︵ᠨᠢᠭᠡ︶ ᠡᠳᠦᠷ ᠲᠣᠳᠤᠮ ᠤᠨ ᠬᠠᠮᠢᠶᠠᠷᠤᠯᠲᠠ᠃ ᠲᠠᠬᠢᠶ᠎ᠠ ᠠᠷᠠᠴᠢᠯᠠᠭᠴᠢ ᠳᠤ ᠲᠠᠬᠢᠶ᠎ᠠ ᠲᠡᠵᠢᠭᠡᠬᠦ᠂ | ᠲᠠᠬᠢᠶ᠎ᠠ ᠪᠣᠷᠳᠤᠬᠤ᠂ ᠲᠡᠵᠢᠭᠡᠯ ᠪᠣᠷᠳᠤᠭ᠎ᠠ ᠶᠢ ᠵᠤᠬᠢᠴᠠᠭᠤᠯᠬᠤ᠂ ᠦᠨᠳᠡᠭᠡ ᠶᠢ ᠲᠡᠭᠦᠵᠦ ᠬᠤᠷᠢᠶᠠᠬᠤ᠂ ᠪᠠᠭᠠᠰᠤ | ᠠᠷᠢᠯᠭᠠᠬᠤ᠂ ᠱᠦᠭᠦᠷᠳᠡᠵᠦ ᠠᠷᠢᠯᠭᠠᠨ ᠠᠷᠢᠭᠤᠳᠬᠠᠬᠤ ᠠᠴᠠ ᠭᠠᠳᠠᠨ᠎ᠠ ᠪᠠᠰᠠ ᠨᠢᠭᠡᠨ ᠴᠢᠬᠤᠯᠠ ᠠᠵᠢᠯ ᠪᠣᠯ | ᠲᠠᠬᠢᠶᠠᠨ ᠰᠦᠷᠦᠭ ᠢ ᠬᠢᠨᠠᠨ ᠠᠵᠢᠭᠯᠠᠵᠤ᠂ ᠦᠢᠯᠡᠳᠪᠦᠷᠢᠯᠡᠯ ᠤᠨ ᠶᠠᠪᠤᠴᠠ ᠳᠠᠬᠢ ᠣᠷᠤᠰᠢᠵᠤ ᠪᠠᠶᠢᠭ᠎ᠠ ᠠᠰᠠᠭᠤᠳᠠᠯ ᠢ | ᠴᠠᠭ ᠲᠤᠬᠠᠢ ᠳᠤᠨᠢ ᠣᠶᠢᠯᠭᠠᠨ᠂ ᠲᠠᠬᠢᠶᠠᠨ ᠰᠦᠷᠦᠭ ᠤᠨ ᠡᠷᠡᠭᠦᠯ ᠪᠠᠶᠢᠬᠤ ᠡᠰᠡᠬᠦ ᠪᠠ ᠦᠨᠳᠦᠷ ᠭᠠᠷᠤᠯᠲᠠ᠂ | ᠲᠣᠭᠳᠠᠭᠤᠨ ᠭᠠᠷᠤᠯᠲᠠ ᠶᠢ ᠨᠢ ᠪᠠᠲᠤᠯᠠᠬᠤ ᠶᠠᠪᠤᠳᠠᠯ ᠪᠤᠯᠤᠨ᠎ᠠ᠃ | 1.ᠲᠠᠬᠢᠶᠠᠨ ᠰᠦᠷᠦᠭ ᠢ ᠠᠵᠢᠭᠯᠠᠬᠤ᠃ ᠲᠠᠬᠢᠶᠠᠨ ᠰᠦᠷᠦᠭ ᠢ ᠠᠵᠢᠭᠯᠠᠵᠤ ᠪᠠᠶᠢᠬᠤ ᠵᠣᠷᠢᠯᠭ᠎ᠠ ᠨᠢ ᠲᠠᠬᠢᠶᠠᠨ | ᠰᠦᠷᠦᠭ ᠤᠨ ᠡᠷᠡᠭᠦᠯ ᠪᠠᠶᠢᠬᠤ᠂ ᠢᠳᠡᠰᠢᠯᠡᠵᠦ ᠪᠠᠶᠢᠬᠤ ᠪᠠᠶᠢᠳᠠᠯ ᠪᠣᠯᠣᠨ ᠦᠢᠯᠡᠳᠪᠦᠷᠢᠯᠡᠯ ᠤᠨ ᠶᠠᠪᠤᠴᠠ ᠳᠠᠬᠢ ᠡᠯ᠎ᠡ | ᠵᠦᠢᠯ ᠤᠨ ᠡᠭᠦᠰᠴᠦ ᠮᠡᠳᠡᠬᠦ ᠵᠦᠢᠯ ᠢ ᠣᠶᠢᠯᠭᠠᠵᠤ ᠮᠡᠳᠡᠬᠦ ᠶᠢᠨ ᠲᠦᠯᠦᠭᠡ ᠶᠤᠮ᠃ ᠭᠡᠷᠡᠯ ᠳᠤᠰᠬᠠᠬᠤ ᠳᠦᠷᠢᠮ ᠢ | ᠦᠨᠳᠦᠰᠦᠯᠡᠨ ᠦᠷᠯᠦᠭᠡ ᠳ᠋ᠧᠩ ᠠᠰᠠᠭᠠᠭᠰᠠᠨ ᠤ ᠰᠡᠭᠦᠯᠡᠷ ᠲᠠᠬᠢᠶᠠᠨ ᠰᠦᠷᠦᠭ ᠤᠨ ᠴᠤᠭ ᠵᠢᠪᠬᠤᠭ᠎ᠠ᠂ ᠢᠳᠡᠰᠢᠯᠡᠵᠦ | ᠪᠠᠶᠢᠭ᠎ᠠ ᠪᠠᠶᠢᠳᠠᠯ ᠢ ᠠᠵᠢᠭᠯᠠᠵᠤ ᠪᠠᠶᠢᠴᠠᠭᠠᠨ᠎ᠠ᠃ ᠬᠡᠷᠪᠡ ᠴᠤᠭ ᠵᠢᠪᠬᠤᠭ᠎ᠠ ᠨᠢ ᠪᠠᠷᠤᠭᠲᠠᠢ᠂ ᠦᠳᠦ ᠰᠦᠳᠦ ᠨᠢ | ᠲᠡᠭᠰᠢ ᠦᠭᠡᠢ ᠪᠤᠶᠤ ᠪᠠᠭᠠᠰᠤ ᠨᠢ ᠨᠣᠭᠤᠭᠠᠨ ᠦᠩᠭᠡᠲᠡᠢ ᠪᠣᠯ ᠨᠢᠭᠡᠨᠲᠡ ᠡᠪᠡᠳᠴᠢᠨ ᠲᠠᠢ ᠪᠣᠯᠤᠭᠰᠠᠨ ᠢ | ᠬᠠᠷᠠᠭᠤᠯᠵᠤ ᠪᠠᠶᠢᠭ᠎ᠠ ᠲᠤᠯᠠ ᠴᠠᠭ ᠲᠤᠬᠠᠢ ᠳᠤᠨᠢ ᠲᠤᠰᠠᠭᠠᠷᠯᠠᠨ ᠲᠡᠵᠢᠭᠡᠵᠦ ᠡᠮᠴᠢᠯᠡᠨ ᠵᠠᠰᠠᠬᠤ ᠬᠡᠷᠡᠭᠲᠡᠢ᠃ ᠵᠠᠰᠠᠯ | ᠠᠪᠬᠤ ᠦᠭᠡᠢ ᠲᠠᠬᠢᠶ᠎ᠠ ᠶᠢ ᠳᠤᠤᠷ᠎ᠠ ᠳᠤᠤᠷ᠎ᠠ ᠨᠢ ᠴᠡᠪᠡᠷᠯᠡᠨ᠂ ᠪᠣᠰᠤᠳ ᠲᠠᠬᠢᠶᠠᠨ ᠤ ᠡᠷᠡᠭᠦᠯ ᠴᠢᠬᠢᠷᠠᠭ ᠢ | ᠨᠦᠯᠦᠭᠡᠯᠡᠬᠦ ᠠᠴᠠ ᠰᠡᠷᠭᠡᠶᠢᠯᠡᠬᠦ ᠭᠡᠷᠡᠭᠲᠡᠢ᠃ ᠦᠬᠦᠭᠰᠡᠨ ᠲᠠᠬᠢᠶᠠᠨ ᠤ ᠪᠠᠶᠢᠳᠠᠯ ᠢ ᠮᠡᠷᠭᠡᠵᠢᠯᠲᠡᠨ ᠳᠤ ᠮᠡᠳᠡᠭᠦᠯᠵᠦ | ᠪᠠᠶᠢᠴᠠᠭᠠᠯᠭᠠᠨ ᠡᠪᠡᠳᠴᠢᠨ ᠢ ᠨᠢ ᠲᠣᠳᠤᠯᠠᠵᠤ᠂ ᠲᠠᠬᠢᠶᠠᠨ ᠰᠦᠷᠦᠭ ᠲᠤ ᠡᠶᠢᠮᠦᠷᠭᠦᠦ ᠡᠪᠡᠳᠴᠢᠨ ᠳᠠᠬᠢᠵᠦ | ᠡᠭᠦᠰᠬᠦ ᠶᠢ ᠬᠤᠷᠢᠭᠯᠠᠬᠤ ᠭᠡᠷᠡᠭᠲᠡᠢ᠃ | ᠰᠦᠨᠢ ᠳ᠋ᠧᠩ ᠤᠨᠲᠠᠷᠠᠭᠠᠭᠰᠠᠨ ᠤ ᠰᠡᠭᠦᠯᠡᠷ ᠲᠠᠬᠢᠶᠠᠨ ᠰᠦᠷᠦᠭ ᠤᠨ ᠬᠦᠳᠡᠯᠦᠯ ᠢ ᠨᠠᠷᠢᠨ ᠠᠵᠢᠭᠯᠠᠵᠤ ᠴᠢᠬᠢ | ᠲᠠᠯᠪᠢᠨ ᠰᠣᠨᠤᠰᠬᠤ ᠭᠡᠷᠡᠭᠲᠡᠢ᠃ ᠭᠡᠷᠪᠡ ᠲᠠᠬᠢᠶᠠᠨ ᠤ ᠠᠮᠢᠰᠬᠤᠬᠤ ᠨᠢ ᠬᠡᠪ ᠤᠨ ᠪᠤᠰᠤ᠂ ᠬᠠᠨᠢᠶᠠᠬᠤ᠂ ᠬᠠᠮᠠᠷ | ᠲᠠᠲᠠᠬᠤ᠂ ᠬᠠᠮᠠᠷ ᠢᠶᠠᠨ ᠰᠡᠭᠰᠦᠷᠬᠦ᠂ ᠨᠡᠶᠢᠲᠠᠭᠠᠬᠤ ᠴᠢᠮᠡᠭᠡ ᠭᠠᠷᠴᠦ ᠪᠠᠶᠢᠪᠠᠯ ᠳᠤᠤᠷ᠎ᠠ ᠨᠢ ᠲᠤᠰᠠᠭᠠᠷᠯᠠᠬᠤ ᠪᠤᠶᠤ | ᠴᠡᠪᠡᠷᠯᠡᠵᠦ᠂ ᠡᠪᠡᠳᠴᠢᠨ ᠦᠷᠭᠡᠵᠢᠨ ᠪᠣᠰᠤᠳ ᠲᠠᠬᠢᠶᠠᠨ ᠳᠤ ᠬᠠᠯᠳᠠᠪᠤᠷᠢᠯᠠᠬᠤ ᠶᠢ ᠰᠡᠷᠭᠡᠶᠢᠯᠡᠬᠦ ᠭᠡᠷᠡᠭᠲᠡᠢ᠃ | ᠲᠣᠩᠰᠢᠬᠤ ᠳᠠᠳᠬᠠᠯ ᠲᠠᠢ ᠲᠠᠬᠢᠶ᠎ᠠ ᠪᠠᠶᠢᠪᠠᠯ ᠲᠠᠬᠢᠶᠠᠨ ᠰᠦᠷᠦᠭ ᠲᠤ ᠦᠷᠭᠦᠯᠵᠢᠯᠡᠨ ᠪᠠᠶᠢᠯᠭᠠᠵᠤ ᠪᠣᠯᠬᠤ | ᠦᠭᠡᠢ᠃ ᠲᠠᠬᠢᠶᠠᠨ ᠪᠠᠶᠢᠷᠢ ᠶᠢᠨ ᠳᠤᠯᠠᠭᠠᠨ ᠤ ᠪᠠᠶᠢᠳᠠᠯ ᠪᠠ ᠣᠷᠴᠢᠨ ᠲᠤᠭᠤᠷᠢᠨ ᠤ ᠳᠤᠯᠠᠭᠠᠨ ᠤ ᠬᠤᠪᠢᠷᠠᠯᠲᠠ ᠶᠢ | ᠴᠠᠭ ᠢᠮᠠᠭᠲᠠ ᠠᠩᠬᠠᠷᠴᠤ᠂ ᠣᠨᠴᠠᠭᠠᠶᠢᠯᠠᠨ ᠡᠪᠦᠯ ︵ᠰᠦᠨᠢ︶᠂ ᠵᠤᠨ ᠤ ᠤᠯᠠᠷᠢᠯ ᠳᠤ ᠳᠤᠯᠠᠭᠠᠨ ᠤ ᠬᠡᠮᠵᠢᠭᠦᠷ᠂ | ᠰᠠᠯᠬᠢ ᠨᠡᠪᠲᠡᠷᠡᠬᠦ ᠰᠢᠰᠲ᠋ᠧᠮ ᠪᠠ ᠤᠰᠤ ᠬᠠᠩᠭᠠᠬᠤ ᠲᠦᠭᠦᠭᠡᠷᠦᠮᠵᠢ ᠶᠢ ᠦᠷᠭᠦᠯᠵᠢ ᠪᠠᠶᠢᠴᠠᠭᠠᠵᠤ᠂ ᠠᠰᠠᠭᠤᠳᠠᠯ | ᠪᠠᠶᠢᠪᠠᠯ ᠴᠠᠭ ᠲᠤᠬᠠᠢ ᠳᠤᠨᠢ ᠰᠢᠢᠳᠪᠦᠷᠢᠯᠡᠨ᠎ᠡ᠃ ᠲᠡᠳᠡᠭᠡᠷ ᠦᠨᠳᠡᠭᠡᠯᠡᠬᠦ ᠪᠠᠨ ᠪᠤᠯᠢᠭᠰᠠᠨ ᠪᠠ 280 ᠭᠠᠷᠠᠭ | ᠨᠠᠰᠤᠨ ᠳᠤ ᠬᠦᠷᠴᠢᠭᠡᠭᠡᠳ ᠪᠠᠰᠠ ᠦᠨᠳᠡᠭᠡᠯᠡᠬᠦ ᠦᠭᠡᠢ ᠲᠠᠬᠢᠶ᠎ᠠ᠂ ᠰᠡᠴᠢᠭ ᠨᠢ ᠴᠠᠶᠢᠷᠠᠭᠰᠠᠨ᠂ ᠭᠠᠳᠠᠷ ᠳᠦᠷᠰᠦ ᠨᠢ | ᠮᠠᠭᠤᠬᠠᠢ᠂ ᠰᠡᠴᠢᠭ ᠨᠢ ᠪᠠᠭ᠎ᠠ ᠮᠦᠷᠲᠡᠭᠡᠨ ᠠᠲᠤᠷᠢᠶᠠᠳᠤᠭᠰᠠᠨ᠂ ᠬᠤᠰᠬᠢᠨᠠᠭ ᠨᠢ ᠬᠠᠲᠠᠵᠤ ᠪᠠᠭ᠎ᠠ ᠪᠣᠯᠤᠭᠰᠠᠨ᠂ | ᠰᠠᠯᠲᠠᠭ᠎ᠠ ᠶᠠᠰᠤ ᠶᠢᠨ ᠬᠤᠭᠤᠷᠤᠨᠳᠤᠬᠢ ᠵᠠᠢ ᠨᠢ ᠪᠠᠭ᠎ᠠ᠂ ᠬᠡᠪᠡᠯᠢ ᠶᠢᠨ ᠪᠠᠭᠲᠠᠭᠠᠮᠵᠢ ᠨᠢ ᠪᠠᠭ᠎ᠠ᠂ ᠬᠤᠰᠢᠭᠤ | ᠬᠦᠪᠦᠷᠡᠯ ᠤᠨ ᠭᠡᠰᠡᠭ ᠤᠨ ᠰᠢᠷ᠎ᠠ ᠨᠢ ᠤᠨᠠᠭ᠎ᠠ ᠦᠭᠡᠢ᠂ ᠪᠦᠬᠦ ᠪᠡᠶ᠎ᠡ ᠶᠢᠨ ᠦᠳᠦ ᠰᠦᠳᠦ ᠨᠢ ᠪᠦᠷᠢᠨ ᠪᠦᠭᠡᠳ | ᠭᠡᠷᠡᠯ ᠭᠢᠯᠪᠠᠭ᠎ᠠ ᠲᠠᠢ᠂ ᠦᠭᠡᠬᠦ ᠠᠷᠪᠢᠨ᠂ ᠦᠳᠦ ᠪᠠᠨ ᠰᠤᠯᠢᠭᠰᠠᠨ ᠪᠤᠶᠤ ᠶᠠᠭ ᠰᠤᠯᠢᠵᠤ ᠪᠠᠶᠢᠭ᠎ᠠ ᠲᠠᠬᠢᠶ᠎ᠠ ᠶᠢ | ᠭᠠᠷᠭᠠᠨ ᠬᠠᠶᠠᠵᠤ ᠰᠦᠷᠦᠭ ᠠᠴᠠ ᠰᠠᠯᠭᠠᠵᠤ ᠰᠢᠢᠳᠪᠦᠷᠢᠯᠡᠨ᠎ᠡ᠃ ᠡᠭᠦᠨ ᠠᠴᠠ ᠭᠠᠳᠠᠨ᠎ᠠ᠂ ᠪᠡᠶ᠎ᠡ ᠶᠢᠨ ᠬᠦᠨᠳᠦ ᠨᠢ | ᠬᠡᠳᠦ ᠶᠡᠭᠡ ᠪᠦᠭᠡᠳ ᠬᠡᠳᠦ ᠪᠠᠭ᠎ᠠ᠂ ᠳᠤᠭᠤᠶᠢᠯᠠᠩ ᠲᠠᠬᠢᠷ ᠡᠷᠡᠮᠳᠡᠭ ᠵᠡᠮᠳᠡᠭ ᠲᠠᠬᠢᠶ᠎ᠠ ᠶᠢ ᠮᠦᠨ ᠲᠠᠬᠢᠶᠠᠨ | ᠰᠦᠷᠦᠭ ᠠᠴᠠ ᠰᠠᠯᠭᠠᠬᠤ ᠬᠡᠷᠡᠭᠲᠡᠢ᠃ | 2.ᠰᠡᠲᠦᠯᠲᠡ ᠶᠢ ᠪᠠᠭᠠᠰᠬᠠᠬᠤ᠃ ᠦᠨᠳᠡᠭᠡᠨ ᠲᠠᠬᠢᠶ᠎ᠠ ᠪᠣᠯ ᠣᠷᠴᠢᠨ ᠲᠤᠭᠤᠷᠢᠨ ᠤ ᠬᠤᠪᠢᠷᠠᠯᠲᠠ ᠳᠤ | ᠲᠦᠢᠯ ᠤᠨ ᠰᠡᠷᠭᠡᠭ ᠪᠠᠶᠢᠳᠠᠭ᠃ ᠣᠨᠴᠠᠭᠠᠶᠢᠯᠠᠨ ᠬᠦᠩᠭᠡᠨ ᠭᠡᠪᠰᠢᠯᠲᠦ ᠦᠨᠳᠡᠭᠡᠨ ᠲᠠᠬᠢᠶ᠎ᠠ ᠪᠣᠯ ᠨᠡᠩ ᠴᠦ ᠰᠡᠷᠭᠡᠭ | ᠪᠠᠶᠢᠳᠠᠭ ᠶᠤᠮ᠃ ᠡᠶᠢᠮᠦ ᠲᠠᠬᠢᠶᠠᠳ ᠶᠠᠮᠠᠷᠪᠠ ᠣᠷᠴᠢᠨ ᠲᠤᠭᠤᠷᠢᠨ ᠤ ᠬᠤᠪᠢᠷᠠᠯᠲᠠ ᠳᠤ ᠲᠤᠩ ᠶᠡᠭᠡ ᠰᠡᠲᠦᠯᠲᠡ | ᠣᠯᠳᠠᠭ ᠶᠤᠮ᠃ ᠵᠢᠱᠢᠶᠡᠯᠡᠪᠡᠯ ᠲᠠᠬᠢᠶ᠎ᠠ ᠪᠠᠷᠢᠬᠤ᠂ ᠵᠡᠭᠦᠦ ᠲᠠᠷᠢᠬᠤ᠂ ᠴᠠᠷᠤᠯᠲᠠ ᠬᠢᠬᠦ᠂ ᠬᠤᠰᠢᠭᠤ ᠲᠠᠭᠠᠷᠢᠬᠤ᠂ | ᠪᠣᠷᠳᠤᠭ᠎ᠠ ᠰᠤᠯᠢᠬᠤ᠂ ᠤᠰᠤ ᠲᠠᠰᠤᠷᠠᠬᠤ᠂ ᠭᠡᠷᠡᠯ ᠵᠤᠭᠰᠤᠬᠤ᠂ ᠲᠠᠨᠢᠯ ᠪᠤᠰᠤ ᠬᠦᠮᠦᠨ ᠲᠠᠬᠢᠶᠠᠨ ᠤ ᠪᠠᠶᠢᠷᠢ ᠳᠤ | ᠣᠷᠤᠵᠤ ᠭᠠᠷᠬᠤ᠂ ᠬᠡᠪ ᠤᠨ ᠪᠣᠰᠤ ᠳᠠᠭᠤ ᠴᠢᠮᠡᠭᠡ ᠭᠠᠷᠬᠤ᠂ ᠰᠢᠨ᠎ᠡ ᠰᠤᠷᠭᠤᠭ ᠦᠩᠭᠡ ᠪᠤᠶᠤ ᠪᠣᠰᠤᠳ ᠰᠢᠪᠠᠭᠤ | ᠢᠯᠡᠷᠡᠬᠦ ᠵᠡᠷᠭᠡ ᠨᠢ ᠪᠦᠷ ᠲᠠᠬᠢᠶᠠᠨ ᠰᠦᠷᠦᠭ ᠢ ᠰᠤᠴᠢᠭᠠᠨ᠂ ᠰᠡᠲᠦᠯᠲᠡ ᠦᠭᠴᠦ ᠳᠤᠰᠬᠠᠯ ᠡᠭᠦᠰᠬᠡᠨ᠂ | ᠲᠠᠬᠢᠶᠠᠨ ᠤ ᠢᠳᠡᠵᠦ ᠤᠤᠭᠤᠬᠤ ᠪᠠ ᠦᠨᠳᠡᠭᠡᠯᠡᠬᠦ ᠨᠤᠷᠮ᠎ᠠ ᠵᠢᠴᠢ ᠡᠷᠡᠭᠦᠯ ᠴᠢᠬᠢᠷᠠᠭ ᠢ ᠨᠦᠯᠦᠭᠡᠯᠡᠵᠦ᠂ ᠬᠦᠨᠳᠦ | ᠨᠤᠴᠢᠲᠠᠢ ᠦᠶ᠎ᠡ ᠳᠤ ᠲᠠᠬᠢᠶ᠎ᠠ ᠬᠡᠳᠦ ᠰᠡᠲᠦᠯᠲᠡ ᠣᠯᠵᠤ ᠰᠤᠴᠢᠭᠰᠠᠨ ᠠᠴᠠ ᠪᠣᠯᠵᠤ ᠦᠬᠦᠵᠦ ᠬᠤᠬᠢᠷᠠᠳᠠᠭ᠃ | ᠡᠶᠢᠮᠦ ᠠᠴᠠ ᠠᠷᠠᠴᠢᠯᠠᠨ ᠲᠤᠳᠤᠮᠳᠠᠬᠤ ᠳᠠᠭᠠᠨ ᠣᠷᠴᠢᠨ ᠲᠤᠭᠤᠷᠢᠨ ᠤ ᠬᠤᠪᠢᠷᠠᠯᠲᠠ ᠶᠢ ᠪᠠᠶᠢᠩᠭᠤ ᠠᠩᠬᠠᠷᠴᠤ᠂ | ᠭᠡᠷᠡᠯ ᠤᠨ ᠳᠤᠰᠬᠠᠯᠲᠠ᠂ ᠳᠤᠯᠠᠭᠠᠨ ᠤ ᠬᠡᠮᠵᠢᠶ᠎ᠡ ᠰᠠᠯᠬᠢ ᠵᠢᠪᠠᠷ ᠤᠨ ᠨᠡᠪᠲᠡᠷᠡᠯᠲᠡ᠂ ᠤᠰᠤ ᠪᠣᠷᠳᠤᠭᠠᠨ ᠤ | ᠬᠠᠩᠭᠠᠯᠲᠠ ᠪᠠ ᠦᠨᠳᠡᠭᠡ ᠲᠡᠭᠦᠭᠦ ᠵᠡᠷᠭᠡ ᠠᠵᠢᠯᠯᠠᠭᠠᠨ ᠢ ᠵᠦᠢ ᠵᠤᠬᠢᠰᠲᠠᠢ ᠶᠠᠪᠤᠭᠳᠠᠭᠤᠯᠬᠤ ᠶᠢᠨ ᠬᠠᠮᠲᠦ | ᠲᠤᠬᠢᠷᠠᠮᠵᠢᠲᠠᠢ ᠪᠦᠭᠡᠳ ᠲᠣᠭᠲᠠᠪᠤᠷᠢᠲᠠᠢ ᠪᠠᠶᠢᠯᠭᠠᠬᠤ ᠶᠢ ᠬᠢᠴᠢᠶᠡᠬᠦ ᠬᠡᠷᠡᠭᠲᠡᠢ᠃ ᠦᠢᠯᠡᠳᠪᠦᠷᠢᠯᠡᠯ ᠤᠨ ᠪᠠᠶᠢᠳᠠᠯ ᠢ | ᠦᠨᠳᠦᠰᠦᠯᠡᠵᠦ ᠬᠤᠨᠤᠭ ᠤᠨ ᠪᠣᠷᠳᠤᠭ᠎ᠠ ᠶᠢ ᠲᠤᠬᠢᠷᠠᠭᠤᠯᠬᠤ ᠳᠠᠭᠠᠨ ᠭᠡᠨᠡᠳᠲᠡ ᠪᠠᠷ ᠬᠤᠪᠢᠷᠠᠭᠠᠵᠤ ᠪᠣᠯᠬᠤ ᠦᠭᠡᠢ᠂ | ᠬᠠᠮᠤᠭ ᠰᠠᠶᠢᠨ ᠨᠢ ᠨᠢᠭᠡ ᠭᠠᠷᠠᠭ ᠤᠨ ᠬᠤᠭᠤᠴᠠᠭ᠎ᠠ ᠲᠠᠯᠪᠢᠵᠤ ᠠᠭᠠᠵᠢᠮ ᠢᠶᠠᠷ ᠬᠤᠪᠢᠷᠠᠭᠠᠨ᠎ᠠ᠃ | 3.ᠶᠡᠷᠦᠩᠭᠡᠶᠢᠯᠡᠭᠰᠡᠨ ᠴᠢᠨᠠᠷ ᠲᠠᠢ ᠬᠢᠵᠢᠭ ᠰᠡᠷᠭᠡᠶᠢᠯᠡᠬᠦ ᠠᠷᠭ᠎ᠠ ᠬᠡᠮᠵᠢᠶ᠎ᠡ ᠠᠪᠬᠤ᠃ ᠲᠦᠯᠦᠪᠯᠡᠭᠡ ᠶᠣᠰᠤᠭᠠᠷ | ᠬᠢᠵᠢᠭ ᠰᠡᠷᠭᠡᠶᠢᠯᠡᠬᠦ ᠲᠠᠷᠢᠯᠭ᠎ᠠ ᠬᠢᠬᠦ ᠶᠢᠨ ᠳᠠᠭᠠᠤ᠂ ᠲᠠᠬᠢᠶᠠᠨ ᠤ ᠪᠠᠶᠢᠷᠢ ᠶᠢ ᠠᠷᠢᠭᠤᠨ ᠴᠡᠪᠡᠷ ᠪᠠᠶᠢᠯᠭᠠᠬᠤ ᠶᠢ | ᠬᠢᠴᠢᠶᠡᠨ᠂ ᠭᠠᠷᠠᠭ ᠲᠤ 2 ~ 3 ᠤᠳᠠᠭ᠎ᠠ ᠴᠡᠪᠡᠷᠯᠡᠨ ᠠᠷᠢᠭᠤᠳᠬᠠᠬᠤ ᠠᠵᠢᠯ ᠢ ᠬᠢᠪᠡᠯ ᠵᠣᠬᠢᠨ᠎ᠠ᠃ ᠲᠠᠬᠢᠶᠠᠨ ᠤ | ᠢᠯᠭᠠᠳᠠᠰᠤ ᠵᠡᠷᠭᠡ ᠬᠤᠣᠷᠲᠦ ᠬᠡᠢ ᠪᠡᠶᠡᠲᠦ ᠠᠭᠤᠯᠬᠤ ᠪᠣᠳᠠᠰ ᠢ ᠳᠤᠤᠷ᠎ᠠ ᠳᠤᠤᠷ᠎ᠠ ᠨᠢ ᠪᠠᠷᠢᠨ ᠴᠡᠪᠡᠷᠯᠡᠵᠦ ᠪᠠᠶᠢᠬᠤ | ᠬᠡᠷᠡᠭᠲᠡᠢ ᠪᠦᠭᠡᠳ ᠪᠤᠷᠳᠤᠭᠠᠨ ᠤ ᠰᠠᠪᠠ᠂ ᠤᠰᠤᠨ ᠤ ᠣᠩᠭᠤᠴᠠ ᠶᠢ ᠦᠷᠭᠦᠯᠵᠢ ᠤᠬᠢᠶᠠᠨ ᠴᠡᠪᠡᠷᠯᠡᠵᠦ | ᠠᠷᠢᠭᠤᠳᠬᠠᠬᠤ ᠭᠡᠷᠡᠭᠲᠡᠢ᠃ | 4.ᠴᠢᠨᠠᠷ ᠰᠠᠶᠢᠲᠠᠢ ᠪᠦᠷᠢᠨ ᠦᠷᠳᠡᠭᠲᠦ ᠰᠢᠯᠢᠳᠡᠭ ᠬᠤᠨᠤᠭ ᠤᠨ ᠪᠤᠷᠳᠤᠭ᠎ᠠ ᠶᠢ ᠬᠡᠷᠡᠭᠯᠡᠬᠦ ᠬᠡᠷᠡᠭᠲᠡᠢ᠃ | ᠲᠠᠬᠢᠶᠠᠨ ᠤ ᠦᠨᠳᠡᠭᠡᠯᠡᠵᠦ ᠪᠠᠶᠢᠭ᠎ᠠ ᠬᠤᠭᠤᠴᠠᠭᠠᠨ ᠳᠠᠬᠢ ᠲᠡᠵᠢᠭᠡᠯᠭᠡ ᠶᠢᠨ ᠵᠠᠩᠭᠢᠯᠠᠭ᠎ᠠ ᠪᠣᠯ ᠦᠨᠳᠡᠭᠡᠯᠡᠵᠦ ᠪᠠᠶᠢᠭ᠎ᠠ | ᠲᠠᠬᠢᠶᠠᠨ ᠳᠤ ᠦᠵᠡᠬᠦᠯᠬᠦ ᠠᠰᠢᠭ ᠦᠭᠡᠢ ᠨᠦᠬᠦᠴᠡᠯ ᠢ ᠠᠯᠢ ᠴᠢᠳᠠᠬᠤ ᠪᠠᠷ ᠪᠠᠭᠠᠰᠬᠠᠨ᠂ ᠲᠤᠬᠢᠷᠠᠮᠵᠢᠲᠠᠢ ᠣᠷᠴᠢᠨ | ᠲᠤᠭᠤᠷᠢᠨ ᠢ ᠪᠦᠷᠢᠯᠳᠦᠭᠦᠯᠦᠨ ᠦᠭᠴᠦ᠂ ᠣᠳᠤᠮᠰᠢᠯ ᠤᠨ ᠨᠢᠭᠤᠭᠳᠠᠮᠠᠯ ᠬᠦᠴᠦᠨ ᠢ ᠨᠢ ᠭᠦᠢᠴᠡᠳ ᠪᠠᠳᠠᠷᠠᠭᠤᠯᠵᠤ᠂ | ᠨᠡᠩ ᠠᠷᠪᠢᠨ ᠰᠢᠯᠢᠳᠡᠭ ᠰᠠᠶᠢᠨ ᠲᠠᠸᠠᠷ ᠤᠨ ᠦᠨᠳᠡᠭᠡ ᠶᠢ ᠦᠢᠯᠡᠳᠪᠦᠷᠢᠯᠡᠨ᠂ ᠪᠤᠷᠳᠤᠭᠠᠨ ᠤ ᠵᠠᠷᠤᠴᠠᠭᠤᠯᠤᠯ᠂ | ᠦᠨᠳᠡᠭᠡᠨ ᠲᠠᠬᠢᠶᠠᠨ ᠤ ᠬᠤᠷᠤᠭᠳᠠᠯ ᠢ ᠪᠠᠭᠠᠰᠬᠠᠬᠤ ᠶᠢᠨ ᠲᠦᠯᠦᠭᠡ ᠶᠤᠮ᠃ ᠡᠭᠦᠨ ᠳᠤ ᠲᠡᠵᠢᠭᠡᠯ ᠪᠤᠷᠳᠤᠭᠠᠨ ᠤ | ᠲᠣᠬᠢᠷᠠᠭᠤᠯᠤᠯᠲᠠ ᠨᠢ ᠭᠤᠣᠯ ᠦᠢᠯᠡᠳᠦᠯ ᠦᠵᠡᠭᠦᠯᠳᠡᠭ᠃ | ︵1︶ ᠪᠤᠷᠳᠤᠭᠠᠨ ᠤ ᠭᠡᠯᠪᠡᠷᠢ ᠳᠦᠷᠰᠦ᠃ ᠲᠠᠯᠬ᠎ᠠ ᠬᠡᠯᠪᠡᠷᠢ ᠪᠠ ᠮᠦᠬᠦᠯᠢᠭ ᠭᠡᠯᠪᠡᠷᠢ ᠭᠡᠵᠦ ᠬᠤᠶᠠᠷ | ᠵᠦᠢᠯ ᠪᠠᠶᠢᠳᠠᠭ᠃ ᠲᠠᠯᠬ᠎ᠠ ᠬᠡᠯᠪᠡᠷᠢ ᠨᠢ ᠰᠢᠮ᠎ᠡ ᠲᠡᠵᠢᠭᠡᠯ ᠪᠦᠷᠢᠨ ᠭᠦᠢᠴᠡᠳ᠂ ᠵᠢᠭᠳᠡ ᠬᠤᠯᠢᠵᠦ ᠬᠤᠳᠬᠤᠭᠰᠠᠨ | ᠪᠣᠯᠪᠠᠴᠤ ᠪᠤᠲᠠᠷᠠᠵᠤ ᠭᠡᠭᠡᠭᠳᠡᠬᠦ ᠠᠴᠠ ᠪᠤᠯᠵᠤ ᠰᠦᠢᠳᠦᠯ ᠨᠢ ᠶᠡᠭᠡ ᠪᠠᠶᠢᠳᠠᠭ᠃ ᠮᠦᠬᠦᠯᠢᠭ ᠬᠡᠯᠪᠡᠷᠢ ᠲᠠᠢ ᠪᠤᠷᠳᠤᠭ᠎ᠠ | ᠪᠣᠯ ᠴᠢᠨᠠᠷ ᠨᠢ ᠰᠠᠶᠢᠨ᠂ ᠲᠠᠬᠢᠶᠠᠨ ᠤ ᠢᠳᠡᠰᠢᠯᠡᠬᠦ ᠬᠡᠮᠵᠢᠶ᠎ᠡ ᠨᠢ ᠶᠡᠭᠡ᠂ ᠰᠢᠯᠢᠵᠦ ᠰᠤᠩᠭᠤᠬᠤ ᠦᠭᠡᠢ ᠪᠠᠷ ᠢᠳᠡᠬᠦ | ᠲᠤᠯᠠ ᠪᠤᠷᠳᠤᠭᠠᠨ ᠳᠤ ᠰᠦᠢᠳᠦᠯ ᠦᠭᠡᠢ᠃ ᠲᠡᠷᠡ ᠮᠦᠷᠲᠡᠭᠡᠨ ᠠᠷᠢᠭᠤᠨ ᠴᠡᠪᠡᠷ ᠪᠠᠶᠢᠳᠠᠭ᠃ ᠬᠦᠷᠦᠯᠴᠡᠬᠦ ᠦᠭᠡᠢ | ᠲᠠᠯ᠎ᠠ ᠨᠢ ᠭᠡᠪᠡᠯ ᠦᠢᠯᠡᠳᠪᠦᠷᠢᠯᠡᠬᠦ ᠦᠪᠡᠷ ᠤᠨ ᠦᠷᠳᠡᠭ ᠨᠢ ᠦᠨᠳᠦᠷ᠂ ᠲᠠᠬᠢᠶ᠎ᠠ ᠬᠠᠷᠢᠯᠴᠠᠨ ᠲᠣᠩᠰᠢᠬᠤ | ᠦᠵᠡᠭᠳᠡᠯ ᠭᠠᠷᠳᠠᠭ᠃ | ᠲᠠᠯᠬ᠎ᠠ ᠬᠡᠯᠪᠡᠷᠢ ᠶᠢᠨ ᠪᠤᠷᠳᠤᠭ᠎ᠠ ᠴᠦ ᠲᠡᠷᠡ᠂ ᠮᠦᠬᠦᠯᠢᠭ ᠬᠡᠯᠪᠡᠷᠢ ᠶᠢᠨ ᠪᠤᠷᠳᠤᠭ᠎ᠠ ᠴᠦ ᠲᠡᠷᠡ᠂ ᠵᠠᠩᠭᠢᠯᠠᠭ᠎ᠠ | ᠨᠢ ᠲᠡᠵᠢᠭᠡᠯ ᠪᠤᠷᠳᠤᠭᠠᠨ ᠳᠤᠲᠤᠷᠠᠬᠢ ᠡᠯ᠎ᠡ ᠵᠦᠢᠯ ᠤᠨ ᠰᠢᠮ᠎ᠡ ᠲᠡᠵᠢᠭᠡᠯ ᠤᠨ ᠪᠦᠷᠢᠯᠳᠦᠭᠦᠨ ᠢ ᠭᠦᠢᠴᠡᠳ ᠪᠠᠶᠢᠯᠭᠠᠨ᠂ | ᠪᠤᠷᠳᠤᠭᠠᠨ ᠳᠤᠲᠤᠷᠠᠬᠢ ᠡᠨᠧᠷᠬᠢ᠂ ᠤᠭᠤᠷᠠᠭ ᠪᠠ ᠺᠠᠯᠼ᠂ ᠹᠣᠰᠹᠣᠷ ᠤᠨ ᠬᠠᠷᠢᠴᠠᠯ ᠢ ᠵᠤᠬᠢᠰᠲᠠᠢ | ᠲᠤᠬᠢᠷᠠᠭᠤᠯᠬᠤ ᠶᠢᠨ ᠬᠠᠮᠲᠦ ᠲᠡᠵᠢᠭᠡᠬᠦ ᠬᠡᠮᠵᠢᠶ᠎ᠡ ᠬᠢᠭᠡᠳ ᠦᠨᠳᠡᠭᠡᠨ ᠤ ᠭᠠᠷᠤᠯᠲᠠ ᠶᠢ ᠦᠨᠳᠦᠰᠦᠯᠡᠵᠦ ᠴᠢᠬᠤᠯᠠ | ᠲᠠᠢ ᠦᠶ᠎ᠡ ᠳᠤ ᠲᠡᠵᠢᠭᠡᠯ ᠪᠤᠷᠳᠤᠭᠠᠨ ᠤ ᠪᠦᠷᠢᠯᠳᠦᠭᠦᠨ ᠳᠤ ᠲᠤᠬᠢᠷᠠᠭᠤᠯᠤᠯᠲᠠ ᠬᠢᠬᠦ ᠪᠤᠶᠤ ᠰᠤᠯᠢᠵᠤ᠂ ᠲᠠᠬᠢᠶᠠᠨ ᠤ | ᠰᠢᠮ᠎ᠡ ᠲᠡᠵᠢᠭᠡᠯ ᠤᠨ ᠱᠠᠭᠠᠷᠳᠠᠯᠭ᠎ᠠ ᠶᠢ ᠭᠦᠢᠴᠡᠳ ᠬᠠᠩᠭᠠᠨ᠂ ᠪᠤᠷᠳᠤᠭᠠᠨ ᠤ ᠰᠦᠢᠳᠤᠯ ᠪᠠ ᠬᠤᠷᠤᠭᠳᠠᠯ ᠢ | ᠪᠠᠭᠠᠰᠬᠠᠬᠤ ᠭᠡᠷᠡᠭᠲᠡᠢ᠃ | ︵2︶ ᠲᠡᠵᠢᠭᠡᠬᠦ ᠠᠷᠭ᠎ᠠ ᠪᠠᠷᠢᠯ᠃① ᠬᠠᠭᠤᠷᠠᠢ ᠪᠠᠷ ᠪᠤᠷᠳᠤᠭᠠᠨ ᠰᠠᠪᠠ ᠪᠤᠶᠤ ᠪᠤᠷᠳᠤᠭᠠᠨ ᠮᠠᠰᠢᠨ ᠢᠶᠠᠷ | ᠲᠡᠵᠢᠭᠡᠨ᠎ᠡ᠃ ᠳᠠᠪᠠᠭᠤᠯᠢᠭ ᠲᠠᠯ᠎ᠠ ᠨᠢ ᠲᠠᠬᠢᠶᠠᠳ ᠳᠤᠷ᠎ᠠ ᠶᠢᠨ ᠨᠢᠭᠡ ᠴᠠᠭ ᠲᠤ ᠪᠦᠷ ᠢᠳᠡᠵᠦ ᠳᠡᠶᠢᠯᠬᠦ ᠪᠦᠭᠡᠳ | ᠲᠠᠬᠢᠶᠠᠨ ᠳᠤ ᠴᠢᠩᠭ᠎ᠠ ᠪᠠᠭᠤᠷᠠᠢ ᠶᠢᠨ ᠵᠦᠷᠢᠶ᠎ᠡ ᠭᠠᠷᠬᠤ ᠦᠭᠡᠢ᠃ ᠬᠦᠳᠡᠯᠮᠦᠷᠢ ᠬᠦᠴᠦᠨ ᠳᠤ ᠴᠦ ᠠᠷᠪᠢᠲᠠᠢ᠃② | ᠪᠠᠭ᠎ᠠ ᠴᠢᠬᠢᠭᠳᠦᠭᠦᠯᠦᠨ ᠵᠢᠭᠤᠷᠠᠭᠠᠳ ᠡᠷᠡᠨ ᠬᠤᠪᠢᠶᠠᠵᠤ ᠲᠡᠵᠢᠭᠡᠨ᠎ᠡ᠂ ᠬᠡᠳᠦᠶᠢᠪᠡᠷ ᠲᠠᠬᠢᠶᠠᠳ ᠤᠨ ᠢᠳᠡᠰᠢᠯᠡᠬᠦ | ᠬᠡᠮᠵᠢᠶ᠎ᠡ ᠨᠢ ᠶᠡᠭᠡ ᠪᠣᠯᠪᠠᠴᠤ ᠳᠤᠷᠤᠢ ᠪᠠᠭᠤᠷᠠᠢ ᠲᠠᠬᠢᠶᠠᠳ ᠳᠡᠮᠡᠢ ᠣᠯᠵᠣ ᠢᠳᠡᠬᠦ ᠦᠭᠡᠢ ᠳᠡᠭᠡᠷ᠎ᠡ ᠪᠠᠨ ᠲᠡᠵᠢᠭᠡᠯ | ᠪᠤᠷᠳᠤᠭᠠᠨ ᠤ ᠬᠤᠷᠤᠭᠳᠠᠯ ᠰᠦᠢᠳᠦᠯ ᠤᠨ ᠨᠤᠷᠮ᠎ᠠ ᠨᠢ ᠦᠨᠳᠦᠷ ᠪᠤᠯᠤᠨ᠎ᠠ᠃ ᠦᠨᠳᠡᠭᠡᠯᠡᠵᠦ ᠪᠠᠶᠢᠭ᠎ᠠ ᠲᠠᠬᠢᠶ᠎ᠠ ᠳᠤ | ᠡᠳᠦᠷ ᠪᠦᠷᠢ ᠪᠠᠷᠤᠭ 100 ~ 110 ᠭᠷᠡᠮ ᠰᠢᠯᠢᠳᠡᠭ ᠪᠤᠷᠳᠤᠭ᠎ᠠ ᠦᠭᠴᠦ ᠪᠤᠷᠳᠤᠬᠤ ᠭᠡᠷᠡᠭᠲᠡᠢ᠃ ᠰᠤᠯᠠ | ᠲᠡᠵᠢᠭᠡᠯ ᠪᠤᠷᠳᠤᠭ᠎ᠠ ᠶᠢ ᠳᠠᠭᠠᠯᠳᠤᠭᠤᠯᠤᠨ ᠲᠤᠬᠢᠷᠠᠭᠤᠯᠪᠡᠯ ᠪᠣᠯᠴᠢᠬᠠᠨ᠎ᠠ᠃ | ︵3︶ ᠱᠠᠲᠦ ᠬᠤᠪᠢᠶᠠᠵᠤ ᠲᠡᠵᠢᠭᠡᠬᠦ᠃ ᠲᠠᠬᠢᠶᠠᠨ ᠤ ᠭᠠᠷᠠᠭ ᠨᠠᠰᠤ ᠪᠠ ᠦᠨᠳᠡᠭᠡᠨ ᠤ ᠭᠠᠷᠤᠯᠲᠠ ᠶᠢ | ᠦᠨᠳᠦᠰᠦᠯᠡᠨ ᠦᠨᠳᠡᠭᠡᠯᠡᠬᠦ ᠬᠤᠭᠤᠴᠠᠭ᠎ᠠ ᠶᠢ ᠬᠡᠳᠦᠨ ᠱᠠᠲᠦ ᠦᠶ᠎ᠡ ᠬᠤᠪᠢᠶᠠᠵᠤ ᠣᠷᠴᠢᠨ ᠲᠤᠭᠤᠷᠢᠨ ᠤ | ᠨᠦᠯᠦᠭᠡᠯᠡᠯ ᠢ ᠪᠣᠳᠤᠯᠬᠢᠯᠠᠨ ᠠᠳᠠᠯᠢ ᠪᠤᠰᠤ ᠱᠠᠲᠦ ᠦᠶ᠎ᠡ ᠳᠤ ᠠᠳᠠᠯᠢ ᠪᠤᠰᠤ ᠡᠨᠧᠷᠬᠢ ᠠᠭᠤᠯᠬᠤ ᠲᠡᠵᠢᠭᠡᠯ | ᠪᠤᠷᠳᠤᠭ᠎ᠠ ᠪᠠᠷ ᠲᠡᠵᠢᠭᠡᠬᠦ ᠨᠢ ᠲᠡᠵᠢᠭᠡᠯ ᠪᠤᠷᠳᠤᠭᠠᠨ ᠤ ᠵᠠᠷᠤᠯᠭ᠎ᠠ ᠶᠢ ᠪᠠᠭᠠᠰᠬᠠᠬᠤ ᠪᠤᠯᠤᠨ᠎ᠠ᠃ | ︵4︶ ᠲᠤᠬᠢᠷᠠᠭᠤᠯᠤᠯᠲᠠ ᠬᠢᠵᠦ ᠳᠡᠶᠢᠯᠬᠦ᠃ ᠲᠠᠬᠢᠶᠠᠨ ᠤ ᠰᠢᠮ᠎ᠡ ᠲᠡᠵᠢᠭᠡᠯ ᠤᠨ ᠱᠠᠭᠠᠷᠳᠠᠯᠭ᠎ᠠ ᠨᠢ | ᠡᠭᠦᠯᠳᠡᠷ᠂ ᠪᠡᠶ᠎ᠡ ᠶᠢᠨ ᠬᠦᠨᠳᠦ᠂ ᠦᠨᠳᠡᠭᠡᠨ ᠤ ᠭᠠᠷᠤᠯᠲᠠ᠂ ᠳᠤᠯᠠᠭᠠᠴᠠ᠂ ᠡᠪᠡᠳᠴᠢᠨ ᠬᠢᠵᠢᠭ᠂ ᠡᠷᠡᠭᠦᠯ | ᠬᠠᠮᠠᠭᠠᠯᠠᠯ᠂ ᠲᠡᠵᠢᠭᠡᠬᠦ ᠠᠷᠭ᠎ᠠ ᠪᠠᠷᠢᠯ᠂ ᠨᠢᠭᠲᠠᠴᠠ᠂ ᠪᠤᠷᠳᠤᠭᠠᠨ ᠳᠠᠬᠢ ᠰᠢᠮ᠎ᠡ ᠲᠡᠵᠢᠭᠡᠯ ᠤᠨ ᠪᠦᠷᠢᠯᠳᠡᠭᠦᠨ ᠪᠠ | ᠣᠰᠤᠯᠠᠬᠤ ᠬᠡᠮᠵᠢᠶ᠎ᠡ ᠵᠡᠷᠭᠡ ᠣᠯᠠᠨ ᠵᠦᠢᠯ ᠤᠨ ᠨᠦᠯᠦᠭᠡᠯᠡᠯ ᠠᠴᠠ ᠪᠤᠯᠵᠤ ᠠᠳᠠᠯᠢ ᠦᠭᠡᠢ ᠪᠠᠶᠢᠳᠠᠭ᠃ ᠳᠡᠭᠡᠷ᠎ᠡ | ᠳᠤᠷᠠᠳᠤᠭᠰᠠᠨ ᠱᠠᠲᠦ ᠬᠤᠪᠢᠶᠠᠵᠤ ᠲᠡᠵᠢᠭᠡᠬᠦ ᠨᠢ ᠪᠠᠷᠢᠮᠵᠢᠶᠠᠲᠦ ᠨᠦᠬᠦᠴᠡᠯ ᠳᠤᠤᠷ᠎ᠠ ᠲᠣᠬᠢᠷᠠᠬᠤ ᠠᠴᠠ ᠪᠢᠰᠢ ᠣᠯᠠᠨ | ᠲᠠᠯ᠎ᠠ ᠶᠢᠨ ᠨᠦᠯᠦᠭᠡᠯᠡᠯ ᠢ ᠪᠣᠳᠤᠯᠬᠢᠯᠠᠭᠰᠠᠨ ᠦᠭᠡᠢ ᠶᠤᠮ᠃ ᠡᠶᠢᠮᠦ ᠠᠴᠠ ᠲᠠᠬᠢᠶᠠᠨ ᠤ ᠡᠯ᠎ᠡ ᠵᠦᠢᠯ ᠤᠨ | ᠨᠦᠭᠦᠴᠡᠯ ᠤᠨ ᠬᠤᠪᠢᠷᠠᠯᠲᠠ ᠠᠴᠠ ᠪᠤᠯᠤᠭᠰᠠᠨ ᠹᠢᠽᠢᠣᠯᠣᠭᠢ ᠶᠢᠨ ᠱᠠᠭᠠᠷᠳᠠᠯᠭ᠎ᠠ ᠳᠤ ᠵᠣᠬᠢᠴᠠᠭᠤᠯᠤᠨ᠂ ᠲᠡᠵᠢᠭᠡᠯ | ᠪᠤᠷᠳᠤᠭᠠᠨ ᠤ ᠨᠠᠶᠢᠷᠠᠭᠤᠯᠭ᠎ᠠ ᠳᠤ ᠲᠤᠬᠢᠷᠠᠭᠤᠯᠤᠯᠲᠠ ᠬᠢᠵᠦ ᠲᠡᠵᠢᠭᠡᠬᠦ ᠬᠡᠷᠡᠭᠲᠡᠢ᠃ | ︵5︶ ᠬᠢᠵᠠᠭᠠᠷᠯᠠᠵᠤ ᠲᠡᠵᠢᠭᠡᠬᠦ᠃ ᠲᠠᠬᠢᠶ᠎ᠠ ᠲᠡᠵᠢᠭᠡᠬᠦ ᠰᠢᠨᠵᠢᠯᠡᠬᠦ ᠤᠬᠠᠭᠠᠨ ᠤ ᠮᠡᠷᠭᠡᠵᠢᠯ ᠤᠨ ᠤᠯᠠᠮ | ᠨᠢᠭᠡ ᠠᠯᠬᠤᠮ ᠬᠦᠭᠵᠢᠭᠡᠬᠦ ᠶᠢ ᠳᠠᠭᠠᠯᠳᠤᠨ᠂ ᠲᠠᠬᠢᠶ᠎ᠠ ᠢ ᠬᠢᠵᠠᠭᠠᠷᠯᠠᠵᠤ ᠲᠡᠵᠢᠭᠡᠬᠦ ᠤᠬᠠᠭᠳᠠᠬᠤᠨ ᠴᠦ ᠤᠯᠠᠮ | ᠴᠢᠬᠤᠯᠠᠴᠢᠯᠠᠭᠳᠠᠬᠤ ᠪᠣᠯᠵᠠᠢ᠃ ᠤᠴᠢᠷ ᠨᠢ ᠲᠡᠵᠢᠭᠡᠯ ᠪᠤᠷᠳᠤᠭᠠᠨ ᠤ ᠵᠠᠷᠤᠴᠠᠭᠤᠯᠤᠯ ᠨᠢ ᠦᠨᠳᠡᠭᠡᠯᠡᠵᠦ ᠪᠠᠶᠢᠭ᠎ᠠ | ᠲᠠᠬᠢᠶᠠᠨ ᠤ ᠠᠵᠤ ᠠᠬᠤᠢ ᠶᠢᠨ ᠣᠷᠤᠯᠭ᠎ᠠ ᠶᠢ ᠨᠦᠯᠦᠭᠡᠯᠡᠬᠦ ᠨᠢᠭᠡ ᠵᠦᠢᠯ ᠤᠨ ᠰᠢᠨᠵᠢ ᠲᠡᠮᠳᠡᠭ ᠪᠣᠯᠬᠤᠷ ᠦᠨᠳᠡᠭᠡᠨ ᠤ | ᠭᠠᠷᠤᠯᠲᠠ ᠶᠢ ᠦᠨᠳᠦᠰᠦᠨ ᠳᠡᠭᠡᠨ ᠨᠦᠯᠦᠭᠡᠯᠡᠬᠦ ᠦᠭᠡᠢ ᠪᠠᠶᠢᠳᠠᠯ ᠳᠤᠤᠷ᠎ᠠ ᠲᠤᠬᠢᠷᠠᠮᠵᠢᠲᠡᠢ ᠦᠶ᠎ᠡ ᠳᠤ ᠲᠠᠬᠢᠶᠠᠨ ᠤ | ᠲᠡᠵᠢᠭᠡᠯ ᠪᠤᠷᠳᠤᠭ᠎ᠠ ᠶᠢ ᠬᠢᠵᠠᠭᠠᠷᠯᠠᠬᠤ ᠪᠣᠯ ᠨᠢᠭᠡ ᠵᠦᠢᠯ ᠤᠨ ᠣᠷᠤᠯᠭ᠎ᠠ ᠨᠡᠮᠡᠭᠳᠡᠭᠦᠯᠬᠦ ᠠᠷᠭ᠎ᠠ ᠪᠠᠷᠢᠯ ᠪᠤᠯᠤᠨ᠎ᠠ᠃ | ᠶᠡᠷᠦ ᠳᠡᠭᠡᠨ ᠦᠨᠳᠡᠭᠡᠯᠡᠬᠦ ᠣᠷᠭᠢᠯ ᠤᠨ ᠬᠤᠭᠤᠴᠠᠭ᠎ᠠ ᠦᠩᠭᠡᠷᠡᠭᠰᠡᠨ ᠤ ᠳᠠᠷᠠᠭ᠎ᠠ ᠬᠤᠶᠠᠳᠤᠭᠠᠷ ᠭᠠᠷᠠᠭ ᠠᠴᠠ | ᠡᠬᠢᠯᠡᠨ ᠲᠡᠵᠢᠭᠡᠯ ᠪᠣᠷᠳᠤᠭ᠎ᠠ ᠬᠢᠵᠠᠭᠠᠷᠯᠠᠬᠤ ᠠᠷᠭ᠎ᠠ ᠶᠢ ᠭᠡᠷᠡᠭᠯᠡᠵᠦ ᠪᠤᠯᠤᠨ᠎ᠠ᠃ ᠪᠤᠲᠠᠲᠠᠢ ᠬᠢᠬᠦ ᠶᠠᠪᠤᠴᠠ ᠨᠢ᠄ | ᠦᠨᠳᠡᠭᠡᠯᠡᠬᠦ ᠣᠷᠬᠢᠯ ᠤᠨ ᠬᠤᠭᠤᠴᠠᠭ᠎ᠠ ᠦᠩᠭᠡᠷᠡᠭᠰᠡᠨ ᠬᠤᠶᠠᠳᠤᠭᠠᠷ ᠭᠠᠷᠠᠭ ᠠᠴᠠ ᠡᠬᠢᠯᠡᠵᠦ 100 ᠲᠠᠬᠢᠶ᠎ᠠ | ᠪᠦᠷᠢ ᠳᠤ ᠡᠳᠦᠷ ᠪᠦᠷᠢ ᠲᠡᠵᠢᠭᠡᠯ ᠪᠤᠷᠳᠤᠭ᠎ᠠ ᠦᠭᠬᠦ ᠬᠡᠮᠵᠢᠶ᠎ᠡ ᠶᠢ 23 ᠭᠷᠡᠮ ᠪᠠᠭᠠᠰᠬᠠᠵᠤ᠂ 3 ~ 4 ᠡᠳᠦᠷ | ᠦᠷᠭᠦᠯᠵᠢᠯᠡᠬᠦᠯᠬᠦ ᠳᠤ ᠦᠨᠳᠡᠭᠡᠨ ᠤ ᠭᠠᠷᠤᠯᠲᠠ ᠳᠤ ᠶᠡᠭᠡ ᠨᠦᠯᠦᠭᠡ ᠲᠠᠢ ᠪᠣᠯ ᠤᠤᠯ ᠤᠨ ᠬᠡᠮᠵᠢᠶ᠎ᠡ ᠪᠠᠷ ᠢᠶᠠᠨ | ᠲᠡᠵᠢᠭᠡᠬᠦ ᠬᠡᠷᠡᠭᠲᠡᠢ᠃ ᠬᠡᠪ ᠤᠨ ᠪᠠᠶᠢᠳᠠᠯ ᠳᠤᠤᠷ᠎ᠠ᠂ ᠬᠢᠵᠠᠭᠠᠷᠯᠠᠵᠤ ᠲᠡᠵᠢᠭᠡᠬᠦ ᠶᠠᠪᠤᠴᠠ ᠳᠤ ᠲᠡᠵᠢᠭᠡᠯ ᠪᠤᠷᠳᠤᠭ᠎ᠠ | ᠪᠠᠭᠠᠰᠬᠠᠬᠤ ᠬᠡᠮᠵᠢᠶ᠎ᠡ ᠶᠢ ᠶᠡᠷᠦᠩᠭᠡᠢ ᠲᠡᠵᠢᠭᠡᠬᠦ ᠬᠡᠮᠵᠢᠶᠡᠨ ᠠᠴᠠ 8% ~ 9% ᠪᠠᠷ ᠪᠠᠭᠠᠰᠬᠠᠪᠡᠯ ᠲᠤᠬᠢᠷᠠᠮᠵᠢᠲᠠᠢ | ᠪᠠᠶᠢᠳᠠᠭ᠃ | ︵6︶ ᠴᠡᠪᠡᠷ ᠤᠰᠤ ᠬᠠᠩᠭᠠᠬᠤ᠃ ᠡᠷᠬᠡᠪᠰᠢ ᠪᠦᠬᠦᠯᠢ ᠡᠳᠦᠷ ᠢᠶᠠᠷ ᠤᠰᠤ ᠬᠠᠩᠭᠠᠬᠤ ᠬᠡᠷᠡᠭᠲᠡᠢ᠃ | ᠦᠢᠯᠡᠳᠦᠯᠭᠡ ᠭᠡᠷᠡᠴᠢᠯᠡᠭᠰᠡᠨ ᠨᠢ ᠲᠠᠬᠢᠶᠠᠨ ᠤ ᠦᠰᠦᠯᠲᠡ ᠪᠤᠶᠢᠯᠵᠢᠯᠲᠡ ᠶᠢᠨ ᠬᠤᠭᠤᠴᠠᠭᠠᠨ ᠳᠤ ᠭᠡᠷᠪᠡ 6 ᠴᠠᠭ | ᠤᠰᠤ ᠬᠠᠩᠭᠠᠬᠤ ᠦᠭᠡᠢ ᠪᠣᠯ ᠦᠨᠳᠡᠭᠡᠯᠡᠭᠰᠡᠨ ᠤ ᠳᠠᠷᠠᠭ᠎ᠠ ᠲᠡᠭᠦᠨ ᠤ ᠦᠨᠳᠡᠭᠡᠯᠡᠬᠦ ᠨᠤᠷᠮ᠎ᠠ ᠨᠢ 10% ~ | 30% ᠪᠠᠷ ᠪᠠᠭᠤᠷᠠᠳᠠᠭ᠃ ᠦᠨᠳᠡᠭᠡᠨ ᠲᠠᠬᠢᠶᠠᠨ ᠳᠤ ᠭᠡᠷᠪᠡ 36 ᠴᠠᠭ ᠤᠰᠤ ᠬᠠᠩᠭᠠᠬᠤ ᠦᠭᠡᠢ ᠪᠣᠯ | ᠦᠨᠳᠡᠭᠡᠨ ᠤ ᠭᠠᠷᠤᠯᠲᠠ ᠨᠢ ᠨᠡᠩ ᠳᠤᠷᠤᠭᠰᠢᠯᠠᠬᠤ ᠪᠤᠯᠤᠨ᠎ᠠ᠃ ᠲᠠᠬᠢᠶᠠᠨ ᠤ ᠡᠳᠦᠷ ᠪᠦᠷᠢ ᠴᠡᠪᠡᠷ ᠤᠰᠤ ᠬᠠᠩᠭᠠᠬᠤ | ᠪᠦᠭᠡᠳ ᠤᠰᠤᠨ ᠤ ᠰᠠᠪᠠ ᠶᠢ ᠡᠳᠦᠷ ᠪᠦᠷᠢ ᠤᠬᠢᠶᠠᠨ ᠴᠡᠪᠡᠷᠯᠡᠬᠦ ᠭᠡᠷᠡᠭᠲᠡᠢ᠃ ᠦᠨᠳᠡᠭᠡᠨ ᠲᠠᠬᠢᠶᠠᠨ ᠤ ᠤᠰᠤ | ᠤᠤᠭᠤᠬᠤ ᠬᠡᠮᠵᠢᠶ᠎ᠡ ᠨᠢ ᠠᠭᠠᠷ ᠤᠨ ᠳᠤᠯᠠᠭᠠᠨ ᠤ ᠬᠡᠮᠵᠢᠶ᠎ᠡ ᠶᠢ ᠳᠠᠭᠠᠯᠳᠤᠨ ᠬᠤᠪᠢᠷᠠᠳᠠᠭ᠃ ᠡᠳᠦᠷ ᠬᠠᠯᠠᠭᠠᠨ ᠪᠣᠯ | ᠢᠯᠡᠭᠦᠦ ᠤᠤᠭᠤᠵᠤ᠂ ᠡᠳᠦᠷ ᠬᠦᠢᠲᠡᠨ ᠪᠣᠯ ᠪᠠᠭ᠎ᠠ ᠤᠤᠭᠤᠳᠠᠭ᠃ ᠶᠡᠷᠦ ᠶᠢᠨ ᠪᠠᠶᠢᠳᠠᠯ ᠳᠤᠤᠷ᠎ᠠ ᠦᠨᠳᠡᠭᠡᠨ | ᠲᠠᠬᠢᠶᠠᠨ ᠤ ᠡᠳᠦᠷ ᠪᠦᠷᠢ ᠤᠤᠭᠤᠬᠤ ᠤᠰᠤᠨ ᠤ ᠬᠡᠮᠵᠢᠶ᠎ᠡ ᠨᠢ 200 ~ 300 ᠮᠢᠯᠢᠯᠢᠲᠷ ᠪᠠᠶᠢᠳᠠᠭ᠃ | ︵7︶ ᠦᠢᠯᠡᠳᠪᠦᠷᠢᠯᠡᠯ ᠤᠨ ᠲᠡᠮᠳᠡᠭᠯᠡᠯ ᠢ ᠨᠠᠷᠢᠨ ᠬᠢᠬᠦ᠃ ᠦᠢᠯᠡᠳᠪᠦᠷᠢᠯᠡᠯ ᠤᠨ ᠲᠡᠮᠳᠡᠭᠯᠡᠯ ᠳᠤ ᠣᠯᠠᠨ | ᠠᠭᠤᠯᠭ᠎ᠠ ᠪᠠᠭᠲᠠᠵᠤ ᠪᠠᠶᠢᠳᠠᠭ᠃ ᠡᠳᠦᠷ ᠰᠠᠷ᠎ᠠ᠂ ᠡᠭᠦᠯᠳᠡᠷ᠂ ᠲᠠᠬᠢᠶᠠᠨ ᠤ ᠨᠠᠰᠤ᠂ ᠵᠣᠭᠰᠤᠭ᠎ᠠ ᠲᠤᠭ᠎ᠠ᠂ | ᠦᠨᠳᠡᠭᠡᠨ ᠤ ᠲᠤᠭ᠎ᠠ᠂ ᠲᠤᠷᠨᠢᠯᠲᠡ ᠶᠢᠨ ᠬᠡᠮᠵᠢᠶ᠎ᠡ᠂ ᠬᠤᠷᠬᠢᠷᠠᠵᠤ ᠰᠦᠢᠳᠦᠭᠰᠡᠨ ᠲᠤᠭ᠎ᠠ᠂ ᠬᠠᠶᠠᠭᠳᠠᠭᠰᠠᠨ ᠲᠤᠭ᠎ᠠ᠂ | ᠲᠡᠵᠢᠭᠡᠯ ᠪᠤᠷᠳᠤᠭᠠᠨ ᠤ ᠵᠠᠷᠤᠴᠠᠭᠤᠯᠭ᠎ᠠ᠂ ᠦᠨᠳᠡᠭᠡᠨ ᠤ ᠬᠦᠨᠳᠦ ᠪᠠ ᠪᠡᠶ᠎ᠡ ᠶᠢᠨ ᠬᠦᠨᠳᠦ ᠵᠡᠷᠭᠡ᠃ ᠲᠠᠬᠢᠶ᠎ᠠ | ᠠᠷᠠᠴᠢᠯᠠᠭᠴᠢ ᠡᠳᠦᠷ ᠪᠦᠷᠢ ᠶᠢᠨ ᠲᠡᠮᠳᠡᠭᠯᠡᠯ ᠢ ᠰᠠᠶᠢᠨ ᠬᠢᠬᠦ ᠶᠢᠨ ᠬᠠᠮᠲᠦ ᠨᠠᠷᠢᠨ ᠪᠠᠶᠢᠴᠠᠭᠠᠨ ᠰᠤᠳᠤᠯᠵᠤ᠂ | ᠲᠠᠬᠢᠶᠠᠨ ᠤ ᠡᠭᠦᠯᠳᠡᠷ᠂ ᠤᠳᠤᠮ ᠲᠦᠷᠦᠯ ᠤᠨ ᠴᠢᠨᠠᠷ ᠴᠢᠨᠰᠠᠭ᠎ᠠ᠂ ᠠᠮᠢᠳᠤᠷᠠᠯ ᠤᠨ ᠳᠠᠳᠬᠠᠯ ᠤᠨ ᠦᠵᠡᠭᠦᠯᠭᠡ ᠲᠠᠢ | ᠬᠠᠷᠢᠴᠠᠭᠤᠯᠤᠨ ᠦᠵᠡᠵᠦ᠂ ᠵᠦᠷᠢᠶ᠎ᠡ ᠲᠠᠢ ᠲᠠᠯ᠎ᠠ ᠶᠢ ᠨᠢ ᠡᠷᠢᠨ ᠭᠠᠷᠭᠠᠵᠤ ᠠᠷᠠᠴᠢᠯᠠᠨ ᠬᠠᠮᠢᠶᠠᠷᠬᠤ ᠠᠵᠢᠯ ᠤᠨ | ᠶᠠᠪᠤᠴᠠ ᠳᠠᠭᠠᠨ ᠵᠦᠷᠢᠶ᠎ᠡ ᠪᠠᠨ ᠰᠢᠢᠳᠪᠦᠷᠢᠯᠡᠨ ᠣᠷᠤᠰᠢᠵᠤ ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ | ᠵᠠᠯᠠᠷᠠᠭᠤᠯᠤᠨ᠎ᠠ᠃ | ︵ᠬᠤᠶᠠᠷ︶ ᠳᠦᠷᠪᠡᠨ ᠤᠯᠠᠷᠢᠯ ᠤᠨ ᠬᠠᠮᠢᠶᠠᠷᠤᠯᠲᠠ | 1.ᠬᠠᠪᠤᠷ ᠤᠨ ᠬᠠᠮᠢᠶᠠᠷᠤᠯᠲᠠ᠃ ᠬᠠᠪᠤᠷ ᠤᠨ ᠤᠯᠠᠷᠢᠯ ᠳᠤ ᠳᠤᠯᠠᠭᠠᠨ ᠤ ᠬᠡᠮᠵᠢᠶ᠎ᠡ ᠦᠷᠭᠦᠯᠵᠢᠯᠡᠨ | ᠳᠡᠭᠡᠭᠰᠢᠯᠡᠵᠦ᠂ ᠨᠠᠷᠠᠨ ᠤ ᠳᠤᠰᠤᠯᠲᠠ ᠶᠢᠨ ᠴᠠᠭ ᠦᠷᠭᠦᠯᠵᠢᠯᠡᠨ ᠨᠡᠮᠡᠭᠳᠡᠬᠦ ᠪᠣᠯᠪᠠᠴᠤ ᠳᠤᠯᠠᠭᠠᠨ ᠤ ᠬᠡᠮᠵᠢᠶ᠎ᠡ ᠨᠢ | ᠲᠣᠭᠲᠠᠪᠤᠷᠢ ᠦᠭᠡᠢ ᠪᠠᠶᠢᠳᠠᠭ᠃ ᠡᠶᠢᠮᠦ ᠠᠴᠠ ᠳᠤᠯᠠᠭᠠᠨ ᠤ ᠬᠡᠮᠵᠢᠶ᠎ᠡ ᠶᠢ ᠴᠠᠭ ᠢᠮᠠᠭᠲᠠ ᠠᠩᠬᠠᠷᠴᠤ᠂ ᠬᠤᠨᠤᠭ ᠤᠨ | ᠪᠤᠷᠳᠤᠭᠠᠨ ᠤ ᠰᠢᠮ᠎ᠡ ᠲᠡᠵᠢᠭᠡᠯ ᠤᠨ ᠪᠦᠷᠢᠨ ᠪᠠᠶᠢᠬᠤ ᠶᠢ ᠪᠠᠲᠤᠯᠠᠨ᠂ ᠬᠠᠷᠠᠭᠠᠯᠵᠠᠭᠰᠠᠨ ᠠᠷᠭ᠎ᠠ ᠬᠡᠮᠵᠢᠶ᠎ᠡ ᠪᠠᠷ ᠪᠦᠷᠢᠨ | ᠬᠠᠩᠭᠠᠬᠤ ᠭᠡᠷᠡᠭᠲᠡᠢ᠃ ᠦᠨᠳᠡᠭᠡᠯᠡᠬᠦ ᠬᠠᠶᠢᠷᠴᠠᠭ ᠢ ᠭᠦᠢᠴᠡᠳ ᠪᠡᠯᠡᠳᠭᠡᠨ ᠴᠡᠪᠡᠷ ᠪᠠᠶᠢᠯᠭᠠᠵᠤ ︵ᠡᠳᠦᠷ ᠪᠦᠷᠢ ᠨᠢᠭᠡ | ᠤᠳᠠᠭ᠎ᠠ ᠴᠡᠪᠡᠷᠯᠡᠵᠦ ᠪᠠᠶᠢᠬᠤ ᠬᠡᠷᠡᠭᠲᠡᠢ︶᠂ ᠪᠠᠶᠢᠷᠢ ᠶᠢᠨ ᠭᠠᠳᠠᠨ᠎ᠠ ᠦᠨᠳᠡᠭᠡᠯᠡᠬᠦ ᠶᠢ ᠪᠠᠭᠠᠰᠬᠠᠨ᠎ᠠ᠃ᠡᠳᠦᠷ | ᠬᠤᠪᠢᠷᠠᠵᠤ ᠰᠠᠯᠬᠢᠯᠠᠵᠤ ᠬᠦᠢᠲᠡᠷᠡᠬᠦ ᠦᠶ᠎ᠡ ᠳᠤ ᠡᠭᠦᠳᠡ ᠴᠤᠩᠬᠤ ᠪᠠ ᠰᠠᠯᠬᠢ ᠨᠡᠪᠲᠡᠷᠡᠬᠦ ᠨᠦᠭᠡ ᠶᠢ ᠬᠠᠭᠠᠵᠤ᠂ | ᠰᠠᠯᠬᠢ ᠦᠯᠦ ᠨᠡᠪᠲᠡᠷᠡᠬᠦ ᠶᠢ ᠪᠠᠲᠤᠯᠠᠬᠤ ᠶᠢᠨ ᠬᠠᠮᠲᠦ ᠳᠤᠯᠠᠭᠠᠨ ᠤ ᠬᠡᠮᠵᠢᠶ᠎ᠡ ᠶᠢ ᠴᠦ ᠪᠠᠲᠤᠯᠠᠬᠤ ᠬᠡᠷᠡᠭᠲᠡᠢ᠃ | ᠬᠠᠪᠤᠷ ᠤᠨ ᠤᠯᠠᠷᠢᠯ ᠳᠤ ᠡᠯᠳᠡᠪ ᠵᠦᠢᠯ ᠤᠨ ᠡᠪᠡᠳᠴᠢᠨ ᠡᠭᠦᠰᠭᠡᠬᠦ ᠮᠢᠺᠷᠤᠪ ᠲᠤᠩ ᠬᠢᠯᠪᠡᠷ ᠦᠷᠡᠵᠢᠨ ᠲᠦᠯᠵᠢᠳᠡᠭ | ᠪᠣᠯᠬᠤᠷ ᠡᠪᠡᠳᠴᠢᠨ ᠳᠡᠯᠭᠡᠷᠡᠬᠦ ᠠᠴᠠ ᠬᠢᠴᠢᠶᠡᠵᠦ᠂ ᠡᠪᠡᠳᠴᠢᠨ ᠬᠢᠵᠢᠭ ᠢ ᠰᠡᠷᠭᠡᠶᠢᠯᠡᠨ ᠪᠠᠶᠢᠴᠠᠭᠠᠬᠤ ᠠᠵᠢᠯ ᠢ | ᠴᠢᠩᠭᠠᠳᠬᠠᠬᠤ ᠬᠡᠷᠡᠭᠲᠡᠢ᠃ ᠡᠭᠦᠨ ᠠᠴᠠ ᠭᠠᠳᠠᠨ᠎ᠠ᠂ ᠲᠡᠵᠢᠭᠡᠯ ᠪᠤᠷᠳᠤᠭᠠᠨ ᠳᠠᠬᠢ ᠡᠨᠧᠷᠬᠢ ᠪᠠ ᠸᠢᠲ᠋ᠠᠮᠢᠨ ᠤ | ᠠᠭᠤᠯᠤᠭᠳᠠᠴᠠ ᠶᠢ ᠨᠡᠮᠡᠵᠦ᠂ ᠲᠠᠬᠢᠶᠠᠨ ᠤ ᠰᠢᠮ᠎ᠡ ᠲᠡᠵᠢᠭᠡᠯ ᠢ ᠲᠡᠩᠴᠡᠭᠦᠷᠢᠲᠡᠢ ᠪᠠᠶᠢᠯᠭᠠᠬᠤ ᠶᠢ ᠠᠩᠬᠠᠷᠬᠤ ᠬᠡᠷᠡᠭᠲᠡᠢ᠃ | | 2.ᠵᠤᠨ ᠤ ᠬᠠᠮᠢᠶᠠᠷᠤᠯᠲᠠ᠃ ᠵᠤᠨ ᠤ ᠤᠯᠠᠷᠢᠯ ᠤᠨ ᠠᠷᠠᠴᠢᠯᠠᠵᠤ ᠲᠡᠵᠢᠭᠡᠬᠦ ᠠᠵᠢᠯ ᠤᠨ ᠭᠤᠣᠯᠳᠠᠯᠭ᠎ᠠ ᠪᠣᠯ | ᠲᠠᠬᠢᠶᠠᠳ ᠤᠨ ᠨᠠᠷᠠᠰᠢᠬᠤ ᠶᠢ ᠰᠡᠷᠭᠡᠶᠢᠯᠡᠬᠦ ᠪᠠ ᠳᠤᠯᠠᠭᠠᠨ ᠤ ᠬᠡᠮᠵᠢᠶ᠎ᠡ ᠶᠢ ᠪᠠᠭᠤᠷᠠᠭᠤᠯᠬᠤ ᠠᠷᠭ᠎ᠠ ᠬᠡᠮᠵᠢᠶ᠎ᠡ ᠶᠢ | ᠠᠪᠴᠤ᠂ ᠰᠢᠮ᠎ᠡ ᠲᠡᠵᠢᠭᠡᠯ ᠭᠦᠢᠴᠡᠳ ᠠᠪᠤᠭᠤᠯᠬᠤ ᠶᠢ ᠪᠠᠲᠤᠯᠠᠨ᠂ ᠪᠤᠶᠢᠵᠢᠯᠲᠡ ᠳᠤ ᠱᠠᠭᠠᠷᠳᠠᠭᠳᠠᠬᠤ ᠬᠡᠷᠡᠭᠴᠡᠭᠡ ᠶᠢ | ᠬᠠᠩᠭᠠᠨ᠎ᠠ᠃ ᠲᠠᠬᠢᠶᠠᠨ ᠤ ᠪᠡᠶ᠎ᠡ ᠶᠢᠨ ᠳᠤᠯᠠᠭᠠᠨ ᠤ ᠬᠡᠮᠵᠢᠶ᠎ᠡ ᠨᠢ ᠪᠣᠰᠤᠳ ᠬᠦᠬᠦᠲᠡᠨ ᠠᠮᠢᠲᠠᠨ ᠠᠴᠠ ᠦᠨᠳᠦᠷ | ᠪᠠᠶᠢᠵᠤ᠂ ᠶᠡᠷᠦ ᠳᠡᠭᠡᠨ 41℃ ~ 42℃ ᠪᠠᠶᠢᠳᠠᠭ ᠶᠤᠮ᠃ ᠲᠠᠬᠢᠶᠠᠨ ᠤ ᠪᠦᠬᠦ ᠪᠡᠶ᠎ᠡ ᠳᠤ ᠦᠳᠦ ᠰᠦᠳᠦ | ᠤᠷᠭᠤᠵᠤ ᠦᠪᠴᠢ ᠪᠡᠶ᠎ᠡ ᠶᠢ ᠨᠢ ᠪᠦᠷᠬᠦᠭᠰᠡᠨ ᠪᠦᠭᠡᠳ ᠬᠦᠯᠦᠰᠦᠨ ᠪᠣᠯᠴᠢᠷᠬᠠᠢ ᠪᠠᠶᠢᠬᠤ ᠦᠭᠡᠢ ᠶᠤᠮ᠃ | ᠡᠶᠢᠮᠦ ᠠᠴᠠ ᠦᠨᠳᠦᠷ ᠳᠤᠯᠠᠭᠠᠨ ᠢ ᠰᠡᠷᠭᠡᠶᠢᠯᠡᠬᠦ ᠴᠢᠳᠠᠮᠵᠢ ᠪᠠᠷ ᠲᠤᠩ ᠪᠠᠷᠤᠭᠲᠠᠢ ᠪᠠᠶᠢᠳᠠᠭ᠃ ᠣᠷᠴᠢᠨ | ᠲᠤᠭᠤᠷᠢᠨ ᠤ ᠳᠤᠯᠠᠭᠠᠨ ᠤ ᠬᠡᠮᠵᠢᠶ᠎ᠡ ᠨᠢ 25℃ ᠠᠴᠠ ᠳᠡᠭᠡᠭᠰᠢ ᠪᠤᠯᠤᠯ᠎ᠠ ᠭᠡᠪᠡᠯ ᠦᠨᠳᠡᠭᠡᠯᠡᠬᠦ ᠨᠤᠷᠮ᠎ᠠ ᠨᠢ | ᠡᠬᠢᠯᠡᠭᠡᠳ ᠪᠠᠭᠤᠷᠠᠴᠢᠬᠠᠳᠠᠭ᠃ ᠲᠡᠭᠦᠨᠴᠢᠯᠡᠨ ᠦᠨᠳᠡᠭᠡᠨ ᠤ ᠬᠠᠯᠢᠰᠤ ᠨᠢᠮᠭᠡᠨ᠂ ᠵᠢᠵᠢᠭ ᠦᠨᠳᠡᠭᠡ ᠪᠤᠶᠤ ᠡᠪᠳᠡᠷᠭᠡᠢ | ᠦᠨᠳᠡᠭᠡ ᠠᠷᠪᠢᠨ ᠭᠠᠷᠬᠤ ᠪᠣᠯᠤᠨ᠎ᠠ᠃ ᠣᠷᠴᠢᠨ ᠲᠤᠭᠤᠷᠢᠨ ᠤ ᠳᠤᠯᠠᠭᠠᠨ ᠤ ᠬᠡᠮᠵᠢᠶ᠎ᠡ 30℃ ᠪᠣᠯᠬᠤ ᠦᠶᠡᠰ | ᠦᠨᠳᠡᠭᠡᠨ ᠤ ᠭᠠᠷᠤᠯᠲᠠ ᠪᠠ ᠢᠳᠡᠰᠢᠨ ᠤ ᠬᠡᠮᠵᠢᠶ᠎ᠡ ᠮᠡᠳᠡᠭᠳᠡᠬᠦᠶᠢᠴᠡ ᠪᠠᠭᠤᠷᠠᠵᠤ᠂ ᠣᠷᠴᠢᠨ ᠲᠤᠭᠤᠷᠢᠨ ᠤ | ᠳᠤᠯᠠᠭᠠᠨ ᠤ ᠬᠡᠮᠵᠢᠶ᠎ᠡ ᠨᠢ 35.5℃ ᠠᠴᠠ ᠳᠡᠭᠡᠭᠰᠢ ᠪᠣᠯᠪᠠᠯ ᠲᠠᠬᠢᠶᠠᠨ ᠳᠤ ᠨᠠᠷᠠᠰᠢᠬᠤ ᠪᠠᠶᠢᠳᠠᠯ ᠢᠯᠡᠷᠡᠳᠡᠭ᠃ | ᠨᠠᠷᠠᠰᠢᠬᠤ ᠠᠴᠠ ᠰᠡᠷᠭᠡᠶᠢᠯᠡᠬᠦ ᠪᠠ ᠳᠤᠯᠠᠭᠠᠨ ᠤ ᠬᠡᠮᠵᠢᠶ᠎ᠡ ᠶᠢ ᠪᠠᠭᠤᠷᠠᠭᠤᠯᠬᠤ ᠶᠢᠨ ᠲᠦᠯᠦᠭᠡ ᠳᠤᠤᠷᠠᠬᠢ ᠠᠷᠭ᠎ᠠ | ᠬᠡᠮᠵᠢᠶ᠎ᠡ ᠶᠢ ᠬᠢᠨᠠᠯᠲᠠ ᠪᠣᠯᠭᠠᠨ ᠬᠡᠷᠡᠭᠵᠢᠭᠦᠯᠵᠦ ᠪᠣᠯᠤᠨ᠎ᠠ᠃ | ︵1︶ ᠲᠠᠬᠢᠶᠠᠨ ᠤ ᠪᠠᠶᠢᠷᠢ ᠶᠢᠨ ᠰᠠᠴᠤᠷᠠᠭ ᠤᠨ ᠬᠠᠯᠠᠭᠤᠨ ᠪᠠ ᠤᠶᠢᠯᠲᠡ ᠶᠢᠨ ᠬᠠᠯᠠᠭᠤᠨ ᠪᠠᠭᠠᠰᠬᠠᠨ᠎ᠠ᠃ | ᠲᠠᠬᠢᠶᠠᠨ ᠤ ᠪᠠᠶᠢᠷᠢ ᠶᠢᠨ ᠣᠶᠢᠷ᠎ᠠ ᠣᠷᠴᠢᠮ ᠳᠤ ᠮᠣᠳᠣ ︵ᠰᠡᠭᠦᠳᠡᠷ ᠶᠡᠭᠡᠲᠡᠢ ᠮᠣᠳᠤ᠂ ᠤᠶᠠᠩᠭᠠᠲᠦ ᠮᠣᠳᠤ ᠮᠡᠲᠦ︶ | ᠪᠠ ᠰᠡᠭᠦᠳᠡᠷᠲᠦ ᠤᠷᠭᠤᠮᠠᠯ ᠲᠠᠷᠢᠨ᠎ᠠ᠃ ᠲᠠᠬᠢᠶᠠᠨ ᠤ ᠪᠠᠶᠢᠷᠢ ᠶᠢᠨ ᠣᠷᠤᠢ ᠶᠢ ᠵᠤᠵᠠᠭᠠᠯᠠᠵᠤ ᠳᠣᠲᠤᠷ᠎ᠠ ᠲᠠᠯ᠎ᠠ ᠳᠤᠨᠢ | ᠵᠣᠬᠢᠶᠠᠮᠡᠯ ᠠᠲᠠᠷ ᠲᠠᠭᠠᠷᠠᠭᠤᠯᠤᠨ᠎ᠠ᠃ ᠲᠠᠬᠢᠶᠠᠨ ᠤ ᠪᠠᠶᠢᠷᠢ ᠶᠢᠨ ᠣᠷᠤᠢ ᠶᠢ ᠴᠠᠭᠠᠨ ᠢᠶᠠᠷ ᠰᠢᠷᠲᠡᠵᠤ᠂ ᠰᠦᠷᠴᠢᠭᠦᠷ | ᠤᠭᠰᠠᠷᠠᠵᠤ ᠴᠠᠭ ᠲᠤᠭᠲᠠᠭᠠᠨ ᠤᠰᠤ ᠰᠦᠷᠴᠢᠨ᠎ᠡ᠃ ᠡᠭᠦᠨ ᠠᠴᠠ ᠭᠠᠳᠠᠨ᠎ᠠ᠂ ᠲᠠᠬᠢᠶᠠᠨ ᠤ ᠪᠠᠶᠢᠷᠢ ᠶᠢᠨ ᠴᠣᠩᠬᠤ | ᠡᠭᠦᠳᠡᠨ ᠳᠤ ᠱᠠ ᠪᠦᠷᠬᠦᠬᠦᠯ ᠡᠯᠭᠦᠵᠦ ᠠᠭᠠᠷ ᠨᠡᠪᠲᠡᠷᠡᠭᠦᠯᠬᠦ ᠶᠢᠨ ᠬᠠᠮᠲᠦ ᠢᠯᠭᠠᠳᠠᠰᠤ ᠶᠢ ᠳᠤᠤᠷ᠎ᠠ ᠳᠤᠤᠷ᠎ᠠ ᠨᠢ | ᠠᠷᠢᠯᠭᠠᠨ ᠴᠡᠪᠡᠷᠯᠡᠵᠤ᠂ ᠪᠤᠷᠳᠤᠭᠠᠨ ᠤ ᠡᠨᠧᠷᠭᠢ ᠶᠢ ᠪᠠᠭᠠᠰᠬᠠᠨ᠂ ᠤᠭᠤᠷᠠᠭ ᠢ 1% ~ 2% ᠢᠶᠠᠷ ᠨᠡᠮᠡᠵᠦ | ᠤᠰᠤᠯᠠᠬᠤ ᠬᠡᠮᠵᠢᠶ᠎ᠡ ᠶᠢ ᠨᠡᠮᠡᠭᠳᠡᠭᠦᠯᠬᠦ ᠬᠡᠷᠡᠭᠲᠡᠢ᠃ | ︵2︶ ᠰᠠᠯᠬᠢ ᠵᠢᠪᠠᠷ ᠨᠡᠪᠲᠡᠷᠡᠭᠦᠯᠵᠦ ᠠᠭᠠᠷ ᠤᠨ ᠰᠤᠯᠢᠯᠴᠠᠭ᠎ᠠ ᠬᠢᠬᠦ ᠴᠠᠭ ᠢ ᠤᠷᠲᠤᠳᠬᠠᠨ᠎ᠠ᠃ ᠰᠠᠯᠬᠢ | ᠨᠡᠪᠲᠡᠷᠡᠭᠦᠯᠳᠡᠭ ᠨᠡᠬᠡᠬᠡᠯᠳᠡᠲᠦ ᠲᠠᠬᠢᠶᠠᠨ ᠤ ᠪᠡᠶᠢᠷᠢ ᠶᠢᠨ ᠡᠭᠦᠳᠡ ᠴᠤᠩᠬᠤ᠂ ᠰᠠᠯᠬᠢ ᠨᠡᠪᠲᠡᠷᠡᠬᠦ ᠨᠦᠭᠡ ᠶᠢ ᠪᠦᠷ | ᠨᠡᠭᠡᠭᠡᠵᠦ᠂ ᠰᠠᠯᠬᠢ ᠨᠡᠪᠲᠡᠷᠡᠭᠦᠯᠬᠦ ᠲᠦᠭᠦᠭᠡᠷᠦᠮᠵᠢ ᠶᠢ ᠡᠳᠦᠷ ᠰᠦᠨᠢ ᠢᠯᠭᠠᠯ ᠦᠭᠡᠢ ᠠᠵᠢᠯᠯᠠᠭᠤᠯᠤᠨ᠎ᠠ᠃ | ᠳᠤᠯᠠᠭᠠᠨ ᠤ ᠬᠡᠮᠵᠢᠶ᠎ᠡ ᠬᠡᠳᠦ ᠦᠨᠳᠦᠷ᠂ ᠲᠠᠬᠢᠶᠠᠨ ᠤ ᠪᠠᠶᠢᠷᠢ ᠶᠢᠨ ᠳᠤᠯᠠᠭᠠᠨ ᠢ ᠪᠠᠭᠤᠷᠠᠭᠤᠯᠵᠤ ᠳᠡᠶᠢᠯᠬᠦ ᠦᠭᠡᠢ | ᠦᠶ᠎ᠡ ᠳᠤ ᠭᠤᠯᠲᠦ ᠪᠠᠷ ᠰᠠᠯᠬᠢ ᠨᠡᠪᠲᠡᠷᠡᠭᠦᠯᠬᠦ ᠶᠢ ᠪᠣᠳᠤᠯᠬᠢᠯᠠᠵᠤ ᠪᠣᠯᠬᠤ ᠪᠦᠭᠡᠳ ᠠᠭᠠᠷ ᠤᠨ ᠤᠷᠤᠰᠬᠠᠯ ᠤᠨ | ᠬᠤᠷᠳᠤᠴᠠ ᠶᠢ ᠨᠡᠮᠡᠭᠳᠡᠭᠦᠯᠵᠦ ᠪᠠᠶᠢᠭᠠᠳ ᠳᠤᠯᠠᠭᠠᠨ ᠤ ᠬᠡᠮᠵᠢᠶ᠎ᠡ ᠶᠢ ᠪᠠᠭᠤᠷᠠᠭᠤᠯᠬᠤ ᠵᠣᠷᠢᠯᠭ᠎ᠠ ᠳᠤ ᠬᠦᠷᠴᠦ ᠪᠣᠯᠤᠨ᠎ᠠ᠃ | ᠡᠩ ᠤᠨ ᠲᠠᠸᠠᠷᠴᠢᠯᠠᠭᠰᠠᠨ ᠲᠠᠬᠢᠶ᠎ᠠ ᠲᠡᠵᠢᠭᠡᠬᠦ ᠲᠠᠯᠠᠪᠠᠢ ᠨᠢ ᠴᠠᠬᠢᠯᠭᠠᠨ ᠰᠠᠩᠰᠠ ᠪᠠᠷ ᠰᠠᠯᠬᠢ ᠦᠯᠢᠶᠡᠯᠭᠡᠵᠦ | ᠲᠠᠬᠢᠶᠠᠨ ᠤ ᠪᠡᠶ᠎ᠡ ᠶᠢᠨ ᠳᠤᠯᠠᠭᠠᠨ ᠤ ᠬᠡᠮᠵᠢᠶ᠎ᠡ ᠶᠢ ᠪᠠᠭᠤᠷᠠᠭᠤᠯᠬᠤ ᠳᠠᠭᠠᠨ ᠲᠤᠯᠤᠭᠠᠢ ᠶᠢᠨ ᠭᠡᠰᠡᠭ ᠢ ᠨᠢ ᠢᠯᠡᠭᠦᠦ | ᠦᠯᠢᠶᠡᠯᠭᠡᠵᠦ ᠰᠡᠷᠢᠭᠦᠴᠡᠭᠦᠯᠬᠦ ᠬᠡᠷᠡᠭᠲᠡᠢ᠃ | ︵3︶ ᠨᠤᠶᠢᠲᠡᠨ ᠤᠷᠬᠢᠭᠤᠯ ᠢᠶᠠᠷ ᠲᠠᠬᠢᠶᠠᠨ ᠤ ᠪᠠᠶᠢᠷᠢ ᠶᠢᠨ ᠳᠤᠯᠠᠭᠠᠨ ᠤ ᠬᠡᠮᠵᠢᠶ᠎ᠡ ᠶᠢ ᠪᠠᠭᠤᠷᠠᠭᠤᠯᠤᠨ᠎ᠠ᠃ | ᠳᠠᠷᠤᠴᠠ ᠶᠢ ᠲᠦᠰᠢᠭᠯᠡᠵᠦ ᠰᠠᠯᠬᠢ ᠨᠡᠪᠲᠡᠷᠡᠭᠦᠯᠵᠦ ᠪᠠᠶᠢᠭ᠎ᠠ ᠲᠠᠬᠢᠶᠠᠨ ᠤ ᠪᠠᠶᠢᠷᠢ ᠶᠢᠨ ᠬᠡᠢ ᠣᠷᠤᠬᠤ ᠨᠦᠬᠡ ᠳᠡᠭᠡᠷ᠎ᠡ | ᠨᠢ ᠨᠤᠶᠢᠲᠡᠨ ᠣᠷᠬᠢᠭᠤᠯ ᠤᠭᠰᠠᠷᠠᠵᠤ ᠲᠠᠯᠪᠢᠪᠡᠯ ᠲᠠᠬᠢᠶᠠᠨ ᠤ ᠪᠠᠶᠢᠷᠢ ᠶᠢᠨ ᠳᠤᠯᠠᠭᠠᠨ ᠤ ᠬᠡᠮᠵᠢᠶ᠎ᠡ ᠶᠢ 5℃ ~ | 7℃ ᠪᠠᠭᠤᠷᠠᠭᠤᠯᠵᠤ ᠳᠡᠶᠢᠯᠳᠡᠭ᠃ | ︵4︶ ᠮᠠᠨᠠᠨᠳᠤᠭᠤᠯᠵᠤ ᠳᠤᠯᠠᠭᠠᠨ ᠤ ᠬᠡᠮᠵᠢᠶ᠎ᠡ ᠶᠢ ᠪᠠᠭᠤᠷᠠᠭᠤᠯᠤᠨ᠎ᠠ᠃ ᠲᠠᠬᠢᠶᠠᠨ ᠤ ᠪᠠᠶᠢᠷᠢ ᠪᠤᠶᠤ | ᠲᠠᠬᠢᠶᠠᠨ ᠤ ᠰᠢᠩᠭᠡᠯᠢᠭ ᠤᠨ ᠣᠷᠤᠢ ᠳᠡᠭᠡᠷ᠎ᠡ ᠮᠠᠨᠠᠨᠳᠤᠭᠤᠯᠬᠤ ᠪᠠᠭᠠᠵᠢ ᠤᠭᠰᠠᠷᠠᠭᠠᠳ ᠲᠠᠬᠢᠶᠠᠨ ᠤ ᠪᠡᠶ᠎ᠡ ᠵᠦᠭ | ᠰᠢᠭᠤᠳ ᠮᠠᠨᠠᠨ ᠦᠯᠢᠶᠡᠯᠭᠡᠨᠡ᠃ ᠦᠨᠳᠦᠷ ᠳᠠᠷᠤᠯᠳᠠᠲᠦ ᠰᠢᠬᠠᠭᠤᠷ ᠤᠨ ᠰᠤᠩᠭᠤᠨ ᠬᠡᠷᠡᠭᠯᠡᠬᠦ ᠬᠡᠷᠡᠭᠲᠡᠢ᠃ ᠬᠡᠷᠪᠡ | ᠡᠶᠢᠮᠦ ᠨᠦᠬᠦᠴᠡᠯ ᠦᠭᠡᠢ ᠪᠣᠯ ᠭᠠᠷ ᠢᠶᠠᠷ ᠳᠠᠷᠤᠬᠤ ᠬᠡᠯᠪᠡᠷᠢ ᠶᠢᠨ ᠠᠷᠭ᠎ᠠ ᠶᠢ ᠴᠦ ᠬᠡᠷᠡᠭᠯᠡᠵᠦ ᠪᠣᠯᠤᠨ᠎ᠠ᠃ | ︵5︶ ᠰᠡᠷᠢᠭᠦᠨ ᠲᠤᠩᠭᠠᠯᠠᠭ ᠤᠰᠤ ᠬᠠᠩᠭᠠᠵᠤ ᠳᠤᠯᠠᠭᠠᠨ ᠤ ᠬᠡᠮᠵᠢᠶ᠎ᠡ ᠶᠢ ᠪᠠᠭᠤᠷᠠᠭᠤᠯᠤᠨ᠎ᠠ᠃ ᠵᠤᠨ ᠤ | ᠤᠯᠠᠷᠢᠯ ᠳᠤ ᠤᠤᠭᠤᠯᠭᠠᠬᠤ ᠤᠰᠤ ᠶᠢ ᠰᠡᠷᠢᠭᠦᠨ ᠪᠦᠭᠡᠳ ᠲᠤᠩᠭᠠᠯᠠᠭ ︵ᠴᠡᠪᠡᠷ︶ ᠪᠠᠶᠢᠯᠭᠠᠵᠤ᠂ ᠶᠡᠷᠦ ᠳᠡᠭᠡᠨ | 10℃ ~ 20℃ ᠤᠨ ᠤᠰᠤ ᠪᠣᠯ ᠲᠤᠬᠢᠷᠠᠮᠵᠢᠲᠡᠢ ᠪᠠᠶᠢᠳᠠᠭ᠃ ᠤᠰᠤᠨ ᠤ ᠳᠤᠯᠠᠭᠠᠨ ᠤ ᠬᠡᠮᠵᠢᠶ᠎ᠡ | 32℃~35℃ ᠪᠠᠶᠢᠪᠠᠯ ᠤᠰᠤᠯᠠᠬᠤ ᠬᠡᠮᠵᠢᠶ᠎ᠡ ᠶᠢ ᠬᠠᠰᠤᠵᠤ᠂ ᠤᠰᠤᠨ ᠤ ᠳᠤᠯᠠᠭᠠᠨ ᠤ ᠬᠡᠮᠵᠢᠶ᠎ᠡ ᠨᠢ | 44℃ ᠠᠴᠠ ᠳᠡᠭᠡᠭᠰᠢ ᠪᠠᠶᠢᠪᠠᠯ ᠤᠰᠤᠯᠠᠬᠤ ᠪᠠᠨ ᠪᠤᠯᠢᠨ᠎ᠠ᠃ ᠤᠰᠤᠨ ᠤ ᠳᠤᠯᠠᠭᠠᠨ ᠤ ᠬᠡᠮᠵᠢᠶ᠎ᠡ ᠨᠢ ᠲᠠᠬᠢᠶᠠᠨ ᠤ | ᠪᠡᠶ᠎ᠡ ᠶᠢᠨ ᠳᠤᠯᠠᠭᠠᠨ ᠳᠤ ᠲᠤᠬᠢᠷᠠᠭᠤᠯᠬᠤ ᠦᠢᠯᠡᠳᠦᠯ ᠦᠵᠡᠭᠦᠯᠳᠡᠭ᠃ ᠠᠭᠠᠭᠢᠮ᠎ᠠ ᠬᠠᠯᠠᠭᠤᠨ ᠳᠤ ᠲᠠᠬᠢᠶ᠎ᠠ | ᠭᠤᠣᠯᠳᠠᠭᠤ ᠤᠰᠤᠨ ᠤ ᠠᠭᠤᠷᠰᠢᠬᠤ ᠪᠠᠷ ᠳᠠᠮᠵᠢᠨ ᠪᠡᠶ᠎ᠡ ᠶᠢᠨ ᠬᠠᠯᠠᠭᠤᠨ ᠢᠶᠠᠨ ᠰᠠᠷᠨᠢᠭᠤᠯᠳᠠᠭ᠃ ᠤᠰᠤ ᠤᠤᠭᠤᠬᠤ | ᠬᠡᠮᠵᠢᠶ᠎ᠡ ᠨᠢ ᠬᠦᠷᠦᠯᠴᠡᠬᠦ ᠦᠭᠡᠢ ᠪᠤᠶᠤ ᠤᠰᠤᠨ ᠤ ᠳᠤᠯᠠᠭᠠᠨ ᠤ ᠬᠡᠮᠵᠢᠶ᠎ᠡ ᠨᠢ ᠦᠨᠳᠦᠷ ᠪᠣᠯ ᠲᠠᠬᠢᠶᠠᠨ ᠤ | ᠬᠠᠯᠠᠭᠤᠨ ᠢ ᠡᠰᠡᠷᠬᠦᠴᠡᠬᠦ ᠴᠢᠳᠠᠪᠦᠷᠢ ᠨᠢ ᠳᠣᠷᠤᠭᠰᠢᠯᠠᠳᠠᠭ᠃ ᠲᠠᠬᠢᠶᠠᠨ ᠳᠤ ᠬᠦᠢᠲᠡᠨ ᠤᠰᠤ ᠤᠤᠭᠤᠯᠭᠠᠪᠠᠯ | ᠢᠳᠡᠭᠡᠨ ᠤ ᠳᠤᠷᠠᠰᠢᠯ ᠢ ᠨᠢ ᠰᠡᠷᠭᠦᠭᠡᠵᠦ ᠢᠳᠡᠰᠢᠯᠡᠬᠦ ᠬᠡᠮᠵᠢᠶ᠎ᠡ ᠶᠢ ᠨᠡᠮᠡᠭᠳᠡᠭᠦᠯᠵᠦ ᠦᠨᠳᠡᠭᠡᠨ ᠤ ᠭᠠᠷᠤᠯᠲᠠ ᠪᠠ | ᠦᠨᠳᠡᠭᠡᠨ ᠤ ᠬᠦᠨᠳᠦ ᠶᠢᠨ ᠬᠡᠮᠵᠢᠶ᠎ᠡ ᠨᠢ ᠴᠦ ᠨᠡᠮᠡᠭᠳᠡᠳᠡᠭ᠃ ᠰᠢᠩᠭᠡᠯᠢᠭ ᠲᠤ ᠲᠡᠵᠢᠭᠡᠵᠦ ᠪᠠᠶᠢᠭ᠎ᠠ ᠲᠠᠬᠢᠶ᠎ᠠ | ᠬᠠᠯᠠᠭᠤᠨ ᠳᠤ ᠮᠠᠰᠢ ᠠᠮᠠᠷᠬᠠᠨ ᠰᠢᠩᠭᠡᠨ ᠢᠶᠠᠷ ᠪᠠᠭᠠᠳᠠᠭ ᠤᠨ ᠭᠤᠣᠯ ᠰᠢᠯᠲᠠᠭᠠᠨ ᠨᠢ ᠬᠦᠢᠲᠡᠨ ᠤᠰᠤ ᠶᠢ ᠬᠡᠳᠦ | ᠤᠤᠭᠤᠭᠰᠠᠨ ᠪᠤᠶᠤ ᠪᠤᠵᠠᠷ ᠤᠰᠤ ᠤᠤᠭᠤᠭᠰᠠᠨ ᠠᠴᠠ ᠪᠤᠯᠤᠭᠰᠠᠨ ᠶᠤᠮ᠃ ᠰᠢᠩᠭᠡᠨ ᠢᠶᠠᠷ ᠪᠠᠭᠠᠬᠤ ᠶᠢ | ᠰᠡᠷᠭᠡᠶᠢᠯᠡᠬᠦ ᠶᠢᠨ ᠦᠨᠳᠦᠰᠦᠨ ᠠᠷᠭ᠎ᠠ ᠬᠡᠮᠵᠢᠶ᠎ᠡ ᠪᠣᠯ ᠲᠠᠬᠢᠶᠠᠨ ᠤ ᠪᠠᠶᠢᠷᠢ ᠶᠢᠨ ᠳᠤᠯᠠᠭᠠᠨ ᠤ ᠬᠡᠮᠵᠢᠶ᠎ᠡ ᠶᠢ | ᠪᠠᠭᠤᠷᠠᠭᠤᠯᠵᠤ᠂ ᠰᠠᠯᠬᠢ ᠨᠡᠪᠲᠡᠷᠡᠬᠦ ᠶᠢ ᠰᠠᠶᠢᠵᠢᠷᠠᠭᠤᠯᠬᠤ ᠳᠤ ᠪᠠᠶᠢᠨ᠎ᠠ᠃ ᠡᠭᠦᠨ ᠠᠴᠠ ᠭᠠᠳᠠᠨ᠎ᠠ ᠬᠦᠢᠲᠡᠨ ᠤᠰᠤ | ᠤᠤᠭᠤᠬᠤ ᠬᠡᠮᠵᠢᠶ᠎ᠡ ᠶᠢ ᠨᠢ ᠵᠤᠬᠢᠰᠲᠠᠢ ᠬᠢᠵᠠᠭᠠᠷᠯᠠᠵᠤ ᠪᠤᠯᠤᠨ᠎ᠠ᠃ | ︵6︶ ᠲᠡᠵᠢᠭᠡᠬᠦ ᠨᠢᠭᠲᠠᠴᠠ ᠶᠢ ᠪᠠᠭᠠᠰᠬᠠᠵᠤ ᠳᠤᠯᠠᠭᠠᠨ ᠤ ᠬᠡᠮᠵᠢᠶ᠎ᠡ ᠶᠢ ᠪᠠᠭᠤᠷᠠᠭᠤᠯᠤᠨ᠎ᠠ᠃ ᠳᠤᠯᠠᠭᠠᠨ ᠤ | ᠬᠡᠮᠵᠢᠶ᠎ᠡ ᠬᠡᠳᠦ ᠦᠨᠳᠦᠷ᠂ ᠲᠠᠬᠢᠶᠠᠨ ᠤ ᠪᠠᠶᠢᠷᠢ ᠶᠢᠨ ᠢᠯᠴᠢ ᠰᠠᠷᠨᠢᠭᠤᠯᠬᠤ ᠲᠦᠭᠦᠭᠡᠷᠦᠮᠵᠢ ᠨᠢ ᠦᠢᠯᠡᠳᠦᠯ | ᠪᠠᠳᠠᠷᠠᠭᠤᠯᠵᠤ ᠳᠡᠶᠢᠯᠬᠦ ᠦᠭᠡᠢ ᠦᠶ᠎ᠡ ᠳᠤ ᠲᠠᠬᠢᠶᠠᠨ ᠤ ᠨᠢᠭᠲᠠᠴᠠ ᠶᠢ ᠪᠠᠭᠠᠰᠬᠠᠨ ᠲᠠᠬᠢᠶᠠᠳ ᠢ ᠲᠠᠷᠠᠬᠠᠢ ᠲᠡᠵᠢᠭᠡᠨ᠂ | ᠲᠡᠬᠢᠶᠠᠨ ᠤ ᠪᠠᠶᠢᠷᠢ ᠶᠢᠨ ᠪᠠᠭᠲᠠᠭᠠᠮᠵᠢ ᠶᠢᠨ ᠠᠭᠤᠵᠢᠮ ᠪᠠᠶᠢᠯᠭᠠᠪᠠᠯ ᠲᠠᠬᠢᠶᠠᠳ ᠬᠠᠯᠠᠭᠤᠳᠠᠭᠰᠠᠨ ᠠᠴᠠ ᠪᠣᠯᠵᠤ ᠡᠯᠳᠡᠪ | ᠵᠦᠢᠯ ᠤᠨ ᠡᠪᠡᠳᠴᠢᠨ ᠳᠤ ᠨᠡᠷᠪᠡᠭᠳᠡᠬᠦ ᠶᠢ ᠰᠡᠷᠭᠡᠶᠢᠯᠡᠵᠦ ᠴᠢᠳᠠᠨ᠎ᠠ᠃ | ︵7︶ ᠭᠡᠷᠡᠯ ᠤᠨ ᠳᠤᠰᠬᠠᠯᠲᠠ ᠶᠢ ᠵᠠᠪᠰᠠᠷᠯᠠᠵᠤ ᠳᠤᠯᠠᠭᠠᠨ ᠤ ᠬᠡᠮᠵᠢᠶ᠎ᠡ ᠶᠢ ᠪᠠᠭᠤᠷᠠᠭᠤᠯᠤᠨ᠎ᠠ᠃ ᠵᠣᠨ ᠤ | ᠤᠯᠠᠷᠢᠯ ᠳᠤ ᠲᠠᠬᠢᠶᠠᠨ ᠤ ᠪᠠᠶᠢᠷᠢ ᠶᠢᠨ ᠳᠤᠯᠠᠭᠠᠨ ᠤ ᠬᠡᠮᠵᠢᠶ᠎ᠡ ᠨᠢ 25℃ ᠡᠴᠡᠲ᠋ᠡᠭᠡᠭᠰᠢ ᠪᠣᠯᠬᠤ ᠦᠶ᠎ᠡ ᠳᠤ 2 | ᠴᠠᠭ ᠭᠡᠷᠡᠯ ᠳᠤᠰᠬᠠᠨ᠎ᠠ᠃ ᠬᠡᠷᠪᠡ ᠦᠨᠳᠡᠭᠡᠯᠡᠵᠦ ᠪᠠᠶᠢᠭ᠎ᠠ ᠲᠠᠬᠢᠶ᠎ᠠ ᠨᠢ ᠬᠠᠯᠠᠭᠤᠨ ᠠᠴᠠ ᠪᠤᠯᠵᠤ ᠭᠦᠢᠴᠡᠳ ᠢᠳᠡᠵᠦ | ᠳᠡᠶᠢᠯᠦᠭᠰᠡᠨ ᠦᠭᠡᠢ ᠪᠣᠯ ᠲᠤᠰ ᠲᠤᠨᠢ ᠭᠡᠷᠡᠯ ᠨᠦᠭᠦᠵᠦ ᠳᠤᠰᠬᠠᠵᠤ ᠪᠣᠯᠤᠨ᠎ᠠ᠃ ᠢᠩᠭᠢᠪᠡᠯ ᠦᠨᠳᠡᠭᠡᠯᠡᠬᠦ | ᠨᠤᠷᠮ᠎ᠠ ᠶᠢ ᠨᠢ 5% ~ 10% ᠪᠠᠷ ᠨᠡᠮᠡᠭᠳᠡᠭᠦᠯᠵᠦ ᠳᠡᠶᠢᠯᠦᠨ᠎ᠡ᠃ | ︵8︶ ᠬᠤᠨᠤᠭ ᠤᠨ ᠪᠤᠷᠳᠤᠭᠠᠨ ᠳᠤᠨᠢ ᠬᠠᠯᠠᠭᠤᠨ ᠢ ᠡᠰᠡᠷᠭᠦᠴᠡᠬᠦ ᠨᠡᠮᠡᠯᠲᠡ ᠡᠳ᠋ ᠬᠤᠳᠬᠤᠵᠤ | ᠳᠤᠯᠠᠭᠠᠨ ᠤ ᠬᠡᠮᠵᠢᠶ᠎ᠡ ᠶᠢ ᠪᠠᠭᠤᠷᠠᠭᠤᠯᠤᠨ᠎ᠠ᠃ ᠵᠤᠨ ᠤ ᠬᠠᠯᠠᠭᠤᠨ ᠳᠤ ᠲᠠᠬᠢᠶᠠᠨ ᠤ ᠢᠳᠡᠰᠢᠯᠡᠬᠦ ᠳᠤᠷᠠᠰᠢᠯ | ᠮᠠᠭᠤᠲᠠᠵᠤ᠂ ᠢᠳᠡᠬᠦ ᠨᠢ ᠪᠠᠭᠠᠰᠳᠠᠭ᠃ ᠦᠨᠳᠡᠭᠡᠯᠡᠬᠦ ᠲᠤᠭ᠎ᠠ ᠶᠢ ᠪᠠᠲᠤᠯᠠᠬᠤ ᠶᠢᠨ ᠲᠦᠯᠦᠭᠡ ᠲᠠᠬᠢᠶᠠᠨ ᠤ | ᠢᠳᠡᠰᠢᠯᠡᠬᠦ ᠬᠡᠮᠵᠢᠶ᠎ᠡ ᠶᠢ ᠦᠨᠳᠦᠰᠦᠯᠡᠵᠦ ᠬᠤᠨᠤᠭ ᠤᠨ ᠪᠤᠷᠳᠤᠭᠠᠨ ᠤ ᠦᠳᠭᠡᠴᠡ ᠶᠢᠨ ᠬᠡᠮᠵᠢᠶ᠎ᠡ ᠶᠢ ᠵᠤᠬᠢᠰᠲᠠᠢ | ᠲᠣᠬᠢᠷᠠᠭᠤᠯᠵᠤ ᠪᠣᠯᠤᠨ᠎ᠠ᠃ ᠢᠩᠭᠢᠪᠡᠯ ᠲᠠᠬᠢᠶᠠᠨ ᠤ ᠢᠳᠡᠰᠢᠯᠡᠬᠦ ᠬᠡᠮᠵᠢᠶ᠎ᠡ ᠨᠢ ᠬᠡᠳᠦᠶᠢᠪᠡᠷ ᠪᠠᠭ᠎ᠠ ᠪᠣᠯᠪᠠᠴᠤ ᠡᠳᠦᠷ | ᠪᠦᠷᠢ 1.17 ᠺᠠᠯᠤᠷᠢ ᠠᠴᠠ ᠰᠤᠯᠢᠯᠴᠠᠭᠠᠨ ᠤ ᠡᠨᠧᠷᠬᠢ ᠪᠠ ᠬᠠᠷᠠᠭᠠᠯᠵᠠᠭᠰᠠᠨ ᠪᠦᠳᠦᠭᠦᠯᠢᠭ ᠤᠭᠤᠷᠠᠭ ᠢ | ᠢᠳᠡᠭᠰᠡᠨ ᠠᠴᠠ ᠪᠣᠯᠵᠤ ᠦᠨᠳᠡᠭᠡᠯᠡᠯᠲᠡ ᠶᠢᠨ ᠨᠤᠷᠮ᠎ᠠ ᠪᠠᠨ ᠪᠠᠲᠤᠯᠠᠵᠤ ᠴᠢᠳᠠᠬᠤ ᠪᠣᠯᠤᠨ᠎ᠠ᠃ ᠡᠭᠦᠨ ᠠᠴᠠ | ᠭᠠᠳᠠᠨ᠎ᠠ᠂ ᠦᠭᠡᠭᠦᠨ ᠤ ᠡᠵᠡᠯᠡᠭᠦᠨ ᠪᠠᠭ᠎ᠠ᠂ ᠴᠡᠪᠡᠷ ᠡᠨᠧᠷᠬᠢ ᠶᠢᠨ ᠠᠭᠤᠯᠤᠭᠳᠠᠬᠤᠨ ᠡᠯᠪᠡᠭ᠂ ᠢᠯᠴᠢ ᠶᠢᠨ ᠨᠡᠮᠡᠭᠳᠡᠯ | ᠪᠠᠭ᠎ᠠ ᠪᠣᠯᠬᠤᠷ ᠦᠨᠳᠦᠷ ᠳᠤᠯᠠᠭᠠᠨ ᠤ ᠨᠦᠭᠦᠴᠡᠯ ᠳᠤᠤᠷ᠎ᠠ᠂ ᠬᠡᠷᠪᠡ 3% ~ 5% ᠶᠢᠨ ᠦᠭᠡᠬᠦ ᠪᠠᠷ ᠭᠡᠰᠡᠭ | ᠡᠨᠧᠷᠬᠢᠲᠦ ᠪᠤᠷᠳᠤᠭ᠎ᠠ ᠶᠢ ᠣᠷᠤᠯᠠᠭᠤᠯᠪᠠᠯ ᠲᠠᠬᠢᠶᠠᠨ ᠤ ᠴᠡᠪᠡᠷ ᠡᠨᠧᠷᠬᠢ ᠶᠢ ᠬᠦᠯᠢᠶᠡᠨ ᠠᠪᠬᠤ ᠬᠡᠮᠵᠢᠶ᠎ᠡ ᠶᠢ | ᠨᠡᠮᠡᠭᠳᠡᠭᠦᠯᠵᠦ᠂ ᠲᠠᠬᠢᠶᠠᠨ ᠤ ᠦᠨᠳᠡᠭᠡᠯᠡᠬᠦ ᠨᠤᠷᠮ᠎ᠠ ᠶᠢ ᠳᠡᠭᠡᠭᠰᠢᠯᠡᠬᠦᠯᠬᠦ ᠳᠤ ᠲᠤᠩ ᠰᠠᠶᠢᠨ ᠦᠢᠯᠡᠳᠦᠯ ᠲᠠᠢ ᠪᠠᠶᠢᠳᠠᠭ᠃ | ᠨᠠᠷᠠᠰᠢᠬᠤ ᠶᠢ ᠰᠡᠷᠭᠡᠶᠢᠯᠡᠵᠦ᠂ ᠳᠤᠯᠠᠭᠠᠨ ᠤ ᠬᠡᠮᠵᠢᠶ᠎ᠡ ᠶᠢ ᠪᠠᠭᠤᠷᠠᠭᠤᠯᠬᠤ ᠪᠠᠰᠠ ᠨᠢᠭᠡᠨ ᠠᠷᠭ᠎ᠠ ᠪᠣᠯ ᠲᠡᠵᠢᠭᠡᠯ | ᠪᠤᠷᠳᠤᠭ᠎ᠠ ᠬᠢᠭᠡᠳ ᠤᠤᠭᠤᠬᠤ ᠤᠰᠤᠨ ᠳᠤᠨᠢ 0.02% ᠤᠨ ᠸᠢᠲ᠋ᠠᠮᠢᠨ C ᠪᠤᠶᠤ ᠬᠠᠯᠠᠭᠤᠨ ᠢ ᠡᠰᠡᠷᠭᠦᠴᠡᠬᠦ | ᠨᠡᠮᠡᠯᠲᠡ ᠡᠳ᠋ ᠢ ᠨᠡᠮᠡᠵᠦ ᠳᠤᠯᠠᠭᠠᠨ ᠤ ᠪᠠᠭᠤᠷᠠᠭᠤᠯᠵᠤ ᠪᠣᠯᠳᠠᠭ᠃ | 3.ᠨᠠᠮᠤᠷ ᠤᠨ ᠬᠠᠮᠢᠶᠠᠷᠤᠯᠲᠠ᠃ ᠨᠠᠮᠤᠷ ᠲᠡᠭᠷᠢ ᠤᠯᠠᠮ ᠢᠶᠠᠷ ᠬᠦᠢᠲᠡᠷᠡᠵᠤ ᠡᠳᠦᠷ ᠣᠬᠤᠷ ᠪᠣᠯᠵᠤ ᠪᠠᠶᠢᠭ᠎ᠠ | ᠲᠤᠯᠠ ᠦᠨᠳᠡᠭᠡᠯᠡᠬᠦ ᠲᠠᠬᠢᠶᠠᠨ ᠳᠤ ᠵᠤᠬᠢᠶᠠᠮᠠᠯ ᠭᠡᠷᠡᠯ ᠤᠨ ᠳᠤᠰᠬᠠᠯᠲᠠ ᠨᠦᠬᠦᠪᠦᠷᠢᠯᠡᠬᠦ ᠨᠢ ᠦᠨᠳᠡᠭᠡᠯᠡᠬᠦ ᠶᠢ | ᠠᠬᠢᠭᠤᠯᠬᠤ ᠳᠤ ᠠᠰᠢᠭᠲᠠᠢ ᠪᠠᠶᠢᠳᠠᠭ᠃ ᠨᠡᠬᠡᠬᠡᠯᠳᠡᠲᠦ ᠲᠠᠬᠢᠶᠠᠨ ᠤ ᠪᠠᠶᠢᠷᠢ ᠳᠤ ᠬᠦᠢᠲᠡᠨ ᠠᠴᠠ ᠰᠡᠷᠭᠡᠶᠢᠯᠡᠬᠦ | ᠪᠡᠯᠡᠳᠭᠡᠯ ᠠᠵᠢᠯ ᠢ ᠤᠷᠢᠳᠴᠢᠯᠠᠨ ᠬᠢᠵᠦ᠂ ᠰᠦᠨᠢ ᠵᠠᠷᠢᠮ ᠦᠶ᠎ᠡ ᠳᠤ ᠡᠭᠦᠳᠡ ᠴᠣᠩᠬᠤ ᠶᠢ ᠨᠢ ᠬᠠᠭᠠᠵᠤ᠂ ᠵᠠᠷᠢᠮ | ᠲᠠᠬᠢᠶᠠᠨ ᠤ ᠲᠠᠭᠰᠢᠭᠤᠷᠳᠠᠬᠤ ᠠᠴᠠ ᠰᠡᠷᠭᠡᠶᠢᠯᠡᠬᠦ ᠬᠡᠷᠡᠭᠲᠡᠢ᠃ ᠡᠳᠡᠭᠡᠷ ᠠᠴᠠ ᠭᠠᠳᠠᠨ᠎ᠠ ᠲᠠᠬᠢᠶᠠᠨ ᠤ ᠲᠡᠵᠢᠭᠡᠯ | ᠪᠤᠷᠳᠤᠭ᠎ᠠ ᠶᠢᠨ ᠨᠠᠶᠢᠷᠠᠭᠤᠯᠭ᠎ᠠ ᠶᠢᠨ ᠲᠣᠭᠲᠠᠮᠠᠯ ᠴᠢᠨᠠᠷ ᠢ ᠪᠠᠲᠤᠯᠠᠨ᠂ ᠦᠳᠦ ᠰᠦᠳᠦ ᠰᠤᠯᠢᠬᠤ ᠪᠤᠶᠤ | ᠦᠨᠳᠡᠭᠡᠯᠡᠬᠦ ᠪᠠᠨ ᠵᠣᠭᠰᠤᠭᠰᠠᠨ ᠲᠠᠬᠢᠶ᠎ᠠ ᠶᠢ ᠰᠢᠯᠢᠵᠦ ᠭᠠᠷᠭᠠᠨ᠂ ᠭᠡᠷᠡᠯ ᠳᠤᠰᠬᠠᠬᠤ ᠴᠠᠭ ᠢ ᠨᠢᠭᠡ ᠴᠠᠭ | ᠤᠷᠲᠤᠳᠬᠠᠵᠤ᠂ ᠡᠪᠡᠳᠴᠢᠨ ᠰᠡᠷᠭᠡᠶᠢᠯᠡᠬᠦ ᠡᠮ ᠢ ᠬᠡᠷᠡᠭᠯᠡᠨ᠂ ᠡᠪᠦᠯ ᠤᠨ ᠪᠡᠯᠡᠳᠭᠡᠯ ᠠᠵᠢᠯ ᠢ ᠡᠷᠲᠡ ᠠᠴᠠ ᠭᠠᠷᠲᠠᠨ | ᠬᠢᠬᠦ ᠬᠡᠷᠡᠭᠲᠡᠢ᠃ | 4.ᠡᠪᠦᠯ ᠤᠨ ᠬᠠᠮᠢᠶᠠᠷᠤᠯᠲᠠ᠃ ᠡᠪᠦᠯ ᠤᠨ ᠤᠯᠠᠷᠢᠯ ᠳᠤ ᠳᠤᠯᠠᠭᠠᠨ ᠤ ᠬᠡᠮᠵᠢᠶ᠎ᠡ ᠬᠠᠮᠤᠭ ᠤᠨ ᠳᠤᠤᠷ᠎ᠠ | ᠪᠠᠶᠢᠳᠠᠭ᠃ ᠡᠨᠡ ᠦᠶ᠎ᠡ ᠳᠤ ᠨᠢᠭᠲᠠ ᠪᠢᠲᠡᠭᠦᠮᠵᠢᠯᠡᠭᠰᠡᠨ ᠲᠠᠬᠢᠶᠠᠨ ᠤ ᠪᠠᠶᠢᠷᠢ ᠪᠤᠶᠤ ᠨᠡᠬᠡᠬᠡᠯᠳᠡᠲᠦ ᠲᠠᠬᠢᠶᠠᠨ ᠤ | ᠪᠠᠶᠢᠷᠢ ᠶᠢᠨ ᠬᠦᠢᠲᠡᠷᠡᠬᠦ ᠠᠴᠠ ᠰᠡᠷᠭᠡᠶᠢᠯᠡᠬᠦ ᠠᠵᠢᠯ ᠢ ᠰᠠᠶᠢᠳᠤᠷ ᠬᠢᠬᠦ ᠬᠡᠷᠡᠭᠲᠡᠢ᠃ ᠶᠡᠷᠦ ᠳᠡᠭᠡᠨ ᠳᠤᠯᠠᠭᠠᠨ ᠤ | ᠬᠡᠮᠵᠢᠶ᠎ᠡ ᠳᠤᠤᠷ᠎ᠠ ᠪᠠᠶᠢᠬᠤ ᠨᠢ ᠲᠠᠬᠢᠶᠠᠨ ᠳᠤ ᠶᠡᠭᠡ ᠨᠦᠯᠦᠭᠡ ᠪᠣᠯᠬᠤ ᠦᠭᠡᠢ ᠶᠤᠮ᠂ ᠭᠡᠪᠡᠴᠦ ᠬᠡᠳᠦ ᠳᠤᠤᠷ᠎ᠠ | ᠪᠣᠯᠪᠠᠯ ᠦᠨᠳᠡᠭᠡᠨ ᠤ ᠭᠠᠷᠤᠯᠲᠠ ᠪᠠ ᠲᠡᠵᠢᠭᠡᠯ ᠪᠤᠷᠳᠤᠭᠠᠨ ᠤ ᠬᠤᠪᠢᠷᠠᠭᠠᠯᠲᠠ ᠶᠢᠨ ᠨᠤᠷᠮ᠎ᠠ ᠶᠢ ᠳᠣᠷᠤᠭᠰᠢᠯᠠᠭᠤᠯᠳᠠᠭ᠃ | ᠲᠠᠬᠢᠶᠠᠨ ᠤ ᠪᠠᠶᠢᠷᠢ ᠶᠢᠨ ᠳᠤᠯᠠᠭᠠᠨ ᠤ ᠬᠡᠮᠵᠢᠶ᠎ᠡ 7℃ ᠪᠠᠶᠢᠬᠤ ᠦᠶ᠎ᠡ ᠳᠤ ᠦᠢᠯᠡᠳᠪᠦᠷᠢᠯᠡᠯ ᠨᠢ | ᠦᠨᠳᠦᠰᠦᠨ ᠳᠡᠭᠡᠨ ᠬᠡᠪ ᠤᠨ ᠪᠠᠶᠢᠳᠠᠯ ᠳᠠᠭᠠᠨ ᠪᠠᠶᠢᠳᠠᠭ᠃ 19℃ ᠪᠣᠯᠪᠠᠯ ᠲᠠᠬᠢᠶᠠᠳ ᠳᠠᠭᠠᠷᠠᠵᠤ ᠪᠡᠭᠡᠷᠡᠵᠦ | ᠡᠪᠡᠳᠴᠢᠯᠠᠬᠦ ᠪᠤᠶᠤ ᠬᠦᠯᠳᠡᠵᠦ ᠰᠢᠷᠬᠠᠳᠤᠬᠤ ᠪᠣᠯᠤᠮᠵᠢ ᠲᠠᠢ ᠪᠣᠯᠳᠠᠭ᠃ ᠡᠶᠢᠮᠦ ᠠᠴᠠ ᠳᠤᠯᠠᠭᠠᠨ ᠢ ᠬᠠᠮᠠᠭᠠᠯᠠᠬᠤ | ᠠᠵᠢᠯ ᠢ ᠰᠠᠶᠢᠨ ᠬᠢᠵᠦ᠂ ᠲᠠᠬᠢᠶᠠᠨ ᠤ ᠪᠠᠶᠢᠷᠢ ᠶᠢᠨ ᠳᠤᠯᠠᠭᠠᠨ ᠤ ᠬᠡᠮᠵᠢᠶ᠎ᠡ ᠶᠢ 10℃ ᠠᠴᠠ ᠳᠡᠭᠡᠭᠰᠢ ᠪᠠᠶᠢᠯᠭᠠᠨ᠂ | ᠨᠦᠭᠦᠴᠡᠯ ᠲᠠᠢ ᠪᠣᠯ ᠳᠤᠯᠠᠭᠠᠯᠠᠬᠤ ᠲᠦᠭᠦᠭᠡᠷᠦᠮᠵᠢ ᠤᠭᠰᠠᠷᠠᠬᠤ ᠶᠢᠨ ᠬᠠᠮᠲᠦ ᠲᠡᠵᠢᠭᠡᠯ ᠪᠤᠷᠳᠤᠭᠠᠨ ᠤ ᠡᠨᠧᠷᠬᠢ ᠶᠢᠨ | ᠬᠡᠮᠵᠢᠶ᠎ᠡ ᠶᠢ ᠳᠡᠭᠡᠭᠰᠢᠯᠡᠬᠦᠯᠦᠨ᠂ ᠭᠡᠷᠡᠯ ᠤᠨ ᠳᠤᠰᠬᠠᠯᠲᠡ ᠶᠢ ᠤᠷᠲᠤᠳᠬᠠᠬᠤ ᠬᠡᠷᠡᠭᠲᠡᠢ᠃ | ︵ ᠭᠤᠷᠪᠠ︶ ᠲᠡᠵᠢᠭᠡᠯ ᠪᠤᠷᠳᠤᠭᠠᠨ ᠤ ᠬᠤᠬᠢᠷᠠᠯ ᠰᠦᠢᠳᠦᠯ ᠢ ᠪᠠᠭᠠᠰᠬᠠᠬᠤ᠃ ᠲᠡᠵᠢᠭᠡᠯ ᠪᠤᠷᠳᠤᠭᠠᠨ ᠤ | ᠦᠪᠡᠷ ᠤᠨ ᠦᠷᠳᠡᠭ ᠨᠢ ᠦᠨᠳᠡᠭᠡᠨ ᠤ ᠶᠡᠷᠦᠩᠭᠡᠢ ᠦᠪᠡᠷ ᠤᠨ ᠦᠷᠳᠡᠭ ᠤᠨ 70% ᠣᠷᠴᠢᠮ ᠢ ᠡᠵᠡᠯᠡᠳᠡᠭ᠃ | ᠡᠶᠢᠮᠦ ᠠᠴᠠ ᠲᠡᠵᠢᠭᠡᠯ ᠪᠤᠷᠳᠤᠭᠠᠨ ᠤ ᠦᠪᠡᠷ ᠤᠨ ᠦᠷᠳᠡᠭ ᠢ ᠬᠡᠷᠬᠢᠨ ᠪᠠᠭᠠᠰᠬᠠᠬᠤ ᠶᠠᠪᠤᠳᠠᠯ ᠪᠣᠯ ᠲᠡᠵᠢᠭᠡᠨ | ᠠᠷᠠᠴᠢᠯᠠᠬᠤ ᠦᠷ᠎ᠡ ᠠᠰᠢᠭᠯᠠᠮᠵᠢ ᠶᠢ ᠳᠡᠭᠡᠭᠰᠢᠯᠡᠬᠦᠯᠬᠦ ᠶᠢᠨ ᠴᠢᠬᠤᠯᠠ ᠠᠷᠭ᠎ᠠ ᠪᠠᠷᠢᠯ ᠪᠣᠯᠤᠨ᠎ᠠ᠃ ᠡᠶᠢᠮᠦ ᠠᠴᠠ | ᠲᠡᠵᠢᠭᠡᠯ ᠪᠤᠷᠳᠤᠭᠠᠨ ᠤ ᠬᠤᠬᠢᠷᠠᠯ ᠰᠦᠢᠳᠦᠯ ᠢ ᠴᠢᠬᠤᠯᠠᠴᠢᠯᠠᠨ ᠠᠳᠬᠤᠬᠤ ᠬᠡᠷᠡᠭᠲᠡᠢ᠃ ᠲᠠᠬᠢᠶ᠎ᠠ ᠲᠡᠵᠢᠭᠡᠬᠦ | ᠦᠢᠯᠡᠰ ᠤᠨ ᠪᠦᠬᠦ ᠦᠢᠯᠡᠳᠪᠦᠷᠢᠯᠡᠯ ᠤᠨ ᠶᠠᠪᠤᠴᠠ ᠳᠤ ᠲᠡᠵᠢᠭᠡᠯ ᠪᠤᠷᠳᠤᠭᠠᠨ ᠤ ᠬᠤᠬᠢᠷᠠᠯ ᠰᠦᠢᠳᠦᠯ ᠨᠢ ᠶᠡᠷᠦᠩᠭᠡᠢ | ᠪᠦᠷᠢᠯᠭᠡᠯᠲᠡ ᠶᠢᠨ ᠬᠡᠮᠵᠢᠶᠡᠨ ᠤ 5% ~ 10% ᠶᠢ ᠡᠵᠡᠯᠡᠵᠦ ᠪᠠᠶᠢᠳᠠᠭ᠃ ᠵᠠᠷᠢᠮ ᠦᠶ᠎ᠡ ᠳᠤ ᠡᠭᠦᠨ ᠠᠴᠠ ᠴᠦ | ᠦᠨᠳᠦᠷ ᠪᠠᠶᠢᠵᠤ ᠮᠡᠳᠡᠨ᠎ᠡ᠃ ᠲᠡᠵᠢᠭᠡᠯ ᠪᠤᠷᠳᠤᠭᠠᠨ ᠤ ᠬᠤᠬᠢᠷᠠᠯ ᠰᠦᠢᠳᠦᠯ ᠢ ᠪᠠᠭᠠᠰᠬᠠᠬᠤ ᠶᠢᠨ ᠲᠤᠯᠠᠲᠠ ᠳᠤᠤᠷᠠᠬᠢ | ᠬᠡᠳᠦᠨ ᠲᠠᠯ᠎ᠠ ᠶᠢ ᠠᠩᠬᠠᠷᠬᠤ ᠴᠢᠬᠤᠯᠠᠲᠠᠢ᠃ | 1.ᠲᠡᠵᠢᠭᠡᠯ ᠪᠤᠷᠳᠤᠭᠠᠨ ᠤ ᠣᠩᠭᠤᠴᠠ ᠶᠢᠨ ᠪᠦᠲᠦᠴᠡ ᠪᠠ ᠦᠨᠳᠦᠷ ᠤᠨ ᠬᠡᠮᠵᠢᠶ᠎ᠡ᠃ ᠵᠠᠳᠠᠭᠠᠢ ᠲᠠᠬᠢᠶ᠎ᠠ | ᠲᠡᠵᠢᠭᠡᠵᠦ ᠪᠠᠶᠢᠭ᠎ᠠ ᠲᠠᠯᠠᠪᠠᠢ ᠶᠢᠨ ᠬᠡᠷᠡᠭᠯᠡᠵᠦ ᠪᠠᠶᠢᠭ᠎ᠠ ᠲᠡᠵᠢᠭᠡᠯ ᠪᠤᠷᠳᠤᠭᠠᠨ ᠤ ᠣᠩᠭᠤᠴᠠ ᠨᠢ ᠪᠠᠷᠢᠮᠵᠢᠶ᠎ᠠ ᠪᠤᠰᠤ | ᠪᠠᠶᠢᠵᠤ᠂ ᠶᠡᠷᠦ ᠳᠡᠭᠡᠨ ᠶᠡᠬᠡᠳᠡᠬᠦ ᠦᠭᠡᠢ ᠪᠣᠯ ᠪᠠᠭᠠᠳᠠᠵᠤ ᠪᠠᠶᠢᠳᠠᠭ᠃ ᠲᠡᠷᠡᠴᠢᠯᠡᠨ ᠣᠩᠭᠤᠴᠠ ᠲᠠᠯᠪᠢᠵᠤ ᠪᠠᠶᠢᠭ᠎ᠠ | ᠭᠠᠵᠠᠷ ᠤᠨ ᠦᠨᠳᠦᠷ ᠪᠣᠭᠤᠨᠢ ᠨᠢ ᠴᠦ ᠲᠡᠭᠰᠢ ᠦᠭᠡᠢ ᠪᠠᠶᠢᠳᠠᠭ᠃ ᠡᠳᠡᠭᠡᠷ ᠨᠢ ᠲᠡᠵᠢᠭᠡᠯ ᠪᠤᠷᠳᠤᠭᠠᠨ ᠤ ᠬᠤᠬᠢᠷᠠᠯ | ᠰᠦᠢᠳᠦᠯ ᠢ ᠪᠤᠢ ᠪᠤᠯᠭᠠᠳᠠᠭ᠃ ᠲᠡᠵᠢᠭᠡᠯ ᠪᠤᠷᠳᠤᠭᠠᠨ ᠤ ᠣᠩᠭᠤᠴᠠ ᠬᠡᠲᠦᠷᠭᠡᠢ ᠪᠠᠭ᠎ᠠ ᠪᠣᠯ ᠠᠮᠠᠷᠬᠠᠨ ᠳᠦᠭᠦᠷᠴᠦ | ᠠᠰᠬᠠᠵᠤ ᠴᠢᠳᠬᠤᠬᠤ ᠦᠵᠡᠭᠳᠡᠯ ᠭᠠᠷᠳᠠᠭ᠂ ᠭᠡᠷᠪᠡ ᠬᠡᠲᠦᠷᠭᠡᠢ ᠭᠦᠨ ᠪᠣᠯᠪᠠᠯ ᠲᠠᠬᠢᠶᠠᠳ ᠪᠦᠭᠦᠳᠡ ᠶᠢ ᠢᠳᠡᠵᠦ | ᠳᠡᠶᠢᠯᠬᠦ ᠦᠭᠡᠢ ᠠᠴᠠ ᠪᠣᠯᠵᠤ ᠢᠷᠤᠭᠠᠷ ᠲᠤᠨᠢ ᠬᠤᠴᠤᠷᠤᠭᠰᠠᠨ ᠲᠡᠵᠢᠭᠡᠯ ᠪᠤᠷᠳᠤᠭ᠎ᠠ ᠨᠢ ᠮᠦᠨ ᠠᠰᠬᠠᠵᠤ | ᠴᠢᠳᠬᠤᠬᠤ ᠪᠣᠯᠣᠯᠴᠠᠭ᠎ᠠ ᠲᠠᠢ ᠶᠤᠮ᠃ ᠡᠶᠢᠮᠦ ᠠᠴᠠ ᠡᠷᠬᠡᠪᠰᠢ ᠪᠠᠷᠢᠮᠵᠢᠶᠠᠯᠠᠭᠰᠠᠨ ᠲᠡᠵᠢᠭᠡᠯ ᠪᠤᠷᠳᠤᠭᠠᠨ ᠤ | ᠣᠩᠭᠤᠴᠠ ᠶᠢ ᠬᠡᠷᠡᠭᠯᠡᠬᠦ ᠬᠡᠷᠡᠭᠲᠡᠢ᠃ ᠡᠭᠦᠨ ᠳᠤ ᠲᠡᠵᠢᠭᠡᠯ ᠪᠤᠷᠳᠤᠭᠠᠨ ᠤ ᠣᠩᠭᠤᠴᠠ ᠶᠢᠨ ᠦᠨᠳᠦᠷ ᠤᠨ ᠬᠡᠮᠵᠢᠶ᠎ᠡ | ᠨᠢ ᠲᠠᠬᠢᠶᠠᠨ ᠤ ᠨᠢᠷᠤᠭᠤᠨ ᠤ ᠬᠡᠰᠡᠭ ᠠᠴᠠ 2 ᠰᠡᠨᠲ᠋ᠢᠮᠧᠲᠷ ᠳᠡᠭᠡᠭᠰᠢ ᠪᠠᠶᠢᠯᠭᠠᠪᠠᠯ ᠲᠤᠬᠢᠷᠠᠮᠵᠢᠲᠠᠢ ᠪᠠᠶᠢᠳᠠᠭ᠃ | ᠰᠢᠩᠭᠡᠯᠢᠭ ᠲᠤ ᠲᠡᠵᠢᠭᠡᠵᠦ ᠪᠠᠶᠢᠭ᠎ᠠ ᠲᠡᠵᠢᠭᠡᠯ ᠪᠤᠷᠳᠤᠭᠠᠨ ᠤ ᠣᠩᠭᠤᠴᠠ ᠨᠢ ᠪᠦᠷ ᠰᠠᠷᠠᠪᠴᠢ ᠲᠠᠢ ᠲᠤᠯᠠ | ᠪᠦᠷᠢᠯᠭᠡᠵᠦ ᠰᠦᠢᠳᠭᠡᠬᠦ ᠨᠢ ᠪᠠᠭ᠎ᠠ ᠪᠠᠶᠢᠳᠠᠭ᠃ ᠡᠭᠦᠨ ᠠᠴᠠ ᠭᠠᠳᠠᠨ᠎ᠠ᠂ ᠪᠠᠷᠢᠮᠵᠢᠶᠠᠨ ᠳᠤ ᠨᠡᠶᠢᠴᠡᠭᠰᠡᠨ | ᠣᠩᠭᠤᠴᠠ ᠶᠢ ᠲᠣᠭᠳᠠᠭᠰᠠᠨ ᠦᠨᠳᠦᠷ ᠲᠤ ᠡᠯᠭᠦᠪᠡᠯ ᠮᠦᠨ ᠲᠡᠵᠢᠭᠡᠯ ᠪᠤᠷᠳᠤᠭᠠᠨ ᠳᠤ ᠠᠷᠪᠢᠲᠠᠢ ᠪᠠᠶᠢᠳᠠᠭ ᠶᠤᠮ᠃ | 2.