ᠪᠠᠶᠠᠨᠨᠠᠭᠤᠷ ᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ ᠬᠠᠲᠤᠨ ᠭᠤᠣᠯ ᠤᠨ ᠰᠠᠪᠠ ᠭᠠᠵᠠᠷ ᠤᠨ ᠲᠠᠷᠢᠶᠠᠯᠠᠩ ᠮᠠᠯ ᠠᠵᠤ ᠠᠬᠤᠢ ᠶᠢᠨ ᠪᠣᠬᠢᠷᠳᠤᠯ ᠦᠭᠡᠢ ᠬᠥᠭᠵᠢᠯᠲᠡ ᠶᠢᠨ ᠵᠢᠱᠢᠶ᠎ᠡ ᠦᠵᠡᠭᠦᠯᠬᠦ ᠠᠵᠢᠯᠯᠠᠭ᠎ᠠ ᠶᠢᠨ ᠦᠷ᠎ᠡ ᠪᠦᠲᠦᠮᠵᠢ ᠶᠢᠨ ᠳ᠋ᠦᠩᠨᠡᠯᠲᠡ ᠶᠢᠨ ᠸᠢᠳᠢᠤ᠋ ᠬᠤᠷᠠᠯ ᠳᠤ ᠵᠣᠬᠢᠶᠠᠨ ᠪᠠᠶᠢᠭᠤᠯᠤᠨ ᠣᠷᠣᠯᠴᠠᠪᠠ
ᠨᠡᠶᠢᠲᠡᠯᠡᠭᠰᠡᠨ ᠴᠠᠭ᠄
2022/11/15
      11 ᠰᠠᠷ᠎ᠠ ᠶᠢᠨ 11 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠬᠠᠲᠤᠨ ᠭᠤᠣᠯ ᠤᠨ ᠰᠠᠪᠠ ᠭᠠᠵᠠᠷ ᠤᠨ ᠲᠠᠷᠢᠶᠠᠯᠠᠩ ᠮᠠᠯ ᠠᠵᠤ ᠠᠬᠤᠢ ᠶᠢᠨ ᠪᠣᠬᠢᠷᠳᠤᠯ ᠦᠭᠡᠢ ᠬᠥᠭᠵᠢᠯᠲᠡ ᠶᠢᠨ ᠵᠢᠱᠢᠶ᠎ᠡ ᠦᠵᠡᠭᠦᠯᠬᠦ ᠠᠵᠢᠯᠯᠠᠭ᠎ᠠ ᠶᠢᠨ ᠦᠷ᠎ᠡ ᠪᠦᠲᠦᠮᠵᠢ ᠶᠢᠨ ᠳ᠋ᠦᠩᠨᠡᠯᠲᠡ ᠶᠢᠨ ᠸᠢᠳᠢᠤ᠋ ᠬᠤᠷᠠᠯ   ᠢ ᠵᠣᠬᠢᠶᠠᠨ ᠪᠠᠶᠢᠭᠤᠯᠤᠨ ᠬᠤᠷᠠᠯᠳᠤᠪᠠ᠃ ᠪᠠᠶᠠᠨᠨᠠᠭᠤᠷ ᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠣᠣ ᠯᠢᠨ ᠬᠤ᠋ ᠂ ᠪᠠᠶᠠᠨᠨᠠᠭᠤᠷ ᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠂ ᠲᠣᠪᠴᠢᠶᠠᠨ ᠳᠡᠳ᠋ ᠳᠠᠷᠤᠭ᠎ᠠ ᠸᠠᠩ ᠰᠢᠩ᠂ ᠪᠠᠶᠠᠨᠨᠠᠭᠤᠷ ᠬᠤᠲᠠ ᠶᠢᠨ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠦᠢᠯᠡᠰ ᠤᠨ ᠬᠥᠭᠵᠢᠯᠲᠡ ᠶᠢᠨ ᠲᠥᠪ ᠤᠨ ᠳᠡᠳ᠋ ᠡᠷᠬᠢᠯᠡᠭᠴᠢ ᠼᠦᠢ ᠶᠢᠩ ᠂ ᠲᠣᠪᠴᠢᠶᠠᠨ ᠤ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠲᠠᠰᠤᠭ᠂ ᠪᠠᠶᠠᠨᠨᠠᠭᠤᠷ ᠬᠤᠲᠠ ᠶᠢᠨ ᠲᠠᠷᠢᠶᠠᠯᠠᠩ ᠤᠨ ᠬᠥᠭᠵᠢᠭᠦᠯᠦᠯᠲᠡ ᠶᠢᠨ ᠲᠥᠪ᠂ ᠪᠠᠶᠠᠨᠨᠠᠭᠤᠷ ᠬᠤᠲᠠ ᠶᠢᠨ ᠲᠠᠷᠢᠶᠠᠯᠠᠩ ᠤᠨ ᠬᠠᠮᠠᠭᠠᠯᠠᠯᠲᠠ ᠶᠢᠨ ᠲᠥᠪ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠶᠠᠨᠨᠠᠭᠤᠷ ᠤᠨ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ᠃
图片1.jpg
       ᠬᠤᠷᠠᠯ ᠳᠡᠭᠡᠷ᠎ᠡ ᠂ ᠬᠥᠬᠡᠬᠤᠲᠠ ᠂ ᠪᠤᠭᠤᠲᠤ ᠬᠤᠳᠠ ᠂ ᠤᠯᠠᠭᠠᠨᠴᠠᠪ ᠬᠤᠳᠠ ᠂ ᠣᠷᠳᠣᠰ ᠬᠤᠳᠠ ᠂ ᠪᠠᠶᠠᠨᠨᠠᠭᠤᠷ ᠬᠤᠳᠠ ᠂ ᠦᠬᠠᠢ ᠬᠤᠳᠠ ᠂ ᠠᠯᠠᠱᠠ ᠠᠶᠢᠮᠠᠭ ᠲᠡᠰ ᠳᠠᠷᠠᠭᠠᠯᠠᠨ ᠬᠠᠷᠢᠭᠤ ᠮᠡᠳᠡᠭᠦᠯᠦᠯᠲᠡ ᠶᠢᠨ ᠶᠠᠷᠢᠶ᠎ᠠ ᠲᠠᠯᠪᠢᠵᠠᠢ ᠃ ᠲᠣᠪᠴᠢᠶᠠᠨ ᠳᠠᠷᠤᠭ᠎ᠠ ᠣᠣ ᠯᠢᠨ ᠬᠤ᠋ 2022 ᠣᠨ ᠤ ᠪᠠᠶᠠᠨᠨᠠᠭᠤᠷ ᠬᠤᠳᠠ ᠶᠢᠨ ᠬᠠᠳᠤᠨ ᠭᠤᠣᠯ ᠤᠨ ᠰᠠᠪᠠ ᠭᠠᠵᠠᠷ ᠤᠨ ᠲᠠᠷᠢᠶᠠᠯᠠᠩ ᠮᠠᠯ ᠠᠵᠤ ᠠᠬᠤᠢ ᠶᠢᠨ ᠪᠣᠬᠢᠷᠳᠤᠯ ᠦᠭᠡᠢ ᠬᠥᠭᠵᠢᠯᠲᠡ ᠶᠢᠨ ᠵᠢᠱᠢᠶ᠎ᠡ ᠦᠵᠡᠭᠦᠯᠬᠦ ᠠᠵᠢᠯᠯᠠᠭ᠎ᠠ ᠶᠢᠨ ᠠᠵᠢᠯ ᠤᠨ ᠠᠬᠢᠴᠠ ᠶᠢᠨ ᠪᠠᠶᠢᠳᠠᠯ ᠂ ᠣᠷᠣᠰᠢᠵᠤ ᠪᠠᠶᠢᠭ᠎ᠠ ᠠᠰᠠᠭᠤᠳᠠᠯ ᠵᠢᠴᠢ 2023 ᠣᠨ ᠤ ᠠᠵᠢᠯ ᠤᠨ ᠰᠡᠳᠬᠢᠴᠡ ᠶᠢᠨ ᠲᠤᠬᠠᠢ ᠬᠠᠷᠢᠭᠤ ᠮᠡᠳᠡᠭᠦᠯᠦᠯᠲᠡ ᠬᠢᠵᠡᠢ ᠃      ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠭᠠᠵᠠᠷ ᠤᠨ ᠳᠠᠷᠤᠭ᠎ᠠ ᠹᠦ᠋ ᠰᠢᠶᠣᠣ ᠵᠢᠶᠧ ᠪᠥᠬᠦ ᠣᠷᠣᠨ ᠤ ᠬᠠᠮᠢᠶ᠎ᠠ ᠪᠦᠬᠦᠢ ᠠᠵᠢᠯ ᠤᠨ ᠦᠷ᠎ᠡ ᠪᠦᠲᠦᠮᠵᠢ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠠᠵᠢᠯ ᠤᠨ ᠰᠠᠨᠠᠭᠤᠯᠭ᠎ᠠ ᠶᠢᠨ ᠲᠤᠬᠠᠢ ᠳ᠋ᠦᠩᠨᠡᠯᠲᠡ ᠬᠢᠪᠡ᠃      ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠡᠳ᠋ ᠳᠠᠷᠤᠭ᠎ᠠ ᠦ᠋ ᠰᠢᠶᠠᠩ ᠯᠢᠶᠠᠩ ᠲᠠᠷᠠᠭᠠᠴᠢ ᠶᠢᠨ ᠠᠯᠬᠤᠮ ᠤᠨ ᠠᠵᠢᠯ ᠳᠤ ᠭᠤᠷᠪᠠᠨ ᠲᠠᠯ᠎ᠠ ᠶᠢᠨ ᠱᠠᠭᠠᠷᠳᠠᠯᠭ᠎ᠠ ᠳᠤᠷᠠᠳᠪᠠ᠄ ᠨᠢᠭᠡ ᠳᠤ 2022 ᠣᠨ ᠤ ᠲᠥᠷᠥᠯ ᠵᠦᠢᠯ ᠤᠨ ᠦᠷ᠎ᠡ ᠪᠦᠲᠦᠭᠡᠯ ᠢ ᠳ᠋ᠦᠩᠨᠡᠨ ᠪᠣᠯᠪᠠᠰᠤᠷᠠᠭᠤᠯᠬᠤ ᠪᠠ ᠳᠡᠯᠭᠡᠷᠡᠭᠦᠯᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠲᠥᠷᠥᠯ ᠵᠦᠢᠯ ᠢ ᠬᠡᠷᠡᠭᠵᠢᠭᠦᠯᠬᠦ ᠶᠠᠪᠤᠴᠠ ᠳᠤ ᠪᠣᠶ ᠪᠣᠯᠤᠭᠰᠠᠨ ᠨᠢᠭᠡ ᠪᠦᠯᠦᠭ ᠬᠠᠭᠤᠯᠪᠤᠷᠢᠯᠠᠨ ᠳᠡᠯᠭᠡᠷᠡᠭᠦᠯᠵᠦ ᠪᠣᠯᠬᠤ ᠶᠡᠷᠦᠩᠬᠡᠶᠢᠯᠡᠭᠰᠡᠨ ᠬᠤᠷᠠᠮᠠᠯ ᠮᠡᠷᠭᠡᠵᠢᠯ ᠤᠨ ᠵᠠᠭᠪᠤᠷ ᠪᠠ ᠰᠠᠶᠢᠨ ᠠᠷᠭ᠎ᠠ ᠬᠢᠳᠡᠯ ᠢ ᠳ᠋ᠦᠩᠨᠡᠨ ᠪᠣᠯᠪᠠᠰᠤᠷᠠᠭᠤᠯᠵᠤ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠤᠨ᠂ ᠦᠵᠡᠭᠦᠯᠭᠡ ᠶᠢᠨ ᠪᠣᠯᠪᠠᠰᠤᠷᠠᠯ ᠢ ᠴᠠᠭ ᠲᠤᠬᠠᠢ ᠳᠤ  ᠨᠢ ᠵᠣᠬᠢᠶᠠᠨ ᠪᠠᠶᠢᠭᠤᠯᠵᠤ᠂ ᠲᠥᠷᠥᠯ ᠵᠦᠢᠯ ᠤᠨ ᠦᠷ᠎ᠡ ᠪᠦᠲᠦᠭᠡᠯ ᠢ ᠥᠷᠭᠡᠨ ᠣᠯᠠᠨ ᠬᠠᠲᠤᠨ ᠭᠤᠣᠯ ᠤᠨ ᠰᠠᠪᠠ ᠭᠠᠵᠠᠷ ᠤᠨ ᠮᠠᠯᠴᠢᠨ ᠲᠠᠷᠢᠶᠠᠴᠢᠳ ᠲᠤ ᠨᠠᠩ ᠶᠡᠭᠡ ᠠᠰᠢᠭ ᠬᠦᠷᠲᠡᠭᠡᠨ᠎ᠡ᠃ ᠬᠤᠶᠠᠷ ᠲᠤ 2023 ᠣᠨ ᠤ ᠠᠵᠢᠯ ᠤᠨ ᠡᠭᠦᠷᠭᠡ ᠶᠢ ᠤᠷᠢᠳᠴᠢᠯᠠᠨ ᠲᠥᠯᠥᠪᠵᠢᠭᠦᠯᠵᠦ ᠂ ᠬᠡᠷᠡᠭᠵᠢᠭᠦᠯᠬᠦ ᠲᠥᠰᠥᠯ ᠢ ᠰᠢᠯᠢᠳᠡᠭᠵᠢᠭᠦᠯᠵᠦ ᠂ ᠠᠵᠢᠯ ᠤᠨ ᠡᠭᠦᠷᠭᠡ ᠶᠢ ᠡᠷᠲᠡᠬᠡᠨ ᠪᠠᠶᠢᠷᠢᠯᠠᠭᠤᠯᠵᠤ ᠂ ᠵᠢᠱᠢᠶ᠎ᠡ ᠦᠵᠡᠭᠦᠯᠬᠦ ᠹᠢᠯᠢᠮ ᠤᠨ ᠴᠡᠭ ᠢ ᠰᠣᠩᠭᠤᠬᠤ ᠂ ᠮᠡᠷᠭᠡᠵᠢᠯ ᠳᠡᠯᠭᠡᠷᠡᠭᠦᠯᠬᠦ ᠵᠠᠭᠪᠤᠷ ᠵᠡᠷᠭᠡ ᠲᠠᠯ᠎ᠠ ᠪᠠᠷ ᠭᠤᠣᠯᠳᠠᠯᠭ᠎ᠠ ᠪᠠᠨ ᠤᠷᠢᠳᠴᠢᠯᠠᠨ ᠲᠣᠬᠢᠷᠠᠭᠤᠯᠬᠤ ᠬᠡᠷᠡᠭᠲᠡᠢ ᠃ ᠡᠭᠦᠨ ᠤ ᠬᠠᠮᠲᠤ ᠲᠥᠷᠥᠯ ᠵᠦᠢᠯ ᠢ ᠬᠡᠷᠡᠭᠵᠢᠭᠦᠯᠬᠦ ᠬᠠᠮᠢᠶᠠᠷᠤᠯᠲᠠ ᠶᠢᠨ ᠰᠠᠯᠠᠭ᠎ᠠ ᠮᠥᠴᠢᠷ ᠬᠢᠭᠡᠳ ᠳᠡᠯᠭᠡᠷᠡᠭᠦᠯᠬᠦ ᠰᠠᠯᠠᠭ᠎ᠠ ᠮᠥᠴᠢᠷ ᠤᠨ ᠬᠤᠭᠤᠷᠣᠨᠳᠤ᠂ ᠳᠡᠯᠭᠡᠷᠡᠭᠦᠯᠬᠦ ᠰᠠᠯᠠᠭ᠎ᠠ ᠮᠥᠴᠢᠷ ᠪᠣᠯᠣᠨ ᠰᠢᠨᠵᠢᠯᠡᠬᠦ ᠤᠬᠠᠭᠠᠨ ᠤ ᠰᠤᠳᠤᠯᠤᠯ ᠤᠨ ᠳᠡᠭᠡᠳᠦ ᠰᠤᠷᠭᠠᠭᠤᠯᠢ ᠶᠢᠨ ᠬᠤᠭᠤᠷᠣᠨᠳᠤ᠂ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠬᠤᠭᠤᠷᠣᠨᠳᠤ ᠪᠠᠨ ᠨᠡᠪᠲᠡᠷᠡᠯᠴᠡᠨ ᠬᠠᠮᠵᠢᠯᠴᠠᠬᠤ ᠪᠠᠨ ᠴᠢᠩᠭᠠᠳᠬᠠᠬᠤ ᠬᠡᠷᠡᠭᠲᠡᠢ᠃ ᠭᠤᠷᠪᠠ ᠳᠤ ᠵᠢᠱᠢᠶ᠎ᠡ ᠦᠵᠡᠭᠦᠯᠬᠦ ᠲᠣᠭᠤᠷᠢᠭ ᠢ ᠰᠠᠶᠢᠲᠤᠷ ᠪᠠᠶᠢᠭᠤᠯᠵᠤ ᠂ ᠵᠢᠱᠢᠶ᠎ᠡ ᠦᠵᠡᠭᠦᠯᠬᠦ ᠲᠣᠭᠤᠷᠢᠭ ᠨᠢ ᠬᠡᠪᠴᠢᠶ᠎ᠡ ᠲᠠᠢ ᠂ ᠠᠭᠤᠯᠭ᠎ᠠ ᠲᠠᠢ ᠂ ᠪᠠᠷᠢᠮᠵᠢᠶ᠎ᠠ ᠲᠠᠢ ᠂ ᠲᠤᠰᠬᠠᠢ ᠮᠡᠷᠭᠡᠵᠢᠯᠲᠡᠨ ᠤ ᠪᠦᠯᠬᠦᠮ ᠲᠠᠢ ᠂ ᠫᠠᠶᠢᠰᠠ ᠲᠡᠮᠳᠡᠭ ᠲᠠᠢ ᠪᠠᠶᠢᠬᠤ ᠬᠡᠷᠡᠭᠲᠡᠢ ︔ ᠮᠡᠷᠭᠡᠵᠢᠯ ᠤᠨ ᠵᠢᠯᠣᠭᠤᠳᠤᠯᠭ᠎ᠠ ᠶᠢᠨ ᠦᠢᠯᠡᠴᠢᠯᠡᠭᠡ ᠶᠢ ᠴᠢᠩᠭᠠᠳᠬᠠᠵᠤ ᠂ ᠮᠡᠷᠭᠡᠵᠢᠯ ᠤᠨ ᠵᠢᠯᠣᠭᠤᠳᠤᠯᠭ᠎ᠠ ᠶᠢ ᠪᠣᠳᠠᠲᠠᠶᠢᠵᠢᠭᠤᠯᠵᠤ ᠂ ᠦᠷ᠎ᠡ ᠪᠦᠲᠦᠮᠵᠢ ᠭᠠᠷᠭᠠᠬᠤ ᠶᠢᠨ ᠤᠯᠠᠮ ᠠᠴᠠ ᠵᠢᠱᠢᠶ᠎ᠡ ᠦᠵᠡᠭᠦᠯᠵᠦ ᠳᠠᠶᠢᠴᠢᠯᠠᠬᠤ ᠦᠢᠯᠡᠳᠦᠯ ᠢ ᠪᠠᠳᠠᠷᠠᠭᠤᠯᠬᠤ ᠬᠡᠷᠡᠭᠲᠡᠢ ︔ ᠤᠬᠠᠭᠤᠯᠵᠤ ᠬᠥᠲᠥᠯᠥᠨ ᠵᠢᠯᠤᠭᠤᠳᠬᠤ ᠶᠢ ᠴᠢᠩᠭᠠᠳᠬᠠᠬᠤ ᠬᠡᠷᠡᠭᠲᠡᠢ᠃ ᠰᠡᠳᠬᠢᠴᠡ ᠪᠠᠨ ᠥᠷᠭᠡᠳᠬᠡᠵᠦ᠂ ᠣᠷᠭᠠᠨᠢᠭ ᠲᠠᠷᠢᠶᠠᠯᠠᠩ ᠢ ᠬᠥᠭᠵᠢᠭᠦᠯᠬᠦ᠂ ᠤᠰᠤᠯᠢᠭ ᠶᠢ ᠬᠠᠭᠤᠷᠠᠢ ᠪᠣᠯᠭᠠᠨ ᠥᠭᠡᠷᠡᠴᠢᠯᠡᠬᠦ᠂ ᠪᠦᠲᠦᠴᠡ ᠶᠢ ᠲᠣᠬᠢᠷᠠᠭᠤᠯᠤᠨ ᠤᠰᠤ ᠪᠠᠭ᠎ᠠ ᠬᠤᠷᠣᠭᠳᠠᠭᠤᠯᠬᠤ ᠲᠠᠷᠢᠮᠠᠯ ᠳᠠᠷᠢᠬᠤ ᠵᠡᠷᠭᠡ ᠰᠢᠨ᠎ᠡ ᠮᠡᠷᠭᠡᠵᠢᠯ᠂ ᠰᠢᠨ᠎ᠡ ᠵᠠᠭᠪᠤᠷ᠂ ᠰᠢᠨ᠎ᠡ ᠦᠢᠯᠡᠳᠬᠦᠨ ᠢ ᠲᠥᠷᠥᠯ ᠵᠦᠢᠯ ᠢ ᠬᠡᠷᠡᠭᠵᠢᠭᠦᠯᠬᠦ ᠠᠭᠤᠯᠭ᠎ᠠ ᠳᠤ ᠢᠳᠡᠪᠬᠢᠲᠡᠢ ᠪᠠᠷ ᠣᠷᠣᠭᠤᠯᠬᠤ ᠬᠡᠷᠡᠭᠲᠡᠢ ᠭᠡᠪᠡ ᠃
图片2.jpg
       ᠥᠪᠡᠷᠲᠡᠭᠡᠨ ᠵᠠᠰᠠᠬᠤ ᠣᠷᠣᠨ ᠤ ᠸᠢᠳᠢᠤ᠋ ᠬᠤᠷᠠᠯ ᠤᠨ ᠳᠠᠷᠠᠭ᠎ᠠ᠂ ᠲᠣᠪᠴᠢᠶᠠᠨ ᠳᠠᠷᠤᠭ᠎ᠠ ᠣᠣ ᠯᠢᠨ ᠬᠤ᠋ ᠪᠠᠶᠠᠨᠨᠠᠭᠤᠷ ᠬᠤᠲᠠ ᠶᠢᠨ ᠠᠵᠢᠯ ᠤᠨ ᠲᠤᠬᠠᠢ ᠳᠠᠬᠢᠨ ᠴᠢᠬᠤᠯᠠᠴᠢᠯᠠᠵᠤ ᠳᠠᠬᠢᠨ ᠪᠠᠶᠢᠷᠢᠯᠠᠭᠤᠯᠪᠠ᠂ ᠨᠢᠭᠡ ᠳᠤ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠶᠢᠨ ᠳᠤᠷᠠᠳᠤᠭᠰᠠᠨ ᠱᠠᠭᠠᠷᠳᠠᠯᠭ᠎ᠠ ᠲᠠᠢ ᠬᠠᠷᠢᠴᠠᠭᠤᠯᠤᠨ᠂ ᠢᠯᠠᠩᠭᠤᠶ᠎ᠠ ᠠᠰᠠᠭᠤᠳᠠᠯ ᠤᠨ ᠰᠠᠨᠠᠭᠤᠯᠭ᠎ᠠ ᠶᠢ ᠨᠠᠷᠢᠨ ᠬᠢᠨᠠᠮᠠᠭᠠᠢ ᠰᠤᠳᠤᠯᠵᠤ᠂ ᠴᠢᠭᠯᠡᠭᠦᠯᠬᠦ ᠴᠢᠨᠠᠷᠲᠠᠢ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠳᠤᠷᠠᠳᠬᠤ ᠬᠡᠷᠡᠭᠲᠡᠢ᠃ ᠬᠤᠶᠠᠷ ᠲᠤ ᠬᠠᠲᠤᠨ ᠭᠤᠣᠯ ᠤᠨ ᠰᠠᠪᠠ ᠭᠠᠵᠠᠷ ᠤᠨ ᠲᠠᠷᠢᠶᠠᠯᠠᠩ ᠮᠠᠯ ᠠᠵᠤ ᠠᠬᠤᠢ ᠶᠢᠨ ᠪᠣᠬᠢᠷᠳᠤᠯ ᠦᠭᠡᠢ ᠬᠥᠭᠵᠢᠯᠲᠡ ᠶᠢᠨ ᠵᠢᠱᠢᠶ᠎ᠡ ᠦᠵᠡᠭᠦᠯᠬᠦ ᠠᠵᠢᠯᠯᠠᠭ᠎ᠠ ᠳᠤ ᠪᠥᠬᠦ ᠲᠠᠯ᠎ᠠ ᠶᠢᠨ ᠳ᠋ᠦᠩᠨᠡᠯᠲᠡ ᠪᠠ ᠠᠮᠵᠢᠯᠲᠠ ᠪᠦᠲᠦᠮᠵᠢ ᠶᠢᠨ ᠦᠨᠡᠯᠡᠯᠲᠡ ᠬᠢᠵᠦ᠂ ᠪᠣᠳᠠᠲᠤ ᠬᠡᠷᠡᠭᠯᠡᠭᠡᠨ ᠤ ᠪᠦᠲᠦᠮᠵᠢᠲᠡᠶ ᠮᠡᠷᠭᠡᠵᠢᠯ ᠤᠨ ᠵᠠᠭᠪᠤᠷ ᠢ ᠭᠦᠨᠵᠡᠭᠡᠢ ᠪᠣᠯᠪᠠᠰᠤᠷᠠᠭᠤᠯᠤᠨ ᠳᠡᠯᠭᠡᠷᠡᠭᠦᠯᠵᠦ᠂ ᠤᠬᠠᠭᠤᠯᠤᠨ ᠵᠢᠯᠤᠭᠤᠳᠬᠤ ᠪᠠᠨ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠢ ᠃ ᠭᠤᠷᠪᠠ ᠳᠤ 2023 ᠣᠨ ᠤ ᠠᠵᠢᠯ ᠤᠨ ᠡᠭᠦᠷᠭᠡ ᠶᠢ ᠡᠷᠲᠡ ᠠᠴᠠ ᠲᠥᠯᠥᠪᠵᠢᠭᠦᠯᠵᠦ᠂ ᠵᠠᠯᠭᠠᠯᠳᠤᠭᠰᠠᠨ ᠣᠷᠣᠨ ᠢ ᠰᠣᠩᠭᠤᠨ ᠲᠣᠭᠲᠠᠭᠠᠬᠤ᠂ ᠡᠵᠡᠩᠨᠡᠯᠲᠡ ᠶᠢᠨ ᠭᠤᠣᠯ ᠴᠣᠭᠴᠠ ᠣᠷᠤᠯᠴᠠᠬᠤ᠂ ᠳᠥᠷᠪᠡ ᠶᠢ ᠡᠵᠡᠮᠳᠡᠬᠦ ᠮᠡᠷᠭᠡᠵᠢᠯ ᠤᠨ ᠵᠠᠭᠪᠤᠷ ᠢ ᠬᠡᠷᠡᠭᠯᠡᠬᠦ᠂ ᠬᠠᠲᠤᠨ ᠭᠤᠣᠯ ᠤᠨ ᠰᠠᠶᠢᠷᠭᠠᠯ ᠤᠨ ᠣᠷᠣᠨ ᠳᠤ ᠦᠷ᠎ᠡ ᠲᠠᠷᠢᠬᠤ ᠶᠢ ᠴᠠᠭᠠᠵᠠᠯᠠᠬᠤ ᠪᠠ ᠬᠢᠵᠠᠭᠠᠷᠯᠠᠬᠤ᠂ ᠮᠡᠷᠭᠡᠵᠢᠯ ᠤᠨ ᠵᠢᠯᠣᠭᠤᠳᠤᠯᠭ᠎ᠠ ᠦᠢᠯᠡᠴᠢᠯᠡᠭᠡ ᠵᠡᠷᠭᠡ ᠭᠤᠣᠯᠳᠠᠯᠭ᠎ᠠ ᠲᠠᠢ ᠠᠭᠤᠯᠭ᠎ᠠ ᠶᠢᠨ ᠲᠣᠭᠤᠷᠢᠨ ᠳᠤ ᠪᠠᠶᠠᠨᠨᠠᠭᠤᠷ ᠬᠤᠲᠠ ᠶᠢᠨ 2023 ᠣᠨ ᠤ ᠬᠡᠷᠡᠭᠵᠢᠭᠦᠯᠬᠦ ᠲᠥᠰᠥᠯ ᠢ ᠨᠠᠷᠢᠯᠢᠭᠵᠢᠭᠤᠯᠤᠨ ᠰᠢᠯᠢᠳᠡᠭᠵᠢᠭᠦᠯᠵᠦ᠂ ᠢᠷᠡᠬᠦ ᠵᠢᠯ ᠤᠨ ᠠᠵᠢᠯ ᠳᠤ ᠰᠠᠭᠤᠷᠢ ᠶᠢ ᠰᠠᠶᠢᠲᠤᠷ ᠲᠠᠯᠪᠢᠬᠤ ᠬᠡᠷᠡᠭᠳᠡᠢ ᠭᠡᠵᠦ ᠱᠠᠭᠠᠷᠳᠠᠪᠠ ᠃ 
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号