4 ᠳ᠋ᠦ᠋ᠭᠡᠷ ᠰᠠᠷ᠎ᠠ ᠶᠢᠨ 1 ᠤ ᠡᠳᠦᠷ ᠠᠴᠠ 4 ᠳ᠋ᠦ᠋ᠭᠡᠷ ᠰᠠᠷ᠎ᠠ ᠶᠢᠨ 15 ᠤ ᠡᠳᠦᠷ ᠤᠨ ᠵᠠᠰᠠᠭ ᠤᠨ ᠣᠷᠳᠣᠨ ᠤ ᠲᠣᠮᠣ ᠠᠵᠢᠯ ᠶᠠᠪᠤᠳᠠᠯ ᠤᠨ ᠲᠡᠮᠲᠡᠭᠯᠡᠯ
ᠨᠡᠶᠢᠲᠡᠯᠡᠭᠰᠡᠨ ᠴᠠᠭ᠄
2021/9/23
     4 ᠳ᠋ᠦ᠋ᠭᠡᠷ ᠰᠠᠷ᠎ᠠ ᠶᠢᠨ 1 ᠤ ᠡᠳᠦᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠭᠠᠳᠠᠭᠠᠳᠤ ᠶᠠᠪᠤᠳᠠᠯ ᠤᠨ ᠠᠵᠢᠯ ᠤᠨ ᠬᠤᠷᠢᠶ᠎ᠠ ᠭᠤᠷᠪᠠᠳᠤᠭᠠᠷ ᠤᠳᠠᠭᠠᠨ ᠤ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠭᠠᠳᠠᠭᠠᠳᠤ ᠶᠠᠪᠤᠳᠠᠯ ᠤᠨ ᠠᠵᠢᠯ ᠤᠨ ᠬᠤᠷᠢᠶᠠᠨ ᠤ 2020 ᠣᠨ ᠤ ᠠᠵᠢᠯ ᠤᠨ ᠳ᠋ᠦᠩᠨᠡᠯᠲᠡ ᠪᠠ 2021 ᠣᠨ ᠤ ᠠᠵᠢᠯ ᠤᠨ ᠲᠣᠬᠢᠷᠠᠭᠤᠯᠤᠯᠲᠠ ᠶᠢ ᠬᠢᠨᠠᠨ ᠵᠥᠪᠯᠡᠵᠦ᠂ ᠭᠠᠳᠠᠭᠠᠳᠤ ᠶᠠᠪᠤᠳᠠᠯ ᠤᠨ ᠠᠵᠢᠯ ᠤᠨ ᠭᠤᠤᠯᠳᠠᠯᠭ᠎ᠠ ᠲᠠᠢ ᠡᠭᠦᠷᠭᠡ ᠶᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠭᠠᠳᠠᠭᠠᠳᠤ ᠶᠠᠪᠤᠳᠠᠯ ᠤᠨ ᠠᠵᠢᠯ ᠤᠨ ᠬᠤᠷᠢᠶᠠᠨ ᠤ ᠡᠷᠬᠢᠯᠡᠭᠴᠢ ᠱᠢ ᠲᠠᠢ ᠹᠧᠩ ᠲᠤᠰ ᠬᠤᠷᠠᠯ ᠢ ᠡᠷᠬᠢᠯᠡᠭᠰᠡᠨ ᠪᠦᠭᠡᠳ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠭᠠᠳᠠᠭᠠᠳᠤ ᠶᠠᠪᠤᠳᠠᠯ ᠤᠨ ᠠᠵᠢᠯ ᠤᠨ ᠬᠤᠷᠢᠶᠠᠨ ᠤ ᠳᠡᠳ᠋ ᠡᠷᠬᠢᠯᠡᠭᠴᠢ ᠯᠢᠨ ᠱᠤᠤ ᠴᠦᠨ ᠬᠤᠷᠠᠯ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠭᠠᠳᠠᠭᠠᠳᠤ ᠶᠠᠪᠤᠳᠠᠯ ᠤᠨ ᠠᠵᠢᠯ ᠤᠨ ᠬᠤᠷᠢᠶᠠᠨ ᠤ ᠭᠡᠰᠢᠭᠦᠨ ᠯᠢᠦ ᠴᠢ ᠹᠠᠨ᠂ ᠪᠠᠢ ᠢᠤᠢ ᠭᠠᠩ᠂ ᠶᠠᠩ ᠸᠧᠢ ᠳ᠋ᠦᠩ᠂ ᠵᠠᠩ ᠱᠤᠤ ᠴᠦᠨ᠂ ᠾᠧᠩ ᠰᠢᠶᠤᠤ ᠹᠠᠨ ᠨᠠᠷ ᠬᠤᠷᠠᠯ ᠳᠤ ᠣᠷᠤᠯᠴᠠᠪᠠ᠃      4 ᠳ᠋ᠦ᠋ᠭᠡᠷ ᠰᠠᠷ᠎ᠠ ᠶᠢᠨ 8 ᠤ ᠡᠳᠦᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠤᠤ ᠯᠢᠨ ᠤ ᠨᠠᠶᠢᠳᠠᠯᠭ᠎ᠠ ᠪᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠣᠤ ᠴᠦᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠣᠷᠣᠨ ᠤ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠪᠠ ᠬᠠᠭᠤᠴᠢ ᠰᠤᠳᠤᠯᠤᠯ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ︵2020 — 2035 ᠣᠨ︶᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠦᠩᠭᠦᠨ ᠤ ᠬᠢᠨᠠᠯᠲᠠ ᠬᠠᠮᠢᠶᠠᠷᠤᠯᠲᠠ ᠶᠢᠨ ᠲᠦᠷᠢᠮ ᠤᠨ ᠲᠣᠭᠲᠠᠯᠴᠠᠭᠠᠨ ᠤ ᠥᠭᠡᠷᠡᠴᠢᠯᠡᠯᠲᠡ ᠶᠢ ᠠᠬᠢᠭᠤᠯᠬᠤ ᠠᠷᠭ᠎ᠠ ᠬᠡᠮᠵᠢᠶ᠎ᠡ ᠨᠦᠭᠦᠳ ᠵᠡᠷᠭᠡ ᠵᠦᠢᠯᠡᠰ ᠢ ᠰᠤᠳᠤᠯᠪᠠ᠃ ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠪᠠ᠃     4 ᠳ᠋ᠦ᠋ᠭᠡᠷ ᠰᠠᠷ᠎ᠠ ᠶᠢᠨ 9 ᠤ ᠡᠳᠦᠷ ᠥᠪᠡᠷᠲᠡᠭᠡᠨ ᠵᠠᠰᠠᠬᠤ ᠣᠷᠣᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠳ᠋ᠦᠩᠨᠡᠯᠲᠡ ᠬᠢᠵᠦ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠬᠥᠬᠡᠬᠤᠲᠠ ᠳᠤ ᠬᠤᠷᠠᠯᠳᠤᠪᠠ᠃ ᠬᠤᠷᠠᠯ ᠠᠴᠠ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠶᠡᠭᠡ ᠬᠤᠷᠠᠯ ᠳᠤ ᠣᠷᠤᠯᠴᠠᠭᠰᠠᠨ ᠬᠦᠬᠢᠭᠦᠯᠦᠭᠳᠡᠨ ᠰᠠᠶᠢᠰᠢᠶᠠᠭᠳᠠᠭᠰᠠᠳ ᠤᠨ ᠲᠥᠯᠥᠭᠡᠯᠡᠭᠴᠢᠳ ᠲᠠᠢ ᠬᠠᠮᠲᠤ ᠬᠡᠷᠡᠯ ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢᠨ ᠱᠤᠤ ᠴᠦᠨ ᠬᠠᠮᠲᠤ ᠶᠢᠨ ᠰᠡᠭᠦᠳᠡᠷ ᠲᠠᠲᠠᠭᠤᠯᠬᠤ ᠳᠤ ᠣᠷᠣᠯᠴᠠᠭᠰᠠᠨ ᠪᠥᠭᠡᠳ ᠳ᠋ᠦᠩᠨᠡᠯᠲᠡ ᠬᠢᠵᠦ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷ᠎ᠡ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠸᠠᠩ ᠯᠢ ᠰᠢᠶᠠ᠂ ᠯᠢᠦ ᠴᠢ ᠹᠠᠨ᠂ ᠵᠠᠩ ᠱᠣᠤ ᠴᠦᠨ᠂ ᠾᠧᠩ ᠰᠢᠶᠤᠤ ᠹᠠᠨ᠂ ᠶᠠᠩ ᠽᠦᠩ ᠷᠧᠨ᠂ ᠯᠢ ᠴᠢ ᠯᠢᠨ ᠬᠠᠮᠲᠤ ᠶᠢᠨ ᠭᠡᠷᠡᠯ ᠵᠢᠷᠤᠭ ᠲᠠᠲᠠᠭᠤᠯᠤᠭᠰᠠᠨ ᠪᠥᠭᠡᠳ ᠶᠡᠭᠡ ᠬᠤᠷᠠᠯ ᠳᠤ ᠣᠷᠤᠯᠴᠠᠪᠠ᠃ ᠶᠡᠭᠡ ᠬᠤᠷᠠᠯ ᠠᠴᠠ ᠬᠦᠬᠢᠭᠦᠯᠦᠭᠳᠡᠨ ᠰᠠᠶᠢᠰᠢᠶᠠᠭᠳᠠᠭᠰᠠᠳ ᠤᠨ ᠲᠥᠯᠥᠭᠡᠯᠡᠭᠴᠢᠳ ᠲᠤ ᠱᠠᠩᠨᠠᠯ ᠭᠠᠷᠳᠠᠭᠤᠯᠪᠠ᠃ ᠥᠪᠡᠷᠲᠡᠭᠡᠨ ᠵᠠᠰᠠᠬᠤ ᠣᠷᠣᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠲᠡᠷᠢᠭᠦᠨ ᠤ ᠬᠠᠮᠲᠤ᠂ ᠲᠡᠷᠢᠭᠦᠨ ᠤ ᠠᠵᠢᠯᠳᠠᠨ᠂ ᠬᠥᠬᠢᠭᠦᠯᠦᠭᠳᠡᠨ ᠰᠠᠶᠢᠰᠢᠶᠠᠭᠳᠠᠭᠰᠠᠨ ᠺᠠᠳ᠋ᠷ ᠤᠨ ᠲᠥᠯᠥᠭᠡᠯᠡᠭᠴᠢ ᠲᠤᠰ ᠲᠤᠰ ᠶᠡᠭᠡ ᠬᠤᠷᠠᠯ ᠳᠡᠭᠡᠷ᠎ᠡ ᠦᠭᠡ ᠬᠡᠯᠡᠪᠡ᠃      4 ᠳ᠋ᠦ᠋ᠭᠡᠷ ᠰᠠᠷ᠎ᠠ ᠶᠢᠨ 10 ᠤ ᠡᠳᠦᠷ ᠪᠥᠬᠦ ᠣᠷᠣᠨ ᠤ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠠᠵᠢᠯ ᠢ ᠠᠬᠢᠭᠤᠯᠬᠤ ᠬᠤᠷᠠᠯ ᠬᠥᠬᠡᠬᠤᠲᠠ ᠳᠤ ᠬᠤᠷᠠᠯᠳᠤᠪᠠ᠃ ᠬᠤᠷᠠᠯ ᠠᠴᠠ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠪᠠ ᠶᠡᠷᠦᠩᠬᠡᠢ ᠱᠦᠵᠢ ᠰᠢ ᠶᠢᠨ ᠫᠢᠩ ᠤᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠪᠦᠬᠦ ᠤᠯᠤᠰ ᠤᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠠᠵᠢᠯ ᠢ ᠠᠬᠢᠭᠤᠯᠬᠤ ᠬᠤᠷᠠᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠪᠠᠶᠢᠴᠠᠭᠠᠨ ᠵᠠᠯᠠᠷᠠᠭᠤᠯᠵᠤ ᠴᠡᠭᠴᠡᠯᠡᠨ ᠰᠠᠶᠢᠵᠢᠷᠠᠭᠤᠯᠬᠤ ᠭᠤᠭᠴᠤᠭᠠᠨ ᠤ ᠠᠵᠢᠯ ᠢ ᠰᠤᠳᠤᠯᠤᠨ ᠪᠠᠶᠢᠷᠢᠯᠠᠭᠤᠯᠪᠠ᠃ ᠲᠥᠪ ᠤᠨ ᠳᠥᠷᠪᠡᠳᠦᠭᠡᠷ ᠰᠢᠮᠳᠠᠭᠤᠯᠤᠨ ᠵᠢᠯᠣᠭᠤᠳᠬᠤ ᠳᠤᠭᠤᠶᠢᠯᠠᠩ ᠤᠨ ᠳᠠᠷᠤᠭ᠎ᠠ᠂ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠨ ᠪᠠᠶᠢᠴᠠᠭᠠᠬᠤ ᠪᠠ ᠬᠠᠤᠯᠢ ᠴᠠᠭᠠᠵᠠ ᠶᠢᠨ ᠵᠥᠪᠯᠡᠯ ᠤᠨ ᠳᠡᠳ᠋ ᠡᠷᠬᠢᠯᠡᠭᠴᠢ ᠭᠡᠰᠢᠭᠦᠨ ᠴᠧ ᠵᠢᠶᠦ᠋ᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ ᠤᠨ ᠳᠠᠷᠤᠭ᠎ᠠ ᠱᠢ ᠲᠠᠢ ᠹᠧᠩ ᠬᠤᠷᠠᠯ ᠳᠤ ᠣᠷᠤᠯᠴᠠᠭᠰᠠᠨ ᠪᠦᠭᠡᠳ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ ᠤᠨ ᠪᠠᠶᠢᠩᠭᠤ ᠶᠢᠨ ᠳᠡᠳ᠋ ᠳᠠᠷᠤᠭ᠎ᠠ ᠯᠢᠨ ᠱᠣᠤ ᠴᠦᠨ ᠬᠤᠷᠠᠯ ᠢ ᠡᠷᠭᠢᠯᠡᠪᠡ᠃ ᠲᠥᠪ ᠤᠨ ᠳᠥᠷᠪᠡᠳᠦᠭᠡᠷ ᠰᠢᠮᠳᠠᠭᠤᠯᠤᠨ ᠵᠢᠯᠣᠭᠤᠳᠬᠤ ᠳᠤᠭᠤᠶᠢᠯᠠᠩ ᠤᠨ ᠪᠦᠬᠦ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠯᠢᠦ ᠴᠢ ᠹᠠᠨ᠂ ᠶᠠᠩ ᠸᠧᠢ ᠳ᠋ᠦᠩ᠂ ᠾᠧᠩ ᠰᠢᠶᠤᠤ ᠹᠠᠨ᠂ ᠶᠠᠩ ᠽᠦᠩ ᠷᠧᠨ᠂ ᠯᠢ ᠴᠢ ᠯᠢᠨ ᠬᠤᠷᠠᠯ ᠳᠤ ᠣᠷᠣᠯᠴᠠᠪᠠ᠃ ᠬᠤᠷᠠᠯ ᠢ ᠸᠢᠳᠢᠣ᠋ ᠶᠢᠨ ᠬᠡᠯᠪᠡᠷᠢ ᠪᠠᠷ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠳᠡᠳ᠋ ᠡᠷᠬᠢᠯᠡᠭᠴᠢ ᠭᠤᠤᠯ ᠲᠠᠯᠠᠪᠠᠶ ᠶᠢᠨ ᠬᠤᠷᠠᠯ ᠳᠤ ᠣᠷᠣᠯᠴᠠᠵᠤ᠂ ᠡᠯ᠎ᠡ ᠠᠶᠢᠮᠠᠭ ᠬᠤᠲᠠ ᠳᠤ ᠬᠤᠷᠠᠯ ᠤᠨ ᠬᠤᠪᠢᠶᠠᠷᠢ ᠲᠠᠯᠠᠪᠠᠶ ᠭᠠᠷᠭᠠᠪᠠ᠃     4 ᠳ᠋ᠦ᠋ᠭᠡᠷ ᠰᠠᠷ᠎ᠠ ᠶᠢᠨ 12 ᠤᠨ ᠡᠳᠦᠷ ᠠᠴᠠ 13 ᠤ ᠡᠳᠦᠷ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠤᠯᠠᠭᠠᠨᠴᠠᠪ ᠬᠤᠲᠠ ᠶᠢᠨ ᠮᠣᠳᠣᠨ ᠮᠠᠲ᠋ᠧᠷᠢᠶᠠᠯ ᠡᠳ᠋ᠰᠢᠭᠦᠯᠬᠦ ᠠᠵᠤ ᠦᠢᠯᠡᠰ ᠤᠨ ᠬᠦᠷᠢᠶᠡᠯᠡᠩ᠂ ᠤᠮᠠᠷᠠᠲᠤ ᠶᠢᠨ ᠡᠬᠡ ᠬᠠᠭᠤᠷᠠᠶ ᠶᠢᠨ ᠭᠠᠷᠠᠮ ᠪᠠ ᠳᠣᠯᠣᠳᠤᠭᠠᠷ ᠰᠤᠮᠤᠨ ᠤ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ᠂ ᠰᠢᠩ ᠾᠧ ᠶᠡᠷᠦᠩᠬᠡᠶᠢᠯᠡᠭᠰᠡᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ᠂ ᠨᠢᠰᠬᠡᠯ ᠤᠨ ᠪᠠᠭᠤᠳᠠᠯ ᠤᠨ ᠡᠷᠬᠢᠨ ᠲᠣᠭᠤᠷᠢᠨ ᠤ ᠠᠵᠤ ᠦᠢᠯᠡᠰ ᠤᠨ ᠬᠦᠷᠢᠶᠡᠯᠡᠩ ᠲᠣᠭᠤᠷᠢᠭ ᠵᠡᠷᠭᠡ ᠭᠠᠵᠠᠷ ᠢᠶᠠᠷ ᠭᠦᠨᠵᠡᠭᠡᠶᠢᠷᠡᠨ ᠪᠠᠶᠢᠴᠠᠭᠠᠵᠤ ᠰᠤᠳᠤᠯᠤᠯᠲᠠ ᠬᠢᠭᠰᠡᠨ ᠤ ᠬᠠᠮᠲᠤ ᠰᠠᠭᠤᠳᠠᠯ ᠤᠨ ᠬᠤᠷᠠᠯ ᠬᠤᠷᠠᠯᠳᠤᠭᠤᠯᠵᠤ᠂ ᠤᠮᠠᠷᠠᠰᠢ ᠨᠡᠭᠡᠭᠡᠯᠲᠡ ᠬᠢᠬᠦ ᠪᠠ ᠬᠢᠯᠢ ᠶᠢᠨ ᠪᠣᠭᠤᠮᠲᠠ ᠶᠢ ᠦᠪᠦᠷ ᠭᠠᠵᠠᠷ ᠯᠤᠭ᠎ᠠ ᠬᠠᠮᠵᠢᠯᠴᠠᠨ ᠬᠥᠭᠵᠢᠭᠦᠯᠬᠦ ᠠᠵᠢᠯ ᠢ ᠲᠤᠰᠬᠠᠶ ᠰᠡᠳᠦᠪ ᠢᠶᠠᠷ ᠰᠤᠳᠤᠯᠪᠠ᠃      4 ᠳ᠋ᠦ᠋ᠭᠡᠷ ᠰᠠᠷ᠎ᠠ ᠶᠢᠨ 13 ᠤ ᠡᠳᠦᠷ ᠠᠴᠠ 15 ᠤ ᠡᠳᠦᠷ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠱᠠᠲᠤ ᠦᠶ᠎ᠡ ᠶᠢ ᠡᠵᠡᠮᠳᠡᠨ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠨ ᠠᠭᠤᠰᠤᠯᠴᠠᠵᠤ᠂ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠡᠬᠢᠯᠡᠯᠲᠡ ᠶᠢᠨ ᠣᠨ ᠤ ᠠᠵᠢᠯ ᠢ ᠰᠠᠶᠢᠲᠤᠷ ᠬᠢᠬᠦ︾ ᠪᠠᠷ ᠭᠤᠤᠯ ᠰᠡᠳᠦᠪ ᠪᠣᠯᠭᠠᠵᠤ᠂ 2021 ᠣᠨ ᠤ ᠭᠤᠷᠪᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠬᠢᠪᠠ᠃ ᠡᠨᠡ ᠤᠳᠠᠭᠠᠨ ᠤ ᠰᠤᠷᠤᠯᠴᠠᠯᠭ᠎ᠠ ᠶᠢ ᠬᠤᠪᠢ ᠬᠥᠮᠦᠨ ᠦᠪᠡᠷ ᠢᠶᠠᠨ ᠰᠤᠷᠤᠯᠴᠠᠬᠤ ᠪᠠ ᠬᠠᠮᠲᠤ ᠪᠠᠷ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠬᠤ ᠬᠡᠯᠪᠡᠷᠢ ᠪᠠᠷ ᠶᠠᠪᠤᠭᠳᠠᠭᠤᠯᠪᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ 2021 ᠣᠨ ᠠᠴᠠ ᠨᠠᠭᠠᠰᠢᠬᠢ ᠶᠡᠷᠦᠩᠬᠡᠢ ᠱᠦᠵᠢ ᠰᠢ ᠶᠢᠨ ᠫᠢᠩ ᠤᠨ ᠨᠡᠶᠢᠲᠡᠯᠡᠭᠰᠡᠨ ᠠᠯᠢ ᠣᠯᠠᠨ ᠴᠢᠬᠤᠯᠠ ᠶᠠᠷᠢᠶ᠎ᠠ ᠶᠢ ᠳᠠᠬᠢᠨᠲᠠ ᠤᠤᠯ ᠬᠡᠪ ᠢᠶᠠᠷ ᠨᠢ ᠰᠢᠰᠲ᠋ᠧᠮ ᠲᠠᠢ ᠭᠦᠨᠵᠡᠭᠡᠢ ᠰᠤᠷᠤᠯᠴᠠᠵᠤ᠂ ᠵᠣᠷᠢᠭ ᠰᠠᠨᠠᠭᠠᠨ ᠤ ᠮᠥᠨ ᠴᠢᠨᠠᠷ ᠢ ᠨᠢ ᠣᠶᠢᠯᠠᠭᠠᠨ᠂ ᠭᠤᠣᠯ ᠴᠢᠬᠤᠯᠠ ᠠᠭᠤᠯᠭ᠎ᠠ ᠶᠢ ᠨᠢ ᠡᠵᠡᠮᠳᠡᠵᠦ᠂ ᠦᠢᠯᠡᠳᠦᠯᠭᠡᠵᠢᠭᠦᠯᠬᠦ ᠱᠠᠭᠠᠷᠳᠠᠯᠭ᠎ᠠ ᠶᠢ ᠡᠵᠡᠮᠰᠢᠪᠡ᠃     4 ᠳ᠋ᠦ᠋ᠭᠡᠷ ᠰᠠᠷ᠎ᠠ ᠶᠢᠨ 15 ᠤ ᠡᠳᠦᠷ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠡᠷ ᠶᠡᠷᠦᠩᠬᠡᠶ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠭᠰᠠᠨ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠲᠣᠭᠤᠰᠢᠯᠠᠭᠤᠯᠤᠨ ᠨᠠᠶᠢᠳᠠᠪᠤᠷᠢᠵᠢᠭᠤᠯᠬᠤ ᠪᠠ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠨ ᠠᠭᠤᠰᠤᠯᠴᠠᠬᠤ ᠶᠢᠨ ᠲᠤᠭᠤᠷᠢᠨ ᠢᠶᠠᠷ ᠭᠤᠣᠯᠳᠠᠭᠤᠯᠵᠤ ᠰᠤᠳᠤᠯᠤᠨ ᠶᠠᠷᠢᠯᠴᠠᠵᠤ ᠰᠠᠨᠠᠯ ᠢᠶᠠᠨ ᠰᠤᠯᠢᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠪᠦ᠋ ᠰᠢᠶᠤᠤ ᠯᠢᠨ ᠤ ᠨᠠᠶᠢᠳᠠᠯᠭ᠎ᠠ ᠪᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠵᠠᠩ ᠱᠤᠤ ᠴᠦᠨ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠬᠤ ᠬᠤᠷᠠᠯ ᠢ ᠡᠷᠬᠢᠯᠡᠪᠡ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠠᠷ ᠬᠤᠷᠠᠯ ᠳᠤ ᠰᠤᠯᠠ ᠣᠷᠤᠯᠴᠠᠪᠠ᠃ 4 ᠳ᠋ᠦ᠋ᠭᠡᠷ ᠰᠠᠷ᠎ᠠ ᠶᠢᠨ 14 ᠤ ᠡᠳᠦᠷ ᠪᠥᠬᠦ ᠣᠷᠣᠨ ᠤ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠸᠢᠳᠢᠣ᠋ ᠶᠢᠨ ᠬᠡᠯᠪᠡᠷᠢ ᠪᠠᠷ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢᠨ ᠱᠣᠤ ᠴᠦᠨ ᠲᠤᠰ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠯᠢᠦ ᠴᠢ ᠹᠠᠨ ᠬᠤᠷᠠᠯ ᠳᠤ ᠣᠷᠣᠯᠴᠠᠭᠰᠠᠨ ᠪᠥᠭᠡᠳ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠤᠨ ᠮᠡᠳᠡᠭᠦᠯᠦᠯᠲᠡ ᠬᠢᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠳᠠᠷᠤᠭ᠎ᠠ ᠾᠧᠩ ᠰᠢᠶᠤᠤ ᠹᠠᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶᠠᠨ ᠤ ᠳᠠᠷᠤᠭ᠎ᠠ ᠶᠠᠩ ᠽᠦᠩ ᠷᠧᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠯᠢ ᠴᠢ ᠯᠢᠨ ᠬᠤᠷᠠᠯ ᠳᠤ ᠣᠷᠣᠯᠴᠠᠪᠠ᠃ ᠲᠥᠪ ᠤᠨ ᠳᠥᠷᠪᠡᠳᠦᠭᠡᠷ ᠰᠢᠮᠳᠠᠭᠤᠯᠤᠨ ᠵᠢᠯᠣᠭᠤᠳᠬᠤ ᠳᠤᠭᠤᠶᠢᠯᠠᠩ ᠤᠨ ᠬᠤᠯᠪᠣᠭᠳᠠᠯ ᠪᠦᠬᠦᠢ ᠨᠥᠬᠦᠳ ᠬᠤᠷᠠᠯ ᠳᠤ ᠣᠷᠤᠯᠴᠠᠵᠤ ᠵᠢᠭᠠᠨ ᠵᠢᠯᠣᠭᠤᠳᠪᠠ᠃ ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠰᠡᠷᠡᠮᠵᠢᠯᠡᠭᠦᠯᠬᠦ ᠬᠥᠮᠦᠵᠢᠯ ᠤᠨ ᠲᠤᠰᠬᠠᠢ ᠰᠡᠳᠦᠪᠲᠦ ᠹᠢᠯᠢᠮ ᠢ ᠦᠵᠡᠪᠡ᠃ 4 ᠳ᠋ᠦ᠋ᠭᠡᠷ ᠰᠠᠷ᠎ᠠ ᠶᠢᠨ 15 ᠤ ᠡᠳᠦᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠤᠤ ᠯᠢᠨ ᠤ ᠨᠠᠶᠢᠳᠠᠯᠭ᠎ᠠ ᠪᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠣᠤ ᠴᠦᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠨᠢᠭᠡᠳᠦᠭᠡᠷ ᠤᠯᠠᠷᠢᠯ ᠳᠠᠬᠢ ᠪᠦᠬᠦ ᠣᠷᠣᠨ ᠤ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠪᠠ ᠳᠠᠷᠠᠭᠠᠴᠢ ᠶᠢᠨ ᠠᠯᠬᠤᠮ ᠳᠠᠬᠢ ᠠᠵᠢᠯ ᠤᠨ ᠲᠤᠬᠢᠷᠠᠭᠤᠯᠤᠯᠳᠠ ᠶᠢᠨ ᠰᠠᠨᠠᠭᠤᠯᠭ᠎ᠠ ᠶᠢᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠳᠣᠬᠠᠨ ᠤ ᠠᠵᠤ ᠠᠬᠤᠢ ᠶᠢᠨ ᠠᠵᠢᠯᠯᠠᠭᠠᠨ ᠳᠤ ᠲᠤᠯᠭᠠᠷᠠᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠵᠠᠳᠠᠯᠵᠤ᠂ ᠳᠠᠷᠠᠭᠠᠴᠢ ᠶᠢᠨ ᠠᠯᠬᠤᠮ ᠤᠨ ᠠᠵᠢᠯ ᠢ ᠰᠠᠶᠢᠲᠤᠷ ᠬᠢᠬᠦ ᠪᠠᠷ ᠪᠠᠶᠢᠷᠢᠯᠠᠭᠤᠯᠤᠯᠲᠠ ᠬᠢᠪᠡ᠃ ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠪᠠ᠃      ᠪᠥᠬᠦ ᠣᠷᠣᠨ ᠤ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠲᠧᠯᠸᠢᠰ ᠤᠲᠠᠰᠤᠲᠤ ᠬᠤᠷᠠᠯ ᠬᠥᠬᠡᠬᠤᠲᠠ ᠳᠤ ᠬᠤᠷᠠᠯᠳᠤᠵᠤ᠂ ᠶᠡᠷᠦᠩᠬᠡᠶ ᠱᠦᠵᠢ ᠰᠢ ᠶᠢᠨ ᠫᠢᠩ ᠤᠨ ᠠᠶᠤᠯ ᠦᠭᠡᠢ ᠦᠢᠯᠡᠳᠪᠦᠷᠢᠯᠡᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠠᠶᠤᠯ ᠦᠭᠡᠢ ᠦᠢᠯᠡᠳᠪᠦᠷᠢᠯᠡᠯ ᠤᠨ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠤᠤ ᠴᠦᠨ ᠲᠤᠰ ᠬᠤᠷᠠᠯ ᠳᠤ ᠣᠷᠤᠯᠴᠠᠭᠰᠠᠨ ᠪᠦᠭᠡᠳ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠠᠶ ᠯᠢ ᠬᠤᠸᠠ ᠬᠤᠷᠠᠯ ᠢ ᠡᠷᠭᠢᠯᠡᠪᠡ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号