ᠲᠡᠵᠢᠭᠡᠯ ᠪᠤᠷᠳᠤᠭ᠎ᠠ ᠬᠠᠩᠭᠠᠬᠤ ᠬᠡᠮᠵᠢᠶ᠎ᠡ᠃ ᠤᠳᠠᠭ᠎ᠠ ᠪᠦᠷᠢ ᠲᠡᠵᠢᠭᠡᠯ ᠪᠤᠷᠳᠤᠭ᠎ᠠ ᠶᠢ ᠬᠡᠳᠦ ᠠᠷᠪᠢᠨ | ᠨᠡᠮᠡᠵᠦ ᠦᠭᠬᠦ ᠨᠢ ᠲᠡᠵᠢᠭᠡᠯ ᠪᠤᠷᠳᠤᠭ᠎ᠠ ᠶᠢ ᠪᠦᠷᠢᠯᠭᠡᠨ ᠰᠦᠢᠳᠭᠡᠵᠦ ᠪᠠᠶᠢᠭ᠎ᠠ ᠭᠤᠣᠯ ᠰᠢᠯᠲᠠᠭᠠᠨ ᠤ ᠨᠢᠭᠡ ᠨᠢ | ᠪᠣᠯᠤᠨ᠎ᠠ᠃ ᠣᠩᠭᠤᠴᠠ ᠳᠤ ᠲᠡᠵᠢᠭᠡᠯ ᠪᠤᠷᠳᠤᠭ᠎ᠠ ᠨᠡᠮᠡᠬᠦ ᠬᠡᠮᠵᠢᠶ᠎ᠡ ᠨᠢ 1/3 ᠠᠴᠠ ᠬᠡᠲᠦᠷᠡᠬᠦ ᠦᠭᠡᠢ᠂ | ᠣᠩᠭᠤᠴᠠ ᠤ ᠦᠨᠳᠦᠷ ᠤᠨ ᠬᠡᠮᠵᠢᠶ᠎ᠡ ᠨᠢ 1/2 ᠠᠴᠠ ᠬᠡᠲᠦᠷᠡᠬᠦ ᠦᠭᠡᠢ ᠪᠠᠶᠢᠪᠠᠯ ᠲᠣᠬᠢᠷᠠᠮᠵᠢᠲᠠᠢ ᠪᠠᠶᠢᠳᠠᠭ᠃ | 3.ᠲᠡᠵᠢᠭᠡᠯ ᠪᠤᠷᠳᠤᠭᠠᠨ ᠤ ᠮᠦᠬᠦᠯᠢᠭ ᠤᠨ ᠬᠡᠮᠵᠢᠶ᠎ᠡ᠃ ᠦᠨᠳᠡᠭᠡᠨ ᠲᠠᠬᠢᠶᠠᠨ ᠳᠤ ᠭᠤᠣᠯᠳᠠᠭᠤ ᠬᠠᠭᠤᠷᠠᠢ | ᠲᠠᠯᠬ᠎ᠠ ᠪᠤᠷᠳᠤᠭ᠎ᠠ ᠬᠡᠷᠡᠭᠯᠡᠬᠦ ᠪᠦᠭᠡᠳ ᠮᠦᠬᠦᠯᠢᠭ ᠨᠢ ᠬᠡᠲᠦᠷᠭᠡᠢ ᠨᠠᠷᠢᠨ ᠪᠣᠯᠪᠠᠯ ᠲᠡᠵᠢᠭᠡᠯ ᠪᠤᠷᠳᠤᠭᠠᠨ ᠤ ᠠᠮᠲᠠ | ᠰᠢᠮᠲᠡ ᠶᠢ ᠨᠦᠯᠦᠭᠡᠯᠡᠬᠦ ᠪᠣᠯᠣᠨ᠎ᠠ᠃ ᠲᠡᠷᠡ ᠮᠦᠷᠲᠡᠭᠡᠨ ᠪᠤᠲᠠᠷᠠᠵᠤ ᠠᠰᠠᠬᠠᠳᠠᠭᠠᠳ ᠲᠡᠵᠢᠭᠡᠯ ᠪᠣᠷᠳᠤᠭᠠᠨ ᠳᠤ ᠠᠷᠪᠢ | ᠦᠭᠡᠢ ᠪᠠᠶᠢᠳᠠᠭ᠃ ᠨᠠᠰᠤ ᠭᠦᠢᠴᠡᠭᠰᠡᠨ ᠦᠨᠳᠡᠭᠡᠨ ᠲᠠᠬᠢᠶᠠᠨ ᠤ ᠲᠡᠵᠢᠭᠡᠯ ᠪᠤᠷᠳᠤᠭ᠎ᠠ ᠶᠢᠨ ᠮᠦᠬᠦᠯᠢᠭ ᠤᠨ | ᠬᠡᠮᠵᠢᠶ᠎ᠡ ᠶᠢ 0.4 ~ 1.5 ᠰᠡᠨᠲ᠋ᠢᠮᠧᠲᠷ ᠤᠨ ᠪᠠᠷᠢᠮᠵᠢᠶ᠎ᠠ ᠪᠠᠷ ᠢᠩᠳᠡᠵᠦ ᠲᠠᠯᠠᠭᠳᠠᠪᠠᠯ ᠵᠣᠬᠢᠰᠲᠠᠢ ᠪᠠᠶᠢᠳᠠᠭ᠃ | ᠬᠡᠷᠪᠡ ᠮᠦᠬᠦᠯᠢᠭ ᠨᠢ ᠬᠡᠲᠦᠷᠭᠡᠢ ᠪᠦᠳᠦᠭᠦᠨ ᠪᠣᠯᠴᠢᠬᠠᠪᠠᠯ ᠲᠠᠬᠢᠶᠠᠳ ᠢᠳᠡᠰᠢ ᠪᠠᠨ ᠭᠤᠯᠤᠵᠦ᠂ ᠲᠡᠵᠢᠭᠡᠯ ᠪᠤᠷᠳᠤᠭ᠎ᠠ | ᠢᠳᠡᠰᠢᠯᠡᠬᠦᠯᠬᠦ ᠲᠡᠩᠴᠡᠭᠦᠷᠢ ᠪᠠᠨ ᠠᠯᠳᠠᠭᠠᠳ ᠰᠢᠮ᠎ᠡ ᠲᠡᠵᠢᠭᠡᠯ ᠤᠨ ᠲᠡᠩᠴᠡᠭᠦᠷᠢ ᠨᠢ ᠬᠡᠮ ᠢᠶᠠᠨ ᠠᠯᠳᠠᠬᠤ | ᠦᠵᠡᠭᠳᠡᠯ ᠭᠠᠷᠬᠤ ᠪᠣᠯᠤᠨ᠎ᠠ᠃ ᠡᠶᠢᠮᠦ ᠠᠴᠠ ᠲᠡᠵᠢᠭᠡᠯ ᠪᠤᠷᠳᠤᠭᠠᠨ ᠤ ᠮᠦᠬᠦᠯᠢᠭ ᠢ ᠡᠷᠬᠡᠪᠰᠢ ᠪᠠᠷᠢᠮᠵᠢᠶ᠎ᠠ ᠶᠣᠰᠤᠭᠠᠷ | ᠲᠠᠯᠠᠭᠳᠠᠬᠤ ᠬᠡᠷᠡᠭᠲᠡᠢ᠃ | 4.ᠤᠰᠤᠨ ᠤ ᠰᠠᠪᠠᠨ ᠳᠤ ᠰᠠᠪᠠᠯᠠᠬᠤ ᠤᠰᠤᠨ ᠲᠦᠪᠰᠢᠨ ᠤ ᠬᠡᠮᠵᠢᠶ᠎ᠡ᠃ ᠤᠰᠤᠨ ᠲᠦᠪᠰᠢᠨ ᠤ ᠬᠡᠮᠵᠢᠶ᠎ᠡ | ᠬᠡᠳᠦ ᠦᠨᠳᠦᠷ ᠪᠠᠶᠢᠵᠤ ᠪᠣᠯᠬᠤ ᠦᠭᠡᠢ᠃ ᠢᠯᠠᠩᠭᠤᠶ᠎ᠠ ᠬᠠᠭᠤᠷᠠᠢ ᠲᠠᠯᠬ᠎ᠠ ᠪᠤᠷᠳᠤᠭ᠎ᠠ ᠪᠠᠷ ᠲᠡᠵᠢᠭᠡᠬᠦ ᠦᠶ᠎ᠡ ᠳᠤ | ᠬᠤᠰᠢᠭᠤᠨ ᠳᠤᠨᠢ ᠨᠠᠭᠠᠯᠳᠤᠭᠰᠠᠨ ᠪᠤᠷᠳᠤᠭ᠎ᠠ ᠨᠢ ᠤᠰᠤᠨ ᠳᠣᠲᠤᠷ᠎ᠠ ᠣᠷᠤᠵᠤ ᠳᠡᠪᠲᠤᠭᠡᠳ ᠤᠰᠤᠨ ᠤ ᠬᠡᠮᠵᠢᠶ᠎ᠡ ᠶᠢ | ᠪᠠᠭᠠᠰᠬᠠᠬᠤ ᠪᠦᠭᠡᠳ ᠤᠤᠭᠤᠬᠤ ᠤᠰᠤ ᠶᠢ ᠪᠤᠬᠢᠷᠳᠤᠭᠤᠯᠳᠠᠭ᠃ ᠮᠡᠳᠡᠭᠡᠯᠡᠯ ᠢ ᠦᠨᠳᠦᠰᠦᠯᠡᠪᠡᠯ ᠡᠨᠡ ᠲᠠᠯ᠎ᠠ ᠪᠠᠷ ᠬᠢ | ᠤᠰᠤᠨ ᠤ ᠪᠦᠷᠢᠯᠭᠡᠯᠲᠡ ᠬᠢᠭᠡᠳ ᠪᠤᠷᠳᠤᠭᠠᠨ ᠤ ᠪᠦᠷᠢᠯᠭᠡᠯᠲᠡ ᠨᠢ ᠵᠢᠯ ᠳᠤ ᠲᠠᠬᠢᠶ᠎ᠠ ᠪᠦᠷᠢ 1.4 ~ 1.8 | ᠺᠢᠯᠦᠭᠷᠡᠮ ᠳᠤ ᠬᠦᠷᠴᠦ ᠪᠣᠢ᠃ ᠡᠶᠢᠮᠦ ᠠᠴᠠ ᠲᠠᠬᠢᠶ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠤᠰᠤᠯᠠᠬᠤ ᠪᠦᠭᠡᠳ | ᠨᠢᠭᠡ ᠯᠠ ᠳᠡᠭᠡᠷ᠎ᠡ ᠠᠷᠪᠢᠨ ᠤᠰᠤ ᠰᠠᠪᠠᠯᠠᠵᠤ ᠪᠣᠯᠬᠤ ᠦᠭᠡᠢ᠃ | 5.ᠬᠤᠰᠢᠭᠤ ᠲᠠᠭᠠᠷᠢᠬᠤ ᠪᠠ ᠬᠢᠮᠦᠰᠤ ᠬᠠᠶᠢᠴᠢᠯᠠᠬᠤ᠃ ᠲᠠᠬᠢᠶᠠᠨ ᠤ ᠬᠤᠰᠢᠭᠤ ᠶᠢ ᠲᠠᠭᠠᠷᠢᠬᠤ ᠪᠠ | ᠬᠢᠮᠤᠰᠤ ᠶᠢ ᠨᠢ ᠬᠠᠶᠢᠴᠢᠯᠠᠵᠤ ᠪᠠᠶᠢᠬᠤ ᠪᠣᠯ ᠲᠠᠬᠢᠶᠠᠳ ᠬᠤᠭᠤᠷᠤᠨᠲᠦ ᠪᠠᠨ ᠢᠳᠡᠰᠢ ᠪᠤᠯᠢᠶᠠᠯᠴᠠᠨ ᠲᠤᠶ᠋ᠢᠯᠴᠠᠬᠤ᠂ | ᠰᠡᠪᠡᠷᠳᠡᠵᠤ ᠰᠢᠷᠬᠠᠳᠤᠭᠤᠯᠬᠤ ᠠᠴᠠ ᠰᠡᠷᠭᠡᠶᠢᠯᠡᠵᠤ ᠪᠠᠶᠢᠬᠤ ᠶᠤᠮ᠃ ᠲᠡᠷᠡ ᠮᠦᠷᠲᠡᠭᠡᠨ ᠠᠭᠠᠵᠢᠮ ᠢᠶᠠᠷ ᠵᠠᠩᠰᠢᠯ | ᠪᠣᠯᠴᠢᠬᠠᠪᠠᠯ ᠲᠠᠬᠢᠶᠠᠨ ᠤ ᠨᠢᠭᠲᠠᠴᠠ ᠶᠡᠭᠡ ᠦᠶ᠎ᠡ ᠳᠤ ᠲᠠᠬᠢᠶ᠎ᠠ ᠦᠬᠦᠵᠦ ᠰᠦᠢᠳᠬᠦ ᠠᠳᠡᠯ ᠴᠦ ᠭᠠᠷᠴᠤ ᠮᠡᠳᠡᠬᠦ | ᠶᠤᠮ᠃ ᠡᠭᠦᠨ ᠠᠴᠠ ᠭᠠᠳᠠᠨ᠎ᠠ ᠲᠡᠵᠢᠭᠡᠯ ᠪᠤᠷᠳᠤᠭᠠᠨ ᠤ ᠪᠦᠷᠢᠯᠭᠡᠯᠲᠡ ᠶᠢ ᠴᠦ ᠰᠡᠷᠭᠡᠶᠢᠯᠡᠵᠦ ᠴᠢᠳᠠᠳᠠᠭ᠂ | ᠪᠠᠶᠢᠴᠠᠭᠠᠯᠲᠠ ᠶᠢ ᠦᠨᠳᠦᠰᠦᠯᠡᠪᠡᠯ ᠬᠤᠰᠢᠭᠤ ᠶᠢ ᠨᠢ ᠲᠠᠭᠠᠷᠢᠭᠰᠠᠨ ᠲᠠᠬᠢᠶᠠᠨ ᠤ ᠪᠣᠷᠳᠤᠭ᠎ᠠ ᠪᠦᠷᠢᠯᠭᠡᠬᠦ ᠬᠡᠮᠵᠢᠶ᠎ᠡ ᠨᠢ | ᠬᠤᠰᠢᠭᠤ ᠶᠢ ᠨᠢ ᠲᠠᠭᠠᠷᠢᠭᠰᠠᠨ ᠦᠭᠡᠢ ᠲᠠᠬᠢᠶᠠᠨ ᠤ ᠬᠢ ᠠᠴᠠ ᠪᠠᠭ᠎ᠠ ᠪᠠᠶᠢᠳᠠᠭ᠃ | 6.ᠬᠤᠯᠤᠭᠠᠨ᠎ᠠ ᠪᠠ ᠪᠤᠰᠤᠳ ᠬᠡᠭᠡᠷ᠎ᠡ ᠶᠢᠨ ᠵᠢᠭᠦᠷᠲᠡᠨ ᠤ ᠬᠦᠨᠦᠭᠡᠯ ᠤᠨ ᠰᠡᠷᠭᠡᠶᠢᠯᠡᠬᠦ᠃ ᠨᠢᠭᠡ ᠬᠤᠯᠤᠭᠠᠨ᠎ᠠ | ᠵᠢᠯ ᠳᠤ 9 ~ 11 ᠺᠢᠯᠦᠭᠷᠡᠮ ᠪᠤᠷᠳᠤᠭ᠎ᠠ ᠶᠢ ᠢᠳᠡᠵᠦ ᠰᠦᠢᠳᠭᠡᠳᠡᠩ ᠪᠦᠭᠡᠳ ᠪᠠᠰᠠ ᠬᠠᠯᠳᠠᠪᠦᠷᠢᠲᠦ ᠡᠪᠡᠳᠴᠢᠨ | ᠲᠠᠷᠬᠠᠭᠠᠳᠠᠭ᠃ ᠡᠶᠢᠮᠦ ᠠᠴᠠ ᠲᠣᠭᠲᠠᠭᠰᠠᠨ ᠬᠤᠭᠤᠴᠠᠭ᠎ᠠ ᠲᠠᠢ ᠪᠠᠷ ᠬᠤᠯᠤᠭᠠᠨ᠎ᠠ ᠶᠢ ᠤᠰᠠᠳᠬᠠᠵᠤ᠂ ᠲᠠᠬᠢᠶᠠᠨ ᠳᠤ | ᠡᠪᠡᠳᠴᠢᠨ ᠬᠠᠯᠳᠠᠪᠦᠷᠢᠯᠠᠬᠤ ᠶᠢ ᠣᠨᠴᠠᠭᠠᠢ ᠰᠡᠷᠭᠡᠶᠢᠯᠡᠬᠦ ᠬᠡᠷᠡᠭᠲᠡᠢ᠃ | | ︵ᠢᠷᠡᠯᠲᠡ᠄ ᠵᠢᠷᠭᠠᠯ ᠡᠷᠬᠢᠯᠡᠨ ᠨᠠᠶᠢᠷᠠᠭᠤᠯᠤᠭᠰᠠᠨ ︽ᠭᠠᠭ᠋ᠠᠢ ᠲᠠᠬᠢᠶ᠎ᠠ ᠨᠤᠭᠤᠰᠤ ᠲᠡᠵᠢᠭᠡᠵᠦ ᠪᠤᠷᠳᠤᠬᠤ | ᠮᠡᠷᠭᠡᠵᠢᠯ︾ ᠭᠡᠬᠦ ᠨᠣᠮ ᠠᠴᠠ ᠰᠤᠩᠭᠤᠨ ᠰᠡᠶᠢᠷᠡᠭᠦᠯᠪᠠ᠃︶ |