ᠵᠢᠭᠠᠰᠤᠨ ᠤ ᠲᠥᠷᠥᠯ ᠳᠤ ᠡᠪᠦᠯ ᠴᠤ ᠭᠡᠰᠡᠨ ᠵᠣᠬᠢᠬᠤ ᠬᠡᠮᠵᠢᠶᠡᠨ ᠤ ᠲᠡᠵᠢᠭᠡᠯ ᠦᠭᠬᠦ ᠬᠡᠷᠡᠭᠲᠡᠢ
ᠨᠡᠶᠢᠲᠡᠯᠡᠭᠰᠡᠨ ᠴᠠᠭ᠄
2022/10/25
      ᠮᠠᠰᠢ ᠣᠯᠠᠨ ᠵᠢᠭᠠᠰᠤ ᠲᠡᠵᠢᠭᠡᠳᠡᠭ ᠡᠷᠦᠬᠡ ᠡᠪᠦᠯ ᠤᠨ ᠤᠯᠠᠷᠢᠯ ᠪᠣᠯᠣᠭᠰᠠᠭᠠᠷ ᠵᠢᠭᠠᠰᠤ ᠳᠤ ᠪᠠᠨ ᠲᠡᠵᠢᠭᠡᠯ ᠪᠤᠷᠳᠤᠭ᠎ᠠ ᠦᠭᠬᠦ ᠪᠠᠨ ᠪᠣᠯᠢᠵᠣ᠂ ᠡᠪᠦᠯ ᠤᠨ ᠤᠯᠠᠷᠢᠯ ᠤᠨ ᠠᠭᠠᠷ ᠤᠨ ᠳᠤᠯᠠᠭᠠᠨ ᠳᠣᠣᠷ᠎ᠠ᠂ ᠵᠢᠭᠠᠰᠤ ᠶᠢᠨ ᠬᠥᠳᠡᠯᠭᠡᠭᠡᠨ ᠤ ᠬᠡᠮᠵᠢᠶ᠎ᠡ ᠨᠢ ᠶᠡᠭᠡ ᠪᠠᠷ ᠪᠠᠭᠠᠰᠴᠤ᠂ ᠢᠳᠡᠬᠦ ᠴᠢᠬᠤᠯᠠ ᠦᠭᠡᠢ ᠪᠣᠯᠣᠨ᠎ᠠ ᠭᠡᠵᠦ ᠦᠵᠡᠳᠡᠭ᠂ ᠦᠨᠡᠨ ᠳᠤ ᠪᠠᠨ ᠢᠩᠭᠢᠵᠦ ᠬᠢᠬᠦ ᠨᠢ ᠪᠤᠷᠤᠭᠤ ᠶᠤᠮ᠃ ᠵᠢᠭᠠᠰᠤᠨ ᠤ ᠲᠥᠷᠥᠯ ᠢ ᠡᠪᠦᠯ ᠤᠨ ᠬᠤᠭᠤᠴᠠᠭᠠᠨ ᠳᠤ ᠲᠡᠵᠢᠭᠡᠯ ᠪᠣᠷᠳᠤᠭ᠎ᠠ ᠢᠳᠡᠭᠦᠯᠬᠦ ᠦᠭᠡᠢ ᠪᠣᠯ ᠦᠰᠦᠨ ᠪᠣᠶᠢᠵᠢᠬᠤ ᠳᠤ ᠬᠡᠷᠡᠭᠰᠡᠬᠦ ᠡᠨᠧᠷᠭᠢ ᠨᠢ ᠨᠥᠬᠦᠪᠦᠷᠢᠯᠡᠭᠳᠡᠵᠦ ᠳᠡᠶᠢᠯᠬᠦ ᠦᠭᠡᠢ᠂ ᠵᠥᠪᠬᠡᠨ ᠪᠡᠶ᠎ᠡ ᠶᠢᠨ ᠳᠣᠲᠣᠭᠠᠳᠤ ᠶᠢᠨ ᠰᠢᠮ᠎ᠡ ᠲᠡᠵᠢᠭᠡᠯ ᠤᠨ ᠪᠣᠳᠠᠰ ᠢᠶᠠᠨ ᠬᠤᠷᠣᠭᠳᠠᠭᠤᠯᠵᠤ ᠠᠮᠢ ᠨᠠᠰᠤ ᠪᠠᠨ ᠠᠷᠭᠠᠴᠠᠭᠠᠳᠠᠭ ᠃      ᠠᠮᠤᠷ ᠵᠢᠭᠠᠰᠤᠨ ᠤ ᠲᠥᠷᠥᠯ ᠢ ᠡᠪᠦᠯᠵᠢᠬᠦ ᠬᠤᠭᠤᠴᠠᠭᠠᠨ ᠳᠤ ᠨᠠᠷᠢᠯᠢᠭ ᠪᠣᠷᠳᠤᠭ᠎ᠠ ᠨᠥᠬᠦᠪᠦᠷᠢᠯᠡᠨ ᠢᠳᠡᠭᠦᠯᠪᠡᠯ᠂ ᠵᠢᠭᠠᠰᠤ ᠶᠢᠨ ᠲᠠᠷᠭᠤ ᠶᠢᠨ ᠬᠡᠮᠵᠢᠶ᠎ᠡ᠂ ᠪᠡᠶ᠎ᠡ ᠶᠢᠨ ᠨᠡᠬᠡᠳᠡᠰᠦ ᠪᠠ ᠴᠢᠰᠤᠨ ᠤ ᠭᠤᠣᠯ ᠪᠣᠯᠬᠤ ᠹᠢᠽᠢᠣᠯᠣᠭᠢ ᠶᠢᠨ ᠵᠢᠭᠠᠯᠲᠠ ᠲᠤᠭ᠎ᠠ ᠨᠢ ᠡᠪᠦᠯᠵᠢᠬᠦ ᠠᠴᠠ ᠡᠮᠦᠨᠡᠬᠢ ᠬᠡᠪ ᠤᠨ ᠬᠢᠷᠢ ᠬᠡᠮᠵᠢᠶ᠎ᠡ ᠶᠢ ᠪᠠᠲᠤᠯᠠᠵᠤ ᠴᠢᠳᠠᠬᠤ ᠪᠠᠷ ᠪᠠᠷᠠᠬᠤ ᠦᠭᠡᠢ᠂ ᠳᠤᠮᠳᠠᠴᠢ ᠥᠰᠦᠯᠲᠡ ᠶᠢᠨ ᠨᠣᠷᠮ᠎ᠠ ᠨᠢ 12%~14% ᠳᠤ ᠬᠦᠷᠴᠦ᠂ ᠳᠠᠷᠠᠭ᠎ᠠ ᠵᠢᠯ ᠤᠨ ᠲᠡᠵᠢᠭᠡᠪᠦᠷᠢ ᠶᠢᠨ ᠦᠷᠡᠵᠢᠯᠲᠡ ᠶᠢᠨ ᠨᠣᠷᠮ᠎ᠠ ᠨᠢ ᠴᠦ ᠢᠯᠡᠳᠲᠡ ᠳᠡᠭᠡᠭᠰᠢᠯᠡᠳᠡᠭ᠃ ᠠᠯᠠᠭᠠᠨ᠎ᠠ ᠰᠣᠭᠤᠰᠤ  ᠶᠢ ᠡᠪᠦᠯ ᠤᠨ ᠤᠯᠠᠷᠢᠯ ᠳᠤ ᠲᠡᠵᠢᠭᠡᠨ ᠦᠷᠡᠵᠢᠭᠦᠯᠪᠡᠯ ᠂ ᠲᠡᠭᠦᠨ ᠤ ᠦᠷ᠎ᠡ ᠠᠰᠢᠭ ᠨᠢ ᠨᠡᠩ ᠥᠨᠳᠥᠷ ᠪᠠᠶᠢᠳᠠᠭ᠃      ᠡᠪᠦᠯ ᠤᠨ ᠤᠯᠠᠷᠢᠯ ᠳᠤ ᠤᠰᠤᠨ ᠤ ᠳᠤᠯᠠᠭᠠᠨ  ᠨᠢ ᠳᠣᠣᠷ᠎ᠠ᠂ ᠵᠢᠭᠠᠰᠤᠨ ᠤ ᠲᠥᠷᠥᠯ ᠤᠨ ᠰᠢᠩᠭᠡᠭᠡᠯᠲᠡ ᠶᠢᠨ ᠢᠰᠬᠡᠭᠦᠷ ᠤᠨ ᠢᠳᠡᠪᠬᠢ ᠴᠢᠨᠠᠷ ᠨᠢ ᠨᠡᠯᠢᠶᠡᠳ ᠪᠠᠭᠤᠷᠠᠢ ᠤᠴᠢᠷ ᠠᠴᠠ ᠲᠡᠵᠢᠭᠡᠯ ᠪᠣᠷᠳᠣᠭᠠᠨ ᠤ ᠶᠠᠰᠤ ᠴᠢᠨᠠᠷ ᠤᠨ ᠱᠠᠭᠠᠷᠳᠠᠯᠭ᠎ᠠ ᠨᠢ ᠨᠡᠯᠢᠶᠡᠳ ᠥᠨᠳᠥᠷ ᠪᠠᠶᠢᠳᠠᠭ᠃ ᠶᠡᠷᠦ ᠳᠤ ᠪᠠᠨ ᠨᠤᠨᠳᠠᠭ ᠬᠡᠯᠪᠡᠷᠢ ᠶᠢᠨ ᠯᠣᠬᠠᠱᠧᠩ ᠤᠨ ᠬᠡᠪᠡᠭ ᠂ ᠪᠤᠷᠴᠠᠭ ᠤᠨ ᠪᠣᠣᠪᠤ ᠪᠤᠶᠤ ᠬᠤᠯᠢᠮᠠᠯ ᠪᠣᠷᠳᠤᠭ᠎ᠠ ᠥᠭᠪᠡᠯ ᠰᠠᠶᠢᠨ ᠂ ᠤᠭᠤᠷᠠᠭ ᠤᠨ ᠠᠭᠤᠯᠤᠭᠳᠠᠴᠠ ᠶᠢ 28% ~ 30% ᠳᠤ ᠬᠦᠷᠭᠡᠬᠦ ᠬᠡᠷᠡᠭᠲᠡᠢ᠃ ᠥᠭᠬᠦ ᠲᠡᠵᠢᠭᠡᠯ ᠪᠤᠷᠳᠤᠭ᠎ᠠ ᠶᠢᠨ ᠬᠡᠮᠵᠢᠶ᠎ᠡ ᠶᠢ ᠤᠰᠤᠨ ᠤ ᠳᠤᠯᠠᠭᠠᠨ ᠤ ᠬᠡᠮᠵᠢᠶ᠎ᠡ ᠪᠠᠷ ᠲᠣᠭᠲᠠᠭᠠᠵᠤ᠂ ᠤᠰᠤᠨ ᠤ ᠳᠤᠯᠠᠭᠠᠨ ᠨᠢ 8℃ ᠠᠴᠠ ᠳᠡᠭᠡᠭᠰᠢ ᠦᠶ᠎ᠡ ᠳᠤ 2~3 ᠡᠳᠦᠷ ᠲᠤ ᠨᠢᠭᠡ ᠤᠳᠠᠭ᠎ᠠ ᠢᠳᠡᠭᠦᠯᠦᠨ᠎ᠡ᠂ ᠲᠡᠵᠢᠭᠡᠯ ᠪᠤᠷᠳᠤᠭ᠎ᠠ ᠶᠢᠨ ᠬᠡᠮᠵᠢᠶ᠎ᠡ ᠨᠢ ᠵᠢᠭᠠᠰᠤᠨ ᠤ ᠪᠡᠶ᠎ᠡ ᠶᠢᠨ ᠶᠡᠷᠦᠩᠬᠡᠢ ᠬᠦᠨᠳᠦᠴᠡ ᠶᠢᠨ 1%~2% ᠢ ᠡᠵᠡᠯᠡᠨ᠎ᠡ᠂ ᠦᠷᠭᠦᠯᠵᠢᠯᠡᠭᠰᠡᠨ ᠲᠤᠩᠭᠠᠯᠠᠭ ᠡᠳᠦᠷ ᠲᠤ ᠤᠰᠤᠨ ᠤ ᠳᠤᠯᠠᠭᠠᠨ ᠳᠡᠭᠡᠭᠰᠢᠯᠡᠭᠡᠳ 10℃ ᠠᠴᠠ ᠳᠡᠭᠡᠭᠰᠢ ᠪᠣᠯᠬᠤ ᠦᠶ᠎ᠡ ᠳᠤ ᠵᠢᠭᠠᠰᠤᠨ ᠤ ᠲᠥᠷᠥᠯ ᠤᠨ ᠬᠥᠳᠡᠯᠭᠡᠭᠡᠨ ᠴᠢᠩᠭᠠᠷᠠᠨ᠎ᠠ ᠂ ᠡᠨᠡ ᠦᠶ᠎ᠡ ᠳᠤ ᠥᠭᠬᠦ ᠲᠡᠵᠢᠭᠡᠯ ᠪᠣᠷᠳᠤᠭᠠᠨ ᠤ ᠬᠡᠮᠵᠢᠶ᠎ᠡ ᠶᠢ ᠵᠣᠬᠢᠬᠤ ᠬᠡᠮᠵᠢᠶ᠎ᠡ ᠪᠠᠷ ᠨᠡᠮᠡᠭᠳᠡᠭᠦᠯᠦᠨ᠎ᠡ᠃ ᠲᠡᠵᠢᠭᠡᠯ ᠪᠣᠷᠳᠤᠭ᠎ᠠ ᠶᠢ ᠵᠢᠭᠠᠰᠤᠨ ᠴᠥᠭᠦᠷᠥᠮ ᠤᠨ ᠳᠤᠮᠳᠠ ᠬᠡᠰᠡᠭ ᠪᠤᠶᠤ ᠤᠰᠤᠨ ᠤ ᠭᠦᠨ ᠳᠤ ᠲᠥᠪᠯᠡᠷᠡᠭᠦᠯᠦᠨ ᠲᠠᠯᠪᠢᠵᠤ᠂ ᠢᠳᠡᠭᠦᠯᠬᠦ ᠨᠣᠷᠮ᠎ᠠ ᠶᠢ ᠵᠢᠭᠠᠰᠤᠨ ᠴᠥᠭᠦᠷᠥᠮ ᠤᠨ ᠶᠡᠭᠡ ᠪᠠᠭ᠎ᠠ ᠵᠢᠴᠢ ᠵᠢᠭᠠᠰᠤᠨ ᠰᠦᠷᠦᠭ ᠤᠨ ᠨᠢᠭᠲᠠᠴᠠ ᠶᠢ ᠦᠨᠳᠦᠰᠦᠯᠡᠨ ᠶᠡᠷᠦᠩᠬᠡᠶᠢᠯᠡᠨ ᠪᠣᠳᠣᠯᠬᠢᠯᠠᠵᠤ᠂ ᠡᠳᠦᠷ ᠪᠦᠷᠢ 2% ᠠᠴᠠ ᠳᠡᠭᠡᠭᠰᠢ ᠪᠠᠶᠢᠬᠤ ᠶᠢ ᠱᠠᠭᠠᠷᠳᠠᠨ᠎ᠠ᠃ ᠡᠭᠦᠨ ᠤ ᠬᠠᠮᠲᠤ ᠪᠠᠰᠠ ᠢᠰᠬᠡᠭᠰᠡᠨ ᠣᠷᠭᠠᠨᠢᠭ ᠪᠣᠷᠳᠣᠭᠤᠷ ᠢ ᠨᠡᠮᠡᠵᠦ ᠣᠷᠣᠭᠤᠯᠤᠨ᠎ᠠ ᠂ ᠮᠦ ᠪᠦᠷᠢ ᠳᠤ 200~300 ᠺᠢᠯᠣᠭ᠍ᠷᠠᠮ ᠂ 10 ᠡᠳᠦᠷ ᠲᠤ ᠨᠢᠭᠡ ᠤᠳᠠᠭ᠎ᠠ ᠂ ᠤᠰᠤᠨ ᠤ ᠴᠢᠨᠠᠷ ᠢ ᠪᠠᠲᠤᠯᠠᠬᠤ ᠬᠡᠮᠵᠢᠶ᠎ᠡ ᠪᠠᠷ ᠤᠷᠤᠭᠤᠯᠵᠤ᠂ ᠵᠢᠭᠠᠰᠤᠨ ᠤ ᠡᠪᠦᠯᠵᠢᠬᠦ ᠳᠤ ᠭᠦᠢᠴᠡᠳ ᠥᠭᠶᠥᠭᠡ ᠶᠢᠨ ᠠᠮᠢᠳᠤ ᠪᠣᠳᠠᠰ ᠪᠠ ᠭᠡᠷᠡᠯ ᠤᠨ ᠨᠡᠶᠢᠯᠡᠯᠭᠡ ᠶᠢᠨ ᠦᠢᠯᠡᠳᠦᠯ ᠢ ᠬᠠᠩᠭᠠᠨ᠂ ᠤᠰᠤᠨ ᠴᠣᠭᠴᠠ ᠶᠢ ᠨᠡᠯᠢᠶᠡᠳ ᠥᠨᠳᠥᠷ ᠬᠦᠴᠢᠯᠲᠥ᠋ᠷᠥᠭᠴᠢ ᠠᠭᠤᠰᠬᠠᠬᠤ ᠬᠡᠮᠵᠢᠶ᠎ᠡ ᠲᠠᠢ ᠪᠠᠶᠢᠯᠭᠠᠵᠤ ᠂ ᠵᠢᠭᠠᠰᠤᠨ ᠤ ᠲᠥᠷᠥᠯ ᠤᠨ ᠥᠰᠦᠯᠲᠡ ᠶᠢ ᠠᠬᠢᠭᠤᠯᠬᠤ ᠬᠡᠷᠡᠭᠲᠡᠢ᠃  
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号