠭᠤ ᠶᠢᠨ ᠭᠡᠰᠢᠭᠦᠨ᠂ ᠦᠪᠦᠷ ᠮᠣᠩᠭᠤᠯ ᠤᠨ ᠴᠡᠷᠢᠭ ᠤᠨ | ᠲᠣᠭᠤᠷᠢᠭ ᠤᠨ ᠳᠡᠳ᠋ ᠺᠣᠮᠢᠰᠰᠠᠷ ᠯᠢ ᠱᠣᠤ ᠵᠢᠶᠦ᠋ᠨ ᠬᠤᠷᠠᠯ ᠢ ᠡᠷᠭᠢᠯᠡᠪᠡ᠃ ᠬᠤᠷᠠᠯ ᠳᠡᠭᠡᠷ᠎ᠡ᠂ ︽ᠥᠪᠡᠷᠲᠡᠭᠡᠨ ᠵᠠᠰᠠᠬᠤ | ᠣᠷᠣᠨ ᠤ ᠬᠤᠶᠠᠷ ᠢ ᠬᠦᠷᠢᠶᠡᠯᠡᠭᠰᠡᠨ ᠵᠢᠱᠢᠶᠡᠴᠢ ᠬᠤᠲᠠ ︵ᠬᠤᠰᠢᠭᠤ ᠰᠢᠶᠠᠨ᠂ ᠬᠤᠲᠠ ᠲᠣᠭᠤᠷᠢᠭ︶ ᠶᠢ ᠨᠡᠷᠡᠶᠢᠳᠬᠦ | ᠲᠣᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠥᠪᠥᠷ ᠮᠣᠩᠭᠤᠯ ᠤᠨ | ᠴᠡᠷᠢᠭ ᠤᠨ ᠲᠣᠭᠤᠷᠢᠭ ᠤᠨ ᠲᠣᠭᠲᠠᠭᠠᠯ︾ ᠢ ᠤᠩᠰᠢᠨ ᠨᠡᠶᠢᠲᠡᠯᠡᠪᠡ᠃ ᠬᠥᠬᠡᠬᠤᠲᠠ ᠪᠤᠭᠤᠲᠤ ᠬᠤᠲᠠ ᠵᠡᠷᠭᠡ ᠥᠪᠡᠷᠲᠡᠭᠡᠨ | ᠵᠠᠰᠠᠬᠤ ᠣᠷᠣᠨ ᠤ ᠬᠤᠶᠠᠷ ᠢ ᠬᠦᠷᠢᠶᠡᠯᠡᠭᠰᠡᠨ 67 ᠵᠢᠱᠢᠶᠡᠴᠢ ᠬᠤᠲᠠ ︵ᠬᠤᠰᠢᠭᠤ ᠰᠢᠶᠠᠨ᠂ ᠬᠤᠲᠠ ᠲᠣᠭᠤᠷᠢᠭ︶ ᠶᠢ | ᠨᠡᠷᠡᠶᠢᠳᠴᠦ ᠬᠥᠬᠢᠭᠦᠯᠦᠨ ᠰᠠᠶᠢᠰᠢᠶᠠᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ | ᠲᠡᠷᠢᠭᠦᠯᠡᠭᠴᠢ ᠪᠦ᠋ ᠰᠢᠶᠤᠤ ᠯᠢᠨ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠳᠤ ᠬᠦᠷᠴᠦ᠂ ᠥᠷᠭᠡᠨ ᠤᠯᠠᠨ | ᠪᠠᠭᠰᠢ ᠰᠤᠷᠤᠭᠴᠢᠳ ᠢ ᠪᠣᠯᠭᠤᠭᠠᠨ ᠲᠣᠬᠤᠨᠢᠭᠤᠯᠵᠤ᠂ ᠶᠡᠭᠡ ᠳᠡᠭᠡᠳᠦ ᠰᠤᠷᠭᠠᠭᠤᠯᠢ ᠶᠢᠨ ᠴᠠᠭ ᠤᠨ ᠪᠠᠶᠢᠳᠠᠯ ᠲᠦᠷᠦ ᠶᠢᠨ | ᠪᠤᠳᠤᠯᠭ᠎ᠠ ᠶᠢᠨ ᠮᠡᠳᠡᠭᠦᠯᠦᠯᠲᠡ ᠬᠢᠭᠰᠡᠨ ᠤ ᠬᠠᠮᠲᠤ ᠦᠵᠡᠯ ᠰᠠᠨᠠᠭ᠎ᠠ ᠤᠯᠤᠰ ᠲᠦᠷᠦ ᠶᠢᠨ ᠤᠨᠤᠯ ᠤᠨ ᠬᠢᠴᠢᠶᠡᠯ ᠢ ᠰᠤᠯᠠ | ᠰᠣᠨᠣᠰᠴᠤ᠂ ᠤᠯᠠᠨ ᠢᠶᠠᠷ ᠢᠶᠠᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠬᠦᠳᠡ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢᠶᠠᠨ ᠪᠠᠲᠤ ᠪᠠᠬᠢ ᠪᠣᠯᠭᠠᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ | ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠵᠠᠮ ᠳᠤ ᠬᠥᠮᠦᠨ ᠤ ᠠᠮᠢᠳᠤᠷᠠᠯ ᠤᠨ ᠴᠤᠭ | ᠵᠢᠪᠬᠤᠭ᠎ᠠ ᠪᠠᠨ ᠢᠯᠡᠷᠡᠭᠦᠯᠵᠦ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢᠶᠠᠨ ᠪᠦᠳᠦᠭᠡᠨ ᠪᠠᠶᠢᠭᠤᠯᠵᠤ᠂ ᠠᠭᠤᠤ ᠶᠡᠭᠡ | ᠳᠤᠮᠳᠠᠳᠤ ᠶᠢᠨ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠬᠦ ᠶᠢᠨ ᠲᠥᠯᠥᠭᠡ ᠵᠠᠯᠠᠭᠤ ᠨᠠᠰᠤ ᠪᠠᠨ ᠵᠣᠷᠢᠭᠤᠯᠬᠤ ᠬᠡᠷᠡᠭᠲᠡᠢ ᠭᠡᠵᠦ | ᠵᠣᠷᠢᠭᠵᠢᠭᠤᠯᠪᠠ᠃ ᠮᠡᠳᠡᠭᠦᠯᠦᠯᠲᠡ ᠶᠢᠨ ᠬᠤᠷᠠᠯ ᠠᠴᠠ ᠡᠮᠦᠨ᠎ᠡ᠂ ᠪᠦ᠋ ᠰᠢᠶᠤᠤ ᠯᠢᠨ ᠥᠪᠥᠷ ᠮᠣᠩᠭᠤᠯ ᠤᠨ ᠪᠠᠭᠰᠢ ᠶᠢᠨ | ᠶᠡᠭᠡ ᠰᠤᠷᠭᠠᠭᠤᠯᠢ ᠶᠢᠨ ᠲᠢᠶᠠᠨ ᠵᠢᠶᠠ ᠪᠢᠩ ᠰᠤᠷᠭᠠᠨ ᠬᠥᠮᠦᠵᠢᠯ ᠤᠨ ᠪᠢᠴᠢᠭ ᠤᠨ ᠬᠦᠷᠢᠶᠡᠯᠡᠩ ᠳᠤ ᠬᠦᠷᠴᠦ ᠵᠠᠩ ᠷᠦᠢ | ᠵᠢᠶᠦ᠋ᠨ ᠪᠠᠭᠰᠢ ᠶᠢᠨ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢᠨ ᠭᠤᠣᠯ ᠠᠭᠤᠯᠭ᠎ᠠ︾ ᠭᠡᠬᠦ ᠭᠤᠣᠯ ᠰᠡᠳᠦᠪᠲᠦ ᠦᠵᠡᠯ ᠰᠠᠨᠠᠭ᠎ᠠ ᠤᠯᠤᠰ ᠲᠦᠷᠦ ᠶᠢᠨ | ᠤᠨᠤᠯ ᠤᠨ ᠬᠢᠴᠢᠶᠡᠯ ᠢ ᠰᠤᠯᠠ ᠰᠣᠨᠣᠰᠪᠠ᠃ ᠬᠢᠴᠢᠶᠡᠯ ᠤᠨ ᠳᠠᠷᠠᠭ᠎ᠠ ᠪᠦ᠋ ᠰᠢᠶᠤᠤ ᠯᠢᠨ ᠰᠤᠷᠤᠭᠴᠢᠳ ᠲᠠᠢ ᠳᠣᠲᠣᠨᠣ ᠪᠠᠷ | ᠶᠠᠷᠢᠯᠴᠠᠵᠤ᠂ ᠰᠤᠷᠤᠭᠴᠢᠳ ᠢ ᠦᠵᠡᠯ ᠰᠠᠨᠠᠭ᠎ᠠ ᠤᠯᠤᠰ ᠲᠥᠷᠥ ᠶᠢᠨ ᠣᠨᠣᠯ ᠤᠨ ᠬᠢᠴᠢᠶᠡᠯ ᠢ ᠬᠢᠨᠠᠮᠠᠭᠠᠶ ᠰᠤᠷᠤᠯᠴᠠᠵᠤ᠂ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠭᠦᠨᠵᠡᠭᠡᠶ ᠤᠶᠢᠯᠠᠭᠠᠨ ᠡᠵᠡᠮᠰᠢᠵᠦ᠂ ᠠᠪᠢᠶᠠᠰ ᠴᠢᠳᠠᠪᠤᠷᠢ ᠪᠠᠨ ᠪᠠᠳᠠᠷᠠᠭᠤᠯᠵᠤ ᠬᠥᠮᠦᠨ ᠤ ᠠᠮᠢᠳᠤᠷᠠᠯ ᠤᠨ | ᠬᠦᠰᠡᠯᠡᠩ ᠢᠶᠠᠨ ᠪᠡᠶᠡᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠶ ᠭᠡᠵᠦ ᠬᠦᠰᠡᠨ ᠱᠠᠭᠠᠷᠳᠠᠪᠠ᠃ | ᠮᠡᠳᠡᠭᠦᠯᠦᠯᠲᠡ ᠶᠢᠨ ᠬᠤᠷᠠᠯ ᠤᠨ ᠳᠠᠷᠠᠭ᠎ᠠ᠂ ᠪᠦ᠋ ᠰᠢᠶᠤᠤ ᠯᠢᠨ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ | ᠮᠠᠷᠺᠰ ᠤᠨ ᠦᠵᠡᠯ ᠤᠨ ᠳᠡᠭᠡᠳᠦ ᠰᠤᠷᠭᠠᠭᠤᠯᠢ ᠳᠤ ᠭᠦᠨᠵᠡᠭᠡᠶᠢᠷᠡᠵᠦ ᠪᠠᠶᠢᠴᠠᠭᠠᠨ ᠰᠤᠳᠤᠯᠤᠯᠲᠠ ᠬᠢᠵᠦ᠂ ᠮᠠᠷᠺᠰ ᠤᠨ | ᠦᠵᠡᠯ ᠤᠨ ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠲᠠ᠂ ᠦᠵᠡᠯ ᠰᠠᠨᠠᠭ᠎ᠠ ᠤᠯᠤᠰ ᠲᠦᠷᠦ ᠤᠨᠤᠯ ᠤᠨ ᠬᠢᠴᠢᠶᠡᠯ ᠤᠨ | ᠵᠢᠭᠠᠨ ᠰᠤᠷᠭᠠᠯᠲᠠ ᠵᠡᠷᠭᠡ ᠲᠠᠯ᠎ᠠ ᠶᠢᠨ ᠪᠠᠶᠢᠳᠠᠯ ᠢ ᠭᠦᠨᠵᠡᠭᠡᠢ ᠣᠶᠢᠯᠠᠭᠠᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ | ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠣᠤ ᠴᠦᠨ ᠳᠤᠮᠳᠠᠳᠤ ᠤᠯᠤᠰ ᠤᠨ | ᠠᠷᠠᠳᠴᠢᠯᠠᠯ ᠢ ᠠᠬᠢᠭᠤᠯᠬᠤ ᠬᠤᠷᠠᠯ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠳᠤ ᠬᠦᠷᠴᠦ | ᠲᠣᠭᠤᠷᠢᠨ ᠦᠵᠡᠭᠰᠡᠨ ᠤ ᠬᠠᠮᠲᠤ ᠶᠠᠷᠢᠯᠴᠠᠭ᠎ᠠ ᠰᠤᠯᠢᠯᠴᠠᠭ᠎ᠠ ᠬᠢᠵᠦ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ | ᠨᠡᠶᠢᠭᠡᠮ ᠤᠨ ᠬᠥᠭᠵᠢᠯᠲᠡ ᠶᠢᠨ ᠲᠠᠯ᠎ᠠ ᠳᠤ ᠳᠤᠮᠳᠠᠳᠤ ᠤᠯᠤᠰ ᠤᠨ ᠠᠷᠠᠳᠴᠢᠯᠠᠯ ᠢ ᠠᠬᠢᠭᠤᠯᠬᠤ ᠬᠤᠷᠠᠯ ᠤᠨ ᠥᠪᠥᠷ | ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠬᠤᠷᠢᠶᠠᠨ ᠤ ᠰᠠᠨᠠᠯ ᠰᠠᠨᠠᠭᠤᠯᠭ᠎ᠠ ᠶᠢ ᠬᠦᠯᠢᠶᠡᠨ ᠠᠪᠴᠤ ᠰᠤᠨᠤᠰᠪᠠ᠃ | ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠳᠤᠮᠳᠠᠳᠤ ᠤᠯᠤᠰ ᠤᠨ | ᠠᠷᠠᠳᠴᠢᠯᠠᠯ ᠢ ᠠᠬᠢᠭᠤᠯᠬᠤ ᠬᠤᠷᠠᠯ ᠤᠨ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠬᠤᠷᠢᠶᠠᠨ ᠤ ᠡᠷᠬᠢᠯᠡᠭᠴᠢ | ᠭᠡᠰᠢᠭᠦᠨ ᠵᠧᠩ ᠹᠦ᠋ ᠲᠢᠶᠠᠨ ᠲᠤᠰ ᠰᠠᠭᠤᠳᠠᠯ ᠤᠨ ᠬᠤᠷᠠᠯ ᠳᠤ ᠣᠷᠣᠯᠴᠠᠪᠠ᠃ ᠬᠤᠷᠠᠯ ᠤᠨ ᠳᠠᠷᠠᠭ᠎ᠠ᠂ ᠵᠠᠩ ᠱᠤᠤ ᠴᠦᠨ | ᠳᠤᠮᠳᠠᠳᠤ ᠤᠯᠤᠰ ᠤᠨ ᠠᠷᠠᠳᠴᠢᠯᠠᠯ ᠢ ᠠᠬᠢᠭᠤᠯᠬᠤ ᠬᠤᠷᠠᠯ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠬᠤᠷᠢᠶᠠᠨ ᠤ ᠲᠡᠦᠬᠡ ᠶᠢᠨ ᠦᠵᠡᠰᠭᠦᠯᠡᠩ ᠪᠠ ᠺᠠᠢ ᠮᠢᠩ ᠵᠢᠷᠤᠭ ᠤᠨ ᠬᠦᠷᠢᠶᠡᠯᠡᠩ ᠢᠶᠠᠷ ᠲᠣᠭᠤᠷᠢᠨ ᠦᠵᠡᠵᠦ᠂ ᠳᠤᠮᠳᠠᠳᠤ | ᠤᠯᠤᠰ ᠤᠨ ᠠᠷᠠᠳᠴᠢᠯᠠᠯ ᠢ ᠠᠬᠢᠭᠤᠯᠬᠤ ᠬᠤᠷᠠᠯ ᠤᠨ ᠬᠥᠭᠵᠢᠭᠰᠡᠨ ᠶᠠᠪᠤᠴᠠ ᠵᠢᠴᠢ ᠲᠦᠷᠦ ᠶᠢᠨ ᠶᠠᠪᠤᠳᠠᠯ ᠳᠤ ᠣᠷᠣᠯᠴᠠᠨ | ᠲᠦᠷᠦ ᠶᠢᠨ ᠶᠠᠪᠤᠳᠠᠯ ᠢ ᠵᠥᠪᠯᠡᠬᠦ᠂ ᠨᠡᠶᠢᠭᠡᠮ ᠤᠨ ᠦᠢᠯᠡᠴᠢᠯᠡᠭᠡ᠂ ᠲᠤᠰ ᠪᠡᠶ᠎ᠡ ᠶᠢᠨ ᠪᠠᠶᠢᠭᠤᠯᠤᠯᠲᠠ ᠵᠡᠷᠭᠡ ᠪᠠᠶᠢᠳᠠᠯ ᠢ ᠨᠢ | ᠨᠠᠷᠢᠨ ᠣᠶᠢᠯᠠᠭᠠᠪᠠ᠃ | ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠳᠥᠷᠪᠡᠳᠦᠭᠡᠷ ᠬᠤᠭᠤᠴᠠᠭᠠᠨ ᠤ | ᠪᠠᠶᠢᠩᠭᠤ ᠶᠢᠨ ᠬᠡᠷᠡᠭ ᠡᠷᠬᠢᠯᠡᠭᠴᠢᠳ ᠤᠨ ᠬᠤᠷᠠᠯ ᠤᠨ ᠲᠠᠪᠤᠳᠤᠭᠠᠷ ᠤᠳᠠᠭᠠᠨ ᠤ ᠬᠤᠷᠠᠯ ᠢ ᠬᠦᠬᠡᠬᠤᠲᠠ ᠳᠤ | ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠳᠡᠳ᠋ ᠡᠷᠬᠢᠯᠡᠭᠴᠢ᠂ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ | ᠬᠢᠨᠠᠭᠴᠢᠳ ᠤᠨ ᠳᠠᠷᠤᠭ᠎ᠠ ᠯᠢᠶᠠᠨ ᠰᠦ᠋ ᠲᠤᠰ ᠬᠤᠷᠠᠯ ᠳᠤ ᠣᠷᠤᠯᠴᠠᠪᠠ᠃ ᠥᠪᠡᠷᠲᠡᠭᠡᠨ ᠵᠠᠰᠠᠬᠤ ᠣᠷᠣᠨ ᠤ ᠳᠡᠳ᠋ | ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠳᠠᠷᠤᠭ᠎ᠠ ᠡᠸᠤ ᠶᠠᠩ ᠰᠢᠶᠤᠤ | ᠬᠤᠢ ᠲᠤᠰ ᠬᠤᠷᠠᠯ ᠳᠤ ᠣᠷᠤᠯᠴᠠᠭᠰᠠᠨ ᠪᠦᠭᠡᠳ ᠶᠠᠷᠢᠶ᠎ᠠ ᠲᠠᠯᠪᠢᠪᠠ᠃ | 12 ᠳ᠋ᠤᠭᠠᠷ ᠰᠠᠷ᠎ᠠ ᠶᠢᠨ 23 ᠤ ᠡᠳᠦᠷ ᠲᠥᠪ ᠤᠨ ᠵᠣᠬᠢᠶᠠᠨ ᠪᠠᠶᠢᠭᠤᠯᠬᠤ ᠬᠡᠯᠲᠡᠰ ᠤᠨ ᠨᠠᠶᠢᠳᠠᠯᠭ᠎ᠠ ᠪᠠᠷ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠡ ᠬᠥᠬᠡᠬᠤᠲᠠ ᠳᠤ ᠢᠤᠢ ᠬᠠᠢ ᠵᠢᠶᠦ᠋ᠨ ᠨᠥᠬᠦᠷ ᠲᠤ ︽ᠪᠦᠬᠦ | ᠤᠯᠤᠰ ᠤᠨ ᠰᠢᠯᠢᠳᠡᠭ ᠡᠪ ᠬᠠᠮᠲᠤ ᠨᠠᠮ ᠤᠨ ᠭᠡᠰᠢᠭᠦᠨ︾ ᠭᠡᠬᠦ ᠴᠣᠯᠠ ᠨᠡᠬᠡᠮᠵᠢᠯᠡᠨ ᠣᠯᠭᠤᠬᠤ ᠶᠣᠰᠣᠯᠠᠯ ᠶᠠᠪᠤᠭᠤᠯᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠦᠪᠡᠷᠲᠡᠭᠡᠨ ᠵᠠᠰᠠᠬᠤ ᠣᠷᠣᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠨᠥᠬᠦᠷ ᠢᠤᠶ ᠬᠠᠶ | ᠵᠢᠶᠦ᠋ᠨ ᠤ ᠬᠡᠷ ᠪᠦᠯᠢ ᠶᠢᠨ ᠬᠢᠨ ᠳᠤ ᠱᠠᠩᠨᠠᠯ ᠤᠨ ᠲᠡᠮᠳᠡᠭ ᠪᠠ ᠦᠨᠡᠮᠯᠡᠯ ᠭᠠᠷᠳᠠᠭᠤᠯᠤᠭᠰᠠᠨ ᠪᠦᠭᠡᠳ ᠶᠠᠷᠢᠶ᠎ᠠ ᠲᠠᠯᠪᠢᠵᠤ᠂ | ᠪᠦᠬᠦ ᠣᠷᠣᠨ ᠤ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠨᠥᠬᠦᠷ ᠢᠤᠢ ᠬᠠᠢ ᠵᠢᠶᠦ᠋ᠨ ᠤ ᠲᠡᠷᠢᠭᠦᠨ ᠤ ᠦᠢᠯᠡ | ᠠᠵᠢᠯᠯᠠᠭ᠎ᠠ ᠶᠢ ᠭᠦᠨᠵᠡᠭᠡᠢ ᠰᠤᠷᠤᠯᠴᠠᠵᠦ᠂ ᠪᠠᠭᠠᠲᠤᠷ ᠢᠶᠠᠷ ᠲᠤᠯᠢ ᠪᠣᠯᠭᠠᠨ᠂ ᠵᠢᠱᠢᠶᠡᠴᠢ ᠪᠠᠷ ᠪᠠᠷᠢᠮᠵᠢᠶᠠᠯᠠᠵᠤ᠂ ᠠᠵᠢᠯ ᠤᠨ | ᠪᠠᠶᠢᠷᠢᠨ ᠳᠡᠭᠡᠷ᠎ᠡ ᠪᠠᠨ ᠡᠪ ᠬᠠᠮᠲᠤᠴᠤᠳ ᠲᠤ ᠪᠠᠶᠢᠪᠠᠰᠤ ᠵᠣᠬᠢᠬᠤ ᠬᠠᠷᠢᠭᠤᠴᠠᠯᠭ᠎ᠠ ᠡᠭᠦᠷᠭᠡᠯᠡᠯ ᠢᠶᠠᠨ ᠢᠯᠡᠷᠡᠭᠦᠯᠵᠦ᠂ | ᠣᠳᠣᠬᠢᠴᠢᠯᠠᠭᠰᠠᠨ ᠥᠪᠥᠷ ᠮᠣᠩᠭᠤᠯ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠳᠤ ᠨᠡᠩ ᠶᠡᠭᠡ ᠬᠤᠪᠢ ᠨᠡᠮᠡᠷᠢ | ᠦᠵᠡᠭᠦᠯᠰᠦᠭᠡᠢ ᠭᠡᠵᠦ ᠤᠷᠢᠶᠠᠯᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠶᠠᠩ ᠸᠧᠶ ᠳ᠋ᠦᠩ ᠲᠤᠰ ᠶᠣᠰᠣᠯᠠᠯ ᠢ ᠡᠷᠭᠢᠯᠡᠭᠰᠡᠨ ᠪᠥᠭᠡᠳ ︽ᠵᠧᠤ ᠶᠦᠩ | ᠺᠠᠶ᠂ ᠵᠠᠩ ᠬᠦᠶ ᠮᠧᠶ ᠨᠥᠬᠦᠷ ᠲᠤ ︿ᠪᠦᠬᠦ ᠤᠯᠤᠰ ᠤᠨ ᠰᠢᠯᠢᠳᠡᠭ ᠡᠪ ᠬᠠᠮᠲᠤ ᠨᠠᠮ ᠤᠨ ᠭᠡᠰᠢᠭᠦᠨ﹀ ᠤ ᠴᠤᠯᠠ ᠣᠯᠭᠤᠬᠤ | ᠪᠠ ᠢᠤᠶ ᠬᠠᠶ ᠵᠢᠶᠦ᠋ᠨ᠂ ᠯᠢ ᠰᠢᠶᠠ᠂ ᠯᠦ ᠶᠦᠩ ᠭᠧᠨ᠂ ᠵᠠᠩ ᠰᠢᠶᠤᠤ ᠵᠢᠤᠸᠠᠨ᠂ ᠭᠠᠷᠰᠯᠠᠶᠢᠲ · ᠮᠠᠾᠰᠦ᠋ᠲ | ᠨᠥᠬᠦᠷ ᠲᠤ ︿ᠪᠥᠬᠦ ᠤᠯᠤᠰ ᠤᠨ ᠰᠢᠯᠢᠳᠡᠭ ᠡᠪ ᠬᠠᠮᠲᠤ ᠨᠠᠮ ᠤᠨ ᠭᠡᠰᠢᠭᠦᠨ﹀ ᠤ ᠴᠣᠯᠠ ᠶᠢ ᠨᠡᠬᠡᠮᠵᠢᠯᠡᠨ ᠣᠯᠭᠤᠬᠤ | ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾ ᠢ ᠤᠩᠰᠢᠨ ᠨᠡᠶᠢᠲᠡᠯᠡᠪᠡ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ | ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠤᠤ ᠴᠦᠨ ᠲᠤᠰ ᠶᠤᠰᠤᠯᠠᠯ ᠳᠤ ᠣᠷᠤᠯᠴᠠᠪᠠ᠃ | ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠵᠢᠴᠢ ᠨᠥᠬᠦᠷ ᠢᠤᠢ | ᠬᠠᠢ ᠵᠢᠶᠦ᠋ᠨ ᠤ ᠠᠮᠢᠳᠤ ᠰᠡᠷᠡᠭᠦᠨ ᠪᠠᠶᠢᠬᠤ ᠳᠤ ᠪᠠᠨ ᠠᠵᠢᠯᠯᠠᠵᠤ ᠪᠠᠶᠢᠭᠰᠠᠨ ᠨᠢᠭᠡᠴᠢ ᠶᠢᠨ ᠨᠠᠮ ᠤᠨ ᠭᠡᠰᠢᠭᠦᠨ ᠺᠠᠳ᠋ᠷ ᠤᠨ | ᠲᠦᠯᠦᠭᠡᠯᠡᠭᠴᠢ ᠶᠤᠰᠤᠯᠠᠯ ᠳᠤ ᠤᠷᠤᠯᠴᠠᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ | ᠲᠡᠷᠢᠭᠦᠯᠡᠭᠴᠢ ᠪᠦ᠋ ᠰᠢᠶᠤᠤ ᠯᠢᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ | ᠬᠤᠷᠠᠯ ᠢ ᠡᠷᠭᠢᠯᠡᠨ ᠬᠤᠷᠠᠯᠳᠤᠭᠤᠯᠵᠤ᠂ 2020 ᠣᠨ ᠳᠠᠬᠢ ᠪᠥᠬᠦ ᠣᠷᠣᠨ ᠤ ᠠᠵᠤ ᠠᠬᠤᠶ ᠶᠢᠨ ᠠᠵᠢᠯᠯᠠᠭᠠᠨ ᠤ ᠪᠠᠶᠢᠳᠠᠯ | ᠪᠠ 2021 ᠣᠨ ᠤ ᠠᠵᠤ ᠠᠬᠤᠶ ᠶᠢᠨ ᠠᠵᠢᠯ ᠤᠨ ᠲᠣᠬᠢᠷᠠᠭᠤᠯᠤᠯᠲᠠ ᠶᠢᠨ ᠰᠠᠨᠠᠭᠤᠯᠭ᠎ᠠ ᠶᠢ ᠰᠣᠨᠣᠰᠴᠤ᠂ ᠰᠢᠨ᠎ᠡ ᠴᠠᠭ | ᠦᠶ᠎ᠡ ᠳᠤ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠶ ᠶᠢᠨ ᠪᠠᠶᠢᠭᠤᠯᠤᠯ ᠢ ᠲᠦᠷᠭᠡᠪᠴᠢᠯᠡᠨ ᠲᠡᠭᠦᠯᠳᠡᠷᠵᠢᠭᠦᠯᠬᠦ | ᠲᠤᠬᠠᠶ ᠬᠡᠷᠡᠭᠵᠢᠭᠦᠯᠬᠦ ᠰᠠᠨᠠᠯ᠂ ᠣᠲᠣ ᠦᠶ᠎ᠡ ᠶᠢᠨ ᠠᠮᠢ ᠠᠬᠤᠶ ᠣᠷᠴᠢᠨ ᠲᠣᠭᠤᠷᠢᠨ ᠤ ᠵᠠᠰᠠᠯᠲᠠ ᠶᠢᠨ ᠲᠣᠭᠲᠠᠯᠴᠠᠭ᠎ᠠ ᠶᠢ | ᠪᠠᠶᠢᠭᠤᠯᠬᠤ ᠲᠤᠬᠠᠶ ᠬᠡᠷᠡᠭᠵᠢᠭᠦᠯᠬᠦ ᠲᠥᠰᠦᠯ ᠵᠡᠷᠭᠡ ᠵᠦᠢᠯᠡᠰ ᠢ ᠰᠤᠳᠤᠯᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ | ᠲᠡᠷᠢᠭᠦᠯᠡᠭᠴᠢ ᠪᠦ᠋ ᠰᠢᠶᠤᠤ ᠯᠢᠨ ᠰᠠᠭᠤᠳᠠᠯ ᠤᠨ ᠬᠤᠷᠠᠯ ᠡᠷᠭᠢᠯᠡᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ 2021 ᠣᠨ ᠤ ᠠᠵᠢᠯ ᠵᠢᠴᠢ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠦᠯᠦᠪᠵᠢᠭᠦᠯᠭᠡ ᠶᠢᠨ ᠬᠥᠭᠵᠢᠯᠲᠡ ᠶᠢᠨ ᠲᠠᠯ᠎ᠠ ᠳᠤ ᠬᠡᠰᠡᠭ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠵᠠᠰᠠᠭ ᠤᠨ | ᠣᠷᠳᠣᠨ ᠤ ᠵᠦᠪᠳᠡᠭᠴᠢ ᠪᠠ ᠲᠤᠰᠬᠠᠶ ᠮᠡᠷᠭᠡᠵᠢᠯᠲᠡᠨ ᠡᠷᠳᠡᠮᠲᠡᠳ ᠤᠨ ᠰᠠᠨᠠᠯ ᠰᠠᠨᠠᠭᠤᠯᠭ᠎ᠠ ᠶᠢ ᠰᠣᠨᠣᠰᠪᠠ᠃ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠦᠪᠡᠷᠲᠡᠭᠡᠨ | ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠤᠤ ᠴᠦᠨ᠂ ᠦᠪᠡᠷᠲᠡᠭᠡᠨ ᠵᠠᠰᠠᠬᠤ ᠣᠷᠣᠨ ᠤ ᠳᠡᠳ᠋ | ᠲᠡᠷᠢᠭᠦᠯᠡᠭᠴᠢ ᠠᠢ ᠯᠢ ᠬᠤᠸᠠ᠂ ᠡᠸᠤ ᠶᠠᠩ ᠰᠢᠶᠤᠤ ᠬᠤᠢ᠂ ᠯᠢ ᠪᠢᠩ ᠷᠦᠩ᠂ ᠵᠧᠩ ᠬᠤᠩ ᠹᠠᠨ᠂ ᠦᠪᠡᠷᠲᠡᠭᠡᠨ | ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠦᠪᠡᠷᠲᠡᠭᠡᠨ ᠵᠠᠰᠠᠬᠤ ᠣᠷᠣᠨ ᠤ ᠳᠤᠲᠤᠭᠠᠳᠤ ᠶᠢ ᠬᠠᠮᠠᠭᠠᠯᠠᠬᠤ ᠲᠢᠩᠭᠢᠮ ᠤᠨ | ᠳᠠᠷᠤᠭ᠎ᠠ ᠾᠧᠩ ᠰᠢᠶᠤᠤ ᠹᠠᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠲᠤᠰ | ᠰᠠᠭᠤᠳᠠᠯ ᠤᠨ ᠬᠤᠷᠠᠯ ᠳᠤ ᠣᠷᠣᠯᠴᠠᠪᠠ᠃ | ᠦᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ 2020 ᠣᠨ ᠤ | 16 ᠳ᠋ᠤᠭᠠᠷ ᠤᠳᠠᠭᠠᠨ ᠤ ᠬᠤᠷᠠᠯ ᠬᠤᠷᠠᠯᠳᠤᠭᠤᠯᠵᠤ᠂ ᠦᠪᠡᠷᠲᠡᠭᠡᠨ ᠵᠠᠰᠬᠠᠤ ᠣᠷᠣᠨ ᠤ ᠵᠠᠰᠠᠭ ᠤᠨ ᠣᠷᠳᠣᠨ ᠤ | ᠰᠢᠰᠲ᠋ᠧᠮ ᠤᠨ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠪᠠ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ | ᠰᠤᠳᠤᠯᠤᠨ ᠪᠠᠶᠢᠷᠢᠯᠠᠭᠤᠯᠪᠠ᠃ ᠦᠪᠡᠷᠲᠡᠭᠡᠨ ᠵᠠᠰᠬᠠᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠲᠡᠭᠡᠨ | ᠵᠠᠰᠠᠬᠤ ᠣᠷᠣᠨ ᠤ ᠲᠡᠷᠢᠭᠦᠯᠡᠭᠴᠢ᠂ ᠦᠪᠡᠷᠲᠡᠭᠡᠨ ᠵᠠᠰᠬᠠᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ ᠪᠥ᠋ ᠰᠢᠶᠤᠤ ᠯᠢᠨ ᠲᠤᠰ ᠬᠤᠷᠠᠯ ᠢ ᠡᠷᠬᠢᠯᠡᠪᠡ᠃ ᠬᠤᠷᠠᠯ ᠠᠴᠠ ᠦᠪᠡᠷᠲᠡᠭᠡᠨ ᠵᠠᠰᠠᠬᠤ ᠣᠷᠣᠨ ᠤ | ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠪᠠ ᠦᠵᠡᠯ ᠤᠬᠠᠮᠰᠠᠷ ᠤᠨ | ᠬᠡᠯᠪᠡᠷᠢ ᠶᠢᠨ ᠠᠵᠢᠯ ᠤᠨ ᠪᠠᠶᠢᠳᠠᠯ ᠢ ᠨᠡᠪᠲᠡᠷᠡᠭᠦᠯᠦᠨ ᠮᠡᠳᠡᠭᠡᠯᠡᠵᠦ᠂ ᠵᠠᠰᠠᠭ ᠤᠨ ᠣᠷᠳᠣᠨ ᠤ ᠤᠳᠤᠷᠢᠳᠬᠤ ᠪᠠᠭ ᠤᠨ | ᠪᠦᠷᠢᠯᠳᠦᠭᠦᠨ ᠤ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠶᠢᠨ ᠬᠠᠷᠢᠭᠤᠴᠠᠯᠭᠠᠲᠤ ᠳᠦᠷᠢᠮ ᠪᠠ ᠦᠵᠡᠯ | ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭᠠᠲᠤ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠰᠤᠨᠤᠰᠪᠠ᠃ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠭᠢᠮ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠳ ᠲᠤᠰ ᠬᠤᠷᠠᠯ ᠳᠤ ᠰᠤᠯᠠ ᠣᠷᠤᠯᠴᠠᠪᠠ᠃ | 12 ᠳ᠋ᠤᠭᠠᠷ ᠰᠠᠷ᠎ᠠ ᠶᠢᠨ 24 ᠤ ᠡᠳᠦᠷ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ | ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ 2020 ᠣᠨ ᠤ 7 ᠳ᠋ᠤᠭᠠᠷ ᠤᠳᠠᠭᠠᠨ ᠤ | ᠬᠠᠮᠲᠤ ᠶᠢᠨ ᠰᠤᠷᠤᠯᠴᠠᠯᠭ᠎ᠠ ᠬᠢᠵᠦ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ | ᠪᠦᠬᠦᠳᠡ ᠬᠤᠷᠠᠯ ᠪᠠ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠬᠤ ᠶᠢᠨ ᠲᠣᠭᠤᠷᠢᠨ ᠳᠤ ᠵᠠᠰᠠᠭ ᠤᠨ ᠣᠷᠳᠣᠨ ᠤ ᠠᠵᠢᠯ ᠲᠠᠢ ᠤᠶᠠᠯᠳᠤᠭᠤᠯᠵᠤ ᠰᠤᠳᠤᠯᠤᠨ ᠶᠠᠷᠢᠯᠴᠠᠵᠤ | ᠰᠠᠨᠠᠯ ᠢᠶᠠᠨ ᠰᠤᠯᠢᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ | ᠵᠠᠰᠠᠬᠤ ᠣᠷᠣᠨ ᠤ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ ᠪᠦ᠋ ᠰᠢᠶᠤᠤ ᠯᠢᠨ ᠬᠠᠮᠲᠤ ᠶᠢᠨ ᠰᠤᠷᠤᠯᠴᠠᠯᠭ᠎ᠠ ᠶᠢ ᠡᠷᠭᠢᠯᠡᠵᠦ᠂ ᠣᠯᠠᠨ ᠲᠠᠢ ᠬᠠᠮᠲᠤ ᠪᠠᠷ | ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠭᠰᠠᠨ ᠪᠥᠭᠡᠳ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠬᠥᠭᠵᠢᠯᠲᠡ ᠪᠠ ᠢᠷᠡᠬᠦ ᠵᠢᠯ ᠤᠨ ᠠᠵᠢᠯ ᠢ ᠰᠠᠶᠢᠲᠤᠷ ᠰᠦᠪᠡᠭᠴᠢᠯᠡᠬᠦ ᠲᠠᠯ᠎ᠠ ᠳᠤ ᠱᠠᠭᠠᠷᠳᠠᠯᠭ᠎ᠠ ᠶᠢ | ᠳᠤᠷᠠᠳᠪᠠ᠃ ᠦᠪᠡᠷᠲᠡᠭᠡᠨ ᠵᠠᠰᠬᠠᠤ ᠣᠷᠣᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ | ᠵᠠᠩ ᠱᠤᠤ ᠴᠦᠨ᠂ ᠠᠢ ᠯᠢ ᠬᠤᠸᠠ᠂ ᠡᠸᠤ ᠶᠠᠩ ᠰᠢᠶᠤᠤ ᠬᠤᠢ᠂ ᠯᠢ ᠪᠢᠩ ᠷᠦᠩ᠂ ᠵᠧᠩ ᠬᠤᠩ ᠹᠠᠨ ᠲᠤᠰ | ᠲᠤᠰ ᠤᠨ ᠠᠵᠢᠯ ᠤᠨ ᠪᠣᠲᠠᠲᠠᠢ ᠲᠠᠢ ᠪᠠᠨ ᠤᠶᠠᠯᠳᠤᠭᠤᠯᠤᠨ ᠶᠠᠷᠢᠶ᠎ᠠ ᠲᠠᠯᠪᠢᠵᠤ᠂ ᠰᠤᠷᠤᠯᠴᠠᠭᠰᠠᠨ ᠲᠦᠷᠦᠭᠳᠡᠯ ᠢᠶᠠᠨ | ᠰᠣᠯᠢᠯᠴᠠᠨ᠂ ᠢᠷᠡᠬᠦ ᠵᠢᠯ ᠤᠨ ᠠᠵᠢᠯ ᠳᠤ ᠰᠠᠨᠠᠭᠤᠯᠭ᠎ᠠ ᠳᠤᠷᠠᠳᠪᠠ᠃ ᠦᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠤᠰᠤᠳ ᠪᠦᠷᠢᠯᠳᠦᠭᠦᠨ ᠪᠢᠴᠢᠭ ᠢᠶᠠᠷ ᠶᠠᠷᠢᠶ᠎ᠠ ᠲᠠᠯᠪᠢᠪᠠ᠃ | ᠪᠦᠬᠦ ᠣᠷᠣᠨ ᠤ ᠦᠭᠡ ᠬᠡᠯᠡ ᠦᠰᠦᠭ ᠪᠢᠴᠢᠭ ᠤᠨ ᠬᠤᠷᠠᠯ ᠢ ᠸᠢᠳᠢᠣ᠋ ᠶᠢᠨ ᠬᠡᠯᠪᠡᠷᠢ ᠪᠠᠷ ᠬᠤᠷᠠᠯᠳᠤᠭᠤᠯᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠦᠭᠡ ᠬᠡᠯᠡ ᠦᠰᠦᠭ ᠪᠢᠴᠢᠭ ᠤᠨ ᠠᠵᠢᠯ ᠤᠨ ᠲᠤᠬᠠᠢ ᠴᠢᠬᠤᠯᠠ | ᠥᠭᠦᠯᠡᠯᠲᠡ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ ᠪᠠ ᠲᠥᠷᠥ ᠶᠢᠨ | ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠵᠢᠴᠢ ᠪᠥᠬᠦ ᠤᠯᠤᠰ ᠤᠨ ᠦᠭᠡ ᠬᠡᠯᠡ | ᠥᠰᠥᠭ ᠪᠢᠴᠢᠭ ᠤᠨ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠤᠨ᠂ ᠠᠷᠪᠠᠨ ᠨᠠᠢᠮᠠᠳᠤᠭᠠᠷ ᠶᠡᠭᠡ ᠬᠤᠷᠠᠯ ᠠᠴᠠ | ᠨᠠᠭᠠᠰᠢᠬᠢ ᠪᠥᠬᠦ ᠣᠷᠣᠨ ᠤ ᠦᠭᠡ ᠬᠡᠯᠡ ᠥᠰᠥᠭ ᠪᠢᠴᠢᠭ ᠤᠨ ᠠᠵᠢᠯ ᠢ ᠬᠢᠨᠠᠮᠠᠭᠠᠶ ᠳ᠋ᠦᠩᠨᠡᠵᠦ᠂ ᠤᠯᠤᠰ ᠤᠨ ᠨᠡᠶᠢᠳᠡᠮ | ᠬᠡᠷᠡᠭᠯᠡᠬᠦ ᠦᠭᠡ ᠬᠡᠯᠡ ᠥᠰᠥᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ᠂ ᠦᠭᠡ ᠬᠡᠯᠡ ᠥᠰᠥᠭ ᠪᠢᠴᠢᠭ ᠤᠨ | ᠵᠠᠰᠠᠯᠲᠠ ᠶᠢᠨ ᠲᠣᠭᠲᠠᠯᠴᠠᠭ᠎ᠠ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠠᠵᠢᠯ ᠢᠶᠠᠨ | ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ | ᠦᠭᠡ ᠬᠡᠯᠡ ᠥᠰᠥᠭ ᠪᠢᠴᠢᠭ ᠤᠨ ᠠᠵᠢᠯ ᠤᠨ ᠵᠥᠪᠯᠡᠯ ᠤᠨ ᠡᠷᠬᠢᠯᠡᠭᠴᠢ ᠵᠧᠩ ᠬᠤᠩ ᠹᠠᠨ ᠲᠤᠰ ᠬᠤᠷᠠᠯ ᠳᠤ | ᠣᠷᠤᠯᠴᠠᠭᠰᠠᠨ ᠪᠦᠭᠡᠳ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠦᠭᠡ ᠬᠡᠯᠡ ᠦᠰᠦᠭ ᠪᠢᠴᠢᠭ ᠤᠨ | ᠠᠵᠢᠯ ᠤᠨ ᠵᠥᠪᠯᠡᠯ ᠤᠨ ᠪᠦᠷᠢᠯᠳᠦᠭᠦᠨ ᠨᠢᠭᠡᠴᠢ ᠪᠠ ᠶᠡᠭᠡ ᠳᠡᠭᠡᠳᠦ ᠰᠤᠷᠭᠠᠭᠤᠯᠢ ᠶᠢᠨ ᠬᠤᠯᠪᠣᠭᠳᠠᠯ ᠪᠦᠬᠦᠢ | ᠬᠠᠷᠢᠭᠤᠴᠠᠯᠭᠠᠲᠠᠨ᠂ ᠡᠯ᠎ᠡ ᠠᠶᠢᠮᠠᠭ ᠬᠤᠳᠠ ᠶᠢᠨ ᠦᠭᠡ ᠬᠡᠯᠡ ᠦᠰᠦᠭ ᠪᠢᠴᠢᠭ ᠤᠨ ᠠᠵᠢᠯ ᠤᠨ ᠵᠥᠪᠯᠡᠯ ᠤᠨ ᠭᠡᠰᠢᠭᠦᠨ | ᠪᠠ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠲᠤᠰ ᠬᠤᠷᠠᠯ ᠳᠤ | ᠣᠷᠣᠯᠴᠠᠪᠠ᠃ | 12 ᠳ᠋ᠤᠭᠠᠷ ᠰᠠᠷ᠎ᠠ ᠶᠢᠨ 25 ᠤ ᠡᠳᠦᠷ ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ | ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠣᠩᠭᠤᠯ ᠤᠨ ᠲᠣᠬᠠᠢ ᠴᠢᠬᠤᠯᠠ | ᠶᠠᠷᠢᠶ᠎ᠠ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ | ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠲᠤᠰᠬᠠᠢ ᠰᠡᠳᠦᠪ ᠢᠶᠠᠷ ᠰᠤᠨᠤᠰᠴᠤ᠂ ᠰᠤᠷᠤᠯᠴᠠᠨ ᠲᠤᠭᠤᠰᠢᠯᠠᠭᠤᠯᠬᠤ ᠶᠢ | ᠭᠦᠨᠵᠡᠭᠡᠶᠢᠷᠡᠭᠦᠯᠬᠦ ᠠᠵᠢᠯ ᠢᠶᠠᠨ ᠰᠤᠳᠤᠯᠤᠨ ᠪᠠᠶᠢᠷᠢᠯᠠᠭᠤᠯᠪᠠ᠃ ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠱᠦᠵᠢ᠂ ᠦᠪᠡᠷᠲᠡᠭᠡᠨ ᠵᠠᠰᠠᠬᠤ ᠣᠷᠣᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠡᠷᠬᠢᠯᠡᠭᠴᠢ ᠱᠢ ᠲᠠᠢ ᠹᠧᠩ ᠲᠤᠰ ᠬᠤᠷᠠᠯ ᠢ ᠡᠷᠬᠢᠯᠡᠪᠡ᠃ ᠬᠤᠷᠠᠯ ᠳᠡᠭᠡᠷ᠎ᠡ᠂ ᠦᠪᠡᠷᠲᠡᠭᠡᠨ ᠵᠠᠰᠬᠠᠤ | ᠣᠷᠣᠨ ᠤ ᠤᠳᠤᠷᠢᠳᠤᠯᠭ᠎ᠠ ᠯᠢᠨ ᠱᠤᠤ ᠴᠦᠨ᠂ ᠯᠢᠦ ᠴᠢ ᠹᠠᠨ᠂ ᠶᠠᠩ ᠸᠧᠢ ᠳ᠋ᠦᠩ᠂ ᠵᠠᠩ ᠱᠤᠤ ᠴᠦᠨ᠂ ᠠᠢ ᠯᠢ | ᠬᠤᠸᠠ᠂ ᠡᠸᠤ ᠶᠠᠩ ᠰᠢᠶᠤᠤ ᠬᠤᠢ᠂ ᠯᠢ ᠪᠢᠩ ᠷᠦᠩ᠂ ᠬᠤᠸᠠᠩ ᡁᠢ ᠴᠢᠶᠠᠩ ᠬᠠᠷᠢᠭᠤ ᠮᠡᠳᠡᠭᠦᠯᠦᠯᠲᠡ ᠶᠢᠨ ᠦᠭᠡ | ᠬᠡᠯᠡᠵᠦ᠂ ᠯᠢ ᠰᠢᠦ ᠯᠢᠩ᠂ ᠸᠠᠩ ᠯᠢ ᠰᠢᠶᠠ᠂ ᠪᠠᠢ ᠢᠤᠢ ᠭᠠᠩ᠂ ᠮᠧᠩ ᠹᠠᠨ ᠯᠢ᠂ ᠳ᠋ᠤᠸᠠᠨ ᡁᠢ ᠴᠢᠶᠠᠩ᠂ ᠵᠠᠩ ᠡᠧᠨ | ᠬᠤᠢ᠂ ᠨᠠᠰᠦᠨᠮᠦ᠋ᠩᠬᠡ᠂ ᠪᠣᠣ ᠭᠠᠩ᠂ ᠵᠧᠩ ᠬᠤᠩ ᠹᠠᠨ᠂ ᠾᠧᠩ ᠰᠢᠶᠤᠤ ᠹᠠᠨ ᠪᠢᠴᠢᠭ ᠤᠨ ᠬᠡᠯᠪᠡᠷᠢ ᠪᠠᠷ ᠬᠠᠷᠢᠭᠤ | ᠮᠡᠳᠡᠭᠦᠯᠦᠯᠲᠡ ᠬᠢᠪᠡ᠃ ᠬᠤᠷᠠᠯ ᠠᠴᠠ 2020 ᠣᠨ ᠠᠴᠠ ᠨᠠᠭᠠᠰᠢᠬᠢ ᠦᠪᠡᠷᠲᠡᠭᠡᠨ ᠵᠠᠰᠬᠠᠤ ᠣᠷᠣᠨ ᠤ ᠮᠣᠵᠢ ᠶᠢᠨ | ᠳᠡᠰ ᠤᠨ ᠤᠳᠤᠷᠢᠳᠬᠤ ᠨᠦᠬᠦᠳ ᠡᠭᠦᠷᠭᠡ ᠪᠠᠨ ᠲᠦᠷᠦᠭᠦᠯᠡᠨ ᠨᠠᠶᠢᠳᠠᠪᠤᠷᠢᠵᠢᠭᠤᠯᠤᠭᠠᠳ ᠤᠯᠤᠭᠰᠠᠨ ᠢᠳᠡᠪᠬᠢ ᠦᠷ᠎ᠡ | ᠪᠦᠲᠦᠮᠵᠢ ᠶᠢ ᠨᠤᠲᠠᠯᠠᠵᠤ᠂ ᠣᠯᠠᠨ ᠤ ᠳᠤᠷᠠᠳᠤᠭᠰᠠᠨ ᠳᠠᠷᠠᠭᠠᠴᠢ ᠶᠢᠨ ᠠᠯᠬᠤᠮ ᠳᠠᠬᠢ ᠠᠵᠢᠯ ᠤᠨ ᠪᠤᠳᠤᠯᠬᠢᠯᠠᠯ ᠢ ᠨᠢ | ᠵᠠᠷᠴᠢᠮ ᠤᠨ ᠲᠠᠯ᠎ᠠ ᠪᠠᠷ ᠵᠥᠪᠰᠢᠶᠡᠷᠡᠭᠰᠡᠨ ᠪᠠᠶᠢᠨ᠎ᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠭᠤᠯᠤᠮᠵᠢ ᠣᠷᠣᠨ ᠲᠤᠭ᠎ᠠ ᠶᠢᠨ ᠬᠤᠷᠢᠶᠠᠨ ᠤ | ᠳᠣᠯᠣᠳᠤᠭᠠᠷ ᠤᠳᠠᠭᠠᠨ ᠤ ᠬᠤᠷᠠᠯ ᠢ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠠᠵᠢᠯ | ᠦᠢᠯᠡᠰ ᠤᠨ ᠨᠢᠭᠡᠴᠢ ᠪᠠ ᠰᠠᠯᠠᠭ᠎ᠠ ᠮᠥᠴᠢᠷ ᠤᠨ ᠬᠠᠷᠢᠶ᠎ᠠ ᠪᠣᠯᠬᠤ ᠠᠵᠢᠯ ᠦᠢᠯᠡᠰ ᠤᠨ ᠨᠢᠭᠡᠴᠢ ᠨᠦᠭᠦᠳ ᠤᠨ | ᠪᠠᠶᠢᠭᠤᠯᠤᠮᠵᠢ ᠶᠢᠨ ᠡᠭᠦᠷᠭᠡ ᠴᠢᠳᠠᠪᠬᠢ ᠣᠷᠣᠨ ᠲᠤᠭ᠎ᠠ ᠶᠢ ᠲᠣᠭᠲᠠᠭᠠᠬᠤ ᠪᠠᠷ ᠬᠢᠨᠠᠨ ᠵᠦᠪᠯᠡᠵᠦ᠂ ᠪᠠᠶᠢᠭᠤᠯᠤᠮᠵᠢ ᠣᠷᠣᠨ | ᠲᠤᠭ᠎ᠠ ᠶᠢᠨ ᠬᠤᠯᠪᠣᠭᠳᠠᠯ ᠪᠦᠬᠦᠢ ᠵᠦᠢᠯᠡᠰ ᠢ ᠰᠤᠳᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠱᠦᠵᠢ᠂ ᠦᠪᠡᠷᠲᠡᠭᠡᠨ ᠵᠠᠰᠠᠬᠤ ᠣᠷᠣᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠡᠷᠬᠢᠯᠡᠭᠴᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠭᠤᠯᠤᠮᠵᠢ ᠣᠷᠣᠨ ᠲᠤᠭ᠎ᠠ ᠶᠢᠨ | ᠬᠤᠷᠢᠶᠠᠨ ᠤ ᠡᠷᠬᠢᠯᠡᠭᠴᠢ ᠱᠢ ᠲᠠᠢ ᠹᠧᠩ ᠲᠤᠰ ᠬᠤᠷᠠᠯ ᠢ ᠡᠷᠬᠢᠯᠡᠭᠰᠡᠨ ᠪᠦᠭᠡᠳ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ᠂ ᠦᠪᠡᠷᠲᠡᠭᠡᠨ ᠵᠠᠰᠬᠠᠤ | ᠣᠷᠣᠨ ᠤ ᠨᠠᠮ ᠤᠨ ᠬᠤᠷᠢᠶᠠᠨ ᠤ ᠪᠠᠶᠢᠭᠤᠯᠤᠮᠵᠢ ᠣᠷᠣᠨ ᠲᠤᠭ᠎ᠠ ᠶᠢᠨ ᠬᠤᠷᠢᠶᠠᠨ ᠤ ᠳᠡᠳ᠋ ᠡᠷᠬᠢᠯᠡᠭᠴᠢ ᠪᠦ᠋ ᠰᠢᠶᠤᠤ ᠯᠢᠨ᠂ | ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ | ᠬᠤᠷᠢᠶᠠᠨ ᠤ ᠱᠦᠵᠢ᠂ ᠦᠪᠡᠷᠲᠡᠭᠡᠨ ᠵᠠᠰᠬᠠᠤ ᠣᠷᠣᠨ ᠤ ᠨᠠᠮ ᠤᠨ ᠬᠤᠷᠢᠶᠠᠨ ᠤ ᠪᠠᠶᠢᠭᠤᠯᠤᠮᠵᠢ ᠣᠷᠣᠨ ᠲᠤᠭ᠎ᠠ ᠶᠢᠨ | ᠬᠤᠷᠢᠶᠠᠨ ᠤ ᠳᠡᠳ᠋ ᠡᠷᠬᠢᠯᠡᠭᠴᠢ ᠯᠢᠨ ᠱᠤᠤ ᠴᠦᠨ᠂ ᠦᠪᠡᠷᠲᠡᠭᠡᠨ ᠵᠠᠰᠬᠠᠤ ᠣᠷᠣᠨ ᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠭᠡᠯᠲᠡᠰ ᠤᠨ ᠳᠠᠷᠤᠭ᠎ᠠ᠂ ᠦᠪᠡᠷᠲᠡᠭᠡᠨ ᠵᠠᠰᠬᠠᠤ ᠣᠷᠣᠨ ᠤ ᠨᠠᠮ ᠤᠨ | ᠬᠤᠷᠢᠶᠠᠨ ᠤ ᠪᠠᠶᠢᠭᠤᠯᠤᠮᠵᠢ ᠣᠷᠣᠨ ᠲᠤᠭ᠎ᠠ ᠶᠢᠨ ᠬᠤᠷᠢᠶᠠᠨ ᠤ ᠭᠡᠰᠢᠭᠦᠨ ᠶᠠᠩ ᠸᠧᠢ ᠳ᠋ᠦᠩ ᠲᠤᠰ ᠬᠤᠷᠠᠯ ᠳᠤ | ᠣᠷᠣᠯᠴᠠᠪᠠ᠃ ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠭᠤᠯᠤᠮᠵᠢ ᠣᠷᠣᠨ ᠲᠤᠭ᠎ᠠ ᠶᠢᠨ ᠬᠤᠷᠢᠶᠠᠨ ᠤ | ᠭᠡᠰᠢᠭᠦᠳ ᠬᠤᠷᠠᠯ ᠳᠤ ᠣᠷᠤᠯᠴᠠᠵᠤ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠬᠤᠷᠠᠯ ᠳᠤ ᠰᠤᠯᠠ | ᠣᠷᠤᠯᠴᠠᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ᠂ ᠦᠪᠡᠷᠲᠡᠭᠡᠨ ᠵᠠᠰᠬᠠᠤ ᠣᠷᠣᠨ ᠤ | ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠣᠭᠲᠠᠭᠠᠯ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠤᠰᠬᠠᠶᠢᠯᠠᠨ | ᠴᠡᠭᠴᠡᠯᠡᠵᠦ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠱᠢ ᠲᠠᠢ ᠹᠧᠩ ᠥᠪᠡᠷᠲᠡᠭᠡᠨ ᠵᠠᠰᠠᠬᠤ | ᠣᠷᠣᠨ ᠤ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠣᠭᠲᠠᠭᠠᠯ ᠬᠠᠤᠯᠢ ᠠᠴᠠ ᠵᠥᠷᠢᠴᠡᠭᠰᠡᠨ ᠠᠰᠠᠭᠤᠳᠠᠯ ᠢ | ᠲᠤᠰᠬᠠᠶᠢᠯᠠᠨ ᠴᠡᠭᠴᠡᠯᠡᠵᠦ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠲᠠᠪᠤᠳᠤᠭᠠᠷ ᠤᠳᠠᠭᠠᠨ ᠤ ᠬᠤᠷᠠᠯ ᠢ | ᠡᠷᠭᠢᠯᠡᠨ ᠬᠤᠷᠠᠯᠳᠤᠭᠤᠯᠵᠤ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠣᠭᠲᠠᠭᠠᠯ ᠬᠠᠤᠯᠢ ᠠᠴᠠ ᠵᠥᠷᠢᠴᠡᠭᠰᠡᠨ | ᠠᠰᠠᠭᠤᠳᠠᠯ ᠢ ᠲᠤᠰᠬᠠᠶᠢᠯᠠᠨ ᠴᠡᠭᠴᠡᠯᠡᠵᠦ ᠵᠠᠰᠠᠬᠤ ᠲᠠᠯ᠎ᠠ ᠶᠢᠨ ᠵᠠᠰᠠᠯᠲᠠ ᠶᠢ ᠭᠦᠨᠵᠡᠭᠡᠶᠢᠷᠡᠭᠦᠯᠬᠦ ᠠᠵᠢᠯ ᠤᠨ ᠲᠥᠰᠦᠯ ᠢ | ᠬᠢᠨᠠᠨ ᠵᠦᠪᠯᠡᠵᠦ᠂ ᠲᠠᠷᠠᠭᠠᠴᠢ ᠶᠢᠨ ᠠᠯᠬᠤᠮ ᠳᠠᠬᠢ ᠲᠤᠰᠬᠠᠶᠢᠯᠠᠨ ᠴᠡᠭᠴᠡᠯᠡᠵᠦ ᠵᠠᠰᠠᠬᠤ ᠠᠵᠢᠯ ᠤᠨ ᠡᠭᠦᠷᠭᠡ ᠶᠢ ᠰᠤᠳᠤᠯᠤᠨ | ᠪᠠᠶᠢᠷᠢᠯᠠᠭᠤᠯᠪᠠ᠃ ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠲᠡᠭᠡᠨ ᠵᠠᠰᠠᠬᠤ | ᠣᠷᠣᠨ ᠤ ᠲᠡᠷᠢᠭᠦᠯᠡᠭᠴᠢ᠂ ᠦᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ | ᠲᠣᠭᠲᠠᠭᠠᠯ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠤᠰᠬᠠᠶᠢᠯᠠᠨ ᠴᠡᠭᠴᠡᠯᠡᠵᠦ ᠵᠠᠰᠠᠬᠤ ᠠᠵᠢᠯ ᠤᠨ ᠤᠳᠤᠷᠢᠳᠬᠤ | ᠳᠤᠭᠤᠶᠢᠯᠠᠩ ᠤᠨ ᠳᠡᠳ᠋ ᠳᠠᠷᠤᠭ᠎ᠠ ᠪᠦ᠋ ᠰᠢᠶᠤᠤ ᠯᠢᠨ᠂ ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ | ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠦᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠤ | ᠡᠬᠢ ᠪᠠᠶᠠᠯᠢᠭ ᠤᠨ ᠬᠦᠷᠢᠶᠡᠨ ᠳᠠᠬᠢ ᠲᠣᠭᠲᠠᠭᠠᠯ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠤᠰᠬᠠᠶᠢᠯᠠᠨ ᠴᠡᠭᠴᠡᠯᠡᠵᠦ | ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠯᠢᠨ ᠱᠤᠤ ᠴᠦᠨ᠂ ᠦᠪᠡᠷᠲᠡᠭᠡᠨ ᠵᠠᠰᠠᠬᠤ ᠣᠷᠣᠨ ᠤ | ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠣᠭᠲᠠᠭᠠᠯ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠤᠰᠬᠠᠶᠢᠯᠠᠨ | ᠴᠡᠭᠴᠡᠯᠡᠵᠦ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠯᠢᠦ ᠴᠢ ᠹᠠᠨ᠂ ᠵᠠᠩ ᠱᠤᠤ ᠴᠦᠨ᠂ ᠠᠢ ᠯᠢ | ᠬᠤᠸᠠ ᠲᠤᠰ ᠬᠤᠷᠠᠯ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠪᠠᠢ ᠢᠤᠢ ᠭᠠᠩ᠂ ᠡᠸᠤ | ᠶᠠᠩ ᠰᠢᠶᠤᠤ ᠬᠤᠢ᠂ ᠬᠤᠸᠠᠩ ᡁᠢ ᠴᠢᠶᠠᠩ᠂ ᠾᠧᠩ ᠰᠢᠶᠤᠤ ᠹᠠᠨ ᠲᠤᠰ ᠬᠤᠷᠠᠯ ᠳᠤ ᠰᠤᠯᠠ ᠣᠷᠣᠯᠴᠠᠪᠠ᠃ | ᠦᠪᠡᠷᠲᠡᠭᠡᠨ ᠵᠠᠰᠠᠬᠤ ᠣᠷᠣᠨ ᠤ ᠲᠤᠰᠬᠠᠶᠢᠯᠠᠨ ᠴᠡᠭᠴᠡᠯᠡᠵᠦ ᠵᠠᠰᠠᠬᠤ ᠭᠤᠣᠯ ᠴᠤᠭᠴᠠ ᠶᠢᠨ ᠬᠠᠷᠢᠭᠤᠴᠠᠯᠭ᠎ᠠ ᠶᠢᠨ | ᠠᠯᠪᠠᠨ ᠭᠡᠷ᠂ ᠬᠢᠨᠠᠯᠲᠠ ᠲᠠᠯᠪᠢᠬᠤ ᠬᠠᠷᠢᠭᠤᠴᠠᠯᠭ᠎ᠠ ᠶᠢᠨ ᠠᠯᠪᠠᠨ ᠭᠡᠷ ᠤᠨ ᠬᠤᠯᠪᠣᠭᠳᠠᠯ ᠪᠦᠬᠦᠢ ᠭᠡᠰᠢᠭᠦᠨ᠂ ᠡᠯ᠎ᠡ | ᠠᠵᠢᠯᠯᠠᠬᠤ ᠳᠤᠭᠤᠶᠢᠯᠠᠩ ᠵᠢᠴᠢ ᠬᠤᠯᠪᠣᠭᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠳ ᠲᠤᠰ ᠬᠤᠷᠠᠯ ᠳᠤ ᠰᠤᠯᠠ | ᠣᠷᠤᠯᠴᠠᠪᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠦᠬᠦ ᠣᠷᠣᠨ ᠤ ᠠᠵᠤ ᠦᠢᠯᠡᠳᠪᠦᠷᠢ | ᠡᠨᠧᠷᠭᠢ ᠵᠠᠮ ᠬᠠᠷᠢᠯᠴᠠᠭᠠᠨ ᠤ ᠬᠦᠷᠢᠶᠡᠨ ᠳᠠᠬᠢ ᠭᠤᠣᠯᠳᠠᠯᠭ᠎ᠠ ᠪᠣᠯᠬᠤ ᠠᠵᠢᠯ ᠢ ᠠᠬᠢᠭᠤᠯᠤᠭᠰᠠᠨ ᠪᠠᠶᠢᠳᠠᠯ ᠤᠨ ᠲᠤᠬᠠᠢ | ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠠᠢ ᠯᠢ | ᠬᠤᠸᠠ ᠲᠤᠰ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠤᠯᠴᠠᠭᠰᠠᠨ ᠪᠦᠭᠡᠳ ᠭᠤᠣᠯ ᠰᠡᠳᠦᠪᠲᠦ ᠨᠡᠶᠢᠲᠡᠯᠡᠯ ᠬᠢᠪᠡ᠃ | ᠥᠪᠡᠷᠲᠡᠭᠡᠨ ᠵᠠᠰᠠᠬᠤ ᠣᠷᠣᠨ ᠤ ᠠᠵᠤ ᠦᠶ᠋ᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠢᠩᠬᠢᠮ᠂ ᠵᠠᠮ ᠬᠠᠷᠢᠯᠴᠠᠭ᠎ᠠ | ᠲᠡᠭᠡᠭᠡᠪᠦᠷᠢ ᠶᠢᠨ ᠲᠢᠩᠬᠢᠮ᠂ ᠡᠨᠧᠷᠭᠢ ᠶᠢᠨ ᠲᠣᠪᠴᠢᠶ᠎ᠠ᠂ ᠲᠣᠮᠣ ᠳ᠋ᠠᠶᠢᠲ᠋ᠠ ᠶᠢᠨ ᠬᠥᠭᠵᠢᠭᠦᠯᠦᠯᠲᠡ ᠬᠠᠮᠢᠶᠠᠷᠤᠯᠲᠠ ᠶᠢᠨ | ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠲᠤᠰ ᠰᠣᠨᠢᠨ | ᠮᠡᠳᠡᠭᠡ ᠨᠡᠶᠢᠲᠠᠯᠠᠬᠦ ᠬᠤᠷᠠᠯ ᠳᠤ ᠣᠷᠤᠯᠴᠠᠭᠰᠠᠨ ᠪᠦᠭᠡᠳ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ | 12 ᠳ᠋ᠤᠭᠠᠷ ᠰᠠᠷ᠎ᠠ ᠶᠢᠨ 26 ᠤ ᠡᠳᠦᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠴᠡᠷᠢᠭ ᠤᠨ | ᠶᠠᠪᠤᠳᠠᠯ ᠢ ᠵᠦᠪᠯᠡᠬᠦ ᠬᠤᠷᠠᠯ ᠬᠢᠭᠡᠳ ᠴᠡᠷᠢᠭ ᠤᠨ ᠬᠤᠪᠢᠶᠠᠷᠢ ᠲᠣᠭᠤᠷᠢᠭ ᠤᠨ ᠨᠠᠮ ᠤᠨ ᠬᠤᠷᠢᠶᠠᠨ ᠤ ᠨᠢᠭᠡᠳᠦᠭᠡᠷ | ᠱᠦᠵᠢ ᠶᠢᠨ ᠲᠤᠰᠢᠶᠠᠯ ᠤᠨ ᠮᠡᠳᠡᠭᠦᠯᠦᠯᠲᠡ ᠶᠢᠨ ᠬᠤᠷᠠᠯ ᠬᠥᠬᠡᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶᠠᠨ ᠤ ᠱᠦᠵᠢ᠂ ᠦᠪᠡᠷᠲᠡᠭᠡᠨ ᠵᠠᠰᠠᠬᠤ ᠣᠷᠣᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠡᠷᠬᠢᠯᠡᠭᠴᠢ᠂ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠨᠠᠮ ᠤᠨ ᠬᠤᠷᠢᠶᠠᠨ ᠤ | ᠨᠢᠭᠡᠳᠦᠭᠡᠷ ᠱᠦᠵᠢ ᠱᠢ ᠲᠠᠢ ᠹᠧᠩ ᠲᠤᠰ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃ ᠦᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ᠂ ᠥᠪᠡᠷᠲᠡᠭᠡᠨ ᠵᠠᠰᠠᠬᠤ | ᠣᠷᠣᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠵᠥᠪᠯᠡᠯ ᠤᠨ ᠡᠷᠬᠢᠯᠡᠭᠴᠢ ᠪᠦ᠋ ᠰᠢᠶᠤᠤ ᠯᠢᠨ ᠲᠤᠰ | ᠬᠤᠷᠠᠯ ᠳᠤ ᠣᠷᠤᠯᠴᠠᠭᠰᠠᠨ ᠪᠦᠭᠡᠳ ᠶᠠᠷᠢᠶ᠎ᠠ ᠲᠠᠯᠪᠢᠪᠠ᠃ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠺᠣᠮᠢᠰᠰᠠᠷ | ᠶᠠᠩ ᠰᠢᠶᠤᠤ ᠺᠠᠩ ᠶᠡᠷᠦᠩᠬᠡᠢ ᠱᠦᠵᠢ ᠰᠢ ᠶᠢᠨ ᠫᠢᠩ ᠤᠨ ᠬᠤᠯᠪᠣᠭᠳᠠᠯ ᠪᠦᠬᠦᠢ ᠴᠢᠬᠤᠯᠠ ᠶᠠᠷᠢᠶ᠎ᠠ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠺᠤᠮᠠᠨᠳ᠋ᠯᠠᠭᠴᠢ ᠮᠠ ᠴᠢᠩ ᠯᠸᠢ 2020 ᠣᠨ ᠳᠠᠬᠢ ᠪᠦᠬᠦ | ᠣᠷᠣᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠠ ᠪᠡᠯᠡᠳᠬᠡᠯ ᠬᠦᠴᠦᠨ ᠤ ᠪᠠᠶᠢᠭᠤᠯᠤᠯᠲᠠ ᠶᠢᠨ | ᠪᠠᠶᠢᠳᠠᠯ ᠢ ᠬᠠᠷᠢᠭᠤ ᠮᠡᠳᠡᠭᠦᠯᠪᠡ᠃ ᠡᠯ᠎ᠡ ᠴᠡᠷᠢᠭ ᠤᠨ ᠬᠤᠪᠢᠶᠠᠷᠢ ᠲᠣᠭᠤᠷᠢᠭ ︵ᠰᠡᠷᠭᠡᠶᠢᠯᠡᠯᠲᠡ ᠶᠢᠨ ᠲᠣᠭᠤᠷᠢᠭ︶ ᠤᠨ | ᠨᠠᠮ ᠤᠨ ᠬᠤᠷᠢᠶᠠᠨ ᠤ ᠨᠢᠭᠡᠳᠦᠭᠡᠷ ᠱᠦᠵᠢ ᠨᠠᠷ ᠴᠦ ᠲᠤᠰᠢᠶᠠᠯ ᠤᠨ ᠮᠡᠳᠡᠭᠦᠯᠦᠯᠲᠡ ᠬᠢᠵᠦ᠂ ᠮᠠ ᠴᠢᠩ ᠯᠸᠢ ᠴᠡᠷᠢᠭ ᠤᠨ | ᠲᠣᠭᠤᠷᠢᠭ ᠤᠨ ᠨᠠᠮ ᠤᠨ ᠬᠤᠷᠢᠶᠠᠨ ᠤ ᠡᠮᠦᠨ᠎ᠡ ᠠᠴᠠ ᠦᠨᠡᠯᠡᠯᠲᠡ ᠬᠢᠪᠡ᠃ ᠥᠪᠡᠷᠲᠡᠭᠡᠨ ᠵᠠᠰᠠᠬᠤ ᠣᠷᠣᠨ ᠤ ᠴᠡᠷᠢᠭ | ᠠᠩᠭᠢ ᠪᠠ ᠣᠷᠣᠨ ᠨᠤᠲᠤᠭ ᠤᠨ ᠬᠠᠮᠢᠶ᠎ᠠ ᠪᠦᠬᠦᠢ ᠤᠳᠤᠷᠢᠳᠬᠤ ᠨᠥᠬᠦᠳ᠂ ᠡᠯ᠎ᠡ ᠠᠶᠢᠮᠠᠭ ᠬᠤᠳᠠ ᠶᠢᠨ ᠨᠠᠮ ᠤᠨ | ᠬᠤᠷᠢᠶ᠎ᠡ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠲᠤᠰ | ᠬᠤᠷᠠᠯ ᠳᠤ ᠣᠷᠣᠯᠴᠠᠪᠠ᠃ | 12 ᠳ᠋ᠤᠭᠠᠷ ᠰᠠᠷ᠎ᠠ ᠶᠢᠨ 30 ᠤ ᠡᠳᠦᠷ ᠦᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ | ᠤᠳᠤᠷᠢᠳᠬᠤ ᠳᠤᠭᠤᠶᠢᠯᠠᠩ 2020 ᠣᠨ ᠤ 17 ᠳ᠋ᠤᠭᠠᠷ ᠤᠳᠠᠭᠠᠨ ᠤ ᠬᠤᠷᠠᠯ ᠢ ᠬᠤᠷᠠᠯᠳᠤᠭᠤᠯᠵᠤ᠂ ᠦᠨᠳᠦᠰᠦᠲᠡᠨ ᠤ | ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠰᠠᠨᠠᠯ ᠢᠶᠠᠷ | ᠴᠡᠭᠴᠡᠯᠡᠵᠦ ᠰᠠᠶᠢᠵᠢᠷᠠᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠤᠨᠤᠰᠴᠤ᠂ ᠴᠡᠭᠴᠡᠯᠡᠨ ᠰᠠᠶᠢᠵᠢᠷᠠᠭᠤᠯᠵᠤ | ᠨᠠᠶᠢᠳᠠᠪᠤᠷᠢᠵᠢᠭᠤᠯᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠶᠢ ᠰᠤᠳᠤᠯᠤᠨ ᠪᠠᠶᠢᠷᠢᠯᠠᠭᠤᠯᠪᠠ᠃ ᠦᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ᠂ ᠦᠪᠡᠷᠲᠡᠭᠡᠨ | ᠵᠠᠰᠬᠠᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠪᠥ᠋ ᠰᠢᠶᠤᠤ ᠯᠢᠨ ᠲᠤᠰ | ᠬᠤᠷᠠᠯ ᠢ ᠡᠷᠬᠢᠯᠡᠭᠰᠡᠨ ᠪᠦᠭᠡᠳ ᠶᠡᠷᠢᠶ᠎ᠠ ᠲᠠᠯᠪᠢᠪᠠ᠃ ᠦᠪᠡᠷᠲᠡᠭᠡᠨ ᠵᠠᠰᠬᠠᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠤᠳᠤᠷᠢᠳᠬᠤ ᠪᠠᠭ ᠤᠨ ᠪᠦᠷᠢᠯᠳᠦᠭᠦᠨ ᠵᠠᠩ ᠱᠤᠤ ᠴᠦᠨ᠂ ᠠᠢ ᠯᠢ ᠬᠤᠸᠠ᠂ ᠡᠸᠥ ᠶᠠᠩ ᠰᠢᠶᠤᠤ ᠬᠤᠢ᠂ ᠯᠢ ᠪᠢᠩ | ᠷᠦᠩ᠂ ᠵᠧᠩ ᠬᠤᠩ ᠹᠠᠨ᠂ ᠬᠤᠸᠠᠩ ᡁᠢ ᠴᠢᠶᠠᠩ ᠬᠤᠷᠠᠯ ᠳᠤ ᠣᠷᠤᠯᠴᠠᠭᠰᠠᠨ ᠪᠦᠭᠡᠳ ᠡᠭᠦᠷᠭᠡ ᠶᠢ ᠲᠦᠷᠦᠭᠦᠯᠡᠨ | ᠭᠦᠢᠴᠡᠳᠭᠡᠵᠦ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠢᠶᠠᠨ ᠲᠤᠰ ᠲᠤᠰ ᠬᠠᠷᠢᠭᠤ ᠮᠡᠳᠡᠭᠦᠯᠪᠡ᠃ | ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠤᠰᠤᠳ ᠪᠦᠷᠢᠯᠳᠦᠭᠦᠨ ᠨᠠᠷ | ᠪᠢᠴᠢᠭ ᠤᠨ ᠬᠡᠯᠪᠡᠷᠢ ᠪᠠᠷ ᠬᠠᠷᠢᠭᠤ ᠮᠡᠳᠡᠭᠦᠯᠪᠡ᠃ ᠦᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ | ᠲᠢᠩᠭᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠨᠠᠷ ᠲᠤᠰ ᠬᠤᠷᠠᠯ ᠳᠤ ᠰᠤᠯᠠ ᠣᠷᠤᠯᠴᠠᠪᠠ᠃ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡ ᠨᠡᠶᠢᠲᠡᠯᠡᠬᠦ ᠠᠯᠪᠠᠨ ᠬᠡᠷ ᠥᠪᠡᠷᠲᠡᠭᠡᠨ | ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠢ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠳᠡᠳ᠋ | ᠲᠡᠷᠢᠭᠦᠯᠡᠭᠴᠢ ᠡᠸᠤ ᠶᠠᠩ ᠰᠢᠶᠤᠤ ᠬᠤᠶ ᠨᠡᠶᠢᠭᠡᠮ ᠨᠡᠶᠢᠲᠡ ᠪᠠᠷ ᠢᠶᠠᠨ ᠠᠩᠬᠠᠷᠴᠤ ᠪᠠᠶᠢᠭ᠎ᠠ ᠪᠥᠬᠦ ᠣᠷᠣᠨ ᠤ ᠪᠥᠭᠡᠮ | ᠬᠦᠴᠢᠯ ᠤᠨ ᠪᠠᠶᠢᠴᠠᠭᠠᠨ ᠰᠢᠯᠭᠠᠬᠤ ᠴᠢᠳᠠᠪᠤᠷᠢ ᠶᠢᠨ ᠬᠤᠯᠪᠣᠭᠳᠠᠯ ᠪᠥᠬᠦᠶ ᠪᠠᠶᠢᠳᠠᠯ ᠤᠨ ᠲᠤᠬᠠᠶ ᠪᠣᠳᠠᠲᠠᠶ ᠲᠠᠨᠢᠯᠴᠠᠭᠤᠯᠪᠠ᠃ | ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ ᠰᠢᠤᠢ ᠬᠤᠩ ᡁᠢ᠂ | ᠶᠡᠷᠦᠩᠬᠡᠶᠢᠯᠡᠭᠰᠡᠨ ᠡᠪᠡᠳᠴᠢᠨ ᠡᠮᠭᠡᠭ ᠰᠡᠷᠭᠡᠶᠢᠯᠡᠨ ᠬᠤᠷᠢᠭᠯᠠᠬᠤ ᠲᠥᠪ ᠤᠨ ᠡᠷᠬᠢᠯᠡᠭᠴᠢ ᠸᠠᠩ ᠸᠧᠨ ᠷᠦᠢ ᠲᠤᠰ ᠰᠣᠨᠢᠨ | ᠮᠡᠳᠡᠭᠡ ᠨᠡᠶᠢᠲᠡᠯᠡᠬᠦ ᠬᠤᠷᠠᠯ ᠳᠤ ᠣᠷᠤᠯᠴᠠᠭᠰᠠᠨ ᠪᠦᠭᠡᠳ ᠲᠤᠰ ᠲᠤᠰ ᠥᠪᠡᠷᠲᠡᠭᠡᠨ ᠵᠠᠰᠠᠬᠤ ᠣᠷᠣᠨ ᠤ ᠬᠢᠵᠢᠭ ᠤᠨ | ᠪᠠᠶᠢᠳᠠᠯ ᠤᠨ ᠪᠠᠶᠢᠩᠭᠤ ᠰᠡᠷᠭᠡᠶᠢᠯᠡᠨ ᠡᠵᠡᠮᠳᠡᠬᠦ ᠠᠵᠢᠯ ᠢ ᠠᠬᠢᠭᠤᠯᠤᠭᠰᠠᠨ ᠪᠠᠶᠢᠳᠠᠯ ᠪᠠ ᠬᠢᠵᠢᠭ ᠤᠨ ᠲᠦᠢᠮᠤ ᠪᠠᠶᠢᠳᠠᠯ ᠢ | ᠨᠡᠪᠲᠡᠷᠡᠭᠦᠯᠦᠨ ᠮᠡᠳᠡᠭᠡᠯᠡᠵᠦ᠂ ᠰᠢᠨ᠎ᠡ ᠵᠢᠯ ᠴᠠᠭᠠᠨ ᠰᠠᠷ᠎ᠠ ᠶᠢᠨ ᠬᠤᠭᠤᠴᠠᠭᠠᠨ ᠳᠠᠬᠢ ᠰᠡᠷᠭᠡᠶᠢᠯᠡᠨ ᠡᠵᠡᠮᠳᠡᠬᠦ ᠠᠵᠢᠯ ᠤᠨ | ᠲᠤᠬᠢᠷᠠᠭᠤᠯᠤᠯᠳᠠ ᠪᠠ ᠪᠣᠳᠠᠲᠠᠢ ᠠᠷᠭ᠎ᠠ ᠬᠡᠮᠵᠢᠶ᠎ᠡ ᠶᠢᠨ ᠲᠤᠬᠠᠢ ᠲᠠᠨᠢᠯᠴᠠᠭᠤᠯᠭ᠎ᠠ ᠬᠢᠪᠡ᠃ | 12 ᠳ᠋ᠤᠭᠠᠷ ᠰᠠᠷ᠎ᠠ ᠶᠢᠨ 31 ᠤ ᠡᠳᠦᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ | ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠤᠤ ᠯᠢᠨ ᠪᠠᠶᠠᠨᠨᠠᠭᠤᠷ ᠬᠤᠲᠠ ᠶᠢᠨ ᠤᠷᠠᠳ ᠤᠨ ᠳᠤᠮᠳᠠᠳᠤ | ᠬᠤᠰᠢᠭᠤᠨ ᠳᠤ ᠭᠦᠨᠵᠡᠭᠡᠶᠢᠷᠡᠵᠦ᠂ ᠭᠠᠭᠴᠠᠮᠤᠳᠤ ᠬᠢᠯᠢ ᠶᠢᠨ ᠪᠣᠭᠤᠮᠲᠠ ᠳᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠤᠨ ᠰᠡᠷᠭᠡᠶᠢᠯᠡᠨ ᠡᠵᠡᠮᠳᠡᠵᠦ ᠪᠠᠶᠢᠭ᠎ᠠ ᠠᠵᠢᠯ ᠢ ᠪᠠᠶᠢᠴᠠᠭᠠᠨ ᠰᠤᠳᠤᠯᠪᠠ᠃ ᠦᠪᠡᠷᠲᠡᠭᠡᠨ ᠵᠠᠰᠠᠬᠤ | ᠣᠷᠣᠨ ᠤ ᠳᠡᠳ᠋ ᠲᠡᠷᠢᠭᠦᠯᠡᠭᠴᠢ ᠡᠸᠥ ᠶᠠᠩ ᠰᠢᠶᠤᠤ ᠬᠤᠢ ᠵᠢᠴᠢ ᠬᠤᠯᠪᠣᠭᠳᠠᠯ ᠪᠦᠬᠦᠢ ᠰᠠᠯᠠᠭ᠎ᠠ ᠮᠦᠴᠢᠷ ᠤᠨ | ᠬᠠᠷᠢᠭᠤᠴᠠᠯᠭᠠᠲᠠᠳ ᠪᠠᠶᠢᠴᠠᠭᠠᠨ ᠰᠤᠳᠤᠯᠤᠯᠲᠠ ᠳᠤ ᠣᠷᠤᠯᠴᠠᠪᠠ᠃ | ᠦᠪᠡᠷᠲᠡᠭᠡᠨ ᠵᠠᠰᠠᠬᠤ ᠣᠷᠣᠨ ︽ᠰᠢᠨ᠎ᠡ ᠵᠢᠯ ᠴᠠᠭᠠᠨ ᠰᠠᠷ᠎ᠠ︾ ︽ᠬᠤᠶᠠᠷ ᠬᠤᠷᠠᠯ︾ ᠤᠨ ᠬᠤᠭᠤᠴᠠᠭᠠᠨ ᠳᠠᠬᠢ | ᠬᠠᠩᠭᠠᠯᠭ᠎ᠠ ᠶᠢ ᠪᠠᠲᠤᠯᠠᠵᠤ ᠦᠨ᠎ᠡ ᠶᠢ ᠲᠣᠭᠲᠠᠪᠤᠷᠢᠵᠢᠭᠤᠯᠬᠤ ᠪᠠ ᠠᠮᠦᠷ ᠲᠦᠪᠰᠢᠨ ᠲᠣᠭᠲᠠᠭᠤᠨ ᠪᠠᠶᠢᠬᠤ ᠵᠡᠷᠭᠡ | ᠠᠵᠢᠯ ᠤᠨ ᠲᠧᠯᠸᠢᠰ ᠤᠲᠠᠰᠤᠳᠤ ᠬᠤᠷᠠᠯ ᠢ ᠬᠤᠷᠠᠯᠳᠤᠭᠤᠯᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠶᠤᠯ ᠦᠭᠡᠢ ᠦᠢᠯᠡᠳᠪᠦᠷᠢᠯᠡᠯ᠂ ᠠᠷᠠᠳ ᠤᠨ ᠠᠮᠢᠳᠤᠷᠠᠯ ᠢ ᠪᠠᠲᠤᠯᠠᠬᠤ᠂ | ᠵᠠᠬᠢᠳᠠᠯ ᠰᠤᠷᠪᠤᠯᠵᠢᠯᠠᠯ ᠪᠠ ᠲᠣᠭᠲᠠᠭᠤᠨ ᠢ ᠪᠠᠲᠤᠯᠠᠬᠤ᠂ ᠬᠠᠩᠭᠠᠯᠭ᠎ᠠ ᠶᠢ ᠪᠠᠲᠤᠯᠠᠵᠤ ᠦᠨ᠎ᠡ ᠶᠢ ᠲᠣᠭᠲᠠᠪᠤᠷᠢᠵᠢᠭᠤᠯᠬᠤ᠂ | ᠪᠠᠴᠢᠮ ᠪᠠᠶᠢᠳᠠᠯ ᠢ ᠠᠷᠭᠠᠴᠠᠭᠠᠬᠤ ᠪᠠ ᠵᠢᠵᠢᠭᠦᠷᠯᠡᠬᠦ ᠵᠡᠷᠭᠡ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠦᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠦᠪᠡᠷᠲᠡᠭᠡᠨ | ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠤᠤ ᠴᠦᠨ ᠲᠤᠰ ᠬᠤᠷᠠᠯ ᠳᠤ ᠣᠷᠤᠯᠴᠠᠭᠰᠠᠨ ᠪᠦᠭᠡᠳ | ᠶᠠᠷᠢᠶ᠎ᠠ ᠲᠠᠯᠪᠢᠪᠠ᠃ ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ | ᠪᠢᠴᠢᠭ ᠤᠨ ᠳᠠᠷᠤᠭ᠎ᠠ᠂ ᠦᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠤᠤ ᠴᠦᠨ | ᠰᠠᠭᠤᠳᠠᠯ ᠤᠨ ᠬᠤᠷᠠᠯ ᠬᠤᠷᠠᠯᠳᠤᠭᠤᠯᠵᠤ᠂ ︽ᠵᠠᠰᠠᠭ ᠤᠨ ᠣᠷᠳᠣᠨ ᠤ ᠠᠵᠢᠯ ᠤᠨ ᠢᠯᠡᠳᠭᠡᠯ︾ ᠳᠤ ᠡᠯ᠎ᠡ | ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭᠠᠲᠤ ᠬᠤᠷᠠᠯ᠂ ᠨᠠᠮ ᠪᠦᠯᠦᠭ ᠤᠨ ᠪᠤᠰᠤ | ᠬᠦᠮᠦᠰ ᠪᠠ ᠵᠠᠰᠠᠭ ᠤᠨ ᠣᠷᠳᠣᠨ ᠤ ᠵᠦᠪᠳᠡᠭᠴᠢ᠂ ᠰᠤᠶᠤᠯ ᠲᠡᠦᠬᠡ ᠶᠢᠨ ᠣᠷᠳᠣᠨ ᠤ ᠠᠵᠢᠯᠲᠠᠨ ᠤ ᠰᠠᠨᠠᠯ ᠰᠠᠨᠠᠭᠤᠯᠭ᠎ᠠ ᠶᠢ | ᠬᠤᠷᠢᠶᠠᠪᠠ᠃ ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠲᠦᠮᠡᠯ ᠹᠷᠣᠨᠲ ᠤᠨ ᠭᠡᠯᠲᠡᠰ᠂ ᠦᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠭᠢᠮ᠂ ᠰᠤᠳᠤᠯᠬᠤ ᠲᠠᠰᠤᠭ ᠤᠨ ᠬᠤᠯᠪᠣᠭᠳᠠᠯ ᠪᠦᠬᠦᠢ | ᠬᠠᠷᠢᠭᠤᠴᠠᠯᠭᠠᠲᠠᠨ ᠲᠤᠰ ᠰᠠᠭᠤᠳᠠᠯ ᠤᠨ ᠬᠤᠷᠠᠯ ᠳᠤ ᠣᠷᠤᠯᠴᠠᠪᠠ᠃ | ᠦᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠤᠷᠢᠳ ᠬᠤᠵᠢᠳ ᠳᠤᠮᠳᠠᠳᠤ ᠶᠢᠨ | ᠡᠳ᠋ ᠬᠥᠷᠥᠩᠭᠡ ᠶᠢᠨ ᠬᠠᠮᠲᠤᠷᠠᠭᠰᠠᠨ ᠳᠠᠭᠠᠳᠬᠠᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠥᠪᠥᠷ | ᠮᠣᠩᠭᠤᠯ ᠤᠨ ᠬᠤᠪᠢᠶᠠᠷᠢ ᠺᠤᠮᠫᠠᠨᠢ᠂ ᠮᠧᠩ ᠱᠠᠩ ᠪᠠᠩᠬᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ | ᠬᠥᠬᠡᠬᠤᠲᠠ ᠬᠤᠪᠢᠶᠠᠷᠢ ᠪᠠᠩᠬᠢ ᠶᠢᠨ ᠠᠵᠢᠯ ᠡᠷᠬᠢᠯᠡᠬᠦ ᠭᠠᠵᠠᠷ᠂ ᠰᠢᠩ ᠶᠧ ᠪᠠᠩᠬᠢ ᠶᠢᠨ ᠬᠤᠪᠢ ᠣᠷᠣᠭᠤᠯᠤᠭᠰᠠᠨ | ᠬᠢᠵᠠᠭᠠᠷᠲᠤ ᠺᠣᠮᠫᠠᠨᠢ ᠶᠢᠨ ᠬᠥᠬᠡᠬᠤᠲᠠ ᠬᠤᠪᠢᠶᠠᠷᠢ ᠪᠠᠩᠬᠢ ᠶᠢᠨ ᠠᠵᠢᠯ ᠡᠷᠬᠢᠯᠡᠬᠦ ᠭᠠᠵᠠᠷ᠂ ᠳᠤᠮᠳᠠᠳᠤ ᠤᠯᠤᠰ ᠤᠨ | ᠲᠠᠷᠢᠶᠠᠯᠠᠩ ᠤᠨ ᠪᠠᠩᠬᠢ ᠶᠢᠨ ᠥᠪᠥᠷ ᠮᠣᠩᠭᠤᠯ ᠬᠤᠪᠢᠶᠠᠷᠢ ᠪᠠᠩᠭᠢ ᠶᠢᠨ ᠠᠷᠤ ᠲᠠᠯ᠎ᠠ ᠶᠢᠨ ᠠᠵᠢᠯᠯᠠᠭᠠᠨ ᠤ ᠲᠦᠪ ᠲᠤ | ᠬᠦᠷᠴᠦ ᠪᠤᠯᠭᠤᠭᠠᠨ ᠲᠣᠬᠤᠨᠢᠭᠤᠯᠵᠤ ᠪᠠᠶᠢᠴᠠᠭᠠᠨ ᠰᠤᠳᠤᠯᠤᠯᠲᠠ ᠬᠢᠪᠡ᠃ | | ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠮᠡᠳᠡᠭᠡ |