ᠨᠢᠭᠡ ᠂ ︽ ᠬᠠᠮᠢᠶᠠᠷᠤᠯᠲᠠ ᠶᠢᠨ ᠠᠷᠭ᠎ᠠ ︾ ᠶᠢ ᠲᠣᠭᠲᠠᠭᠠᠵᠤ ᠨᠡᠶᠢᠲᠡᠯᠡᠭᠰᠡᠨ ᠭᠤᠣᠯ ᠠᠬᠤᠢ ᠪᠠᠶᠢᠳᠠᠯ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢᠨ ᠬᠡᠪᠴᠢᠶ᠎ᠡ | ᠶᠡᠭᠡ᠂ ᠲᠥᠷᠥᠯ ᠵᠦᠢᠯ ᠤᠨ ᠲᠤᠭ᠎ᠠ ᠬᠡᠮᠵᠢᠶ᠎ᠡ ᠣᠯᠠᠨ᠂ ᠠᠵᠢᠯ ᠤᠨ ᠬᠡᠯᠬᠢᠶ᠎ᠡ ᠣᠷᠳᠣ᠂ ᠣᠷᠤᠯᠴᠠᠬᠤ ᠭᠤᠣᠯ | ᠴᠣᠭᠴᠠ ᠣᠯᠠᠨ᠂ ᠨᠡᠶᠢᠭᠡᠮ ᠤᠨ ᠠᠩᠬᠠᠷᠤᠯ ᠤᠨ ᠬᠡᠮᠵᠢᠶ᠎ᠡ ᠥᠨᠳᠥᠷ ᠪᠣᠯᠬᠤᠷ ᠲᠥᠷᠥᠯ ᠵᠦᠢᠯ ᠤᠨ ᠳᠠᠭᠠᠭᠠᠴᠢᠯᠠᠯᠲᠠ | ᠵᠠᠷᠯᠠᠬᠤ ᠳᠠᠭᠠᠭᠠᠴᠢᠯᠠᠯᠲᠠ ᠬᠦᠯᠢᠶᠡᠬᠦ ᠶᠢ ᠵᠢᠷᠤᠮᠵᠢᠭᠤᠯᠤᠨ ᠵᠣᠬᠢᠶᠠᠨ ᠪᠠᠶᠢᠭᠤᠯᠬᠤ ᠨᠢ ᠲᠤᠶᠢᠯ ᠤᠨ ᠴᠢᠬᠤᠯᠠ ᠶᠤᠮ᠃ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ | ᠬᠦᠯᠢᠶᠡᠬᠦ ᠶᠢ ᠬᠡᠷᠡᠭᠵᠢᠭᠦᠯᠬᠦ ᠶᠠᠪᠤᠴᠠ ᠳᠤ᠂ ᠤᠴᠢᠷ ᠰᠢᠯᠲᠠᠭᠠᠨ ᠢ ᠲᠣᠳᠣᠷᠬᠠᠢ ᠲᠣᠭᠲᠠᠭᠠᠭᠰᠠᠨ ᠦᠭᠡᠢ ᠠᠴᠠ | ᠪᠣᠯᠵᠤ᠂ ᠬᠡᠰᠡᠭ ᠲᠦᠷᠦᠯ ᠵᠦᠢᠯ ᠤᠨ ᠳᠠᠭᠠᠭᠠᠴᠢᠯᠠᠯᠲᠠ ᠶᠢᠨ ᠬᠡᠰᠡᠭ ᠤᠨ ᠬᠤᠪᠢᠶᠠᠷᠢᠯᠠᠯ ᠨᠢ ᠬᠡᠲᠦ ᠪᠠᠭ᠎ᠠ᠂ ᠬᠡᠲᠦ | ᠣᠯᠠᠨ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠮᠠᠲ᠋ᠧᠷᠢᠶᠠᠯ ᠨᠢ ᠲᠡᠭᠦᠯᠳᠡᠷ ᠪᠤᠰᠤ ᠵᠡᠷᠭᠡ | ᠦᠵᠡᠭᠳᠡᠯ ᠭᠠᠷᠴᠤ᠂ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ | ᠬᠠᠮᠢᠶᠠᠷᠤᠯᠲᠠ ᠶᠢᠨ ᠳᠦᠷᠢᠮ ᠢ ᠤᠯᠠᠮ ᠨᠢᠭᠡ ᠠᠯᠬᠤᠮ ᠴᠢᠩᠭᠠᠳᠬᠠᠨ ᠵᠢᠷᠤᠮᠵᠢᠭᠤᠯᠬᠤ ᠨᠢ ᠲᠤᠶᠢᠯ ᠤᠨ ᠴᠢᠬᠤᠯᠠ | ᠪᠣᠯᠵᠤ᠂ ᠬᠠᠮᠢᠶ᠎ᠠ ᠪᠦᠬᠦᠢ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠬᠤ ᠨᠢ ᠨᠢᠭᠡᠨᠲᠡ ᠲᠠᠷᠢᠶᠠᠨ ᠭᠠᠵᠠᠷ ᠤᠨ | ᠪᠦᠲᠦᠭᠡᠨ ᠪᠠᠶᠢᠭᠤᠯᠤᠯᠲᠠ ᠶᠢᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠬᠠᠮᠢᠶᠠᠷᠤᠯᠲᠠ ᠶᠢ | ᠵᠢᠷᠤᠮᠵᠢᠭᠤᠯᠤᠨ ᠥᠷᠨᠢᠭᠦᠯᠬᠦ ᠶᠢᠨ ᠲᠤᠯᠭᠠᠮ᠎ᠠ ᠬᠡᠷᠡᠭᠴᠡᠭᠡ ᠪᠣᠯᠤᠭᠰᠠᠨ ᠪᠠᠶᠢᠨ᠎ᠠ᠃ ᠢᠯᠠᠩᠭᠤᠶ᠎ᠠ ᠠᠷᠪᠠᠨ | ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠳᠤ᠂ ᠴᠢᠨᠠᠷ ᠰᠠᠶᠢᠲᠠᠢ ᠬᠥᠭᠵᠢᠯᠲᠡ ᠶᠢᠨ | ᠭᠤᠣᠯ ᠰᠡᠳᠦᠪ ᠲᠠᠢ ᠨᠢᠭᠲᠠ ᠤᠶᠠᠯᠳᠤᠭᠤᠯᠤᠨ᠂ ᠪᠦᠬᠦ ᠣᠷᠣᠨ ᠤ ᠡᠵᠡᠩᠨᠡᠯᠲᠡ ᠶᠢᠨ ᠣᠷᠴᠢᠨ ᠲᠣᠭᠤᠷᠢᠨ ᠢ | ᠰᠢᠯᠢᠳᠡᠭᠵᠢᠭᠦᠯᠦᠨ ᠳᠡᠰ ᠳᠡᠪᠰᠢᠭᠦᠯᠬᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ | ᠰᠢᠨ᠎ᠡ ᠪᠠᠶᠢᠷᠢᠰᠢᠯ ᠳᠤ ᠬᠦᠴᠦ ᠨᠡᠮᠡᠷᠢᠯᠡᠬᠦ ᠴᠢᠬᠤᠯᠠᠲᠠᠢ ᠶᠤᠮ ᠂ ︽ᠬᠠᠮᠢᠶᠠᠷᠤᠯᠲᠠ ᠶᠢᠨ ᠠᠷᠭ᠎ᠠ︾ ᠶᠢ ᠨᠠᠶᠢᠲᠡᠯᠡᠭᠰᠡᠨ | ᠨᠢ ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠬᠠᠮᠢᠶᠠᠷᠤᠯᠲᠠ ᠶᠢᠨ ᠠᠷᠭ᠎ᠠ ᠶᠢ ᠨᠠᠷᠢᠯᠢᠭᠵᠢᠭᠤᠯᠵᠤ᠂ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠳᠠᠭᠠᠭᠠᠴᠢᠯᠠᠯᠲᠠ | ᠵᠠᠷᠯᠠᠵᠤ ᠳᠠᠭᠠᠭᠠᠴᠢᠯᠠᠯᠲᠠ ᠬᠦᠯᠢᠶᠡᠬᠦ ᠱᠠᠭᠠᠷᠳᠠᠯᠭ᠎ᠠ᠂ ᠬᠦᠷᠢᠶ᠎ᠡ ᠬᠡᠪᠴᠢᠶ᠎ᠡ᠂ ᠳᠠᠭᠠᠭᠠᠴᠢᠯᠠᠯᠲᠠ ᠬᠦᠯᠢᠶᠡᠭᠴᠢ ᠶᠢᠨ | ᠨᠥᠬᠦᠴᠡᠯ᠂ ᠬᠢᠨᠠᠨ ᠲᠣᠭᠲᠠᠭᠠᠬᠤ ᠲᠤᠰᠬᠠᠢ ᠮᠡᠷᠭᠡᠵᠢᠯᠲᠡᠨ ᠢ ᠰᠣᠩᠭᠤᠨ ᠠᠪᠬᠤ᠂ ᠬᠢᠨᠠᠨ ᠬᠠᠮᠢᠶᠠᠷᠬᠤ | ᠬᠠᠷᠢᠭᠤᠴᠠᠯᠭ᠎ᠠ ᠵᠡᠷᠭᠡ ᠶᠢ ᠲᠤᠳᠤᠷᠬᠠᠶᠢᠯᠠᠨ᠂ ᠲᠦᠷᠦᠯ ᠵᠦᠢᠯ ᠤᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ | ᠬᠦᠯᠢᠶᠡᠬᠦ ᠬᠠᠷᠠᠯᠲᠠ ᠶᠢᠨ ᠡᠭᠦᠷᠭᠡ ᠶᠢ ᠪᠡᠶᠡᠯᠡᠭᠦᠯᠬᠦ ᠶᠢ ᠦᠨᠡᠨ ᠬᠦ ᠪᠠᠲᠤᠯᠠᠭᠰᠠᠨ ᠰᠠᠭᠤᠷᠢᠨ ᠳᠡᠭᠡᠷ᠎ᠡ ᠂ | ᠳᠠᠭᠠᠭᠠᠴᠢᠯᠠᠯᠲᠠ ᠵᠠᠷᠯᠠᠬᠤ ᠶᠢ ᠣᠷᠣᠯᠠᠬᠤ ᠪᠣᠭᠤᠮᠲᠠ ᠂ ᠳᠠᠭᠠᠭᠠᠴᠢᠯᠠᠯᠲᠠ ᠰᠢᠯᠭᠠᠷᠠᠭᠤᠯᠵᠤ ᠬᠢᠨᠠᠨ ᠲᠣᠭᠲᠠᠭᠠᠬᠤ | ᠪᠣᠭᠤᠮᠲᠠ ᠂ ᠳᠠᠭᠠᠭᠠᠴᠢᠯᠠᠯᠲᠠ ᠣᠯᠣᠭᠴᠢ ᠶᠢᠨ ᠬᠠᠮᠢᠶᠠᠷᠤᠯᠲᠠ ᠶᠢᠨ ᠪᠣᠭᠤᠮᠲᠠ ᠶᠢ ᠰᠠᠶᠢᠲᠤᠷ ᠠᠳᠬᠤᠵᠤ ᠂ ᠴᠢᠨᠠᠷ | ᠰᠠᠶᠢᠲᠠᠢ ᠳᠠᠭᠠᠭᠠᠴᠢᠯᠠᠯᠲᠠ ᠵᠠᠷᠯᠠᠬᠤ ᠂ ᠥᠨᠳᠥᠷ ᠦᠷ᠎ᠡ ᠪᠦᠲᠦᠮᠵᠢᠲᠡᠢ ᠬᠠᠮᠢᠶᠠᠷᠤᠯᠲᠠ ᠶᠢ ᠪᠡᠶᠡᠯᠡᠭᠦᠯᠵᠦ ᠂ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠳᠠᠭᠠᠭᠠᠴᠢᠯᠠᠯᠲᠠ ᠵᠠᠷᠯᠠᠵᠤ | ᠳᠠᠭᠠᠭᠠᠴᠢᠯᠠᠯᠲᠠ ᠬᠦᠯᠢᠶᠡᠬᠦ ᠭᠤᠭᠴᠤᠭ᠎ᠠ ᠶᠢᠨ ᠬᠠᠮᠢᠶᠠᠷᠤᠯᠲᠠ ᠶᠢ ᠴᠢᠨᠠᠭᠰᠢᠳᠠ ᠵᠢᠷᠤᠮᠵᠢᠭᠤᠯᠤᠨ᠂ ᠪᠦᠬᠦ ᠣᠷᠣᠨ ᠤ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠵᠤ ᠂ ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠶᠢ ᠪᠠᠲᠤᠳᠬᠠᠬᠤ ᠨᠢ ᠯᠠᠪᠲᠠᠢ ᠶᠤᠮ ᠃ | ᠬᠤᠶᠠᠷ ᠂ ︽ ᠬᠠᠮᠢᠶᠠᠷᠤᠯᠲᠠ ᠶᠢᠨ ᠠᠷᠭ᠎ᠠ ︾ ᠶᠢᠨ ᠪᠣᠷᠣ ᠲᠥᠯᠥᠪ ᠪᠠ ᠭᠤᠣᠯ ᠠᠭᠤᠯᠭ᠎ᠠ | ︽ ᠬᠠᠮᠢᠶᠠᠷᠤᠯᠲᠠ ᠶᠢᠨ ᠠᠷᠭ᠎ᠠ ︾ ᠨᠢ ᠲᠣᠪᠴᠢ ᠠᠪᠰᠠᠷᠬᠠᠨ ᠂ ᠨᠡᠶᠢᠳᠡ ᠵᠢᠷᠭᠤᠭᠠᠨ ᠪᠦᠯᠦᠭ ᠬᠤᠷᠢᠨ ᠲᠠᠪᠤᠨ | ᠵᠤᠷᠪᠤᠰ ᠲᠠᠢ ᠃ | ᠨᠢᠭᠡᠳᠦᠭᠡᠷ ᠪᠦᠯᠦᠭ ᠶᠡᠷᠦᠩᠬᠡᠢ ᠳᠦᠷᠢᠮ᠂ ᠠᠷᠭ᠎ᠠ ᠶᠢ ᠨᠠᠶᠢᠷᠠᠭᠤᠯᠤᠨ ᠵᠣᠬᠢᠶᠠᠭᠰᠠᠨ ᠵᠣᠷᠢᠯᠭ᠎ᠠ ᠦᠨᠳᠦᠰᠦᠯᠡᠯ᠂ | ᠬᠡᠷᠡᠭᠯᠡᠬᠦ ᠬᠡᠪᠴᠢᠶ᠎ᠡ᠂ ᠳᠠᠭᠠᠭᠠᠴᠢᠯᠠᠯᠲᠠ ᠵᠠᠷᠯᠠᠬᠤ ᠠᠭᠤᠯᠭ᠎ᠠ᠂ ᠡᠯ᠎ᠡ ᠱᠠᠲᠤᠨ ᠤ ᠡᠭᠦᠷᠭᠡ ᠬᠠᠷᠢᠭᠤᠴᠠᠯᠭ᠎ᠠ ᠵᠡᠷᠭᠡ ᠶᠢ | ᠲᠣᠳᠣᠷᠬᠠᠢ ᠲᠣᠭᠲᠠᠭᠠᠪᠠ᠃ | ᠬᠤᠶᠠᠳᠤᠭᠠᠷ ᠪᠦᠯᠦᠭ ᠳᠠᠭᠠᠭᠠᠴᠢᠯᠠᠯᠲᠠ ᠵᠠᠷᠯᠠᠬᠤ ᠂ ᠳᠠᠭᠠᠭᠠᠴᠢᠯᠠᠯᠲᠠ ᠵᠠᠷᠯᠠᠭᠴᠢ ᠶᠢᠨ ᠡᠭᠦᠷᠭᠡ ᠴᠢᠳᠠᠪᠤᠷᠢ ᠂ | ᠳᠠᠭᠠᠭᠠᠴᠢᠯᠠᠯᠲᠠ ᠶᠢᠨ ᠬᠡᠰᠡᠭ ᠤᠨ ᠬᠤᠪᠢᠶᠠᠷᠢᠯᠠᠯ ᠂ ᠲᠥᠰᠥᠪ ᠢ ᠬᠢᠨᠠᠨ ᠲᠣᠭᠲᠠᠭᠠᠬᠤ ᠂ ᠣᠷᠣᠯᠠᠬᠤ | ᠪᠠᠶᠢᠭᠤᠯᠤᠮᠵᠢ ᠶᠢᠨ ᠱᠠᠭᠠᠷᠳᠠᠯᠭ᠎ᠠ ᠪᠠ ᠬᠠᠮᠢᠶᠠᠷᠤᠯᠲᠠ ᠶᠢᠨ ᠰᠢᠢᠳᠭᠡᠯ ᠵᠡᠷᠭᠡ ᠠᠭᠤᠯᠭ᠎ᠠ ᠶᠢ ᠪᠠᠭᠲᠠᠭᠠᠨ᠎ᠠ ᠃ | ᠭᠤᠷᠪᠠᠳᠤᠭᠠᠷ ᠪᠦᠯᠦᠭ ᠳᠠᠭᠠᠭᠠᠴᠢᠯᠠᠯᠲᠠ ᠳᠤ ᠣᠷᠣᠬᠤ ᠂ ᠳᠠᠭᠠᠭᠠᠴᠢᠯᠠᠯᠲᠠ ᠳᠤ ᠣᠷᠣᠭᠴᠢ ᠶᠢᠨ ᠬᠢᠷᠢ ᠬᠡᠮ ᠂ | ᠬᠤᠳᠠᠯ ᠬᠠᠭᠤᠷᠮᠠᠭ ᠢᠶᠠᠷ ᠳᠠᠭᠠᠭᠠᠴᠢᠯᠠᠯᠲᠠ ᠳᠤ ᠣᠷᠣᠭᠰᠠᠳ ᠢ ᠰᠢᠢᠳᠭᠡᠬᠦ ᠵᠡᠷᠭᠡ ᠠᠭᠤᠯᠭ᠎ᠠ ᠶᠢ ᠪᠠᠭᠲᠠᠭᠠᠨ᠎ᠠ ᠃ | ᠳᠥᠷᠪᠡᠳᠦᠭᠡᠷ ᠪᠦᠯᠦᠭ ᠳᠠᠭᠠᠭᠠᠴᠢᠯᠠᠯᠲᠠ ᠨᠡᠶᠢᠲᠡᠯᠡᠬᠦ ᠂ ᠳᠠᠭᠠᠭᠠᠴᠢᠯᠠᠯᠲᠠ ᠦᠨᠡᠯᠡᠬᠦ ᠪᠠ ᠳᠠᠭᠠᠭᠠᠴᠢᠯᠠᠯᠲᠠ | ᠣᠯᠬᠤ ᠳᠤ ᠬᠢᠨᠠᠯᠲᠠ ᠲᠠᠯᠪᠢᠵᠤ ᠬᠠᠮᠢᠶᠠᠷᠬᠤ ᠂ ᠲᠤᠰᠬᠠᠢ ᠮᠡᠷᠭᠡᠵᠢᠯᠲᠡᠨ ᠰᠣᠩᠭᠤᠨ ᠠᠪᠬᠤ ᠂ ᠳᠠᠭᠠᠭᠠᠴᠢᠯᠠᠯᠲᠠ | ᠦᠨᠡᠯᠡᠬᠦ ᠱᠠᠭᠠᠷᠳᠠᠯᠭ᠎ᠠ ᠂ ᠭᠡᠷ᠎ᠡ ᠲᠣᠭᠲᠠᠭᠠᠬᠤ ᠂ ᠳᠠᠭᠠᠭᠠᠴᠢᠯᠠᠯᠲᠠ ᠣᠯᠬᠤ ᠶᠢ ᠬᠠᠮᠢᠶᠠᠷᠬᠤ ᠂ ᠣᠷᠣᠯᠠᠬᠤ ᠡᠭᠦᠷᠭᠡ | ᠴᠢᠳᠠᠪᠤᠷᠢ ᠪᠠ ᠲᠣᠭᠲᠠᠭᠠᠯ ᠢ ᠵᠦᠷᠢᠴᠡᠭᠰᠡᠳ ᠢ ᠰᠢᠢᠳᠭᠡᠬᠦ ᠵᠡᠷᠭᠡ ᠲᠠᠯ᠎ᠠ ᠪᠠᠷ ᠵᠢᠷᠤᠮᠵᠢᠭᠤᠯᠤᠭᠰᠠᠨ ᠪᠠᠶᠢᠨ᠎ᠠ ᠃ | ᠲᠠᠪᠤᠳᠤᠭᠠᠷ ᠪᠦᠯᠦᠭ ᠬᠢᠨᠠᠯᠲᠠ ᠬᠠᠮᠢᠶᠠᠷᠤᠯᠲᠠ ᠂ ᠬᠢᠨᠠᠯᠲᠠ ᠲᠠᠯᠪᠢᠬᠤ ᠱᠠᠭᠠᠷᠳᠠᠯᠭ᠎ᠠ ᠂ ᠬᠠᠮᠲᠤᠷᠠᠨ ᠬᠠᠤᠯᠢ | ᠬᠡᠷᠡᠭᠵᠢᠭᠦᠯᠬᠦ ᠂ ᠳᠠᠭᠠᠭᠠᠴᠢᠯᠠᠯᠲᠠ ᠶᠢᠨ ᠳᠠᠷᠠᠭᠠᠬᠢ ᠬᠠᠮᠢᠶᠠᠷᠤᠯᠲᠠ ᠵᠡᠷᠭᠡ ᠠᠭᠤᠯᠭ᠎ᠠ ᠶᠢ ᠪᠠᠭᠲᠠᠭᠠᠨ᠎ᠠ ᠃ | ᠵᠢᠷᠭᠤᠳᠤᠭᠠᠷ ᠪᠦᠯᠦᠭ ᠳᠠᠭᠠᠯᠳᠤᠭᠤᠯᠤᠭᠰᠠᠨ ᠳᠦᠷᠢᠮ ᠂ ᠬᠡᠷᠡᠭᠵᠢᠭᠦᠯᠬᠦ ᠴᠠᠭ ᠬᠤᠭᠤᠴᠠᠭ᠎ᠠ ᠪᠠ | ᠲᠠᠶᠢᠯᠪᠤᠷᠢᠯᠠᠬᠤ ᠡᠷᠬᠡ ᠶᠢᠨ ᠬᠡᠪᠴᠢᠶ᠎ᠡ ᠶᠢ ᠲᠣᠭᠲᠠᠭᠠᠪᠠ ᠃ | ᠭᠤᠷᠪᠠ ᠂ ︽ ᠬᠠᠮᠢᠶᠠᠷᠤᠯᠲᠠ ᠶᠢᠨ ᠠᠷᠭ᠎ᠠ ︾ ᠶᠢᠨ ᠭᠤᠣᠯ ᠦᠢᠯᠡᠳᠦᠯ ᠪᠠ ᠣᠨᠴᠠᠯᠢᠭ | ︵ᠨᠢᠭᠡ︶ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠶᠠᠪᠤᠴᠠ ᠳᠠᠬᠢ | ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠡᠭᠦᠷᠭᠡ | ᠪᠣᠯᠣᠨ ᠡᠭᠦᠷᠭᠡ ᠬᠠᠷᠢᠭᠤᠴᠠᠯᠭ᠎ᠠ ᠶᠢᠨ ᠲᠤᠬᠠᠢ ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠶᠢᠨ ᠴᠠᠭ ᠪᠠᠴᠢᠮ᠂ ᠡᠭᠦᠷᠭᠡ ᠬᠦᠨᠳᠦ᠂ ᠪᠡᠯᠡ ᠮᠥᠩᠭᠦ ᠶᠢᠨ ᠬᠡᠮᠵᠢᠶ᠎ᠡ ᠶᠡᠭᠡ᠂ ᠬᠤᠯᠪᠣᠭᠳᠠᠬᠤ ᠭᠤᠣᠯ | ᠴᠣᠭᠴᠠ ᠣᠯᠠᠨ ᠪᠣᠯᠬᠤᠷ ᠬᠠᠷᠢᠭᠤᠴᠠᠯᠭ᠎ᠠ ᠡᠷᠬᠡ ᠲᠣᠳᠣᠷᠬᠠᠢ᠂ ᠲᠠᠰ ᠳᠠᠷᠠᠭᠠᠯᠠᠯ ᠳᠥᠭᠦᠮ ᠳᠥᠲᠡ᠂ ᠬᠡᠷᠡᠭᠵᠢᠭᠦᠯᠬᠦ | ᠴᠢᠨᠠᠷ ᠢᠶᠠᠷ ᠴᠢᠩᠭ᠎ᠠ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠲᠠᠰ ᠳᠠᠷᠠᠭᠠᠯᠠᠯ ᠤᠨ ᠴᠢᠨᠠᠷᠲᠠᠢ | ᠪᠢᠴᠢᠭ ᠮᠠᠲ᠋ᠧᠷᠢᠶᠠᠯ ᠢ ᠲᠦᠷᠭᠡᠨ ᠲᠣᠭᠲᠠᠭᠠᠵᠤ᠂ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ | ᠬᠦᠯᠢᠶᠡᠬᠦ ᠬᠠᠮᠢᠶᠠᠷᠤᠯᠲᠠ ᠶᠢᠨ ᠠᠵᠢᠯᠯᠠᠬᠤ ᠲᠠᠰ ᠳᠠᠷᠠᠭᠠᠯᠠᠯ᠂ ᠬᠠᠮᠢᠶᠠᠷᠤᠨ ᠡᠵᠡᠮᠳᠡᠬᠦ ᠭᠤᠭᠴᠤᠭ᠎ᠠ᠂ ᠵᠢᠷᠤᠮᠵᠢᠯ ᠤᠨ | ᠴᠢᠨᠠᠷᠲᠠᠢ ᠱᠠᠭᠠᠷᠳᠠᠯᠭ᠎ᠠ ᠶᠢ ᠲᠣᠳᠣᠷᠬᠠᠶᠢᠯᠠᠬᠤ ᠴᠢᠬᠤᠯᠠᠲᠠᠢ ᠪᠠᠶᠢᠨ᠎ᠠ᠃ ︽ᠬᠠᠮᠢᠶᠠᠷᠤᠯᠲᠠ ᠶᠢᠨ ᠠᠷᠭ᠎ᠠ︾ ᠳᠤ | ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠭᠤᠷᠪᠠᠨ ᠱᠠᠲᠤᠨ ᠤ ᠲᠥᠷᠥᠯ ᠵᠦᠢᠯ ᠤᠨ | ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠶᠠᠪᠤᠴᠠ ᠳᠠᠬᠢ ᠡᠭᠦᠷᠭᠡ ᠬᠠᠷᠢᠭᠤᠴᠠᠯᠭ᠎ᠠ ᠶᠢ | ᠲᠣᠳᠣᠷᠬᠠᠶᠢᠯᠠᠪᠠ ︵ᠲᠠᠪᠤ᠂ ᠠᠷᠪᠠ ᠶᠢᠰᠦ᠂ ᠬᠤᠷᠢᠳᠤᠭᠠᠷ ᠵᠣᠷᠪᠣᠰ ︶᠂ ᠳᠠᠭᠠᠭᠠᠴᠢᠯᠠᠯᠲᠠ ᠵᠠᠷᠯᠠᠭᠴᠢ ︵ᠵᠢᠷᠭᠤᠳᠤᠭᠠᠷ ᠂ | ᠳᠣᠯᠣᠳᠤᠭᠠᠷ ᠂ ᠨᠠᠢᠮᠠᠳᠤᠭᠠᠷ ᠂ ᠠᠷᠪᠠᠨ ᠭᠤᠷᠪᠠᠳᠤᠭᠠᠷ ᠂ ᠠᠷᠪᠠᠨ ᠨᠠᠢᠮᠠᠳᠤᠭᠠᠷ ᠂ ᠬᠤᠷᠢᠳᠤᠭᠠᠷ ᠂ ᠬᠤᠷᠢᠨ | ᠨᠢᠭᠡᠳᠦᠭᠡᠷ ᠵᠤᠷᠪᠤᠰ︶ ᠂ ᠳᠠᠭᠠᠭᠠᠴᠢᠯᠠᠯᠲᠠ ᠵᠠᠷᠯᠠᠬᠤ ᠶᠢ ᠣᠷᠣᠯᠠᠨ ᠭᠦᠢᠴᠡᠳᠬᠡᠬᠦ ︵ ᠶᠢᠰᠦᠳᠦᠭᠡᠷ ᠂ ᠠᠷᠪᠠᠨ | ᠨᠠᠢᠮᠠᠳᠤᠭᠠᠷ ᠂ ᠬᠤᠷᠢᠨ ᠨᠢᠭᠡᠳᠦᠭᠡᠷ ᠂ ᠬᠤᠷᠢᠨ ᠬᠤᠶᠠᠳᠤᠭᠠᠷ ᠵᠣᠷᠪᠤᠰ︶ ᠂ ᠳᠠᠭᠠᠭᠠᠴᠢᠯᠠᠯᠲᠠ ᠬᠦᠯᠢᠶᠡᠭᠴᠢ | ︵ᠠᠷᠪᠠᠳᠤᠭᠠᠷ ᠂ ᠠᠷᠪᠠᠨ ᠨᠢᠭᠡᠳᠦᠭᠡᠷ ᠂ ᠠᠷᠪᠠᠨ ᠬᠤᠶᠠᠳᠤᠭᠠᠷ ᠂ ᠬᠤᠷᠢᠨ ᠨᠢᠭᠡᠳᠦᠭᠡᠷ ᠂ ᠬᠤᠷᠢᠨ ᠬᠤᠶᠠᠳᠤᠭᠠᠷ | ᠵᠣᠷᠪᠤᠰ︶ ᠂ ᠳᠠᠭᠠᠭᠠᠴᠢᠯᠠᠯᠲᠠ ᠦᠨᠡᠯᠡᠬᠦ ᠲᠤᠰᠬᠠᠢ ᠮᠡᠷᠭᠡᠵᠢᠯᠲᠡᠨ ︵ ᠠᠷᠪᠠᠨ ᠳᠥᠷᠪᠡᠳᠦᠭᠡᠷ ᠂ ᠠᠷᠪᠠᠨ ᠲᠠᠪᠤᠳᠤᠭᠠᠷ | ᠵᠣᠷᠪᠤᠰ︶ ᠂ ᠳᠠᠭᠠᠭᠠᠴᠢᠯᠠᠯᠲᠠ ᠣᠯᠣᠭᠴᠢ ︵ ᠠᠷᠪᠠᠨ ᠵᠢᠷᠭᠤᠳᠤᠭᠠᠷ ᠂ ᠠᠷᠪᠠᠨ ᠳᠣᠯᠣᠳᠤᠭᠠᠷ ᠂ ᠬᠤᠷᠢᠨ ᠨᠢᠭᠡᠳᠦᠭᠡᠷ ᠂ | ᠬᠤᠷᠢᠨ ᠬᠤᠶᠠᠳᠤᠭᠠᠷ ᠵᠤᠷᠪᠤᠰ︶ ᠶᠢᠨ ᠲᠤᠰ ᠲᠤᠰ ᠤᠨ ᠱᠠᠭᠠᠷᠳᠠᠯᠭ᠎ᠠ ᠪᠠ ᠡᠭᠦᠷᠭᠡᠯᠡᠬᠦ ᠬᠠᠷᠢᠭᠤᠴᠠᠯᠭ᠎ᠠ ᠶᠢ | ᠨᠠᠷᠢᠯᠢᠭᠵᠢᠭᠤᠯᠪᠠ ᠃ | ︵ ᠬᠤᠶᠠᠷ ︶ ᠲᠦᠷᠦᠯ ᠵᠦᠢᠯ ᠤᠨ ᠳᠠᠭᠠᠭᠠᠴᠢᠯᠠᠯᠲᠠ ᠶᠢᠨ ᠬᠡᠰᠡᠭ ᠤᠨ ᠬᠤᠪᠢᠶᠠᠷᠢᠯᠠᠯ ᠤᠨ ᠲᠤᠬᠠᠢ ᠃ | ︽ᠬᠠᠮᠢᠶᠠᠷᠤᠯᠲᠠ ᠶᠢᠨ ᠠᠷᠭ᠎ᠠ︾ ᠳᠤ ᠳᠠᠭᠠᠭᠠᠴᠢᠯᠠᠯᠲᠠ ᠵᠠᠷᠯᠠᠭᠴᠢ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠬᠦᠴᠦᠨ ᠲᠠᠢ ᠬᠤᠭᠤᠴᠠᠭ᠎ᠠ ᠵᠡᠷᠭᠡ ᠤᠨᠴᠠᠭᠠᠢ ᠴᠢᠨᠠᠷ ᠢ ᠦᠨᠳᠦᠰᠦᠯᠡᠨ ᠳᠠᠭᠠᠭᠠᠴᠢᠯᠠᠯᠲᠠ ᠶᠢᠨ | ᠬᠡᠰᠡᠭ ᠢ ᠵᠦᠢ ᠵᠣᠬᠢᠰᠲᠠᠢ ᠬᠤᠪᠢᠶᠠᠷᠢᠯᠠᠵᠤ᠂ ᠪᠠᠷᠢᠯᠭ᠎ᠠ ᠶᠢᠨ ᠬᠤᠭᠤᠴᠠᠭ᠎ᠠ ᠶᠢ ᠲᠣᠭᠲᠠᠭᠠᠵᠤ᠂ ᠶᠠᠰᠤ ᠴᠢᠨᠠᠷ᠂ ᠠᠮᠤᠷ | ᠲᠦᠪᠰᠢᠨ ᠵᠡᠷᠭᠡ ᠬᠠᠷᠠᠯᠲᠠ ᠶᠢᠨ ᠱᠠᠭᠠᠷᠳᠠᠯᠭ᠎ᠠ ︵ᠳᠣᠯᠣᠳᠤᠭᠠᠷ ᠵᠣᠷᠪᠤᠰ ︶ ᠶᠢ ᠳᠤᠷᠠᠳᠴᠤ᠂ ᠳᠠᠭᠠᠭᠠᠴᠢᠯᠠᠯᠲᠠ ᠶᠢᠨ | ᠬᠡᠰᠡᠭ ᠢ ᠬᠤᠪᠢᠶᠠᠷᠢᠯᠠᠬᠤ ᠪᠠ ᠪᠠᠶᠢᠷᠢᠯᠠᠭᠤᠯᠬᠤ ᠱᠠᠭᠠᠷᠳᠠᠯᠭ᠎ᠠ ᠶᠢ ᠲᠣᠳᠣᠷᠬᠠᠶᠢᠯᠠᠵᠤ᠂ ᠢᠯᠠᠩᠭᠤᠶ᠎ᠠ ᠮᠠᠨ ᠤ ᠣᠷᠣᠨ ᠤ | ᠪᠣᠳᠠᠲᠠᠢ ᠲᠠᠢ ᠪᠠᠨ ᠤᠶᠠᠯᠳᠤᠭᠤᠯᠤᠨ᠂ ᠵᠠᠷᠴᠢᠮ ᠳᠡᠭᠡᠷ᠎ᠡ ᠪᠠᠨ ᠪᠠᠷᠢᠯᠭ᠎ᠠ ᠶᠢᠨ ᠳᠠᠭᠠᠭᠠᠴᠢᠯᠠᠯᠲᠠ ᠶᠢᠨ ᠬᠡᠰᠡᠭ ᠤᠨ | ᠲᠠᠯᠠᠪᠠᠶ ᠶᠢ 5000 ᠮᠦ ᠠᠴᠠ ᠳᠣᠣᠷ᠎ᠠ ᠪᠠᠶᠢᠯᠭᠠᠬᠤ ᠦᠭᠡᠢ ᠪᠠᠶᠢᠬᠤ ᠶᠢ ᠳᠤᠷᠠᠳᠤᠨ ᠭᠠᠷᠭᠠᠵᠤ᠂ | ᠳᠠᠭᠠᠭᠠᠴᠢᠯᠠᠯᠲᠠ ᠶᠢᠨ ᠬᠡᠰᠡᠭ ᠢ ᠬᠡᠲᠦ ᠪᠠᠭ᠎ᠠ᠂ ᠬᠡᠲᠦ ᠣᠯᠠᠨ ᠬᠤᠪᠢᠶᠠᠬᠤ ᠦᠵᠡᠭᠳᠡᠯ ᠠᠴᠠ ᠵᠠᠶᠢᠯᠠᠰᠬᠢᠬᠦ ᠬᠡᠷᠡᠭᠲᠡᠢ | ᠭᠡᠵᠡᠢ᠃ | ︵ ᠭᠤᠷᠪᠠ ︶ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠳᠤ ᠣᠷᠣᠯᠴᠠᠭᠰᠠᠨ ᠨᠢᠭᠡᠴᠢ ᠶᠢᠨ | ᠬᠠᠮᠢᠶᠠᠷᠤᠯᠲᠠ ᠶᠢᠨ ᠲᠤᠬᠠᠢ ᠃ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠳᠤ ᠣᠷᠤᠯᠴᠠᠬᠤ | ᠨᠢᠭᠡᠴᠡ ᠶᠢᠨ ᠬᠠᠮᠢᠶᠠᠷᠤᠯᠲᠠ ᠶᠢ ᠰᠠᠶᠢᠲᠤᠷ ᠠᠳᠬᠤᠬᠤ ᠪᠣᠯ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠷᠥᠯ | ᠵᠦᠢᠯ ᠤᠨ ᠬᠠᠮᠢᠶᠠᠷᠤᠯᠲᠠ ᠶᠢᠨ ᠵᠠᠩᠭᠢᠯᠠᠭ᠎ᠠ ᠪᠣᠯᠣᠨ᠎ᠠ᠂ ︽ᠬᠠᠮᠢᠶᠠᠷᠤᠯᠲᠠ ᠶᠢᠨ ᠠᠷᠭ᠎ᠠ︾ ᠳᠤ ᠳᠠᠭᠠᠭᠠᠴᠢᠯᠠᠯᠲᠠ | ᠵᠠᠷᠯᠠᠭᠴᠢ ᠶᠢᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠳᠤ ᠣᠷᠣᠯᠴᠠᠭᠰᠠᠨ ᠨᠢᠭᠡᠴᠢ ᠶᠢᠨ | ᠬᠠᠮᠢᠶᠠᠷᠤᠯᠲᠠ ᠶᠢᠨ ᠱᠠᠭᠠᠷᠳᠠᠯᠭ᠎ᠠ ᠶᠢ ᠲᠣᠳᠣᠷᠬᠠᠶᠢᠯᠠᠵᠤ᠂ ᠣᠷᠣᠯᠠᠨ ᠭᠦᠢᠴᠡᠳᠬᠡᠬᠦ ᠪᠠᠶᠢᠭᠤᠯᠤᠮᠵᠢ᠂ | ᠳᠠᠭᠠᠭᠠᠴᠢᠯᠠᠯᠲᠠ ᠦᠨᠡᠯᠡᠬᠦ ᠲᠤᠰᠬᠠᠢ ᠮᠡᠷᠭᠡᠵᠢᠯᠲᠡᠨ᠂ ᠳᠠᠭᠠᠭᠠᠴᠢᠯᠠᠯᠲᠠ ᠬᠦᠯᠢᠶᠡᠭᠴᠢ ᠶᠢᠨ ᠪᠣᠳᠠᠲᠠᠢ ᠱᠠᠭᠠᠷᠳᠠᠯᠭ᠎ᠠ | ᠪᠠ ᠪᠠᠶᠢᠭᠤᠯᠬᠤ ᠳᠤ ᠣᠷᠣᠯᠴᠠᠭᠰᠠᠨ ᠨᠢᠭᠡᠴᠢ ᠶᠢᠨ ᠢᠲᠡᠭᠡᠮᠵᠢ ᠶᠢᠨ ᠦᠨᠡᠯᠡᠯᠲᠡ ᠶᠢᠨ ᠰᠢᠰᠲ᠋ᠧᠮ ᠤᠨ | ᠬᠡᠷᠡᠭᠯᠡᠯᠲᠡ ᠶᠢᠨ ᠲᠤᠬᠠᠢ ᠲᠣᠭᠲᠠᠭᠠᠯ ᠢ ᠳᠤᠷᠠᠳᠴᠤ᠂ ᠣᠷᠣᠯᠠᠨ ᠭᠦᠢᠴᠡᠳᠬᠡᠬᠦ ᠪᠠᠶᠢᠭᠤᠯᠤᠮᠵᠢ᠂ ᠳᠠᠭᠠᠭᠠᠴᠢᠯᠠᠯᠲᠠ | ᠦᠨᠡᠯᠡᠬᠦ ᠲᠤᠰᠬᠠᠢ ᠮᠡᠷᠭᠡᠵᠢᠯᠲᠡᠨ᠂ ᠳᠠᠭᠠᠭᠠᠴᠢᠯᠠᠯᠲᠠ ᠬᠦᠯᠢᠶᠡᠭᠴᠢ ᠵᠡᠷᠭᠡ ᠭᠤᠣᠯ ᠴᠣᠭᠴᠠ ᠶᠢᠨ ᠠᠵᠢᠯᠯᠠᠭ᠎ᠠ ᠶᠢᠨ | ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠬᠠᠮᠢᠶᠠᠷᠤᠯᠲᠠ ᠶᠢᠨ ᠵᠠᠩᠭᠢᠯᠠᠭ᠎ᠠ ᠶᠢᠨ ᠭᠤᠭᠴᠤᠭ᠎ᠠ ᠶᠢ | ᠵᠢᠷᠤᠮᠵᠢᠭᠤᠯᠵᠤ᠂ ︽ᠬᠠᠮᠢᠶᠠᠷᠤᠯᠲᠠ ᠶᠢᠨ ᠠᠷᠭ᠎ᠠ︾ ᠳᠤ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠨᠢᠭᠡᠴᠢ | ᠪᠠ ᠳᠠᠭᠠᠭᠠᠴᠢᠯᠠᠯᠲᠠ ᠦᠨᠡᠯᠡᠬᠦ ᠲᠤᠰᠬᠠᠢ ᠮᠡᠷᠭᠡᠵᠢᠯᠲᠡᠨ ᠤ ᠠᠵᠢᠯᠯᠠᠭ᠎ᠠ ᠳᠤ ᠲᠣᠳᠣᠷᠬᠠᠢ ᠱᠠᠭᠠᠷᠳᠠᠯᠭ᠎ᠠ | ᠳᠤᠷᠠᠳᠬᠤ ᠶᠢᠨ ᠬᠠᠮᠲᠤ ᠪᠦᠲᠦᠭᠡᠨ ᠪᠠᠶᠢᠭᠤᠯᠤᠯᠲᠠ ᠳᠤ ᠤᠷᠤᠯᠴᠠᠭᠰᠠᠨ ᠨᠢᠭᠡᠴᠢ ᠶᠢᠨ ᠢᠲᠡᠭᠡᠮᠵᠢ ᠦᠭᠡᠢ | ᠠᠵᠢᠯᠯᠠᠭ᠎ᠠ ᠳᠤ ᠴᠢᠭᠯᠡᠭᠦᠯᠦᠨ ᠪᠣᠳᠠᠲᠠᠢ ᠵᠠᠯᠬᠠᠭᠠᠬᠤ ᠠᠷᠭ᠎ᠠ ᠬᠡᠮᠵᠢᠶ᠎ᠡ ᠳᠤᠷᠠᠳᠪᠠ ︵ᠠᠷᠪᠠᠨ ᠲᠠᠪᠤᠳᠤᠭᠠᠷ᠂ ᠠᠷᠪᠠᠨ | ᠳᠣᠯᠣᠳᠤᠭᠠᠷ᠂ ᠠᠷᠪᠠᠨ ᠨᠠᠢᠮᠠᠳᠤᠭᠠᠷ ᠵᠣᠷᠪᠤᠰ︶᠃ | ᠳᠥᠷᠪᠡ᠂ ︽ᠬᠠᠮᠢᠶᠠᠷᠤᠯᠲᠠ ᠶᠢᠨ ᠠᠷᠭ᠎ᠠ︾ ᠶᠢ ᠬᠡᠷᠡᠭᠵᠢᠭᠦᠯᠦᠭᠰᠡᠨ ᠴᠠᠭ ᠬᠤᠭᠤᠴᠠᠭ᠎ᠠ ᠵᠢᠴᠢ | ᠲᠤᠭᠤᠰᠢᠯᠠᠭᠤᠯᠬᠤ ᠠᠷᠭ᠎ᠠ ᠬᠡᠮᠵᠢᠶ᠎ᠡ | ︽ᠬᠠᠮᠢᠶᠠᠷᠤᠯᠲᠠ ᠶᠢᠨ ᠠᠷᠭ᠎ᠠ︾ ᠶᠢ 2022 ᠣᠨ ᠤ 11 ᠰᠠᠷ᠎ᠠ ᠶᠢᠨ 30 ᠤ ᠡᠳᠦᠷ ᠠᠴᠠ ᠡᠬᠢᠯᠡᠵᠦ | ᠬᠡᠷᠡᠭᠵᠢᠭᠦᠯᠦᠨ᠎ᠡ᠃ | ︽ᠬᠠᠮᠢᠶᠠᠷᠤᠯᠲᠠ ᠶᠢᠨ ᠠᠷᠭ᠎ᠠ︾ ᠶᠢ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ | ᠳᠣᠣᠷᠠᠬᠢ ᠠᠷᠭ᠎ᠠ ᠬᠡᠮᠵᠢᠶ᠎ᠡ ᠨᠦᠭᠦᠳ ᠢ ᠠᠪᠴᠤ ︽ᠬᠠᠮᠢᠶᠠᠷᠤᠯᠲᠠ ᠶᠢᠨ ᠠᠷᠭ᠎ᠠ︾ ᠶᠢ ᠤᠬᠠᠭᠤᠯᠤᠨ | ᠲᠤᠭᠤᠰᠢᠯᠠᠭᠤᠯᠤᠨ᠎ᠠ ᠃ ᠨᠢᠭᠡ ᠳᠤ ︽ ᠬᠠᠮᠢᠶᠠᠷᠤᠯᠲᠠ ᠶᠢᠨ ᠠᠷᠭ᠎ᠠ ︾ ᠶᠢᠨ ᠤᠬᠠᠭᠤᠯᠭ᠎ᠠ ᠶᠢᠨ ᠠᠵᠢᠯ ᠢ ᠥᠷᠭᠡᠨ | ᠳᠡᠯᠭᠡᠷᠡᠩᠭᠦᠢ ᠪᠠᠷ ᠦᠷᠨᠢᠭᠦᠯᠦᠨ᠎ᠡ᠃ ᠮᠡᠳᠡᠭᠳᠡᠯ ᠤᠨ ᠪᠢᠴᠢᠭ ᠮᠠᠲ᠋ᠧᠷᠢᠶᠠᠯ᠂ ᠥᠪᠡᠷᠲᠡᠭᠡᠨ ᠵᠠᠰᠠᠬᠤ ᠣᠷᠣᠨ ᠤ | ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠤᠨ ᠠᠯᠪᠠᠨ ᠰᠦᠯᠵᠢᠶ᠎ᠡ᠂ | ᠸᠢᠴᠠᠲ ᠵᠡᠷᠭᠡ ᠰᠢᠨ᠎ᠡ ᠵᠠᠭᠤᠴᠢᠯᠠᠭᠤᠷ ᠢᠶᠠᠷ ᠳᠠᠮᠵᠢᠭᠤᠯᠤᠨ᠂ ︽ᠬᠠᠮᠢᠶᠠᠷᠤᠯᠲᠠ ᠶᠢᠨ ᠠᠷᠭ᠎ᠠ︾ ᠶᠢ ᠥᠷᠭᠡᠨ ᠢᠶᠠᠷ | ᠤᠬᠠᠭᠤᠯᠵᠤ᠂ ᠰᠠᠨᠠᠭᠠᠴᠢᠯᠠᠭ᠎ᠠ ᠠᠴᠠ ᠪᠠᠨ ᠮᠠᠳᠠᠭ ᠲᠠᠢ ᠠᠰᠠᠭᠤᠳᠠᠯ ᠢ ᠨᠢ ᠲᠠᠶᠢᠯᠪᠤᠷᠢᠯᠠᠨ᠎ᠠ᠃ ᠬᠤᠶᠠᠷ ᠲᠤ᠂ | ︽ᠬᠠᠮᠢᠶᠠᠷᠤᠯᠲᠠ ᠶᠢᠨ ᠠᠷᠭ᠎ᠠ︾ ᠶᠢᠨ ᠪᠣᠯᠪᠠᠰᠤᠷᠠᠭᠤᠯᠤᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠨ᠎ᠡ᠃ | ︽ᠬᠠᠮᠢᠶᠠᠷᠤᠯᠲᠠ ᠶᠢᠨ ᠠᠷᠭ᠎ᠠ︾ ᠶᠢᠨ ᠪᠣᠯᠪᠠᠰᠤᠷᠠᠭᠤᠯᠤᠯ ᠤᠨ ᠠᠩᠭᠢ ᠶᠢ ᠡᠷᠭᠢᠯᠡᠵᠦ᠂ ᠡᠯ᠎ᠡ ᠱᠠᠲᠤᠨ ᠤ | ᠲᠠᠷᠢᠶᠠᠯᠠᠩ ᠮᠠᠯ ᠠᠵᠤ ᠠᠬᠤᠢ ᠶᠢᠨ ᠰᠢᠰᠲ᠋ᠧᠮ ᠤᠨ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠤᠨ ᠬᠠᠮᠢᠶᠠᠷᠤᠯᠲᠠ ᠶᠢᠨ ᠠᠵᠢᠯᠲᠠᠨ ᠳᠤ ᠰᠢᠰᠲ᠋ᠧᠮ ᠲᠠᠢ ᠪᠣᠯᠪᠠᠰᠤᠷᠠᠭᠤᠯᠤᠯ ᠬᠢᠵᠦ᠂ ︽ᠬᠠᠮᠢᠶᠠᠷᠤᠯᠲᠠ ᠶᠢᠨ | ᠠᠷᠭ᠎ᠠ︾ ᠶᠢᠨ ᠭᠤᠣᠯᠳᠠᠯᠭ᠎ᠠ ᠲᠠᠢ ᠠᠭᠤᠯᠭ᠎ᠠ ᠳᠤ ᠨᠠᠷᠢᠨ ᠲᠠᠶᠢᠯᠤᠮᠵᠢ ᠪᠠ ᠲᠣᠳᠣᠷᠬᠠᠶᠢᠯᠠᠯᠲᠠ ᠬᠢᠵᠦ᠂ ᠬᠠᠮᠢᠶ᠎ᠠ | ᠪᠦᠬᠦᠢ ᠠᠵᠢᠯᠲᠠᠨ ᠢ ᠬᠠᠪᠰᠤᠷᠤᠨ ︽ᠬᠠᠮᠢᠶᠠᠷᠤᠯᠲᠠ ᠶᠢᠨ ᠠᠷᠭ᠎ᠠ︾ ᠶᠢᠨ ᠠᠭᠤᠯᠭ᠎ᠠ ᠪᠠ ᠱᠠᠭᠠᠷᠳᠠᠯᠭ᠎ᠠ ᠶᠢ | ᠣᠨᠣᠪᠴᠢᠲᠠᠶ ᠤᠶᠢᠯᠠᠭᠠᠭᠤᠯᠤᠨ ᠡᠵᠡᠮᠰᠢᠭᠦᠯᠵᠦ᠂ ︽ᠬᠠᠮᠢᠶᠠᠷᠤᠯᠲᠠ ᠶᠢᠨ ᠠᠷᠭ᠎ᠠ︾ ᠶᠢᠨ ᠤᠷᠤᠭᠰᠢᠲᠠᠢ | ᠬᠡᠷᠡᠭᠵᠢᠭᠦᠯᠦᠭᠳᠡᠬᠦ ᠶᠢ ᠦᠨᠡᠨ ᠬᠦ ᠪᠠᠲᠤᠯᠠᠨ᠎ᠠ ᠃ | | | ᠲᠣᠰ ᠪᠢᠴᠢᠭ ᠮᠠᠲ᠋ᠧᠷᠢᠶᠠᠯ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ᠄ ᠦᠨᠳᠦᠷ ᠪᠠᠷᠢᠮᠵᠢᠶᠠᠲᠤ ᠲᠠᠷᠢᠶᠠᠨ | ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ | ᠬᠦᠯᠢᠶᠡᠬᠦ ᠬᠠᠮᠢᠶᠠᠷᠤᠯᠲᠠ ᠶᠢᠨ ᠠᠷᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠤᠨ | ᠮᠡᠳᠡᠭᠳᠡᠯ | |