︵ᠨᠢᠭᠡ︶ ᠡᠪᠡᠳᠴᠢᠨ ᠢ ᠰᠡᠷᠭᠡᠶᠢᠯᠡᠬᠦ᠃ ᠲᠠᠬᠢᠶ᠎ᠠ ᠶᠢ ᠡᠬᠢᠯᠡᠵᠦ ᠦᠨᠳᠡᠭᠡᠯᠡᠬᠦ ᠠᠴᠠ ᠡᠮᠦᠨ᠎ᠡ ᠡᠷᠬᠡᠪᠰᠢ 1 ~ | 2 ᠤᠳᠠᠭ᠎ᠠ ᠡᠮ ᠢᠳᠡᠭᠦᠯᠵᠦ ᠡᠪᠡᠳᠴᠢᠨ ᠳᠤ ᠨᠡᠷᠪᠡᠭᠳᠡᠬᠦ ᠠᠴᠠ ᠰᠡᠷᠭᠡᠶᠢᠯᠡᠨ᠎ᠡ᠃ ᠨᠢᠭᠡᠨᠲᠡ ᠦᠨᠳᠡᠭᠡᠯᠡᠵᠦ | ᠡᠬᠢᠯᠡᠭᠰᠡᠨ ᠲᠠᠬᠢᠶ᠎ᠠ ᠶᠢᠨ ᠪᠦᠬᠦᠶᠢᠯᠡ ᠦᠨᠳᠡᠭᠡᠯᠡᠯᠲᠡ ᠶᠢᠨ ᠬᠤᠭᠤᠴᠠᠭᠠᠨ ᠳᠤ 3 ~ 4 ᠭᠠᠷᠠᠭ ᠪᠣᠯᠬᠤ ᠪᠦᠷᠢ ᠨᠢᠭᠡ | ᠤᠳᠠᠭ᠎ᠠ ᠡᠪᠡᠳᠴᠢᠨ ᠢ ᠰᠡᠷᠭᠡᠶᠢᠯᠡᠬᠦ ᠡᠮ ᠤᠤᠭᠤᠯᠭᠠᠨ᠎ᠠ᠃ | ᠲᠠᠬᠢᠶ᠎ᠠ ᠦᠨᠳᠡᠭᠡᠯᠡᠬᠦ ᠣᠷᠭᠢᠯ ᠤᠨ ᠬᠤᠭᠤᠴᠠᠭᠠᠨ ᠳᠤ ᠣᠷᠤᠪᠠᠯ ᠰᠢᠮ᠎ᠡ ᠲᠡᠵᠢᠭᠡᠯ ᠢᠶᠠᠨ ᠪᠠᠷᠤᠭ ᠪᠦᠷ | ᠦᠨᠳᠡᠭᠡᠯᠡᠬᠦ ᠳᠡᠭᠡᠷ᠎ᠡ ᠵᠠᠷᠤᠴᠠᠭᠤᠯᠳᠠᠭ ᠶᠤᠮ᠃ ᠡᠶᠢᠮᠦ ᠠᠴᠠ ᠡᠮ ᠦᠭᠴᠦ ᠡᠪᠡᠳᠴᠢᠨ ᠢ ᠰᠡᠷᠭᠡᠶᠢᠯᠡᠬᠦ ᠶᠢᠨ ᠬᠠᠮᠲᠦ | ᠲᠣᠭᠲᠠᠮᠠᠯ ᠬᠤᠭᠤᠴᠠᠭ᠎ᠠ ᠲᠠᠢ ᠪᠠᠷ ᠲᠠᠬᠢᠶᠠᠨ ᠤ ᠪᠦᠬᠦ ᠪᠡᠶ᠎ᠡ ᠶᠢ ᠠᠷᠢᠭᠤᠳᠬᠠᠬᠤ ᠴᠢᠬᠤᠯᠠᠲᠠᠢ᠃ | ︵ᠬᠤᠶᠠᠷ︶ ᠲᠡᠵᠢᠭᠡᠬᠦ ᠪᠠ ᠤᠰᠤᠯᠠᠬᠤ᠃ ᠦᠨᠳᠡᠭᠡᠨ ᠲᠠᠬᠢᠶ᠎ᠠ ᠶᠢᠨ ᠦᠨᠳᠡᠭᠡᠯᠡᠬᠦ ᠨᠢ ᠠᠷᠪᠢᠨ ᠪᠤᠯᠬᠤᠷ | ᠶᠡᠭᠡ ᠬᠡᠮᠵᠢᠶ᠎ᠡ ᠶᠢᠨ ᠺᠠᠯᠼ ᠭᠡᠷᠡᠭᠰᠡᠳᠡᠭ᠃ ᠶᠡᠷᠦ ᠶᠢᠨ ᠪᠠᠶᠢᠳᠠᠯ ᠳᠤᠤᠷ᠎ᠠ ᠦᠳᠡ ᠶᠢᠨ ᠬᠤᠶᠢᠨᠠᠬᠢ 5 ᠴᠠᠭ ᠤᠨ | ᠦᠶ᠎ᠡ ᠪᠠᠷ ᠲᠤᠮᠤ ᠮᠦᠬᠦᠯᠢᠭᠲᠦ ᠬᠢᠰᠤᠭ᠎ᠠ ᠶᠢᠨ ᠨᠤᠨᠳᠠᠭ ᠢ ︵325 ᠮᠢᠯᠢᠯᠢᠲᠷ ᠳ᠋ᠢᠶᠠᠮᠧᠲᠷ ᠤᠨ ᠬᠡᠮᠵᠢᠶ᠎ᠡ ᠲᠠᠢ︶ | 1000 ᠲᠠᠬᠢᠶ᠎ᠠ ᠪᠦᠷᠢ ᠳᠤ 3 ~ 5 ᠺᠢᠯᠦᠭᠷᠡᠮ ᠦᠭᠭᠦᠨ᠎ᠡ᠃ ᠦᠢᠯᠡᠳᠦᠯᠭᠡ ᠭᠡᠷᠡᠴᠢᠯᠡᠭᠰᠡᠨ ᠨᠢ ᠦᠨᠳᠡᠭᠡᠨ | ᠲᠠᠬᠢᠶᠠᠨ ᠤ ᠬᠤᠨᠤᠭ ᠤᠨ ᠪᠤᠷᠳᠤᠭᠠᠨ ᠳᠤ 1/3 ᠶᠢᠨ ᠬᠢᠰᠤᠭ᠎ᠠ ᠶᠢᠨ ᠨᠤᠨᠳᠠᠭ ᠪᠤᠯᠤᠨ 2/3 ᠤᠨ ᠴᠢᠯᠠᠭᠤᠨ | ᠨᠤᠨᠳᠠᠭ ᠢ ᠬᠤᠯᠢᠵᠦ ᠲᠡᠵᠢᠭᠡᠪᠡᠯ ᠦᠨᠳᠡᠭᠡᠨ ᠬᠠᠯᠢᠰᠤ ᠶᠢᠨ ᠴᠢᠨᠠᠷ ᠢ ᠨᠡᠮᠡᠭᠳᠡᠭᠦᠯᠬᠦ ᠦᠢᠯᠡᠳᠦᠯ ᠲᠠᠢ᠃ | ᠦᠨᠳᠡᠭᠡᠨ ᠲᠠᠬᠢᠶᠠᠨ ᠤ ᠢᠳᠡᠰᠢ ᠪᠣᠯᠪᠠᠰᠤᠷᠠᠭᠤᠯᠬᠤ ᠨᠢ ᠲᠦᠷᠭᠡᠨ᠂ ᠭᠠᠳᠠᠭᠰᠢᠯᠠᠭᠤᠯᠬᠤ ᠨᠢ ᠴᠦ ᠬᠤᠷᠳᠤᠨ | ᠪᠤᠯᠬᠤᠷ ᠢᠳᠡᠭᠡᠳ4 ᠴᠠᠭ ᠪᠣᠯᠬᠤ ᠲᠠᠢ ᠵᠡᠷᠭᠡ ᠨᠢᠭᠡ ᠤᠳᠠᠭ᠎ᠠ ᠭᠠᠳᠠᠭᠰᠢᠯᠠᠭᠤᠯᠳᠠᠭ᠃ ᠡᠶᠢᠮᠦ ᠠᠴᠠ | ᠦᠨᠳᠡᠭᠡᠯᠡᠬᠦ ᠠᠴᠠ ᠡᠮᠦᠨ᠎ᠡ ᠪᠠ ᠳ᠋ᠧᠩ ᠤᠨᠲᠠᠷᠠᠭᠠᠬᠤ ᠠᠴᠠ ᠡᠮᠦᠨ᠎ᠡ ᠭᠦᠢᠴᠡᠳ ᠪᠤᠷᠳᠤᠬᠤ ᠪᠣᠯ ᠲᠤᠩ ᠴᠢᠬᠤᠯᠠ | ᠶᠤᠮ᠃ ᠦᠨᠳᠡᠭᠡᠨ ᠲᠠᠬᠢᠶ᠎ᠠ ᠦᠨᠳᠦᠷ ᠡᠨᠧᠷᠬᠢ᠂ ᠦᠨᠳᠦᠷ ᠤᠭᠤᠷᠬᠠᠲᠦ ᠬᠤᠨᠤᠭ ᠤᠨ ᠪᠣᠷᠳᠤᠭ᠎ᠠ ᠢᠳᠡᠳᠡᠭ ᠲᠤᠯᠠ | ᠤᠰᠤᠨ ᠤ ᠱᠠᠭᠠᠷᠳᠠᠯᠭ᠎ᠠ ᠨᠢ ᠴᠦ ᠶᠡᠭᠡ ᠪᠠᠶᠢᠳᠠᠭ᠃ ᠦᠨᠳᠡᠭᠡᠯᠡᠬᠦ ᠠᠴᠠ ᠨᠢ ᠡᠮᠦᠨ᠎ᠡ ᠪᠠ ᠳ᠋ᠧᠩ ᠤᠨᠲᠠᠷᠠᠭᠠᠬᠤ ᠠᠴᠠ | ᠡᠮᠦᠨ᠎ᠡ ᠲᠤᠰ ᠲᠤᠰ ᠨᠢᠭᠡ ᠤᠳᠠᠭ᠎ᠠ ᠬᠠᠨᠲᠠᠯ᠎ᠠ ᠤᠰᠤᠯᠠᠬᠤ ᠬᠡᠷᠡᠭᠲᠡᠢ᠃ | ︵ᠭᠤᠷᠪᠠ︶ ᠱᠠᠲᠤᠯᠠᠵᠦ ᠲᠡᠵᠢᠭᠡᠬᠦ᠃ ᠲᠠᠬᠢᠶᠠᠨ ᠰᠦᠷᠦᠭ ᠤᠨ ᠦᠨᠳᠡᠭᠡᠯᠡᠬᠦ ᠨᠤᠷᠮ᠎ᠠ ᠪᠠ ᠭᠠᠷᠠᠭ ᠨᠠᠰᠤ ᠶᠢ | ᠨᠢ ᠦᠨᠳᠦᠰᠦᠯᠡᠵᠦ ᠦᠨᠳᠡᠭᠡᠯᠡᠯᠲᠡ ᠶᠢᠨ ᠬᠤᠭᠤᠴᠠᠭ᠎ᠠ ᠶᠢ ᠬᠡᠳᠦᠨ ᠱᠠᠲᠦ ᠬᠤᠪᠢᠶᠠᠵᠦ ᠪᠣᠯᠬᠤ ᠪᠦᠭᠡᠳ ᠲᠡᠵᠢᠭᠡᠯ | ᠪᠤᠷᠳᠤᠭ᠎ᠠ ᠶᠢ ᠴᠦ ᠱᠠᠲᠤᠯᠠᠵᠦ ᠲᠡᠵᠢᠭᠡᠵᠦ ᠪᠣᠯᠳᠠᠭ᠃ ᠡᠭᠦᠨ ᠠᠴᠠ ᠭᠠᠳᠠᠨ᠎ᠠ᠂ ᠣᠷᠴᠢᠨ ᠲᠤᠭᠤᠷᠢᠨ ᠤ | ᠳᠤᠯᠠᠭᠠᠨ ᠤ ᠪᠠᠶᠢᠳᠠᠯ ᠢ ᠦᠨᠳᠦᠰᠦᠯᠡᠵᠦ ᠪᠠᠶᠢᠭᠠᠳ ᠠᠳᠠᠯᠢ ᠪᠤᠰᠤ ᠶᠢᠨ ᠰᠢᠮ᠎ᠡ ᠲᠡᠵᠢᠭᠡᠯ ᠲᠠᠢ ᠪᠤᠷᠳᠤᠭ᠎ᠠ ᠪᠠᠷ | ᠲᠡᠵᠢᠭᠡᠵᠦ ᠲᠠᠬᠢᠶᠠᠨ ᠤ ᠠᠳᠠᠯᠢ ᠪᠤᠰᠤ ᠶᠢᠨ ᠰᠢᠮ᠎ᠡ ᠲᠡᠵᠢᠭᠡᠯ ᠤᠨ ᠬᠡᠷᠡᠭᠴᠡᠭᠡ ᠶᠢ ᠬᠠᠩᠭᠠᠳᠠᠭ᠃ ᠱᠠᠲᠤᠯᠠᠵᠦ | ᠲᠡᠵᠢᠭᠡᠬᠦ ᠨᠢ ᠲᠠᠬᠢᠶ᠎ᠠ ᠪᠦᠷᠢ ᠶᠢᠨ ᠠᠳᠠᠯᠢ ᠪᠤᠰᠤ ᠶᠢᠨ ᠰᠢᠮ᠎ᠡ ᠲᠡᠵᠢᠭᠡᠯ ᠤᠨ ᠬᠡᠷᠡᠭᠴᠡᠭᠡ ᠶᠢ ᠬᠠᠩᠭᠠᠬᠤ ᠪᠠᠷ ᠪᠠᠷᠠᠬᠤ | ᠦᠭᠡᠢ ᠲᠡᠵᠢᠭᠡᠯ ᠪᠤᠷᠳᠤᠭ᠎ᠠ ᠰᠦᠢᠳᠬᠦ ᠦᠭᠡᠢ᠂ ᠲᠡᠵᠢᠭᠡᠯ ᠪᠤᠷᠳᠤᠭᠠᠨ ᠳᠤ ᠠᠷᠪᠢᠲᠠᠢ ᠪᠠᠶᠢᠳᠠᠭ᠃ | 1.ᠭᠤᠷᠪᠠ ᠱᠠᠲᠤᠯᠠᠵᠦ ᠲᠡᠵᠢᠭᠡᠬᠦ ᠠᠷᠭ᠎ᠠ᠃ ᠦᠨᠳᠡᠭᠡᠯᠡᠬᠦ ᠲᠠᠬᠢᠶ᠎ᠠ ᠶᠢ ᠡᠮᠦᠨ᠎ᠡ ᠦᠶ᠎ᠡ ᠶᠢᠨ ᠬᠢ᠂ ᠳᠤᠮᠳᠠ | ᠦᠶ᠎ᠡ ᠶᠢᠨ ᠬᠢ᠂ ᠰᠡᠭᠦᠯᠴᠢ ᠶᠢᠨ ᠦᠶ᠎ᠡ ᠶᠢᠨ ᠬᠢ ᠭᠡᠵᠦ ᠭᠤᠷᠪᠠᠨ ᠱᠠᠲᠦ ᠬᠤᠪᠢᠶᠠᠬᠤ ᠪᠤᠶᠤ ᠦᠨᠳᠡᠭᠡᠯᠡᠬᠦ ᠨᠤᠷᠮ᠎ᠠ | ᠨᠢ 80% ᠠᠴᠠ ᠳᠡᠭᠡᠭᠰᠢ᠂ 70% ~ 80%᠂ 70% ᠠᠴᠠ ᠳᠣᠷᠤᠭᠰᠢ ᠭᠡᠵᠦ ᠭᠤᠷᠪᠠᠨ ᠱᠠᠲᠦ | ᠬᠤᠪᠢᠶᠠᠬᠤ ᠶᠢ ᠬᠡᠯᠡᠵᠦ ᠪᠤᠢ᠃ ᠨᠢᠭᠡ ᠰᠦᠷᠦᠭ ᠲᠠᠬᠢᠶ᠎ᠠ ᠡᠬᠢᠯᠡᠵᠦ ᠦᠨᠳᠡᠭᠡᠯᠡᠬᠦ ᠳᠡᠭᠡᠨ ᠵᠠᠷᠢᠮ ᠨᠢ ᠡᠷᠲᠡ᠂ ᠵᠠᠷᠢᠮ | ᠨᠢ ᠣᠷᠤᠢ ᠪᠠᠶᠢᠳᠠᠭ᠃ ᠡᠶᠢᠮᠦ ᠪᠠᠶᠢᠳᠠᠯ ᠳᠤᠤᠷ᠎ᠠ ᠦᠨᠳᠡᠭᠡᠯᠡᠬᠦ ᠬᠠᠮᠤᠭ ᠦᠨᠳᠦᠷ ᠣᠷᠭᠢᠯ ᠢᠯᠡᠷᠡᠵᠦ ᠳᠡᠶᠢᠯᠬᠦ ᠦᠭᠡᠢ | ᠶᠤᠮ᠃ ᠡᠨᠡ ᠦᠶ᠎ᠡ ᠳᠤ᠂ ᠭᠡᠷᠡᠯ ᠤᠨ ᠳᠤᠰᠬᠠᠯᠲᠠ ᠪᠠ ᠲᠡᠵᠢᠭᠡᠯ ᠪᠤᠷᠳᠤᠭ᠎ᠠ ᠶᠢ ᠬᠢᠵᠠᠭᠠᠷᠯᠠᠬᠤ ᠪᠠᠷ ᠳᠠᠮᠵᠢᠨ | ᠡᠬᠢᠯᠡᠵᠦ ᠦᠨᠳᠡᠭᠡᠯᠡᠬᠦ ᠦᠶ᠎ᠡ ᠶᠢ ᠨᠢᠭᠡᠲᠦᠯ ᠲᠠᠢ ᠶᠠᠪᠤᠭᠳᠠᠭᠤᠯᠵᠤ ᠪᠤᠯᠤᠨ᠎ᠠ᠃ | ᠨᠢᠭᠡᠲᠦᠯ ᠲᠠᠢ ᠦᠨᠳᠡᠭᠡᠯᠡᠵᠦ ᠡᠬᠢᠯᠡᠭᠰᠡᠨ ᠤ ᠰᠡᠭᠦᠯᠡᠷ ᠦᠨᠳᠦᠷ ᠡᠨᠧᠷᠬᠢᠲᠦ ᠪᠤᠳᠠᠰ ᠪᠠ ᠤᠭᠤᠷᠠᠭ᠂ | ᠡᠷᠦᠳᠡᠰᠦ᠂ ᠸᠢᠲ᠋ᠠᠮᠢᠨ ᠤ ᠠᠭᠤᠯᠤᠭᠳᠠᠴᠠ ᠲᠠᠢ ᠬᠤᠨᠤᠭ ᠤᠨ ᠪᠤᠷᠳᠤᠭ᠎ᠠ ᠦᠭᠴᠦ ᠪᠡᠶ᠎ᠡ ᠶᠢᠨ ᠬᠦᠨᠳᠦ ᠨᠡᠮᠡᠭᠳᠡᠬᠦ | ᠬᠡᠷᠡᠭᠴᠡᠭᠡ ᠶᠢ ᠨᠢ ᠬᠠᠩᠭᠠᠵᠦ᠂ ᠦᠨᠳᠡᠭᠡᠯᠡᠬᠦ ᠨᠤᠷᠮ᠎ᠠ ᠶᠢ ᠨᠢ ᠲᠦᠷᠭᠡᠨ ᠤᠷᠭᠢᠯ ᠳᠤ ᠬᠦᠷᠭᠡᠬᠦ ᠶᠢᠨ ᠬᠠᠮᠲᠦ | ᠦᠷᠭᠦᠯᠵᠢᠯᠡᠨ ᠡᠨᠡ ᠠᠷᠭ᠎ᠠ ᠪᠠᠨ ᠪᠠᠷᠢᠮᠳᠠᠯᠠᠵᠦ ᠤᠷᠲᠦ ᠬᠤᠭᠤᠴᠠᠭ᠎ᠠ ᠬᠡᠷᠡᠭᠵᠢᠭᠦᠯᠵᠦ ᠪᠤᠯᠤᠨ᠎ᠠ᠃ ᠡᠨᠡ ᠬᠦ | ᠬᠤᠭᠤᠴᠠᠭᠠᠨ ᠳᠤ ᠦᠭᠬᠦ ᠬᠤᠨᠤᠭ ᠤᠨ ᠪᠤᠷᠳᠤᠭ᠎ᠠ ᠪᠠᠷ ᠳᠠᠮᠵᠢᠵᠦ ᠲᠠᠬᠢᠶ᠎ᠠ ᠪᠤᠯᠭᠠᠨ ᠳᠤ ᠡᠳᠦᠷ ᠪᠦᠷᠢ 18 ~ 19 | ᠭᠷᠡᠮ ᠤᠭᠤᠷᠠᠭ᠂ 1263 ᠺᠠᠯᠤᠷᠢ ᠶᠢ ᠣᠯᠭᠤᠨ᠎ᠠ᠃ | ᠭᠤᠷᠪᠠᠳᠤᠭᠠᠷ ᠱᠠᠲᠤᠨ ᠳᠤ ᠣᠷᠤᠭᠰᠠᠨ ᠲᠠᠬᠢᠶ᠎ᠠ ᠶᠢᠨ ᠪᠡᠶ᠎ᠡ ᠶᠢᠨ ᠬᠦᠨᠳᠦ ᠨᠢ ᠨᠡᠮᠡᠭᠳᠡᠬᠦ ᠪᠠᠨ ᠪᠤᠯᠢᠵᠦ᠂ | ᠦᠨᠳᠡᠭᠡᠯᠡᠯᠲᠡ ᠶᠢᠨ ᠨᠤᠷᠮ᠎ᠠ ᠨᠢ ᠳᠣᠷᠤᠭᠰᠢᠯᠠᠨ᠂ ᠦᠨᠳᠡᠭᠡᠨ ᠤ ᠬᠦᠨᠳᠦ ᠨᠢ ᠨᠡᠮᠡᠭᠳᠡᠳᠡᠭ᠃ ᠡᠨᠡ ᠦᠶ᠎ᠡ ᠳᠤ | ᠠᠷᠠᠴᠢᠯᠠᠭᠴᠢ ᠠᠴᠠ ᠦᠨᠳᠡᠭᠡᠯᠡᠬᠦ ᠲᠠᠬᠢᠶᠠᠨ ᠤ ᠬᠤᠨᠤᠭ ᠤᠨ ᠪᠤᠷᠳᠤᠭᠠᠨ ᠤ ᠰᠢᠮ᠎ᠡ ᠲᠡᠵᠢᠭᠡᠯ ᠢ ᠪᠠᠭᠠᠰᠬᠠᠨ᠂ | ᠤᠭᠤᠷᠠᠭ ᠤᠨ ᠠᠭᠤᠯᠤᠭᠳᠠᠴᠠ ᠶᠢ ᠨᠢ 16 ~ 17 ᠭᠷᠡᠮ ᠪᠤᠶᠤ 15 ~16 ᠭᠷᠡᠮ ᠤᠨ ᠬᠤᠭᠤᠷᠤᠨᠲᠦ ᠪᠠᠶᠢᠯᠭᠠᠨ᠎ᠠ᠃ | ᠶᠡᠷᠦ ᠳᠡᠭᠡᠨ ᠤᠭᠤᠷᠠᠭ ᠢ 10% ᠪᠠᠷ ᠪᠠᠭᠠᠰᠬᠠᠬᠤ ᠳᠤ ᠲᠠᠬᠢᠶᠠᠨ ᠤ ᠦᠨᠳᠡᠭᠡᠯᠡᠬᠦ ᠲᠤᠭ᠎ᠠ ᠬᠢᠭᠡᠳ ᠦᠨᠳᠡᠭᠡᠨ ᠤ | ᠴᠢᠨᠠᠷ ᠢ ᠬᠠᠷᠰᠢᠯᠠᠬᠤ ᠦᠭᠡᠢ ᠶᠤᠮ᠃ ᠺᠠᠨᠠᠳᠠ ᠤᠯᠤᠰ ᠤᠨ ᠨᠢᠭᠡᠨ ᠲᠠᠬᠢᠶ᠎ᠠ ᠲᠡᠵᠢᠭᠡᠬᠦ ᠲᠤᠮᠤ ᠺᠤᠮᠫᠠᠨᠢ ᠶᠢᠨ | ᠲᠠᠬᠢᠶ᠎ᠠ ᠪᠠᠨ ᠱᠠᠲᠦ ᠬᠤᠪᠢᠶᠠᠵᠦ ᠲᠡᠵᠢᠭᠡᠬᠦ ᠠᠷᠭ᠎ᠠ ᠨᠢ᠄ ᠨᠢᠭᠡᠳᠦᠭᠡᠷ ᠱᠠᠲᠦ ᠶᠢᠨ ᠲᠠᠬᠢᠶ᠎ᠠ ᠳᠤ ᠡᠳᠦᠷ ᠪᠦᠷᠢ 17 ~ | 18 ᠭᠷᠡᠮ ᠤᠭᠤᠷᠠᠭ ᠦᠭᠳᠡᠭ ᠪᠦᠭᠡᠳ ᠬᠠᠮᠤᠭ ᠦᠨᠳᠦᠷ ᠲᠡᠭᠡᠨ 19 ᠭᠷᠡᠮ ᠦᠭᠳᠡᠭ᠃ ᠬᠤᠶᠠᠷ᠂ ᠭᠤᠷᠪᠠᠳᠤᠭᠠᠷ | ᠱᠠᠲᠤᠨ ᠤ ᠲᠠᠬᠢᠶᠠᠨ ᠳᠤ ᠲᠤᠰ ᠲᠤᠰ 16 ᠭᠷᠡᠮ ᠪᠠ 15 ᠭᠷᠡᠮ ᠢᠶᠠᠷ ᠪᠠᠷᠢᠮᠵᠢᠶ᠎ᠠ ᠪᠤᠯᠭᠠᠨ ᠦᠭᠳᠡᠭ᠃ | 2.ᠬᠤᠶᠠᠷ ᠱᠠᠲᠦᠯᠠᠵᠦ ᠲᠡᠵᠢᠭᠡᠬᠦ ᠠᠷᠭ᠎ᠠ᠃ ᠦᠨᠳᠡᠭᠡᠨ ᠲᠠᠬᠢᠶ᠎ᠠ ᠶᠢᠨ ᠡᠬᠢᠯᠡᠵᠦ ᠦᠨᠳᠡᠭᠡᠯᠡᠬᠦ ᠠᠴᠠ 42 | ᠭᠠᠷᠠᠭ ᠨᠠᠰᠤ ᠬᠦᠷᠲᠡᠯᠡᠬᠢ ᠶᠢ ᠡᠬᠢᠨ ᠤ ᠬᠤᠭᠤᠴᠠᠭ᠎ᠠ ᠭᠡᠵᠦ᠂ 42 ᠭᠠᠷᠠᠭ ᠠᠴᠠ ᠬᠤᠶᠢᠰᠢᠬᠢ ᠶᠢ ᠰᠡᠭᠦᠯ ᠤᠨ | ᠬᠤᠭᠤᠴᠠᠭ᠎ᠠ ᠭᠡᠳᠡᠭ ︵ᠬᠦᠰᠦᠨᠦᠭᠲᠦ 1 -6︶᠃ | | | | ︵ᠳᠦᠷᠪᠡ︶ ᠦᠨᠳᠡᠭᠡᠯᠡᠯᠲᠡ ᠶᠢᠨ ᠡᠬᠢᠨ ᠤ ᠦᠶ᠎ᠡ ᠳᠤ ᠣᠬᠤᠷ ᠬᠤᠭᠤᠴᠠᠭ᠎ᠠ ᠪᠠᠷ ᠬᠢᠵᠠᠭᠠᠷᠯᠠᠨ ᠲᠡᠵᠢᠭᠡᠬᠦ | ᠠᠷᠭ᠎ᠠ᠃ ᠦᠨᠳᠡᠭᠡᠨ ᠲᠠᠬᠢᠶᠠᠨ ᠤ ᠪᠡᠯᠭᠡ ᠶᠢᠨ ᠡᠷᠬᠡᠲᠡᠨ ᠤ ᠴᠢᠳᠠᠮᠵᠢ ᠨᠢ ᠮᠡᠳᠡᠷᠡᠯ ᠪᠠ ᠪᠡᠶ᠎ᠡ ᠶᠢᠨ ᠰᠢᠩᠭᠡᠨ ᠤ | ᠲᠤᠬᠢᠷᠠᠭᠤᠯᠭ᠎ᠠ ᠶᠢ ᠬᠦᠯᠢᠶᠡᠳᠡᠭ᠃ ᠡᠬᠢᠯᠡᠵᠦ ᠦᠨᠳᠡᠭᠡᠯᠡᠵᠦ ᠪᠠᠶᠢᠭ᠎ᠠ ᠲᠠᠬᠢᠶᠠᠨ ᠤ ᠦᠨᠳᠡᠭᠡ ᠭᠠᠳᠠᠭᠰᠢᠯᠠᠭᠤᠯᠬᠤ ᠪᠠ | ᠦᠨᠳᠡᠭᠡ ᠳᠠᠮᠵᠢᠭᠤᠯᠬᠤ ᠴᠤᠷᠭᠤ ᠶᠢᠨ ᠴᠢᠳᠠᠮᠵᠢ ᠨᠢ ᠵᠣᠬᠢᠴᠠᠩᠭᠤᠢ ᠪᠤᠰᠤ ᠪᠠᠶᠢᠳᠠᠭ᠃ ᠡᠨᠡ ᠨᠢ ᠵᠡᠷᠡᠮᠳᠡᠭ ᠦᠨᠳᠡᠭᠡ | ᠭᠠᠷᠬᠤ ᠪᠠ ᠬᠤᠣᠰ ᠰᠢᠷᠠᠲᠦ ᠦᠨᠳᠡᠭᠡ ᠭᠠᠷᠬᠤ ᠶᠢᠨ ᠹᠢᠽᠢᠤᠯᠤᠬᠢ ᠶᠢᠨ ᠰᠢᠯᠲᠠᠭᠠᠨ ᠪᠤᠯᠤᠨ᠎ᠠ᠃ ᠡᠶᠢᠮᠦ ᠪᠠᠶᠢᠳᠠᠯ | ᠡᠭᠦᠰᠬᠦ ᠠᠴᠠ ᠵᠠᠶᠢᠯᠠᠰᠬᠢᠬᠦ ᠶᠢᠨ ᠲᠦᠯᠦᠭᠡ ᠳᠣᠣᠷᠠᠬᠢ ᠬᠤᠶᠠᠷ ᠠᠷᠭ᠎ᠠ ᠶᠢ ᠬᠢᠨᠠᠯᠲᠠ ᠪᠤᠯᠭᠠᠨ ᠬᠡᠷᠡᠭᠵᠢᠭᠦᠯᠵᠦ | ᠪᠤᠯᠤᠨ᠎ᠠ᠃ | 1.ᠣᠬᠤᠷ ᠬᠤᠭᠤᠴᠠᠭ᠎ᠠ ᠪᠠᠷ ᠲᠡᠵᠢᠭᠡᠬᠦ ᠶᠢ ᠬᠢᠵᠠᠭᠠᠷᠯᠠᠬᠤ᠃ ᠦᠨᠳᠡᠭᠡᠨ ᠲᠠᠬᠢᠶᠠᠨ ᠤ ᠦᠨᠳᠡᠭᠡᠯᠡᠬᠦ ᠨᠤᠷᠮ᠎ᠠ | ᠨᠢ 30% ᠠᠴᠠ ᠳᠣᠣᠷ᠎ᠠ ᠪᠠᠶᠢᠬᠤ ᠨᠦᠬᠦᠴᠡᠯ ᠳᠣᠣᠷ᠎ᠠ 2 ᠸᠠᠲ/ ᠺᠦᠸᠠᠳ᠋ ᠮᠧᠲᠷ ᠤᠨ ᠪᠦᠳᠡᠬᠢ ᠭᠡᠷᠡᠯ ᠢᠶᠠᠷ | ᠭᠡᠷᠡᠯᠲᠦᠭᠦᠯᠦᠨ 2% ᠤᠨ ᠺᠠᠯᠼ ᠠᠭᠤᠯᠵᠦ ᠪᠠᠶᠢᠬᠤ ᠦᠨᠳᠡᠭᠡᠨ ᠲᠠᠬᠢᠶᠠᠨ ᠤ ᠪᠤᠷᠳᠤᠭ᠎ᠠ ᠪᠠᠷ 2 ᠭᠠᠷᠠᠭ | ᠦᠷᠭᠦᠯᠵᠢᠯᠡᠨ ᠲᠡᠵᠢᠭᠡᠨ᠎ᠡ᠃ | 2.