【ᠲᠣᠰᠢᠶᠠᠯ】ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠤᠨ | ᠳᠡᠳ᠋ ᠳᠠᠷᠤᠭ᠎ᠠ | 【ᠠᠵᠢᠯ ᠤᠨ ᠬᠤᠪᠢᠶᠠᠷᠢ】ᠲᠦᠷ ᠠᠵᠢᠯ ᠤᠨ ᠬᠤᠪᠢᠶᠠᠷᠢ ᠦᠭᠡᠢ᠃ | 【ᠲᠣᠪᠴᠢ ᠨᠠᠮᠲᠠᠷ】 ᠡᠷᠡᠭᠲᠡᠢ᠂ ᠮᠣᠩᠭᠤᠯ ᠦᠨᠳᠦᠰᠦᠲᠡᠨ᠂ 1967 ᠣᠨ ᠤ 5 ᠰᠠᠷ᠎ᠠ ᠳᠤ ᠲᠦᠷᠦᠵᠠᠢ᠂ | ᠥᠪᠥᠷ ᠮᠣᠩᠭᠤᠯ ᠤᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠬᠥᠮᠦᠨ᠂ ᠠᠵᠢᠯ ᠤᠨ ᠪᠠᠶᠢᠷᠢ ᠳᠡᠭᠡᠷ᠎ᠡ | ᠰᠤᠷᠤᠯᠴᠠᠬᠤ ᠳ᠋ᠣᠺᠲ᠋ᠣᠷᠠᠨᠲ ᠤᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ | ᠭᠡᠰᠢᠭᠦᠨ᠂ 1986 ᠣᠨ ᠤ 9 ᠰᠠᠷ᠎ᠠ ᠳᠤ ᠠᠵᠢᠯ ᠳᠤ ᠭᠠᠷᠪᠠ᠃ | 1983.09 — 1986.07 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠷᠢᠮ | ᠠᠶᠢᠮᠠᠭ ᠤᠨ ᠪᠠᠭᠰᠢ ᠶᠢᠨ ᠰᠤᠷᠭᠠᠭᠤᠯᠢ ᠶᠢᠨ ᠡᠩ ᠤᠨ ᠪᠠᠭᠰᠢ ᠶᠢᠨ ᠲᠤᠰᠬᠠᠢ ᠮᠡᠷᠭᠡᠵᠢᠯ ᠢᠶᠠᠷ ᠰᠤᠷᠤᠯᠴᠠᠪᠠ᠃ | 1986.07 — 1986.09 ᠬᠤᠪᠢᠶᠠᠷᠢᠯᠠᠬᠤ ᠶᠢ ᠬᠦᠯᠢᠶᠡᠵᠦ ᠪᠠᠶᠢᠪᠠ᠃ | 1986.09 — 1991.08 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠴᠢᠨ | ᠵᠡᠭᠦᠨ ᠭᠠᠷᠤᠨ ᠬᠤᠶᠢᠲᠤ ᠬᠤᠰᠢᠭᠤᠨ ᠤ ᠬᠤᠯᠣᠰᠣ ᠨᠠᠭᠤᠷ ᠰᠤᠮᠤᠨ ᠤ ᠭᠤᠣᠯ ᠰᠤᠷᠭᠠᠭᠤᠯᠢ ᠶᠢᠨ ᠪᠠᠭᠰᠢ ᠪᠠᠶᠢᠪᠠ | ︵ᠡᠨᠡ ᠬᠤᠭᠤᠴᠠᠭᠠᠨ ᠳᠤ᠄ 1989.09 — 1991.07 ᠥᠪᠥᠷ ᠮᠣᠩᠭᠤᠯ ᠤᠨ ᠰᠤᠷᠭᠠᠨ ᠬᠥᠮᠦᠵᠢᠯ ᠤᠨ | ᠳᠡᠭᠡᠳᠦ ᠰᠤᠷᠭᠠᠭᠤᠯᠢ ᠶᠢᠨ ᠠᠮᠢᠳᠤ ᠪᠣᠳᠠᠰ ᠤᠨ ᠲᠤᠰᠬᠠᠢ ᠮᠡᠷᠭᠡᠵᠢᠯ ᠤᠨ ᠳᠡᠭᠡᠳᠦ ᠵᠡᠷᠭᠡ ᠶᠢᠨ ᠲᠤᠰᠬᠠᠢ ᠮᠡᠷᠭᠡᠵᠢᠯ | ᠤᠨ ᠠᠩᠬᠢ ᠳᠤ ᠰᠤᠷᠤᠯᠴᠠᠪᠠ︶᠃ | 1991.08 — 1993.08 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠤᠭᠤᠲᠤ | ᠬᠤᠳᠠ ᠶᠢᠨ ᠳᠥᠴᠢᠨ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠪᠠᠭᠰᠢ ᠪᠠᠶᠢᠪᠠ᠃ | 1993.08 — 1998.12 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠤᠭᠤᠲᠤ | ᠬᠤᠳᠠ ᠶᠢᠨ ᠬᠥᠨᠳᠡᠯᠡᠨ ᠲᠣᠭᠤᠷᠢᠭ ᠤᠨ ᠰᠤᠷᠭᠠᠨ ᠬᠥᠮᠦᠵᠢᠯ ᠤᠨ ᠲᠤᠪᠴᠢᠶ᠎ᠠ ᠶᠢᠨ ᠳᠡᠳ᠋ ᠳᠠᠷᠤᠭ᠎ᠠ ᠪᠠᠶᠢᠭᠰᠠᠨ | ᠪᠥᠭᠡᠳ ᠪᠤᠭᠤᠲᠤ ᠬᠤᠳᠠ ᠶᠢᠨ ᠮᠣᠩᠭᠤᠯ ᠦᠨᠳᠦᠰᠦᠲᠡᠨ ᠤ ᠪᠠᠭ᠎ᠠ ᠰᠤᠷᠭᠠᠭᠤᠯᠢ ᠶᠢᠨ ᠵᠠᠬᠢᠷᠤᠯ ᠤᠨ ᠲᠤᠰᠢᠶᠠᠯ ᠢ | ᠬᠠᠪᠰᠤᠷᠭᠠᠵᠤ ᠪᠠᠶᠢᠪᠠ ︵ᠡᠨᠡ ᠬᠤᠭᠤᠴᠠᠭᠠᠨ ᠳᠤ᠄ 1995.09 — 1998.12 ᠬᠠᠷᠪᠢᠨ ᠤ ᠪᠠᠭᠰᠢ ᠶᠢᠨ | ᠶᠡᠭᠡ ᠰᠤᠷᠭᠠᠭᠤᠯᠢ ᠶᠢᠨ ᠰᠤᠷᠭᠠᠨ ᠬᠥᠮᠦᠵᠢᠯ ᠤᠨ ᠬᠠᠮᠢᠶᠠᠷᠤᠯᠲᠠ ᠶᠢᠨ ᠲᠤᠰᠬᠠᠢ ᠮᠡᠷᠭᠡᠵᠢᠯ ᠤᠨ ᠦᠪᠡᠰᠦᠪᠡᠨ | ᠰᠢᠯᠭᠠᠬᠤ ᠵᠢᠩᠬᠢᠨᠢ ᠠᠩᠬᠢ ᠳᠤ ᠰᠤᠷᠤᠯᠴᠠᠪᠠ︶᠃ | 1998.12 — 2000.11 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠤᠭᠤᠲᠤ | ᠬᠤᠲᠠ ᠶᠢᠨ ᠬᠥᠨᠳᠡᠯᠡᠨ ᠲᠣᠭᠤᠷᠢᠭ ᠤᠨ ᠴᠢᠶᠠᠨ ᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠠᠮ | ᠤᠨ ᠬᠤᠷᠢᠶᠠᠨ ᠤ ᠳᠡᠳ᠋ ᠱᠦᠵᠢ᠂ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ ᠪᠠᠶᠢᠪᠠ᠃ | 2000.11 — 2006.07 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠤᠭᠤᠲᠤ | ᠬᠤᠳᠠ ᠶᠢᠨ ᠬᠥᠨᠳᠡᠯᠡᠨ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ | ᠤᠨ ᠳᠠᠷᠤᠭ᠎ᠠ ᠪᠠᠶᠢᠪᠠ ︵ᠡᠨᠡ ᠬᠤᠭᠤᠴᠠᠭᠠᠨ ᠳᠤ᠄ 2002.10 — 2006.01 ᠥᠪᠥᠷ ᠮᠣᠩᠭᠤᠯ ᠤᠨ | ᠲᠠᠷᠢᠶᠠᠯᠠᠩ ᠤᠨ ᠶᠡᠭᠡ ᠰᠤᠷᠭᠠᠭᠤᠯᠢ ᠶᠢᠨ ᠲᠠᠷᠢᠶᠠᠯᠠᠩ ᠢ ᠳᠡᠯᠭᠡᠷᠡᠭᠦᠯᠬᠦ ᠮᠠᠰᠲ᠋ᠧᠷ ᠤᠨ ᠲᠤᠰᠬᠠᠢ ᠮᠡᠷᠭᠡᠵᠢᠯ ᠢᠶᠠᠷ | ᠰᠤᠷᠤᠯᠴᠠᠵᠦ᠂ ᠲᠠᠷᠢᠶᠠᠯᠠᠩ ᠢ ᠳᠡᠯᠭᠡᠷᠡᠭᠦᠯᠬᠦ ᠮᠠᠰᠲ᠋ᠧᠷ ᠤᠨ ᠴᠣᠯᠠ ᠬᠠᠮᠠᠭᠠᠯᠠᠪᠠ︶᠃ | 2006.07 — 2007.10 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠤᠭᠤᠲᠤ | ᠬᠤᠳᠠ ᠶᠢᠨ ᠬᠥᠨᠳᠡᠯᠡᠨ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠶᠢᠨ ᠱᠦᠵᠢ ᠪᠠᠶᠢᠪᠠ᠃ | 2007.10 — 2011.01 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠤᠭᠤᠲᠤ | ᠬᠤᠲᠠ ᠶᠢᠨ ᠬᠥᠨᠳᠡᠯᠡᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ ᠪᠠᠶᠢᠪᠠ ︵ᠡᠨᠡ ᠬᠤᠭᠤᠴᠠᠭᠠᠨ ᠳᠤ᠄ | 2007.09 — 2010.07 ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠦᠨᠳᠦᠰᠦᠲᠡᠨ ᠤ | ᠤᠯᠤᠰ ᠲᠥᠷᠥ ᠶᠢᠨ ᠲᠤᠰᠬᠠᠶ ᠮᠡᠷᠭᠡᠵᠢᠯ ᠢᠶᠠᠷ ᠰᠤᠷᠤᠯᠴᠠᠵᠤ᠂ 2010.06 ᠰᠠᠷ᠎ᠠ ᠳᠤ ᠬᠠᠤᠯᠢ ᠶᠢᠨ ᠤᠬᠠᠭᠠᠨ ᠤ | ᠳ᠋ᠣᠺᠲ᠋ᠣᠷ ᠴᠣᠯᠠ ᠬᠠᠮᠠᠭᠠᠯᠠᠪᠠ︶᠃ | 2011.01 — 2015.11 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠬᠠᠨ | ᠮᠤᠤᠮᠢᠩᠭᠠᠨ ᠬᠤᠯᠪᠣᠭᠠᠲᠤ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠪᠠᠶᠢᠪᠠ᠃ | 2015.11 — 2017.09 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠠᠷᠬᠠᠨ | ᠮᠤᠤᠮᠢᠩᠭᠠᠨ ᠬᠤᠯᠪᠣᠭᠠᠲᠤ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠠᠶᠢᠪᠠ᠃ | 2017.09 — 2018.02 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢ ᠶᠢᠨ | ᠭᠤᠣᠯ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ | ᠪᠠᠶᠢᠪᠠ᠃ | 2018.02 — 2021.07 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢ ᠶᠢᠨ | ᠭᠤᠣᠯ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ | ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠪᠠᠶᠢᠪᠠ᠃ | 2021.07 — ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ | ᠪᠦᠷᠢᠯᠳᠦᠬᠦᠨ᠂ ᠲᠢᠩᠬᠢᠮ ᠤᠨ ᠳᠡᠳ᠋ ᠳᠠᠷᠤᠭ᠎ᠠ ᠶᠢᠨ ᠲᠤᠰᠢᠶᠠᠯ ᠳᠤ ᠪᠣᠢ᠃ |