ᠬᠡᠲᠦᠷᠬᠡᠢ ᠶᠡᠭᠡ ᠤᠰᠤᠯᠠᠵᠤ ᠪᠣᠯᠬᠤ ᠦᠭᠡᠢ ᠃ ᠳᠣᠣᠷ᠎ᠠ ᠳᠤᠯᠠᠭᠠᠨ ᠳᠤ᠂ ᠬᠦᠯᠡᠮᠵᠢ ᠶᠢᠨ ᠬᠥᠷᠥᠰᠥᠨ ᠤ | ᠤᠰᠤᠨ ᠤ ᠠᠭᠤᠷᠰᠢᠯᠲᠠ ᠤᠳᠠᠭᠠᠨ ᠂ ᠬᠡᠷᠡᠭᠰᠡᠬᠦ ᠤᠰᠤᠨ ᠤ ᠬᠡᠮᠵᠢᠶ᠎ᠡ ᠨᠢ ᠬᠠᠷᠢᠴᠠᠩᠭᠤᠢ ᠪᠠᠷ ᠪᠠᠭᠠᠰᠳᠠᠭ ᠂ | ᠡᠶᠢᠮᠦ ᠠᠴᠠ ᠤᠰᠤᠯᠠᠬᠤ ᠤᠰᠤᠨ ᠤ ᠬᠡᠮᠵᠢᠶ᠎ᠡ ᠨᠢ ᠪᠠᠭ᠎ᠠ ᠂ ᠠᠯᠤᠰᠯᠠᠬᠤ ᠬᠤᠭᠤᠴᠠᠭ᠎ᠠ ᠨᠢ ᠤᠷᠲᠤ ᠰᠢᠭ᠋ ᠪᠠᠶᠢᠵᠤ ᠂ | ᠨᠡᠯᠦᠶᠢᠲᠡᠯ᠎ᠡ ᠤᠰᠤᠯᠠᠬᠤ ᠶᠢ ᠴᠢᠩᠭ᠎ᠠ ᠴᠡᠭᠡᠷᠯᠡᠵᠦ ᠂ ᠳᠣᠣᠷ᠎ᠠ ᠳᠤᠯᠠᠭᠠᠨ ᠥᠨᠳᠥᠷ ᠨᠣᠶᠢᠲᠠᠨ ᠠᠴᠠ ᠪᠣᠯᠵᠤ ᠢᠳᠡᠰᠢᠨ | ᠨᠣᠭᠤᠭ᠎ᠠ ᠶᠢᠨ ᠦᠨᠳᠦᠰᠦ ᠶᠢ ᠳᠡᠪᠲᠦᠭᠡᠬᠦ ᠠᠴᠠ ᠰᠡᠷᠭᠡᠶᠢᠯᠡᠨ᠎ᠡ᠃ | ᠤᠰᠤᠯᠠᠬᠤ ᠴᠠᠭ ᠨᠢ ᠲᠣᠬᠢᠷᠠᠮᠵᠢᠲᠠᠢ᠃ ᠡᠪᠦᠯ ᠤᠨ ᠤᠯᠠᠷᠢᠯ ᠤᠨ ᠬᠦᠯᠡᠮᠵᠢ ᠶᠢᠨ ᠨᠣᠭᠤᠭ᠎ᠠ ᠶᠢ ᠦᠳᠡ ᠶᠢᠨ | ᠡᠮᠦᠨ᠎ᠡ ᠬᠤᠶᠢᠨ᠎ᠠ ᠤᠰᠤᠯᠠᠬᠤ ᠪᠠᠷ ᠲᠣᠬᠢᠷᠠᠭᠤᠯᠤᠨ᠎ᠠ ᠂ ᠦᠳᠡ ᠶᠢᠨ ᠡᠮᠦᠨᠡᠬᠢ 10 ᠴᠠᠭ ᠠᠴᠠ ᠬᠤᠶᠢᠰᠢ | ᠦᠳᠡ ᠶᠢᠨ ᠬᠤᠶᠢᠨᠠᠬᠢ 3 ᠴᠠᠭ ᠠᠴᠠ ᠡᠮᠦᠨ᠎ᠡ ᠤᠰᠤᠯᠠᠬᠤ ᠳᠤ ᠲᠣᠬᠢᠷᠠᠮᠵᠢᠲᠠᠢ ᠂ ᠲᠤᠰ ᠬᠤᠭᠤᠴᠠᠭᠠᠨ ᠤ | ᠬᠦᠯᠡᠮᠵᠢ ᠶᠢᠨ ᠳᠤᠯᠠᠭᠠᠨ ᠨᠢ ᠨᠡᠯᠢᠶᠡᠳ ᠥᠨᠳᠥᠷ ᠂ ᠤᠰᠤᠯᠠᠭᠰᠠᠨ ᠤ ᠳᠠᠷᠠᠭ᠎ᠠ ᠭᠠᠵᠢᠭᠤ ᠦᠢᠯᠡᠳᠦᠯ ᠨᠢ ᠬᠠᠮᠤᠭ | ᠪᠠᠭ᠎ᠠ ᠪᠠᠶᠢᠳᠠᠭ ᠃ ᠥᠷᠯᠥᠭᠡ ᠪᠠ ᠦᠳᠡᠰᠢ ᠤᠰᠤᠯᠠᠬᠤ ᠠᠴᠠ ᠵᠠᠶᠢᠯᠠᠰᠬᠢᠵᠦ ᠂ ᠢᠳᠡᠰᠢᠨ ᠨᠣᠭᠤᠭ᠎ᠠ ᠶᠢᠨ | ᠬᠥᠯᠳᠡᠬᠦ ᠠᠴᠠ ᠰᠡᠷᠭᠡᠶᠢᠯᠡᠬᠦ ᠬᠡᠷᠡᠭᠲᠡᠢ ᠃ ᠤᠰᠤ ᠤᠰᠤᠯᠠᠬᠤ ᠳᠤ ᠪᠠᠨ ᠴᠢᠳᠠᠬᠤ ᠶᠢᠨ ᠬᠢᠷᠢ ᠪᠠᠷ ᠬᠤᠳᠳᠤᠭ ᠤᠨ | ᠤᠰᠤ ᠶᠢ ᠬᠡᠷᠡᠭᠯᠡᠨ᠂ ᠤᠴᠢᠷ ᠨᠢ ᠬᠤᠳᠳᠤᠭ ᠤᠨ ᠤᠰᠤᠨ ᠤ ᠳᠤᠯᠠᠭᠠᠨ ᠤ ᠬᠡᠮᠵᠢᠶ᠎ᠡ ᠨᠡᠯᠢᠶᠡᠳ ᠥᠨᠳᠥᠷ ᠪᠣᠯᠬᠤᠷ | ᠢᠳᠡᠰᠢᠨ ᠨᠣᠭᠤᠭ᠎ᠠ ᠶᠢᠨ ᠹᠢᠽᠢᠣᠯᠣᠭᠢ ᠶᠢᠨ ᠰᠡᠳᠦᠯᠲᠡ ᠶᠢ ᠪᠠᠭᠠᠰᠬᠠᠬᠤ ᠪᠣᠯᠤᠨ᠎ᠠ᠃ | ᠲᠡᠭᠷᠢ ᠶᠢᠨ ᠪᠠᠶᠢᠳᠠᠯ ᠢ ᠠᠵᠢᠵᠦ ᠠᠮᠢᠳᠤᠯᠢᠭ ᠢᠶᠠᠷ ᠤᠰᠤᠯᠠᠨ᠎ᠠ ᠃ ᠴᠠᠭ ᠠᠭᠤᠷ ᠤᠨ ᠪᠠᠶᠢᠳᠠᠯ ᠢ | ᠦᠨᠳᠦᠰᠦᠯᠡᠨ᠂ ︽ᠲᠤᠩᠭᠠᠯᠠᠭ ᠡᠳᠦᠷ ᠲᠤ ᠵᠣᠬᠢᠰᠲᠠᠢ ᠤᠰᠤᠯᠠᠵᠤ᠂ ᠪᠦᠷᠬᠦᠭ ᠡᠳᠦᠷ ᠲᠤ ᠪᠠᠭ᠎ᠠ ᠤᠰᠤᠯᠠᠵᠤ ᠪᠣᠶᠤ | ᠤᠰᠤᠯᠠᠬᠤ ᠦᠭᠡᠢ᠂ ᠴᠠᠰᠤ ᠰᠢᠭᠤᠷᠭ᠎ᠠ ᠲᠠᠢ ᠡᠳᠦᠷ ᠲᠤ ᠤᠰᠤᠯᠠᠬᠤ ᠶᠢ ᠴᠡᠭᠡᠷᠯᠡᠬᠦ︾ ᠵᠠᠷᠴᠢᠮ ᠢᠶᠠᠷ | ᠶᠠᠪᠤᠭᠳᠠᠭᠤᠯᠤᠨ᠎ᠠ᠃ ᠴᠠᠭ ᠠᠭᠤᠷ ᠲᠤᠩᠭᠠᠯᠠᠭ ᠠᠴᠠ ᠪᠦᠷᠬᠦᠭ ᠪᠣᠯᠬᠤ ᠦᠶ᠎ᠡ ᠳᠤ᠂ ᠤᠰᠤᠨ ᠤ ᠬᠡᠮᠵᠢᠶ᠎ᠡ ᠶᠢ | ᠠᠭᠠᠵᠢᠮ ᠢᠶᠠᠷ ᠪᠠᠭᠠᠰᠬᠠᠵᠤ ᠂ ᠠᠯᠤᠰᠯᠠᠬᠤ ᠴᠠᠭ ᠢ ᠨᠢ ᠵᠣᠬᠢᠬᠤ ᠬᠡᠮᠵᠢᠶ᠎ᠡ ᠪᠠᠷ ᠤᠷᠲᠤᠳᠬᠠᠨ᠎ᠠ ᠂ ᠪᠦᠷᠬᠦᠭ | ᠪᠠᠶᠢᠭᠰᠠᠨ ᠠᠴᠠ ᠪᠠᠨ ᠲᠤᠩᠭᠠᠯᠠᠭᠰᠢᠬᠤ ᠦᠶ᠎ᠡ ᠳᠤ ᠂ ᠤᠰᠤᠨ ᠤ ᠬᠡᠮᠵᠢᠶ᠎ᠡ ᠶᠢ ᠪᠠᠭ᠎ᠠ ᠠᠴᠠ ᠪᠠᠨ ᠶᠡᠭᠡ ᠪᠣᠯᠭᠠᠵᠤ ᠂ | ᠠᠯᠤᠰᠯᠠᠬᠤ ᠬᠤᠭᠤᠴᠠᠭ᠎ᠠ ᠨᠢ ᠬᠠᠷᠢᠴᠠᠩᠭᠤᠢ ᠪᠠᠷ ᠤᠷᠲᠤ ᠪᠠᠶᠢᠭᠰᠠᠨ ᠠᠴᠠ ᠪᠠᠨ ᠣᠬᠤᠷ ᠪᠣᠯᠳᠠᠭ ᠃ | ᠤᠰᠤᠯᠠᠬᠤ ᠳᠤ ᠪᠠᠨ ᠭᠤᠣᠯᠳᠠᠯᠭ᠎ᠠ ᠲᠠᠢ ᠪᠠᠶᠢᠬᠤ᠃ ᠬᠦᠯᠡᠮᠵᠢ ᠶᠢᠨ ᠡᠯ᠎ᠡ ᠬᠡᠰᠡᠭ ᠤᠨ ᠳᠤᠯᠠᠭᠠᠨ ᠤ ᠵᠥᠷᠢᠶ᠎ᠡ | ᠨᠢ ᠨᠡᠯᠢᠶᠡᠳ ᠶᠡᠭᠡ ᠪᠣᠯᠬᠤᠷ ᠂ ᠤᠰᠤᠯᠠᠬᠤ ᠬᠡᠮᠵᠢᠶ᠎ᠡ ᠨᠢ ᠴᠦ ᠵᠥᠷᠢᠶ᠎ᠡ ᠲᠠᠢ ᠪᠠᠶᠢᠳᠠᠭ ᠃ ᠬᠦᠯᠡᠮᠵᠢ ᠶᠢᠨ ᠡᠮᠦᠨ᠎ᠡ | ᠬᠡᠰᠡᠭ ᠨᠢ ᠵᠤᠤᠬ᠎ᠠ ᠂ ᠤᠲᠤᠭᠠᠨ ᠵᠠᠮ ᠵᠡᠷᠭᠡ ᠢᠯᠴᠢ ᠶᠢᠨ ᠰᠤᠷᠪᠤᠯᠵᠢ ᠲᠠᠢ ᠣᠶᠢᠷᠠᠯᠴᠠᠭ᠎ᠠ ᠭᠠᠵᠠᠷ ᠤᠨ | ᠬᠥᠷᠥᠰᠥᠨ ᠤ ᠤᠰᠤᠨ ᠤ ᠠᠭᠤᠷᠰᠢᠯᠲᠠ ᠶᠢᠨ ᠬᠡᠮᠵᠢᠶ᠎ᠡ ᠶᠡᠭᠡ ᠪᠤᠯᠬᠤᠷ ᠤᠰᠤᠯᠠᠯᠲᠠ ᠶᠢᠨ ᠬᠡᠮᠵᠢᠶ᠎ᠡ ᠨᠢ ᠵᠣᠬᠢᠬᠤ | ᠬᠡᠮᠵᠢᠶ᠎ᠡ ᠪᠠᠷ ᠶᠡᠭᠡ ᠰᠢᠭ ᠪᠠᠶᠢᠵᠤ ᠪᠣᠯᠣᠨ᠎ᠠ ᠂ ᠬᠦᠯᠡᠮᠵᠢ ᠶᠢᠨ ᠵᠡᠭᠦᠨ ᠪᠠᠷᠠᠭᠤᠨ ᠬᠤᠶᠠᠷ ᠲᠠᠯ᠎ᠠ ᠪᠠ ᠬᠤᠶᠢᠲᠤ | ᠲᠠᠯ᠎ᠠ ᠶᠢᠨ ᠳᠤᠯᠠᠭᠠᠨ ᠤ ᠬᠡᠮᠵᠢᠶ᠎ᠡ ᠨᠢ ᠨᠡᠯᠢᠶᠡᠳ ᠳᠣᠣᠷ᠎ᠠ ᠂ ᠨᠡᠷᠡᠨ ᠤ ᠲᠤᠰᠤᠯᠲᠠ ᠶᠢᠨ ᠴᠠᠭ ᠨᠢ ᠴᠦ ᠣᠬᠤᠷ | ᠪᠤᠯᠬᠤᠷ ᠤᠰᠤᠯᠠᠬᠤ ᠬᠡᠮᠵᠢᠶ᠎ᠡ ᠶᠢ ᠨᠢ ᠵᠣᠬᠢᠬᠤ ᠬᠡᠮᠵᠢᠶ᠎ᠡ ᠪᠠᠷ ᠪᠠᠭ᠎ᠠ ᠰᠢᠭ᠋ ᠪᠠᠶᠢᠯᠭᠠᠪᠠᠯ ᠵᠣᠬᠢᠨ᠎ᠠ ᠃ | ᠤᠰᠤᠯᠠᠭᠰᠠᠨ ᠤ ᠳᠠᠷᠠᠭᠠᠬᠢ ᠬᠠᠮᠢᠶᠠᠷᠤᠯᠲᠠ ᠃ ᠡᠪᠦᠯ ᠤᠨ ᠤᠯᠠᠷᠢᠯ ᠳᠤ ᠤᠰᠤᠯᠠᠭᠰᠠᠨ ᠤ ᠳᠠᠷᠠᠭ᠎ᠠ | ᠬᠦᠯᠡᠮᠵᠢ ᠶᠢᠨ ᠳᠣᠲᠣᠷᠠᠬᠢ ᠠᠭᠠᠷ ᠤᠨ ᠳᠤᠯᠠᠭᠠᠨ ᠳᠣᠣᠷ᠎ᠠ ᠂ ᠴᠢᠭᠢᠭ ᠤᠨ ᠬᠡᠮᠵᠢᠶ᠎ᠡ ᠶᠡᠭᠡ ᠂ ᠡᠪᠡᠳᠴᠢᠨ ᠤ ᠬᠥᠨᠥᠭᠡᠯ | ᠠᠷᠪᠢᠨ ᠵᠡᠷᠭᠡ ᠠᠰᠠᠭᠤᠳᠠᠯ ᠠᠮᠠᠷᠬᠠᠨ ᠭᠠᠷᠤᠨ᠎ᠠ ᠂ ᠡᠶᠢᠮᠦ ᠠᠴᠠ ᠤᠰᠤᠯᠠᠭᠰᠠᠨ ᠤ ᠳᠠᠷᠠᠭ᠎ᠠ ᠬᠤᠶᠠᠷ ᠡᠳᠦᠷ ᠲᠤ | ᠤᠷᠢᠳ ᠢᠶᠠᠷ ᠦᠳᠡ ᠶᠢᠨ ᠦᠶ᠎ᠡ ᠳᠤ ᠳᠤᠯᠠᠭᠠᠨ ᠤ ᠬᠡᠮᠵᠢᠶ᠎ᠡ ᠨᠢ 40℃ ᠣᠷᠴᠢᠮ ᠪᠣᠯᠬᠤ ᠳᠤ ᠳᠠᠬᠢᠭᠠᠳ 1 ᠴᠠᠭ | ᠪᠦᠭᠬᠦᠵᠦ ᠂ ᠬᠦᠯᠡᠮᠵᠢ ᠶᠢᠨ ᠳᠣᠲᠤᠷᠠᠬᠢ ᠭᠠᠵᠠᠷ ᠤᠨ ᠳᠤᠯᠠᠭᠠᠨ ᠤ ᠬᠡᠮᠵᠢᠶ᠎ᠡ ᠶᠢ ᠳᠡᠭᠡᠭᠰᠢᠯᠡᠭᠦᠯᠦᠭᠰᠡᠨ ᠤ ᠳᠠᠷᠠᠭ᠎ᠠ | ᠴᠠᠭ ᠲᠤᠬᠠᠢ ᠳᠤ ᠨᠢ ᠴᠢᠭᠢᠭ ᠢ ᠭᠠᠳᠠᠭᠰᠢᠯᠠᠭᠤᠯᠵᠤ ᠂ ᠬᠦᠯᠡᠮᠵᠢ ᠶᠢᠨ ᠳᠣᠲᠣᠷᠠᠬᠢ ᠴᠢᠭᠢᠭ ᠤᠨ ᠬᠡᠮᠵᠢᠶ᠎ᠡ ᠶᠢ | ᠪᠠᠭᠤᠷᠠᠭᠤᠯᠵᠤ ᠂ ᠬᠦᠯᠡᠮᠵᠢ ᠶᠢᠨ ᠨᠣᠭᠤᠭ᠎ᠠ ᠶᠢᠨ ᠡᠪᠡᠳᠴᠢᠨ ᠬᠤᠷᠣᠬᠠᠢ ᠶᠢᠨ ᠬᠥᠨᠥᠭᠡᠯ ᠡᠭᠦᠰᠬᠦ ᠶᠢ ᠪᠠᠭᠠᠰᠬᠠᠨ᠎ᠠ ᠃ | |