2 ᠳ᠋ᠤᠭᠠᠷ ᠰᠠᠷ᠎ᠠ ᠶᠢᠨ 17 ᠤ ᠡᠳᠦᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ | ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢᠨ ᠱᠣᠤ ᠴᠦᠨ ᠥᠪᠡᠷᠲᠡᠭᠡᠨ ᠵᠠᠰᠠᠬᠤ | ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠪᠠ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠳᠤ ᠭᠦᠨᠵᠡᠭᠡᠶᠢᠷᠡᠵᠦ᠂ | ᠪᠠᠶᠠᠷ ᠤᠨ ᠡᠳᠦᠷ ᠤᠨ ᠬᠤᠭᠤᠴᠠᠭᠠᠨ ᠳᠠᠬᠢ ᠪᠥᠬᠦ ᠣᠷᠣᠨ ᠤ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠ | ᠠᠷᠠᠳ ᠣᠯᠠᠨ ᠤ ᠵᠠᠬᠢᠳᠠᠯ ᠰᠤᠷᠪᠤᠯᠵᠢᠯᠠᠯ ᠤᠨ ᠪᠠᠶᠢᠳᠠᠯ ᠢ ᠪᠠᠶᠢᠴᠠᠭᠠᠨ ᠰᠤᠳᠤᠯᠵᠤ᠂ ᠠᠵᠢᠯ ᠤᠨ ᠪᠠᠶᠢᠷᠢ ᠪᠠᠨ ᠪᠠᠲᠤ | ᠰᠠᠬᠢᠵᠤ ᠪᠠᠶᠢᠭ᠎ᠠ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠪᠠ ᠵᠠᠬᠢᠳᠠᠯ ᠰᠤᠷᠪᠤᠯᠵᠢᠯᠠᠯ ᠤᠨ ᠺᠠᠳ᠋ᠷ ᠢ | ᠡᠷᠬᠢᠨ ᠦᠵᠡᠵᠦ᠂ ᠣᠯᠠᠨ ᠳᠤ ᠴᠠᠭᠠᠨ ᠰᠠᠷ᠎ᠠ ᠶᠢᠨ ᠵᠥᠩᠨᠡᠯ ᠪᠠ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠪᠡ᠃ | ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ | ᠬᠠᠮᠠᠭᠠᠯᠠᠬᠤ ᠲᠢᠩᠬᠢᠮ ᠤᠨ ᠳᠠᠷᠤᠭ᠎ᠠ ᠾᠧᠩ ᠰᠢᠶᠤᠤ ᠹᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | 2 ᠳ᠋ᠤᠭᠠᠷ ᠰᠠᠷ᠎ᠠ ᠶᠢᠨ 20 ᠤ ᠡᠳᠦᠷ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ | ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠬᠠᠮᠲᠤ ᠶᠢᠨ | ᠰᠤᠷᠤᠯᠴᠠᠯᠭ᠎ᠠ ᠶᠢᠨ ᠥᠷᠭᠡᠳᠬᠡᠭᠰᠡᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠮᠤᠵᠢ | ᠶᠠᠮᠤᠨ ᠤ ᠲᠠᠰ ᠤᠨ ᠭᠤᠤᠯ ᠤᠳᠤᠷᠢᠳᠬᠤ ᠺᠠᠳ᠋ᠷ ᠤᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ | ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠶ | ᠰᠡᠳᠦᠪᠲᠦ ᠰᠤᠳᠤᠯᠤᠨ ᠶᠠᠷᠢᠯᠴᠠᠬᠤ ᠠᠩᠭᠢ ᠶᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷᠡᠬᠢ ᠴᠢᠬᠤᠯᠠ ᠶᠠᠷᠢᠶᠠᠨ ᠤ | ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠢᠭᠡᠳᠦᠮᠡᠯ | ᠹᠷᠣᠨᠲ ᠤᠨ ᠠᠵᠢᠯ ᠤᠨ ᠲᠦᠷᠢᠮ︾ ᠪᠠ ᠪᠥᠬᠦ ᠤᠯᠤᠰ ᠤᠨ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ | ᠨᠠᠷ ᠤᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠵᠤ᠂ ᠲᠥᠪ ᠤᠨ ᠨᠠᠢᠮᠠᠳᠤᠭᠠᠷ ᠲᠣᠭᠤᠷᠢᠨ ᠪᠠᠶᠢᠴᠠᠭᠠᠬᠤ | ᠳᠤᠭᠤᠶᠢᠯᠠᠩ ᠠᠴᠠ ᠮᠠᠨ ᠤ ᠣᠷᠣᠨ ᠳᠤ ᠥᠭᠭᠦᠭᠰᠡᠨ ᠲᠣᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ | ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠠᠵᠢᠯ ᠤᠨ ᠲᠤᠬᠠᠶ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠰᠤᠷᠤᠯᠴᠠᠪᠠ᠃ ᠥᠪᠡᠷᠲᠡᠭᠡᠨ ᠵᠠᠰᠠᠬᠤ | ᠣᠷᠣᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ | ᠯᠢ ᠰᠢᠤ ᠯᠢᠩ ᠲᠤᠰ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃ ᠯᠦᠸᠧ ᡁᠢ ᠬᠤ᠋᠂ ᠳ᠋ᠤᠸᠠᠨ ᡁᠢ | ᠴᠢᠶᠠᠩ᠂ ᠳ᠋ᠦᠩ ᠾᠧᠩ ᠢᠤᠢ᠂ ᠵᠧᠩ ᠹᠦ᠋ ᠲᠢᠶᠠᠨ᠂ ᠯᠢᠦ ᠰᠢᠨ ᠯᠧ᠂ ᠮᠠ ᠰᠢᠤᠸᠠᠢ ᠵᠢᠶᠦ᠋ᠨ᠂ ᠵᠠᠩ ᠬᠤᠸᠠ᠂ | ᠴᠡᠴᠡᠭ᠂ ᠡᠸᠤ ᠶᠠᠩ ᠰᠢᠶᠤᠤ ᠬᠤᠢ᠂ ᠸᠧᠢ ᠭᠦᠸᠧ ᠨᠠᠨ ᠵᠢᠴᠢ ᠨᠠᠷᠢᠨ ᠪᠢᠴᠢᠭ ᠤᠨ ᠳᠠᠷᠤᠭ᠎ᠠ ᠳ᠋ᠢ ᠷᠦᠢ ᠮᠢᠩ | ᠬᠤᠷᠠᠯ ᠳᠤ ᠣᠷᠣᠯᠴᠠᠵᠤ ᠰᠠᠨᠠᠯ ᠢᠶᠠᠨ ᠰᠣᠯᠢᠯᠴᠠᠬᠤ ᠦᠭᠡ ᠬᠡᠯᠡᠪᠡ᠃ | 2 ᠳ᠋ᠤᠭᠠᠷ ᠰᠠᠷ᠎ᠠ ᠶᠢᠨ 22 ᠤᠨ ᠡᠳᠦᠷ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ | ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ 2021 ᠣᠨ ᠤ ᠬᠤᠶᠠᠳᠤᠭᠠᠷ | ᠣᠳᠠᠭᠠᠨ ᠤ ᠬᠠᠮᠲᠤ ᠶᠢᠨ ᠰᠤᠷᠤᠯᠴᠠᠯᠭ᠎ᠠ ᠬᠢᠵᠦ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠤᠯᠤᠰ | ᠲᠥᠷᠥ ᠶᠢᠨ ᠪᠠᠶᠢᠭᠤᠯᠤᠯᠲᠠ ᠪᠠ ᠲᠣᠭᠤᠷᠢᠨ ᠪᠠᠶᠢᠴᠠᠭᠠᠬᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ | ᠰᠤᠷᠤᠯᠴᠠᠨ ᠲᠤᠭᠤᠰᠢᠯᠠᠭᠤᠯᠵᠤ᠂ ᠤᠯᠤᠰ ᠲᠥᠷᠥ ᠶᠢᠨ ᠴᠢᠳᠠᠪᠤᠷᠢ ᠪᠠᠨ ᠳᠡᠭᠡᠭᠰᠢᠯᠡᠭᠦᠯᠬᠦ ᠪᠠ ᠲᠥᠪ ᠤᠨ ᠲᠣᠭᠤᠷᠢᠨ | ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ | ᠰᠠᠶᠢᠲᠤᠷ ᠠᠳᠬᠤᠬᠤ ᠲᠤᠬᠠᠶ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ᠂ ᠥᠪᠡᠷᠲᠡᠭᠡᠨ | ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠪᠦ᠋ ᠰᠢᠶᠤᠤ ᠯᠢᠨ ᠤ | ᠨᠠᠶᠢᠳᠠᠯᠭ᠎ᠠ ᠪᠠᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ | ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ᠂ ᠥᠪᠡᠷᠲᠡᠭᠡᠨ | ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠵᠠᠩ ᠱᠣᠤ | ᠴᠦᠨ ᠬᠠᠮᠲᠤ ᠶᠢᠨ ᠰᠤᠷᠤᠯᠴᠠᠯᠭ᠎ᠠ ᠶᠢ ᠡᠷᠭᠢᠯᠡᠪᠡ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ | ᠲᠡᠷᠢᠭᠦᠯᠡᠭᠴᠢ ᠪᠦ᠋ ᠰᠢᠶᠤᠤ ᠯᠢᠨ ᠤ ᠨᠠᠶᠢᠳᠠᠯᠭ᠎ᠠ ᠪᠠᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ | ᠲᠡᠷᠢᠭᠦᠯᠡᠭᠴᠢ ᠵᠠᠩ ᠱᠣᠤ ᠴᠦᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ︽2021 ᠣᠨ ᠤ ᠥᠪᠡᠷᠲᠡᠭᠡᠨ ᠵᠠᠰᠠᠬᠤ ᠣᠷᠣᠨ ᠤ | ︿ᠵᠠᠰᠠᠭ ᠤᠨ ᠣᠷᠳᠣᠨ ᠤ ᠠᠵᠢᠯ ᠤᠨ ᠢᠯᠡᠳᠬᠡᠯ﹀ ᠤᠨ ᠭᠤᠤᠯᠳᠠᠯᠭ᠎ᠠ ᠲᠠᠢ ᠡᠭᠦᠷᠭᠡ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠠᠵᠢᠯ ᠤᠨ ᠬᠤᠪᠢᠶᠠᠷᠢᠯᠠᠯ︾ ᠢ ᠰᠤᠳᠤᠯᠪᠠ᠃ | 2 ᠳ᠋ᠤᠭᠠᠷ ᠰᠠᠷ᠎ᠠ ᠶᠢᠨ 24 ᠤ ᠡᠳᠦᠷ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠬᠢᠭᠡᠳ ᠳᠤᠮᠳᠠᠳᠤ ᠤᠯᠤᠰ ᠤᠨ ᠪᠥᠲᠥᠭᠡᠨ | ᠪᠠᠶᠢᠭᠤᠯᠤᠯᠲᠠ ᠶᠢᠨ ᠪᠠᠩᠬᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠪᠠᠩᠬᠢ | ᠲᠥᠷᠥ ᠶᠢᠨ ᠪᠣᠳᠣᠯᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢ ᠬᠥᠭᠵᠢᠭᠦᠯᠬᠦ ᠲᠠᠯ᠎ᠠ ᠪᠠᠷ ᠬᠢ | ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠬᠤ ᠶᠣᠰᠣᠯᠠᠯ ᠶᠠᠪᠤᠭᠤᠯᠪᠠ᠃ ᠥᠪᠡᠷᠲᠡᠭᠡᠨ | ᠵᠠᠰᠠᠬᠤ ᠣᠷᠣᠨ ᠤ ᠳᠡᠳ᠋ ᠲᠡᠷᠢᠭᠦᠯᠡᠭᠴᠢ ᠪᠣᠣ ᠭᠠᠩ ᠭᠠᠷ ᠤᠨ ᠦᠰᠦᠭ ᠵᠢᠷᠤᠬᠤ ᠶᠣᠰᠣᠯᠠᠯ ᠳᠤ ᠣᠷᠣᠯᠴᠠᠪᠠ᠃ | 2 ᠳ᠋ᠤᠭᠠᠷ ᠰᠠᠷ᠎ᠠ ᠶᠢᠨ 24 ᠤ ᠡᠳᠦᠷ ᠠᠴᠠ 25 ᠤ ᠡᠳᠦᠷ ᠥᠪᠡᠷᠲᠡᠭᠡᠨ ᠵᠠᠰᠠᠬᠤ ᠣᠷᠣᠨ ᠤ ᠳᠡᠳ᠋ | ᠲᠡᠷᠢᠭᠦᠯᠡᠭᠴᠢ ᠬᠤᠸᠠᠩ ᡁᠢ ᠴᠢᠶᠠᠩ ᠡᠷᠢᠶᠡᠨ ᠬᠤᠲᠠ ᠶᠢᠨ ᠲᠡᠮᠦᠷ ᠵᠠᠮ ᠤᠨ ᠬᠢᠯᠢ ᠶᠢᠨ ᠪᠣᠭᠤᠮᠲᠠ ᠶᠢᠨ ᠬᠢᠯᠢ ᠶᠢᠨ | ᠪᠠᠶᠢᠴᠠᠭᠠᠨ ᠰᠢᠯᠭᠠᠬᠤ ᠲᠠᠯᠠᠪᠠᠶ᠂ ᠮᠠᠰᠢᠨ ᠮᠧᠬᠠᠨᠢᠭ ᠢᠶᠠᠷ ᠰᠣᠯᠢᠵᠤ ᠠᠴᠢᠶᠠᠯᠠᠬᠤ ᠲᠣᠭᠤᠷᠢᠭ ᠪᠠ ᠳᠤᠮᠳᠠᠳᠤ | ᠧᠦ᠋ᠷᠣᠫᠠ ᠶᠢᠨ ᠡᠭᠡᠯᠵᠢ ᠶᠢᠨ ᠭᠠᠯᠲᠤ ᠲᠡᠷᠭᠡᠨ ᠤ ᠡᠷᠢᠶᠡᠨ ᠬᠤᠲᠠ ᠶᠢᠨ ᠰᠠᠭᠤᠷᠢᠨ ᠭᠠᠵᠠᠷ ᠲᠤ ᠭᠦᠨᠵᠡᠭᠡᠶᠢᠷᠡᠵᠦ᠂ | ᠲᠡᠮᠦᠷ ᠵᠠᠮ ᠤᠨ ᠥᠷᠲᠡᠭᠡ ᠲᠠᠯᠠᠪᠤᠷ ᠤᠨ ᠲᠠᠰ ᠳᠡᠪᠰᠢᠭᠦᠯᠵᠣ ᠥᠭᠡᠷᠡᠴᠢᠯᠡᠭᠰᠡᠨ ᠪᠠᠶᠢᠳᠠᠯ ᠵᠢᠴᠢ ᠲᠡᠮᠦᠷ ᠵᠠᠮ ᠤᠨ | ᠬᠢᠯᠢ ᠶᠢᠨ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ | ᠭᠠᠷᠭᠠᠭᠰᠠᠨ ᠪᠠᠶᠢᠳᠠᠯ ᠢ ᠨᠠᠷᠢᠨ ᠣᠶᠢᠯᠠᠭᠠᠭᠰᠠᠨ ᠪᠥᠭᠡᠳ ᠰᠠᠭᠤᠳᠠᠯ ᠤᠨ ᠬᠤᠷᠠᠯ ᠬᠤᠷᠠᠯᠳᠤᠭᠤᠯᠵᠤ᠂ ᠤᠯᠤᠰ ᠤᠨ | ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠥᠲᠥᠭᠡᠨ ᠪᠠᠶᠢᠭᠤᠯᠬᠤ᠂ ᠬᠢᠯᠢ ᠶᠢᠨ ᠪᠣᠭᠤᠮᠲᠠ ᠶᠢᠨ ᠨᠡᠪᠲᠡᠷᠡᠬᠦ | ᠴᠢᠳᠠᠪᠤᠷᠢ ᠶᠢ ᠳᠡᠭᠡᠭᠰᠢᠯᠡᠭᠦᠯᠬᠦ ᠠᠵᠢᠯ ᠢ ᠲᠤᠰᠬᠠᠶ ᠰᠡᠳᠦᠪ ᠢᠶᠠᠷ ᠰᠤᠳᠤᠯᠪᠠ᠃ | 2 ᠳ᠋ᠤᠭᠠᠷ ᠰᠠᠷ᠎ᠠ ᠶᠢᠨ 27 ᠤ ᠡᠳᠦᠷ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠬᠠᠤᠯᠢ | ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ | ᠬᠥᠬᠡᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠥᠪᠡᠷᠲᠡᠭᠡᠨ | ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ | ᠱᠢ ᠲᠠᠢ ᠹᠧᠩ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠳᠠᠯᠪᠢᠬᠤ ᠳᠤ ᠪᠠᠨ᠂ ᠤᠯᠤᠰ ᠲᠥᠷᠥ ᠶᠢᠨ ᠲᠠᠯ᠎ᠠ ᠪᠠᠷ | ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶᠠᠨ ᠤ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠣᠶᠢᠯᠠᠭᠠᠵᠤ᠂ ᠤᠯᠤᠰ ᠲᠥᠷᠥ ᠬᠠᠤᠯᠢ | ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠲᠦᠢᠯ ᠤᠨ ᠴᠢᠬᠤᠯᠠ ᠴᠢᠨᠠᠷ ᠪᠠ ᠪᠣᠳᠠᠲᠤ ᠲᠤᠯᠭᠠᠮ | ᠴᠢᠨᠠᠷ ᠢ ᠭᠦᠨᠵᠡᠭᠡᠶ ᠲᠠᠨᠢᠵᠤ᠂ ᠬᠥᠮᠦᠵᠢᠯ ᠴᠡᠭᠴᠡᠯᠡᠯᠲᠡ ᠶᠢᠨ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠶᠢ | ᠡᠷᠡᠰ ᠬᠦᠴᠦᠲᠡᠶ ᠰᠠᠶᠢᠲᠤᠷ ᠪᠡᠶᠡᠯᠡᠭᠦᠯᠵᠦ᠂ ᠨᠠᠮ ᠪᠠ ᠠᠷᠠᠳ ᠲᠦᠮᠡᠨ ᠤ ᠢᠲᠡᠭᠡᠮᠵᠢᠲᠡᠶ᠂ ᠨᠠᠶᠢᠳᠠᠪᠤᠷᠢᠲᠠᠶ᠂ ᠰᠠᠨᠠᠭ᠎ᠠ | ᠠᠮᠤᠷ ᠪᠠᠶᠢᠬᠤ ᠤᠯᠤᠰ ᠲᠥᠷᠥ ᠬᠠᠤᠯᠢ ᠴᠠᠭᠠᠵᠠ ᠶᠢᠨ ᠪᠣᠯᠣᠣᠨ ᠲᠡᠮᠣᠷ ᠮᠡᠳᠣ ᠡᠩᠨᠡᠭᠡ ᠶᠢ ᠴᠢᠷᠮᠠᠶᠢᠨ ᠪᠠᠶᠢᠭᠤᠯᠬᠤ | ᠬᠡᠷᠩᠳᠠᠢ ᠭᠡᠵᠣ ᠴᠢᠬᠤᠯᠠᠴᠢᠯᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ | ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢᠨ ᠱᠣᠤ ᠴᠦᠨ ᠲᠤᠰ ᠬᠤᠷᠠᠯ ᠢ ᠡᠷᠭᠢᠯᠡᠪᠡ᠃ | ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠸᠠᠩ ᠯᠢ ᠰᠢᠶᠠ᠂ ᠯᠢᠦ ᠴᠢ ᠹᠠᠨ᠂ ᠮᠧᠩ ᠹᠠᠨ ᠯᠢ᠂ ᠶᠠᠩ ᠸᠧᠢ | ᠳ᠋ᠦᠩ᠂ ᠵᠠᠩ ᠧᠨ ᠬᠤᠢ᠂ ᠡᠾᠧᠡᠭ ᠰᠢᠶᠤᠤ ᠹᠠᠨ᠂ ᠶᠠᠩ ᠽᠦᠩ ᠷᠧᠨ᠂ ᠯᠢ ᠴᠢ ᠯᠢᠨ ᠬᠤᠷᠠᠯ ᠳᠤ ᠣᠷᠣᠯᠴᠠᠪᠠ᠃ | ᠬᠤᠷᠠᠯ ᠢ ᠸᠢᠳᠢᠣ᠋ ᠬᠡᠯᠪᠡᠷᠢ ᠪᠠᠷ ᠬᠤᠷᠠᠯᠳᠤᠭᠤᠯᠵᠤ᠂ ᠡᠯ᠎ᠡ ᠠᠶᠢᠮᠠᠭ ᠬᠤᠳᠠ ᠪᠠ ᠮᠠᠨᠵᠤᠤᠷ ᠬᠤᠳᠠ᠂ ᠡᠷᠢᠶᠡᠨ | ᠬᠤᠳᠠ ᠳᠤ ᠬᠤᠪᠢᠶᠠᠷᠢ ᠬᠤᠷᠠᠯ ᠤᠨ ᠲᠠᠯᠠᠪᠠᠢ ᠲᠤᠬᠢᠷᠠᠭᠤᠯᠪᠠ᠃ | 2 ᠳ᠋ᠤᠭᠠᠷ ᠰᠠᠷ᠎ᠠ ᠶᠢᠨ 28 ᠤ ᠡᠳᠦᠷ ᠥᠪᠡᠷᠲᠡᠭᠡᠨ ᠵᠠᠰᠠᠬᠤ ᠣᠷᠣᠨ ᠠᠴᠠ ᠠᠶᠢᠮᠠᠭ ᠬᠤᠲᠠ ᠶᠢᠨ | ᠠᠵᠢᠯ ᠤᠨ ᠬᠠᠷᠢᠭᠤ ᠮᠡᠳᠡᠭᠦᠯᠦᠯᠲᠡ ᠶᠢᠨ ᠬᠤᠷᠠᠯ ᠬᠤᠷᠠᠯᠳᠤᠭᠤᠯᠵᠤ᠂ ᠡᠯ᠎ᠡ ᠠᠶᠢᠮᠠᠭ ᠬᠤᠲᠠ ᠶᠢᠨ 2021 ᠣᠨ ᠤ | ᠭᠤᠤᠯ ᠪᠣᠯᠬᠤ ᠠᠵᠤ ᠠᠬᠤᠶ ᠶᠢᠨ ᠭᠦᠢᠴᠡᠳᠬᠡᠯ ᠲᠣᠭᠠᠨ ᠤ ᠲᠣᠬᠢᠷᠠᠭᠤᠯᠤᠯᠲᠠ᠂ ᠴᠢᠬᠤᠯᠠ ᠶᠡᠭᠡ ᠲᠥᠷᠥᠯ | ᠵᠦᠢᠯ ᠤᠨ ᠠᠵᠢᠯ ᠡᠬᠢᠯᠡᠬᠦ᠂ ᠦᠷᠭᠦᠯᠵᠢᠯᠡᠨ ᠪᠠᠶᠢᠭᠤᠯᠬᠤ᠂ ᠲᠥᠯᠥᠪᠵᠢᠭᠦᠯᠦᠨ ᠠᠬᠢᠭᠤᠯᠬᠤ ᠵᠢᠴᠢ ᠡᠨᠧᠷᠭᠢ ᠶᠢᠨ | ᠬᠤᠷᠣᠭᠳᠠᠯ ᠳᠠᠬᠢ ︽ᠬᠤᠶᠠᠷ ᠢ ᠡᠵᠡᠮᠳᠡᠬᠦ︾ ᠠᠵᠢᠯ ᠤᠳ ᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠰᠣᠨᠣᠰᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠣᠤ | ᠴᠦᠨ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃ | | ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠠᠯᠪᠠᠨ ᠮᠡᠳᠡᠭᠡ |