1. ᠬᠠᠰᠢᠶ᠎ᠠ ᠰᠠᠷᠠᠪᠴᠢ ᠶᠢᠨ ᠳᠤᠯᠠᠭᠠᠨ ᠢ ᠪᠠᠳᠤᠯᠠᠬᠤ | ᠰᠠᠷᠠᠪᠴᠢ ᠶᠢᠨ ᠣᠷᠣᠢ ᠳᠤ ᠬᠤᠷᠠᠭᠰᠠᠨ ᠴᠠᠰᠤ ᠶᠢ ᠴᠠᠭ ᠲᠤᠬᠠᠢ ᠳᠤ ᠨᠢ ᠴᠡᠪᠡᠷᠯᠡᠨ ᠠᠷᠢᠯᠭᠠᠵᠤ᠂ ᠳᠠᠷᠤᠯᠲᠠ | ᠬᠡᠲᠦ ᠬᠦᠨᠳᠦᠷᠡᠭᠰᠡᠨ ᠠᠴᠠ ᠪᠣᠯᠵᠤ ᠬᠠᠰᠢᠶ᠎ᠠ ᠰᠠᠷᠠᠪᠴᠢ ᠨᠤᠷᠠᠬᠤ ᠶᠢ ᠰᠡᠷᠭᠡᠶᠢᠯᠡᠨ᠂ ᠨᠢᠭᠡᠨᠲᠡ ᠡᠪᠳᠡᠭᠳᠡᠭᠰᠡᠨ | ᠬᠤᠨᠢᠨ ᠤ ᠰᠠᠷᠠᠪᠴᠢ ᠶᠢ ᠴᠠᠭ ᠲᠤᠬᠠᠢ ᠳᠤ ᠨᠢ ᠰᠡᠯᠪᠢᠵᠦ ᠵᠠᠰᠠᠬᠤ ᠬᠡᠷᠡᠭᠲᠡᠢ᠃ ᠡᠪᠦᠯ ᠤᠨ ᠤᠯᠠᠷᠢᠯ ᠳᠤ | ᠨᠠᠰᠤᠨ ᠳᠤ ᠬᠦᠷᠦᠭᠰᠡᠨ ᠬᠤᠨᠢᠨ ᠤ ᠰᠠᠷᠠᠪᠴᠢ ᠶᠢᠨ ᠳᠤᠯᠠᠭᠠᠨ ᠤ ᠬᠡᠮᠵᠢᠶ᠎ᠡ ᠶᠢ 0℃ ᠠᠴᠠ ᠳᠣᠣᠷ᠎ᠠ ᠪᠠᠶᠢᠯᠭᠠᠵᠤ | ᠪᠣᠯᠬᠤ ᠦᠭᠡᠢ ᠂ ᠬᠤᠷᠠᠭ᠎ᠠ ᠢᠰᠢᠭᠡᠨ ᠤ ᠰᠠᠷᠠᠪᠴᠢ ᠶᠢᠨ ᠳᠤᠯᠠᠭᠠᠨ ᠤ ᠬᠡᠮᠵᠢᠶ᠎ᠡ ᠶᠢ 8℃ ᠠᠴᠠ ᠳᠣᠣᠷ᠎ᠠ ᠪᠠᠶᠢᠯᠭᠠᠵᠤ | ᠪᠣᠯᠬᠤ ᠦᠭᠡᠢ ᠂ ᠲᠦᠯ ᠲᠤᠰᠬᠤ ᠰᠠᠷᠠᠪᠴᠢ ᠶᠢᠨ ᠳᠣᠯᠠᠭᠠᠨ ᠤ ᠬᠡᠮᠵᠢᠶ᠎ᠡ ᠶᠢ 10℃ ~ 18℃ ᠪᠠᠶᠢᠯᠭᠠᠪᠠᠯ | ᠵᠣᠬᠢᠨ᠎ᠠ ᠃ | 2. ᠵᠦᠢ ᠵᠣᠬᠢᠰᠲᠠᠢ ᠪᠠᠷ ᠰᠦᠷᠦᠭ ᠬᠤᠪᠢᠶᠠᠬᠤ | ᠬᠤᠨᠢᠨ ᠤ ᠨᠠᠰᠤ ᠵᠢᠯ ᠂ ᠬᠦᠢᠰᠦ ᠢᠯᠭᠠᠯ᠂ ᠲᠠᠷᠭᠤ ᠲᠡᠪᠬᠡᠷᠡᠭ ᠤᠨ ᠪᠠᠶᠢᠳᠠᠯ ᠢ ᠨᠢ ᠦᠨᠳᠦᠰᠦᠯᠡᠨ ᠬᠤᠨᠢᠨ | ᠰᠦᠷᠦᠭ ᠢ ᠵᠣᠬᠢᠰᠲᠠᠢ ᠲᠣᠬᠢᠷᠠᠭᠤᠯᠵᠤ ᠂ ᠲᠠᠷᠭᠤ ᠲᠡᠪᠬᠡᠷᠡᠭ ᠨᠢ ᠣᠶᠢᠷᠠᠯᠴᠠᠭ᠎ᠠ ᠬᠤᠨᠢ ᠶᠢ ᠨᠢᠭᠡ ᠰᠦᠷᠦᠭ ᠪᠣᠯᠭᠠᠨ | ᠬᠤᠪᠢᠶᠠᠵᠤ᠂ ᠪᠡᠶ᠎ᠡ ᠮᠠᠭᠤᠲᠠᠢ ᠬᠤᠨᠢᠨ ᠰᠦᠷᠦᠭ ᠢ ᠬᠠᠷᠠᠭᠠᠯᠵᠠᠬᠤ ᠳᠤ ᠲᠦᠭᠦᠮ ᠪᠣᠯᠭᠠᠨ᠎ᠠ᠃ ᠵᠠᠷᠢᠮ ᠡᠪᠦᠯᠵᠢᠬᠦ ᠳᠤ | ᠬᠦᠴᠢᠷᠲᠡᠢ ᠨᠠᠰᠤᠲᠠᠢ ᠬᠤᠨᠢ ᠢᠮᠠᠭ᠎ᠠ᠂ ᠵᠢᠯ ᠳᠠᠷᠠᠭᠠᠯᠠᠨ ᠲᠦᠯᠯᠡᠭᠰᠡᠨ ᠦᠭᠡᠢ ᠡᠮ᠎ᠡ ᠬᠤᠨᠢ ᠢᠮᠠᠭ᠎ᠠ ᠵᠢᠴᠢ | ᠪᠤᠶᠢᠵᠢᠯᠲᠠ ᠪᠠᠷ ᠠᠨᠠᠢ ᠬᠤᠨᠢ ᠢᠮᠠᠭ᠎ᠠ ᠶᠢ ᠵᠣᠬᠢᠬᠤ ᠬᠡᠮᠵᠢᠶ᠎ᠡ ᠪᠠᠷ ᠰᠢᠭᠰᠢᠭᠳᠡᠭᠦᠯᠵᠦ ᠪᠣᠯᠣᠨ᠎ᠠ᠃ | 3. ᠰᠢᠮ᠎ᠡ ᠲᠡᠵᠢᠭᠡᠯ ᠤᠨᠨᠦ᠋ᠬᠦᠪᠦᠷᠢ ᠶᠢ ᠨᠡᠮᠡᠭᠳᠡᠬᠦᠯᠬᠦ | ᠵᠠᠮ ᠬᠠᠷᠢᠯᠴᠠᠭ᠎ᠠ ᠳᠥᠭᠦᠮ ᠦᠭᠡᠢ ᠲᠡᠵᠢᠭᠡᠨ ᠦᠷᠡᠵᠢᠭᠦᠯᠬᠦ ᠡᠷᠦᠬᠡ ᠨᠢ ᠴᠠᠭ ᠲᠣᠬᠢᠶᠠᠯ ᠢ ᠠᠮᠵᠢᠨ 7 | ᠡᠳᠦᠷ ᠠᠴᠠ 10 ᠡᠳᠦᠷ ᠤᠨ ᠲᠡᠵᠢᠭᠡᠯ ᠪᠣᠷᠳᠤᠭ᠎ᠠ ᠪᠡᠯᠡᠳᠭᠡᠬᠦ ᠬᠡᠷᠡᠭᠲᠡᠢ᠃ ᠡᠪᠦᠯ ᠤᠨ ᠲᠡᠵᠢᠭᠡᠯᠭᠡ ᠳᠤ | ᠬᠤᠨᠢᠨ ᠰᠦᠷᠦᠭ ᠲᠤ ᠲᠣᠬᠢᠷᠠᠮᠵᠢᠲᠠᠢ ᠪᠡᠯᠴᠢᠭᠡᠷ ᠡᠪᠡᠰᠦ ᠢᠳᠡᠭᠦᠯᠬᠦ ᠨᠢ ᠲᠠᠷᠭᠤ ᠲᠡᠪᠬᠡᠷᠡᠭ ᠢ ᠨᠢ ᠰᠠᠶᠢᠵᠢᠷᠠᠭᠤᠯᠤᠨ ᠂ | ᠬᠦᠢᠲᠡᠨ ᠢ ᠳᠠᠭᠠᠭᠠᠬᠤ ᠪᠠ ᠡᠪᠡᠳᠴᠢᠨ ᠢ ᠡᠰᠡᠷᠭᠦᠴᠡᠬᠦ ᠴᠢᠳᠠᠪᠤᠷᠢ ᠶᠢ ᠨᠢ ᠳᠡᠭᠡᠭᠰᠢᠯᠡᠭᠦᠯᠬᠦ ᠳᠤ ᠠᠰᠢᠭᠲᠠᠢ ᠶᠤᠮ ᠂ | ᠨᠠᠷᠠ ᠲᠠᠢ ᠡᠳᠦᠷ ᠪᠣᠯ ᠴᠠᠭ ᠢ ᠠᠮᠵᠢᠨ ᠪᠡᠯᠴᠢᠭᠡᠷ ᠲᠤ ᠭᠠᠷᠭᠠᠵᠤ ᠂ ᠤᠷᠤᠢ ᠭᠠᠷᠴᠤ ᠡᠷᠲᠡ ᠬᠠᠷᠢᠵᠤ᠂ ᠬᠤᠨᠢᠨ | ᠰᠦᠷᠦᠭ ᠲᠤ ᠬᠥᠬᠡ ᠡᠪᠡᠰᠦ᠂ ᠬᠡᠭᠡᠷ᠎ᠡ ᠶᠢᠨ ᠨᠣᠭᠤᠭ᠎ᠠ ᠢᠯᠡᠭᠦᠬᠡᠨ ᠢᠳᠡᠭᠦᠯᠵᠦ ᠪᠠᠶᠢᠪᠠᠯ ᠰᠠᠶᠢᠨ᠃ ᠡᠪᠦᠯ ᠤᠨ | ᠬᠦᠢᠲᠡᠨ ᠳᠤ ᠬᠤᠨᠢ ᠶᠢ ᠬᠠᠰᠢᠶᠠᠯᠠᠨ ᠲᠡᠵᠢᠭᠡᠵᠦ᠂ ᠴᠠᠰᠤ ᠪᠣᠷᠣᠭᠠᠨ ᠵᠡᠷᠭᠡ ᠬᠦᠢᠲᠡᠨ ᠠᠭᠤᠷ ᠠᠮᠢᠰᠬᠤᠯ | ᠲᠣᠬᠢᠶᠠᠯᠳᠤᠪᠠᠯ ᠴᠢᠳᠠᠬᠤ ᠶᠢᠨ ᠳᠣᠲᠣᠷ᠎ᠠ ᠭᠠᠳᠠᠭᠰᠢ ᠪᠡᠯᠴᠢᠭᠡᠷᠯᠡᠭᠦᠯᠬᠦ ᠦᠭᠡᠢ ᠪᠠᠶᠢᠬᠤ ᠬᠡᠷᠡᠭᠲᠡᠢ᠃ | 4. ᠤᠰᠤ ᠤᠮᠳᠠ ᠶᠢ ᠪᠠᠲᠤᠯᠠᠬᠤ | ᠡᠪᠦᠯ ᠤᠨ ᠤᠯᠠᠷᠢᠯ ᠤᠨ ᠡᠪᠡᠰᠦ ᠪᠣᠷᠳᠤᠭ᠎ᠠ ᠬᠠᠲᠠᠭᠤ ᠬᠠᠭᠤᠷᠠᠢ ᠪᠣᠯᠬᠤᠷ ᠤᠰᠤ ᠤᠮᠳᠠ ᠶᠢᠨ ᠬᠠᠩᠭᠠᠯᠲᠠᠲᠠᠢ | ᠪᠠᠶᠢᠬᠤ ᠶᠢ ᠪᠠᠲᠤᠯᠠᠬᠤ ᠬᠡᠷᠡᠭᠲᠡᠢ᠂ ᠭᠡᠷ ᠤᠨ ᠭᠠᠳᠠᠨ᠎ᠠ ᠢᠯᠡ ᠪᠠᠶᠢᠭ᠎ᠠ ᠤᠰᠤᠨ ᠬᠤᠭᠤᠯᠠᠢ ᠂ ᠤᠰᠤᠨ ᠬᠡᠮᠵᠢᠭᠦᠷ ᠂ | ᠤᠰᠤᠨ ᠭᠤᠭᠤᠵᠢᠭᠤᠷ ᠵᠡᠷᠭᠡ ᠣᠰᠣᠨ ᠤ ᠲᠥᠬᠦᠭᠡᠷᠦᠮᠵᠢ ᠶᠢ ᠬᠥᠪᠥᠩ ᠢᠶᠠᠷ ᠪᠣᠭᠤᠵᠣ᠂ ᠬᠤᠨᠢᠨ ᠳᠤ ᠬᠦᠢᠲᠡᠨ | ᠤᠰᠤ ᠪᠣᠶᠣ ᠮᠦᠰᠦ ᠲᠠᠢ ᠤᠰᠤ ᠤᠤᠭᠤᠯᠭᠠᠬᠤ ᠦᠭᠡᠢ ᠂ ᠪᠦᠯᠢᠶᠡᠨ ᠤᠰᠤ ᠤᠤᠭᠤᠯᠭᠠᠪᠠᠯ ᠬᠠᠮᠤᠭ ᠰᠠᠶᠢᠨ ᠃ | ᠡᠳᠦᠷ ᠪᠦᠷᠢ ᠲᠣᠭᠲᠠᠭᠰᠠᠨ ᠴᠠᠭ ᠲᠤ 2 ~ 3 ᠤᠳᠠᠭ᠎ᠠ ᠤᠰᠤᠯᠠᠬᠤ ᠬᠡᠷᠡᠭᠲᠡᠢ᠂ ᠡᠩ ᠤᠨ ᠪᠠᠶᠢᠳᠠᠯ ᠳᠤ ᠡᠳᠦᠷ | ᠪᠦᠷᠢ ᠪᠡᠯᠴᠢᠭᠡᠷ ᠲᠤ ᠭᠠᠷᠭᠠᠬᠤ ᠠᠴᠠ ᠡᠮᠦᠨ᠎ᠡ ᠨᠢᠭᠡ ᠤᠳᠠᠭ᠎ᠠ ᠤᠰᠤᠯᠠᠵᠤ᠂ ᠬᠤᠲᠠᠯᠠᠭᠰᠠᠨ ᠤ ᠳᠠᠷᠠᠭ᠎ᠠ ᠪᠠᠰᠠ ᠨᠢᠭᠡ | ᠤᠳᠠᠭ᠎ᠠ ᠤᠰᠤᠯᠠᠨ᠎ᠠ᠃ | 5. ᠬᠡᠭᠡᠯ ᠢ ᠨᠢ ᠬᠠᠮᠠᠭᠠᠯᠠᠬᠤ ᠶᠢ ᠠᠩᠬᠠᠷᠬᠤ | ᠡᠪᠦᠯ ᠤᠨ ᠤᠯᠠᠷᠢᠯ ᠪᠣᠯᠬᠤ ᠳᠤ᠂ ᠣᠯᠠᠩᠬᠢ ᠡᠮ᠎ᠡ ᠬᠤᠨᠢ ᠪᠦᠷ ᠬᠡᠭᠡᠯ ᠲᠠᠢ ᠪᠣᠯᠣᠭᠰᠠᠨ ᠲᠤᠯᠠ ᠡᠷᠬᠡᠪᠰᠢ | ᠬᠡᠭᠡᠯ ᠢ ᠨᠢ ᠬᠠᠮᠠᠭᠠᠯᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠬᠡᠭᠡᠯ ᠲᠠᠢ ᠬᠤᠨᠢ ᠶᠢ ᠲᠤᠰᠬᠠᠢ ᠰᠠᠷᠠᠪᠴᠢᠨ ᠳᠤ | ᠬᠤᠷᠢᠵᠤ᠂ ᠡᠭᠦᠳᠡ ᠶᠢ ᠨᠢ ᠠᠯᠢ ᠴᠢᠳᠠᠬᠤ ᠪᠠᠷ ᠥᠷᠭᠡᠨ ᠰᠢᠭ ᠪᠠᠶᠢᠯᠭᠠᠵᠤ ᠂ ᠰᠠᠷᠠᠪᠴᠢ ᠪᠣᠯᠭᠠᠨ ᠳᠤ | ᠲᠡᠵᠢᠭᠡᠬᠦ ᠬᠤᠨᠢᠨ ᠤ ᠲᠤᠭ᠎ᠠ ᠶᠢ ᠲᠣᠬᠢᠷᠠᠮᠵᠢᠲᠠᠢ ᠪᠠᠶᠢᠯᠭᠠᠵᠤ ᠂ ᠬᠡᠭᠡᠯ ᠲᠠᠢ ᠡᠮ᠎ᠡ ᠬᠤᠨᠢᠨ ᠤ ᠰᠠᠨᠠᠭᠠᠨ ᠳᠤ ᠦᠭᠡᠢ | ᠰᠢᠬᠠᠭᠳᠠᠬᠤ ᠠᠴᠠ ᠰᠡᠷᠭᠡᠶᠢᠯᠡᠬᠦ ᠬᠡᠷᠡᠭᠲᠡᠢ ᠃ ᠰᠢᠷ᠎ᠠ ᠯᠤᠤᠪᠠᠩ ᠵᠡᠷᠭᠡ ᠨᠣᠭᠤᠭᠠᠨ ᠰᠢᠭᠦᠰᠦᠯᠢᠭ ᠪᠣᠷᠳᠤᠭ᠎ᠠ ᠶᠢ ᠨᠡᠮᠡᠵᠦ ᠂ | ᠢᠯᠠᠩᠭᠤᠶ᠎ᠠ ᠤᠭᠤᠷᠠᠭ ᠂ ᠡᠷᠦᠳᠡᠰᠦ ᠂ ᠸᠢᠲ᠋ᠠᠮᠢᠨ ᠤ ᠬᠠᠩᠭᠠᠯᠭ᠎ᠠ ᠶᠢ ᠪᠠᠲᠤᠯᠠᠵᠤ ᠂ ᠬᠤᠨᠢᠨ ᠤ ᠰᠢᠮ᠎ᠡ ᠲᠡᠵᠢᠭᠡᠯ ᠤᠨ | ᠬᠡᠷᠡᠭᠴᠡᠭᠡ ᠶᠢ ᠬᠠᠩᠭᠠᠬᠤ ᠶᠢᠨ ᠬᠠᠮᠲᠤ ᠴᠢᠨᠠᠷ ᠰᠠᠶᠢᠲᠠᠢ ᠬᠠᠭᠤᠷᠠᠢ ᠡᠪᠡᠰᠦ ᠶᠢ ᠭᠦᠢᠴᠡᠳ ᠬᠠᠩᠭᠠᠬᠤ ᠶᠢ ᠪᠠᠲᠤᠯᠠᠬᠤ | ᠬᠡᠷᠡᠭᠲᠡᠢ ᠃ | 6. ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ | ᠡᠮ ᠂ ᠸᠠᠺᠼᠢᠨ ᠢ ᠨᠥᠭᠡᠴᠡᠯᠡᠬᠦ ᠪᠠ ᠬᠡᠷᠡᠭᠯᠡᠬᠦ ᠶᠢ ᠰᠠᠶᠢᠲᠤᠷ ᠬᠢᠵᠦ᠂ ᠬᠢᠵᠢᠭ ᠤᠨ ᠪᠠᠶᠢᠳᠠᠯ ᠡᠭᠦᠰᠬᠦ ᠶᠢ | ᠰᠡᠷᠭᠡᠶᠢᠯᠡᠨ᠂ ᠬᠠᠬᠢᠷ ᠬᠦᠢᠲᠡᠨ ᠴᠠᠭ ᠠᠭᠤᠷ ᠤᠨ ᠬᠤᠬᠢᠷᠠᠯ ᠢ ᠬᠠᠮᠤᠭ ᠤᠨ ᠳᠣᠣᠷ᠎ᠠ ᠬᠡᠮᠵᠢᠶᠡᠨ ᠳᠤ ᠬᠦᠷᠲᠡᠯ᠎ᠡ | ᠪᠠᠭᠤᠷᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ | 7. ᠴᠠᠭ ᠲᠤᠬᠠᠢ ᠳᠤ ᠨᠢ ᠪᠣᠷᠣᠯᠠᠭᠤᠯᠬᠤ | ᠴᠠᠭ ᠠᠭᠤᠷ ᠪᠠ ᠵᠠᠮ ᠬᠠᠷᠢᠯᠴᠠᠭᠠᠨ ᠤ ᠮᠡᠳᠡᠭᠡ ᠵᠠᠩᠭᠢ ᠶᠢ ᠴᠠᠭ ᠲᠤᠬᠠᠢ ᠳᠤ ᠨᠢ ᠣᠶᠢᠯᠠᠭᠠᠵᠤ ᠂ ᠲᠡᠵᠢᠭᠡᠯ | ᠪᠣᠷᠳᠤᠭ᠎ᠠ ᠂ ᠲᠦᠯᠡᠰᠢ ᠵᠡᠷᠭᠡ ᠲᠦᠭᠦᠬᠡᠢ ᠮᠠᠲ᠋ᠧᠷᠢᠶᠠᠯ ᠤᠨ ᠨᠥᠭᠡᠴᠡ ᠶᠢ ᠴᠠᠭ ᠲᠤᠬᠠᠢ ᠳᠤ ᠨᠢ ᠨᠥᠬᠦᠪᠦᠷᠢᠯᠡᠵᠦ ᠂ | ᠲᠠᠸᠠᠷ ᠤᠨ ᠬᠤᠨᠢ ᠶᠢ ᠠᠯᠢ ᠲᠦᠷᠭᠡᠨ ᠢᠶᠠᠷ ᠬᠤᠳᠠᠯᠳᠤᠬᠤ ᠬᠡᠷᠡᠭᠲᠡᠢ ᠃ | 8. ᠬᠤᠣᠷ ᠦᠭᠡᠶᠢᠵᠢᠬᠦᠯᠦᠨ ᠰᠢᠢᠳᠪᠦᠷᠢᠯᠡᠬᠦ ᠠᠵᠢᠯ ᠢ ᠰᠠᠶᠢᠲᠤᠷ ᠬᠢᠬᠦ | ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠢᠯᠭᠠᠳᠠᠰᠤ ᠶᠢ ᠨᠢ ᠣᠪᠣᠭᠠᠯᠠᠨ ᠪᠣᠷᠳᠣᠭᠤᠷ ᠪᠣᠯᠭᠠᠨ ᠰᠢᠢᠳᠪᠦᠷᠢᠯᠡᠵᠦ᠂ | ᠡᠪᠡᠳᠴᠢᠨ ᠢᠶᠠᠷ ᠦᠬᠦᠭᠰᠡᠨ ᠬᠤᠨᠢ ᠢᠮᠠᠭ᠎ᠠ ᠶᠢ ᠬᠤᠣᠷ ᠦᠭᠡᠶᠢᠵᠢᠭᠦᠯᠦᠨ ᠰᠢᠢᠳᠪᠦᠷᠢᠯᠡᠬᠦ ᠶᠢ ᠰᠠᠶᠢᠲᠤᠷ ᠬᠢᠵᠦ᠂ | ᠬᠢᠵᠢᠭ ᠬᠠᠯᠳᠠᠪᠤᠷᠢᠯᠠᠬᠤ ᠪᠠ ᠳᠡᠯᠭᠡᠷᠡᠬᠦ ᠶᠢ ᠰᠡᠷᠭᠡᠶᠢᠯᠡᠬᠦ ᠬᠡᠷᠡᠭᠲᠡᠢ᠃ | | | ᠮᠡᠳᠡᠭᠡ ᠵᠠᠩᠭᠢ ᠶᠢᠨ ᠢᠷᠡᠯᠲᠡ᠄ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠣᠨᠢᠨ | | | | | |