ᠢᠮᠠᠭ᠎ᠠ ᠲᠠᠮᠠᠭᠠᠯᠠᠬᠤ
ᠨᠡᠶᠢᠲᠡᠯᠡᠭᠰᠡᠨ ᠴᠠᠭ᠄
2021/9/29
     ᠢᠮᠠᠭᠠᠨ ᠳᠤ ᠪᠠᠭ᠎ᠠ ᠲᠠᠮᠠᠭ᠎ᠠ ᠶᠢ ᠬᠡᠷᠡᠭᠯᠡᠳᠡᠭ᠃ ᠪᠠᠭ᠎ᠠ ᠲᠠᠮᠠᠭ᠎ᠠ ᠨᠢ ᠨᠡᠯᠢᠶᠡᠳ ᠣᠯᠠᠨ ᠵᠦᠢᠯ ᠤᠨ ᠳᠦᠷᠰᠦ  ᠲᠠᠢ ᠪᠠᠶᠢᠭᠰᠠᠨ ᠶᠤᠮ᠃ ᠰᠡᠭᠦᠯ ᠤᠨ ᠦᠶ᠎ᠡ ᠪᠣᠯᠤᠭᠠᠳ ᠣᠯᠠᠩᠬᠢ ᠭᠠᠵᠠᠷ ᠲᠤ ᠠᠷᠠᠪ ᠲᠤᠭ᠎ᠠ ᠪᠠᠷ ᠦᠢᠯᠡᠳᠦᠭᠰᠡᠨ ᠪᠠᠭ᠎ᠠ ᠲᠠᠮᠠᠭ᠎ᠠ ᠶᠢ ᠬᠡᠷᠡᠭᠯᠡᠬᠦ ᠪᠣᠯᠵᠠᠢ᠃ ᠡᠭᠦᠨ ᠳᠤ ᠨᠢᠭᠡ ᠦᠶᠡᠲᠦ ᠲᠤᠭ᠎ᠠ 2᠂ 3᠂ 5᠂ 8 ᠪᠤᠶᠤ ᠬᠤᠶᠠᠷ ᠦᠶᠡᠲᠦ ᠲᠤᠭ᠎ᠠ 55᠂ 33 ᠭᠡᠬᠦ ᠮᠡᠲᠦ ᠶᠢ ᠬᠡᠷᠡᠭᠯᠡᠳᠡᠭ ᠪᠠᠶᠢᠪᠠ᠃       ᠢᠮᠠᠭ᠎ᠠ ᠶᠢ ᠬᠢᠵᠠᠭᠠᠯᠠᠩ ᠨᠠᠰᠤᠨ ᠠᠴᠠ ᠳᠡᠭᠡᠭᠰᠢ ᠦᠶ᠎ᠡ ᠳᠤ ᠲᠠᠮᠠᠭᠠᠯᠠᠨ᠎ᠠ᠃ ᠲᠠᠮᠠᠭᠠᠯᠠᠬᠤ ᠴᠠᠭ ᠢ ᠮᠠᠯᠴᠢᠳ ᠦᠪᠡᠷᠲᠡᠭᠡᠨ ᠦᠵᠡᠵᠦ ᠪᠠᠶᠢᠭᠠᠳ ᠲᠣᠭᠲᠠᠭᠠᠨ᠎ᠠ᠃ ᠢᠮᠠᠭ᠎ᠠ ᠶᠢ ᠲᠠᠮᠠᠭᠠᠯᠠᠬᠤ ᠳᠤ ᠶᠡᠭᠡ ᠬᠦᠴᠢᠷ ᠲᠠᠢ ᠪᠢᠰᠢ᠂ ᠭᠤᠣᠯ  ᠨᠢ ᠲᠠᠮᠠᠭ᠎ᠠ ᠪᠠᠨ ᠰᠠᠶᠢᠳᠦᠷ ᠤᠯᠠᠶᠢᠯᠭᠠᠬᠤ ᠳᠤ ᠪᠠᠶᠢᠨ᠎ᠠ᠃ ᠢᠮᠠᠭ᠎ᠠ ᠲᠠᠮᠠᠭᠠᠯᠠᠬᠤ ᠳᠠᠭᠠᠨ ᠵᠦᠪ ᠲᠠᠯ᠎ᠠ ᠶᠢᠨ ᠡᠪᠡᠷ ᠤᠨ ᠬᠢᠨᠢ ᠨᠡᠯᠢᠶᠡᠳ ᠳᠡᠭᠡᠷ᠎ᠡ ᠰᠢᠭ ᠣᠷᠤᠨ ᠳᠤ ᠲᠠᠮᠠᠭᠠᠯᠠᠨ᠎ᠠ᠃ ᠤᠯᠠᠶᠢᠭᠰᠠᠨ ᠲᠠᠮᠠᠭ᠎ᠠ ᠪᠠᠷ ᠬᠦᠴᠦᠲᠡᠢ ᠰᠢᠭ ᠳᠠᠷᠤᠵᠤ ᠡᠪᠡᠷ ᠠᠴᠠ ᠨᠢ ᠬᠠᠷ᠎ᠠ ᠤᠲᠤᠭ᠎ᠠ ᠭᠠᠷᠬᠤ ᠳᠤ ᠲᠠᠮᠠᠭ᠎ᠠ ᠪᠠᠨ ᠠᠪᠤᠨ᠎ᠠ᠃ ᠡᠨᠡ ᠮᠡᠲᠦ ᠲᠠᠮᠠᠭᠠᠯᠠᠬᠤ ᠳᠤ ᠲᠠᠮᠠᠭ᠎ᠠ ᠶᠢᠨ ᠲᠡᠮᠳᠡᠭ ᠨᠢ ᠢᠯᠡ ᠲᠣᠳᠤ ᠭᠠᠷᠬᠤ ᠪᠦᠭᠡᠳ ᠨᠡᠯᠢᠶᠡᠳ ᠬᠡᠳᠦᠨ ᠵᠢᠯ ᠳᠤ ᠪᠠᠯᠠᠷᠠᠬᠤ ᠦᠭᠡᠢ ᠪᠠᠶᠢᠳᠠᠭ᠃      ︵ᠢᠷᠡᠯᠲᠡ᠄ ᠪᠤᠷᠵᠤᠤ᠂ ᠤᠯᠠᠭᠠᠨᠪᠠᠭᠠᠲᠤᠷ᠂ ᠲᠠᠨ᠎ᠠ ᠶᠢᠨ ᠨᠠᠶᠢᠷᠠᠭᠤᠯᠤᠭᠰᠠᠨ ︽ᠲᠠᠪᠤᠨ ᠬᠤᠰᠢᠭᠤ ᠮᠠᠯ ᠤᠨ ᠠᠷᠠᠴᠢᠯᠠᠭ᠎ᠠ ᠶᠢᠨ ᠰᠤᠶᠤᠯ︾ ᠭᠡᠬᠦ ᠨᠤᠮ ᠠᠴᠠ ᠰᠤᠩᠭᠤᠨ ᠰᠡᠶᠢᠷᠡᠭᠦᠯᠪᠡ᠃︶
 
ᠢᠷᠡᠯᠲᠡ᠄ ︽ᠲᠠᠪᠤᠨ ᠬᠤᠰᠢᠭᠤ ᠮᠠᠯ ᠤᠨ ᠠᠷᠠᠴᠢᠯᠠᠭ᠎ᠠ ᠶᠢᠨ ᠰᠤᠶᠤᠯ︾
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号