︽ᠬᠠᠷ᠎ᠠ ᠮᠢᠬᠠᠵᠢᠭᠤᠯᠬᠤ ᠬᠠᠨᠳᠠ︾ ᠠᠭᠤᠯᠤᠭᠰᠠᠨ ᠭᠠᠭ᠋ᠠᠢ ᠶᠢᠨ ᠮᠢᠬ᠎ᠠ ᠶᠢ ᠬᠡᠷᠬᠢᠨ ᠢᠯᠭᠠᠨ ᠲᠠᠨᠢᠬᠤ ᠪᠣᠶ
ᠨᠡᠶᠢᠲᠡᠯᠡᠭᠰᠡᠨ ᠴᠠᠭ᠄
2022/1/11
      ︽ ᠬᠠᠷ᠎ᠠ ᠮᠢᠬᠠᠵᠢᠭᠤᠯᠬᠤ ᠬᠠᠨᠳᠠ ︾ ᠭᠡᠳᠡᠭ ᠨᠢ ᠶᠡᠷᠦ ᠳᠤ ᠪᠠᠨ ᠳᠠᠪᠤᠰᠤᠨ ᠬᠦᠴᠢᠯ ᠤᠨ ᠺᠯᠧᠨ᠋ᠲᠷᠤ᠋ ᠶᠢ ᠵᠢᠭᠠᠵᠤ ᠪᠠᠶᠢᠨ᠎ᠠ ᠂ ᠲᠡᠷᠡ ᠨᠢ β ᠬᠦᠯᠢᠶᠡᠭᠴᠢ ᠪᠡᠶ᠎ᠡ ᠶᠢᠨ ᠬᠥᠭᠡᠷᠦᠭᠦᠯᠬᠦ ᠡᠳ᠋ ᠲᠤ ᠪᠠᠭᠲᠠᠨ᠎ᠠ ᠂ ᠡᠮᠴᠢᠯᠡᠭᠡᠨ ᠳᠡᠭᠡᠷ᠎ᠡ ᠬᠢᠷᠬᠢᠷ᠎ᠡ ᠶᠢ ᠵᠠᠰᠠᠬᠤ ᠳᠤ ᠬᠡᠷᠡᠭᠯᠡᠳᠡᠭ ᠂ ᠭᠠᠭ᠋ᠠᠢ ᠳᠤ ᠬᠡᠷᠡᠭᠯᠡᠪᠡᠯ ᠬᠠᠷ᠎ᠠ ᠮᠢᠬᠠᠵᠢᠭᠤᠯᠬᠤ ᠨᠤᠷᠮ᠎ᠠ ᠶᠢ ᠨᠡᠮᠡᠭᠳᠡᠭᠦᠯᠵᠦ ᠂ ᠥᠰᠦᠯᠲᠡ ᠶᠢᠨ ᠬᠤᠷᠳᠤᠴᠠ ᠶᠢ  ᠨᠢ ᠳᠡᠭᠡᠭᠰᠢᠯᠡᠭᠦᠯᠳᠡᠭ ᠂ ᠭᠡᠪᠡᠴᠦ ᠬᠥᠮᠥᠨ ᠢᠳᠡᠭᠰᠡᠨ ᠤ ᠳᠠᠷᠠᠭ᠎ᠠ ᠭᠠᠵᠢᠭᠤ ᠦᠢᠯᠡᠳᠦᠯ ᠨᠢ ᠨᠡᠯᠢᠶᠡᠳ ᠶᠡᠭᠡ ᠂ ᠴᠢᠰᠤᠨ ᠳᠠᠷᠤᠯᠲᠠ ᠥᠨᠳᠥᠷ  ᠪᠣᠯᠬᠤ᠂ ᠵᠢᠷᠦᠬᠡᠨ ᠴᠤᠬᠢᠯᠲᠠ ᠬᠡᠪ ᠤᠨ ᠪᠠᠶᠢᠳᠠᠯ ᠢᠶᠠᠨ ᠠᠯᠳᠠᠬᠤ ᠂ ᠵᠢᠷᠦᠬᠡᠨ ᠲᠠᠮᠢᠷ ᠳᠣᠷᠣᠶᠢᠲᠠᠬᠤ ᠵᠡᠷᠭᠡ ᠡᠪᠡᠳᠴᠢᠨ ᠢ ᠡᠭᠦᠰᠬᠡᠳᠡᠭ ᠂ ᠤᠷᠲᠤ ᠬᠤᠭᠤᠴᠠᠭ᠎ᠠ ᠢᠳᠡᠪᠡᠯ ᠪᠠᠰᠠ ᠥᠮᠡᠨ ᠡᠭᠦᠰᠬᠡᠵᠦ ᠮᠡᠳᠡᠨ᠎ᠡ ᠃ ᠲᠡᠭᠡᠪᠡᠯ ︽ ᠬᠠᠷ᠎ᠠ ᠮᠢᠬᠠᠵᠢᠭᠤᠯᠬᠤ ᠬᠠᠨᠳᠠ ︾ ᠠᠭᠤᠯᠤᠭᠰᠠᠨ ᠭᠠᠭ᠋ᠠᠢ ᠶᠢᠨ ᠮᠢᠬ᠎ᠠ ᠶᠢ ᠬᠡᠷᠬᠢᠨ ᠢᠯᠭᠠᠨ ᠲᠠᠨᠢᠬᠤ ᠪᠤᠢ ︖      ᠨᠢᠭᠡ ᠂ ᠭᠠᠭ᠋ᠠᠢ ᠶᠢᠨ ᠮᠢᠬᠠᠨ ᠤ ᠠᠷᠠᠰᠤᠨ ᠳᠣᠣᠷᠠᠬᠢ ᠥᠭᠡᠬᠦᠨ ᠳᠠᠪᠬᠤᠷᠭ᠎ᠠ ᠶᠢᠨ ᠵᠤᠵᠠᠭᠠᠨ ᠤ ᠬᠡᠮᠵᠢᠶ᠎ᠡ ᠶᠢ ᠦᠵᠡᠨ᠎ᠡ ᠃ ᠭᠠᠭ᠋ᠠᠢ ᠶᠢᠨ ᠮᠢᠬ᠎ᠠ ᠶᠢ ᠰᠣᠩᠭᠤᠵᠤ ᠬᠤᠳᠠᠯᠳᠤᠨ ᠠᠪᠬᠤ ᠳᠤ ᠪᠠᠨ ᠠᠷᠠᠰᠤᠨ ᠳᠣᠣᠷᠠᠬᠢ ᠥᠭᠡᠬᠦ ᠨᠢ ᠳᠡᠩᠳᠡᠭᠦᠦ ᠨᠢᠮᠭᠡᠨ ᠂ ᠳᠡᠩᠳᠡᠭᠦᠦ ᠵᠥᠭᠡᠯᠡᠨ ᠭᠠᠭ᠋ᠠᠢ ᠶᠢᠨ ᠮᠢᠬ᠎ᠠ ᠶᠢ ᠬᠤᠳᠠᠯᠳᠤᠨ ᠠᠪᠴᠤ ᠪᠣᠯᠬᠤ ᠦᠭᠡᠢ ᠃ ᠡᠩ ᠤᠨ ᠪᠠᠶᠢᠳᠠᠯ ᠳᠣᠣᠷ᠎ᠠ ᠂ ︽ ᠬᠠᠷ᠎ᠠ ᠮᠢᠬᠠᠵᠢᠭᠤᠯᠬᠤ ᠬᠠᠨᠳᠠ ︾ ᠠᠭᠤᠯᠤᠭᠰᠠᠨ ᠭᠠᠭ᠋ᠠᠢ ᠶᠢᠨ ᠮᠢᠬ᠎ᠠ ᠶᠢᠨ ᠠᠷᠠᠰᠤᠨ ᠤ ᠳᠣᠣᠷᠠᠬᠢ ᠥᠭᠡᠬᠦ ᠶᠢᠨ ᠳᠠᠪᠬᠤᠷᠭ᠎ᠠ ᠨᠢ ᠢᠯᠡᠷᠬᠡᠢ ᠨᠢᠮᠭᠡᠨ ᠂ ᠶᠡᠷᠦ ᠳᠤ ᠪᠠᠨ 1 ᠰᠠᠨᠲ᠋ᠢᠮᠧᠲᠷ ᠴᠦ ᠬᠦᠷᠬᠦ ᠦᠭᠡᠢ ᠪᠠᠶᠢᠳᠠᠭ ᠃ ᠶᠡᠷᠦᠳᠡ ᠶᠢᠨ ᠭᠠᠭ᠋ᠠᠢ ᠶᠢᠨ ᠮᠢᠬᠠᠨ ᠤ ᠠᠷᠠᠰᠤᠨ ᠳᠠᠪᠬᠤᠷᠭ᠎ᠠ ᠪᠠ ᠬᠠᠷ᠎ᠠ ᠮᠢᠬ᠎ᠠ ᠶᠢᠨ ᠬᠤᠭᠤᠷᠣᠨᠳᠤ ᠨᠢᠭᠡ ᠳᠠᠪᠬᠤᠷᠭ᠎ᠠ ᠥᠭᠡᠬᠦ ᠲᠠᠢ ᠪᠠᠶᠢᠵᠤ᠂ ᠪᠠᠷᠤᠭ 1-2 ᠰᠠᠨᠲ᠋ᠢᠮᠧᠲᠷ ᠪᠠᠶᠢᠳᠠᠭ᠂ ᠬᠡᠲᠦᠷᠬᠡᠢ ᠨᠢᠮᠭᠡᠨ ᠪᠣᠯ ᠬᠢᠴᠢᠶᠡᠬᠦ ᠬᠡᠷᠡᠭᠲᠡᠢ ᠃      ᠬᠤᠶᠠᠷ ᠂ ᠭᠠᠭ᠋ᠠᠢ ᠶᠢᠨ ᠮᠢᠬᠠᠨ ᠤ ᠥᠩᠭᠡ ᠶᠢ ᠦᠵᠡᠨ᠎ᠡ᠃ ᠡᠩ ᠤᠨ ᠪᠠᠶᠢᠳᠠᠯ ᠳᠤ ᠂ ︽ ᠬᠠᠷ᠎ᠠ ᠮᠢᠬᠠᠵᠢᠭᠤᠯᠬᠤ ᠬᠠᠨᠳᠠ ︾ ᠠᠭᠤᠯᠤᠭᠰᠠᠨ ᠭᠠᠭ᠋ᠠᠢ ᠶᠢᠨ ᠮᠢᠬ᠎ᠠ ᠨᠢ ᠣᠨᠴᠠ ᠤᠯᠠᠭᠠᠨ ᠪᠥᠭᠡᠳ ᠭᠢᠯᠳᠦᠭᠡᠨᠡᠮ᠎ᠡ ᠃ ᠡᠶᠢᠮᠦ ᠠᠴᠠ ᠬᠠᠷ᠎ᠠ ᠮᠢᠬᠠᠨ ᠤ ᠬᠡᠰᠡᠭ ᠨᠢ ᠬᠡᠲᠦᠷᠬᠡᠢ ᠤᠯᠠᠭᠠᠨ ᠪᠠᠶᠢᠪᠠᠯ ᠮᠢᠬᠠᠨ ᠤ ᠴᠢᠨᠠᠷ ᠨᠢ ᠬᠡᠪ ᠤᠨ ᠪᠤᠰᠤ ᠪᠠᠶᠢᠵᠤ ᠮᠡᠳᠡᠨ᠎ᠡ ᠃      ᠭᠤᠷᠪᠠ ᠂ ᠡᠭᠦᠨ ᠠᠴᠠ ᠭᠠᠳᠠᠨ᠎ᠠ ᠂ ᠪᠠᠰᠠ ᠭᠠᠭ᠋ᠠᠢ ᠶᠢᠨ ᠮᠢᠬ᠎ᠠ ᠶᠢ ᠬᠤᠶᠠᠷ ᠭᠤᠷᠪᠠᠨ ᠬᠤᠷᠤᠭᠤ ᠥᠷᠭᠡᠨ ᠬᠡᠷᠴᠢᠭᠡᠳ ᠲᠡᠭᠰᠢ ᠭᠠᠵᠠᠷ ᠦᠷᠭᠡᠨ ᠢᠶᠠᠷ ᠨᠢ ᠪᠤᠰᠬᠠᠵᠤ ᠦᠵᠡᠵᠦ ᠪᠣᠯᠣᠨ᠎ᠠ᠂ ᠬᠡᠷᠪᠡ ᠭᠠᠭ᠋ᠠᠢ ᠶᠢᠨ ᠮᠢᠬ᠎ᠠ ᠨᠢ ᠵᠥᠭᠡᠯᠡᠨ ᠪᠣᠯ  ᠨᠠᠪᠳᠠᠶᠢᠭᠠᠳ ᠪᠤᠰᠴᠤ ᠴᠢᠳᠠᠬᠤ ᠦᠭᠡᠢ᠂ ︽ᠬᠠᠷ᠎ᠠ ᠮᠢᠬᠠᠵᠢᠭᠤᠯᠬᠤ ᠬᠠᠨᠳᠠ ︾ ᠠᠭᠤᠯᠵᠤ ᠮᠠᠭᠠᠳ ᠮᠡᠳᠡᠨ᠎ᠠ ᠃      ᠳᠥᠷᠪᠡ ᠂ ᠬᠡᠷᠪᠡ ᠲᠠᠷᠭᠤᠨ ᠮᠢᠬ᠎ᠠ ᠪᠣᠯᠣᠨ ᠬᠠᠷ᠎ᠠ ᠮᠢᠬ᠎ᠠ ᠨᠢ ᠢᠯᠡᠷᠬᠡᠢ ᠢᠯᠭᠠᠷᠠᠬᠤ ᠪᠥᠭᠡᠳ ᠬᠠᠷ᠎ᠠ ᠮᠢᠬ᠎ᠠ ᠪᠣᠯᠣᠨ ᠥᠭᠡᠬᠦ ᠶᠢᠨ ᠬᠤᠭᠤᠷᠣᠨᠳᠤ ᠰᠢᠷ᠎ᠠ ᠥᠩᠭᠡᠲᠡᠢ ᠰᠢᠩᠭᠡᠨ ᠪᠡᠶᠡᠲᠦ ᠨᠡᠪᠴᠢᠨ ᠭᠠᠷᠴᠤ ᠪᠠᠶᠢᠪᠠᠯ ︽ ᠬᠠᠷ᠎ᠠ ᠮᠢᠬᠠᠵᠢᠭᠤᠯᠬᠤ ᠬᠠᠨᠳᠠ ︾ ᠠᠭᠤᠯᠵᠤ ᠮᠠᠭᠠᠳ᠃        ᠮᠡᠳᠡᠭᠡ ᠵᠠᠩᠭᠢ ᠶᠢᠨ ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠲᠥᠪ   
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号