ᠣᠬᠤᠷ ᠬᠤᠭᠤᠴᠠᠭ᠎ᠠ ᠲᠡᠵᠢᠭᠡᠬᠦ ᠪᠠᠨ ᠵᠣᠭᠰᠤᠭᠠᠬᠤ᠃ ᠦᠨᠳᠡᠭᠡᠨ ᠲᠠᠬᠢᠶᠠᠨ ᠤ ᠦᠨᠳᠡᠭᠡᠯᠡᠬᠦ ᠨᠤᠷᠮ᠎ᠠ ᠨᠢ | 10% ᠬᠦᠷᠴᠦ᠂ ᠲᠠᠬᠢᠶᠠᠨ ᠤ ᠪᠡᠶ᠎ᠡ ᠴᠦ ᠡᠷᠡᠭᠦᠯ ᠪᠠᠶᠢᠬᠤ ᠨᠦᠬᠦᠴᠡᠯ ᠳᠣᠣᠷ᠎ᠠ 3 ᠡᠳᠦᠷ ᠲᠡᠵᠢᠭᠡᠬᠦ ᠪᠠᠨ | ᠵᠣᠭᠰᠤᠭᠠᠨ᠂ ᠤᠤᠭᠤᠬᠤ ᠤᠰᠤ ᠶᠢ ᠨᠢ ᠵᠣᠭᠰᠤᠭᠠᠬᠤ ᠦᠭᠡᠢ ᠪᠣᠯ ᠡᠬᠢᠨ ᠤ ᠬᠤᠭᠤᠴᠠᠭᠠᠨ ᠤ ᠦᠨᠳᠡᠭᠡ ᠶᠢᠨ | ᠳᠤᠮᠳᠠᠴᠢ ᠬᠦᠨᠳᠦ ᠶᠢ 0.7 ~ 1.5 ᠭᠷᠡᠮ ᠢᠶᠠᠷ ᠳᠡᠭᠡᠭᠰᠢᠯᠡᠭᠦᠯᠵᠦ ᠴᠢᠳᠠᠨ᠎ᠠ᠃ | ︵ᠲᠠᠪᠤ︶ ᠦᠨᠳᠡᠭᠡᠯᠡᠬᠦ ᠬᠤᠭᠤᠴᠠᠭᠠᠨ ᠤ ᠲᠡᠵᠢᠭᠡᠯ ᠪᠤᠷᠳᠤᠭ᠎ᠠ ᠶᠢ ᠬᠢᠵᠠᠭᠠᠷᠯᠠᠬᠤ᠃ ᠦᠨᠳᠡᠭᠡᠨ ᠲᠠᠬᠢᠶᠠᠨ ᠤ | ᠦᠨᠳᠡᠭᠡᠯᠡᠬᠦ ᠣᠷᠭᠢᠯ ᠨᠢ ᠪᠠᠭᠤᠷᠠᠭᠰᠠᠨ ᠤ ᠰᠡᠭᠦᠯᠡᠷ ᠲᠡᠵᠢᠭᠡᠯ ᠪᠤᠷᠳᠤᠭ᠎ᠠ ᠶᠢ ᠨᠢ ᠵᠤᠬᠢᠬᠤ ᠬᠡᠮᠵᠢᠶ᠎ᠡ ᠪᠠᠷ ᠬᠠᠰᠤᠪᠡᠯ | ᠦᠨᠳᠡᠭᠡᠯᠡᠬᠦ ᠶᠢ ᠨᠢ ᠬᠠᠷᠰᠢᠯᠠᠬᠤ ᠦᠭᠡᠢ ᠪᠦᠭᠡᠳ ᠲᠡᠵᠢᠭᠡᠯ ᠪᠤᠷᠳᠤᠭ᠎ᠠ ᠪᠠᠨ ᠠᠷᠪᠢᠯᠡᠨ ᠶᠡᠭᠡ ᠦᠷ᠎ᠡ ᠠᠰᠢᠭ ᠣᠯᠵᠤ | ᠪᠣᠯᠬᠤ ᠶᠤᠮ᠃ ᠡᠨᠡ ᠠᠷᠭ᠎ᠠ ᠶᠢ ᠦᠨᠳᠡᠭᠡᠯᠡᠬᠦ ᠣᠷᠭᠢᠯ ᠦᠩᠭᠡᠷᠡᠭᠰᠡᠨ ᠤ ᠳᠠᠷᠠᠭ᠎ᠠ 2 ᠭᠠᠷᠠᠭ ᠠᠴᠠ ᠡᠬᠢᠯᠡᠵᠦ | ᠬᠡᠷᠡᠭᠵᠢᠭᠦᠯᠬᠦ ᠪᠦᠭᠡᠳ ᠬᠢᠬᠦ ᠪᠣᠲᠠᠲᠠᠢ ᠠᠷᠭ᠎ᠠ ᠨᠢ᠄ 100 ᠦᠨᠳᠡᠭᠡᠨ ᠲᠠᠬᠢᠶᠠᠨ ᠤ ᠬᠤᠨᠤᠭ ᠤᠨ ᠪᠤᠷᠳᠤᠭ᠎ᠠ | ᠲᠡᠵᠢᠭᠡᠬᠦ ᠬᠡᠮᠵᠢᠶ᠎ᠡ ᠶᠢ 227 ᠭᠷᠡᠮ ᠬᠠᠰᠤᠭᠠᠳ 3 ~ 4 ᠬᠤᠨᠤᠭ ᠡᠨᠡ ᠬᠡᠮᠵᠢᠶ᠎ᠡ ᠪᠠᠷ ᠲᠡᠵᠢᠭᠡᠨ᠎ᠡ᠃ ᠭᠡᠷᠪᠡ | ᠦᠨᠳᠡᠭᠡᠯᠡᠬᠦ ᠨᠤᠷᠮ᠎ᠠ ᠨᠢ ᠬᠡᠪ ᠤᠨ ᠪᠤᠰᠤ ᠪᠣᠯᠵᠤ᠂ ᠦᠨᠳᠡᠭᠡᠯᠡᠯᠲᠡ ᠨᠢ ᠪᠠᠭᠤᠷᠠᠪᠠᠯ ᠤᠤᠯ ᠭᠡᠮ ᠢᠶᠠᠷ ᠨᠢ ᠲᠡᠵᠢᠭᠡᠬᠦ | ᠬᠡᠷᠡᠭᠲᠡᠢ᠃ ᠭᠡᠬᠦ ᠳᠡᠭᠡᠨ ᠦᠨᠳᠡᠭᠡᠨ ᠲᠠᠬᠢᠶ᠎ᠠ ᠪᠦᠷᠢ ᠶᠢᠨ ᠡᠳᠦᠷ ᠤᠨ ᠢᠳᠡᠰᠢ ᠶᠢᠨ ᠬᠡᠮᠵᠢᠶ᠎ᠡ ᠨᠢ ᠠᠳᠠᠯᠢ ᠨᠦᠬᠦᠴᠡᠯ | ᠳᠣᠣᠷᠠᠬᠢ ᠳᠤᠷ᠎ᠠ ᠪᠠᠷ ᠢᠶᠠᠨ ᠢᠳᠡᠰᠢᠯᠡᠵᠦ ᠪᠠᠶᠢᠭ᠎ᠠ ᠦᠨᠳᠡᠭᠡᠨ ᠲᠠᠬᠢᠶᠠᠨ ᠤ 91% ~ 92% ᠤᠨ | ᠬᠡᠮᠵᠢᠶ᠎ᠡ ᠠᠴᠠ ᠪᠠᠭ᠎ᠠ ᠪᠠᠶᠢᠵᠦ ᠪᠣᠯᠬᠤ ᠦᠭᠡᠢ᠂ ᠦᠨᠳᠡᠭᠡᠨ ᠲᠠᠬᠢᠶᠠᠨ ᠤ ᠦᠨᠳᠡᠭᠡᠯᠡᠯᠲᠡ ᠳᠤ ᠬᠤᠪᠢᠷᠠᠯᠲᠠ ᠭᠠᠷᠬᠤ | ᠦᠭᠡᠢ ᠪᠣᠯ ᠳᠡᠭᠡᠷᠡᠬᠢ ᠬᠡᠮᠵᠢᠶ᠎ᠡ ᠪᠠᠷ ᠬᠡᠳᠦᠨ ᠬᠤᠨᠤᠭ ᠲᠡᠵᠢᠭᠡᠵᠦ ᠪᠤᠯᠤᠨ᠎ᠠ᠃ ᠬᠡᠷᠪᠡ ᠢᠳᠡᠰᠢᠯᠡᠬᠦ ᠬᠡᠮᠵᠢᠶ᠎ᠡ ᠨᠢ | ᠶᠡᠷᠦ ᠪᠤᠰᠤ ᠪᠠᠷ ᠪᠠᠭᠤᠷᠠᠵᠦ ᠪᠠᠶᠢᠪᠠᠯ᠂ ᠡᠮᠦᠨᠡᠬᠢ ᠲᠡᠵᠢᠭᠡᠬᠦ ᠠᠷᠭ᠎ᠠ ᠪᠠᠨ ᠰᠡᠷᠭᠦᠭᠡᠬᠦ ᠬᠡᠷᠡᠭᠲᠡᠢ᠃ ᠲᠡᠵᠢᠭᠡᠯ | ᠪᠤᠷᠳᠤᠭ᠎ᠠ ᠶᠢ ᠬᠢᠵᠠᠭᠠᠷᠯᠠᠬᠤ ᠳᠠᠭᠠᠨ ᠢᠳᠡᠭᠦᠯᠬᠦ ᠭᠡᠮᠵᠢᠶ᠎ᠡ ᠶᠢ ᠦᠨᠳᠡᠭᠡᠨ ᠲᠠᠬᠢᠶᠠᠨ ᠤ ᠬᠡᠪ ᠤᠨ ᠢᠳᠡᠰᠢᠯᠡᠬᠦ | ᠬᠡᠮᠵᠢᠶ᠎ᠡ ᠶᠢᠨ 91% ~ 92% ᠪᠠᠶᠢᠯᠭᠠᠪᠠᠯ ᠵᠣᠬᠢᠨ᠎ᠠ᠃ | ︵ᠵᠢᠷᠭᠤᠭ᠎ᠠ︶ ᠦᠨᠳᠡᠭᠡᠨ ᠲᠠᠬᠢᠶᠠᠨ ᠤ ᠦᠨᠳᠡᠭᠡᠯᠡᠬᠦ ᠬᠤᠭᠤᠴᠠᠭᠠᠨ ᠳᠤ ᠡᠷᠲᠡ ᠦᠲᠡᠯᠬᠦ ᠶᠢ ᠰᠠᠭᠠᠳᠠᠭᠠᠬᠤ᠃ | ᠦᠨᠳᠡᠭᠡᠨ ᠲᠠᠬᠢᠶᠠᠨ ᠤ ᠦᠨᠳᠡᠭᠡᠯᠡᠯᠲᠡ ᠶᠢᠨ ᠰᠡᠭᠦᠯᠴᠢ ᠶᠢᠨ ᠬᠤᠭᠤᠴᠠᠭᠠᠨ ᠳᠤ ᠪᠡᠶ᠎ᠡ ᠶᠢᠨ ᠬᠦᠨᠳᠦ ᠶᠢ ᠨᠢ | ᠡᠵᠡᠮᠰᠢᠨ ᠦᠲᠡᠯᠬᠦ ᠶᠢ ᠨᠢ ᠰᠡᠷᠭᠡᠶᠢᠯᠡᠭᠡᠳ ᠳᠡᠶᠢᠯᠪᠡᠯ ᠦᠨᠳᠡᠭᠡᠯᠡᠬᠦ ᠨᠤᠷᠮ᠎ᠠ ᠶᠢᠨ ᠪᠠᠭᠤᠷᠠᠯᠲᠠ ᠶᠢ ᠬᠤᠷᠢᠭᠯᠠᠵᠤ | ᠪᠣᠯᠬᠤ ᠶᠤᠮ᠃ 36 ᠭᠠᠷᠠᠭ ᠨᠠᠰᠤᠨ ᠳᠤ ᠬᠦᠷᠪᠡᠯ ᠲᠠᠬᠢᠶᠠᠨ ᠤ ᠬᠦᠨᠳᠦ ᠶᠢᠨ ᠬᠡᠮᠵᠢᠶ᠎ᠡ ᠨᠢ ᠨᠡᠮᠡᠭᠳᠡᠬᠦ ᠪᠠᠨ ᠪᠤᠯᠢᠳᠠᠭ | ᠪᠦᠭᠡᠳ 40 ᠭᠠᠷᠠᠭ ᠨᠠᠰᠤᠨ ᠳᠤ ᠬᠦᠷᠪᠡᠯ ᠦᠨᠳᠡᠭᠡᠯᠡᠬᠦ ᠨᠤᠷᠮ᠎ᠠ ᠨᠢ ᠪᠠᠭᠤᠷᠠᠵᠤ ᠡᠬᠢᠯᠡᠳᠡᠭ᠃ 36 ~ 42 | ᠭᠠᠷᠠᠭ ᠨᠠᠰᠤᠨ ᠤ ᠬᠤᠭᠤᠷᠤᠨᠲᠦ ᠪᠡᠶ᠎ᠡ ᠶᠢᠨ ᠬᠦᠨᠳᠦ ᠨᠢ ᠨᠡᠮᠡᠭᠳᠡᠬᠦ ᠳᠤ ᠬᠦᠷᠪᠡᠯ ᠦᠨᠳᠡᠭᠡᠯᠡᠬᠦ ᠨᠤᠷᠮ᠎ᠠ ᠨᠢ | ᠨᠦᠯᠦᠭᠡᠯᠡᠭᠳᠡᠵᠦ᠂ ᠦᠨᠳᠡᠭᠡᠯᠡᠯᠲᠡ ᠨᠢ ᠲᠦᠷᠭᠡᠨ ᠳᠣᠷᠤᠭᠰᠢᠯᠠᠬᠤ ᠪᠤᠯᠤᠨ᠎ᠠ᠃ ᠦᠢᠯᠡᠳᠦᠯᠭᠡ ᠠᠴᠠ ᠦᠵᠡᠪᠡᠯ | 40~ 45 ᠭᠠᠷᠠᠭ ᠨᠠᠰᠤᠨ ᠳᠤ ᠬᠦᠷᠦᠭᠰᠡᠨ ᠦᠨᠳᠡᠭᠡᠨ ᠲᠠᠬᠢᠶᠠᠨ ᠤ ᠪᠡᠶ᠎ᠡ ᠶᠢᠨ ᠬᠦᠨᠳᠦ ᠨᠢ ᠬᠡᠷᠪᠡ | ᠪᠠᠷᠢᠮᠵᠢᠶᠠᠨ ᠠᠴᠠ ᠬᠡᠲᠦᠷᠡᠬᠦ ᠦᠭᠡᠢ ᠪᠣᠯ 55 ᠭᠠᠷᠠᠭ ᠨᠠᠰᠤᠨ ᠳᠤ ᠬᠦᠷᠬᠦ ᠳᠤ ᠦᠨᠳᠡᠭᠡᠯᠡᠬᠦ ᠨᠤᠷᠮ᠎ᠠ ᠨᠢ | 80% ᠠᠴᠠ ᠳᠡᠭᠡᠭᠰᠢ ᠪᠣᠯᠵᠤ᠂ ᠦᠷ᠎ᠡ ᠲᠣᠭᠲᠠᠬᠤ ᠨᠤᠷᠮ᠎ᠠ ᠪᠠ ᠨᠡᠪᠴᠢᠯᠲᠡ ᠶᠢᠨ ᠨᠤᠷᠮ᠎ᠠ ᠨᠢ ᠡᠩ ᠤᠨ | ᠬᠢ ᠠᠴᠠ ᠪᠠᠨ 20% ᠪᠠᠷ ᠨᠡᠮᠡᠭᠳᠡᠬᠦ ᠪᠤᠯᠤᠨ᠎ᠠ᠂ ᠡᠶᠢᠮᠦ ᠠᠴᠠ ᠦᠨᠳᠡᠭᠡᠯᠡᠯᠲᠡ ᠶᠢᠨ ᠰᠡᠭᠦᠯᠴᠢ ᠶᠢᠨ | ᠬᠤᠭᠤᠴᠠᠭᠠᠨ ᠳᠤ ᠣᠷᠤᠪᠡᠯ ᠡᠷᠬᠡᠪᠰᠢ ᠪᠠᠷᠢᠮᠵᠢᠶ᠎ᠠ ᠶᠣᠰᠤᠭᠠᠷ ᠲᠡᠵᠢᠬᠡᠬᠦ ᠬᠡᠷᠡᠭᠲᠡᠢ᠃ ᠨᠦᠬᠦᠴᠡᠯ ᠲᠠᠢ ᠪᠣᠯ ᠬᠤᠶᠠᠷ | ᠭᠠᠷᠠᠭ ᠦᠩᠭᠡᠷᠡᠬᠦ ᠪᠤᠯᠭᠠᠨ ᠦᠨᠳᠡᠭᠡᠨ ᠲᠠᠬᠢᠶᠠᠳ ᠢ ᠨᠢᠭᠡ ᠤᠳᠠᠭ᠎ᠠ ᠵᠢᠩᠯᠡᠵᠦ ᠪᠡᠶ᠎ᠡ ᠶᠢᠨ ᠬᠦᠨᠳᠦ ᠶᠢ ᠨᠢ | ᠣᠶᠢᠯᠭᠠᠵᠦ ᠪᠣᠯᠣᠨ᠎ᠠ᠃ | | | ︵ᠢᠷᠡᠯᠲᠡ᠄ ᠵᠢᠷᠭᠠᠯ ᠡᠷᠬᠢᠯᠡᠨ ᠨᠠᠶᠢᠷᠠᠭᠤᠯᠤᠭᠰᠠᠨ ︽ᠭᠠᠭ᠋ᠠᠢ ᠲᠠᠬᠢᠶ᠎ᠠ ᠨᠤᠭᠤᠰᠤ ᠲᠡᠵᠢᠭᠡᠵᠦ ᠪᠤᠷᠳᠤᠬᠤ | ᠮᠡᠷᠭᠡᠵᠢᠯ︾ ᠭᠡᠬᠦ ᠨᠣᠮ ᠠᠴᠠ ᠰᠤᠩᠭᠤᠨ ᠰᠡᠶᠢᠷᠡᠭᠦᠯᠪᠠ᠃︶ | |