ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2022 ᠣᠨ ᠤ ᠳᠥᠷᠪᠡᠳᠦᠭᠡᠷ ᠪᠦᠯᠦᠭ ᠤᠨ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠪᠠ ᠬᠡᠷᠡᠭᠯᠡᠭᠡᠨ ᠤ ᠨᠥᠬᠦᠪᠦᠷᠢ ᠥᠭᠬᠦ ᠦᠢᠯᠡᠳᠬᠦᠨ ᠤ ᠬᠡᠯᠪᠡᠷᠢ ᠶᠢ ᠬᠢᠨᠠᠨ ᠬᠠᠷᠭᠤᠭᠤᠯᠤᠭᠰᠠᠨ ᠪᠠᠶᠢᠳᠠᠯ ᠤᠨ ᠲᠤᠬᠠᠢ ᠢᠯᠡ ᠨᠡᠶᠢᠲᠡᠯᠡᠯ
ᠨᠡᠶᠢᠲᠡᠯᠡᠭᠰᠡᠨ ᠴᠠᠭ᠄
2022/11/16
      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2022 ᠣᠨ ᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠪᠠ ᠬᠡᠷᠡᠭᠯᠡᠭᠡᠨ ᠤ ᠨᠥᠬᠦᠪᠦᠷᠢ ᠥᠭᠬᠦ ᠦᠢᠯᠡᠳᠬᠦᠨ ᠢ ᠦᠪᠡᠰᠦᠪᠡᠨ ᠳᠠᠩᠰᠠᠯᠠᠬᠤ ᠠᠵᠢᠯ ᠢ ᠥᠷᠨᠢᠭᠦᠯᠬᠦ ᠲᠤᠬᠠᠢ ᠮᠡᠳᠡᠭᠳᠡᠯ︾ ︵ᠥᠪᠥᠷ ᠲᠠᠷᠢᠶᠠᠯᠠᠩ ᠮᠠᠯ ᠵᠠᠷᠯᠠᠯ ﹇2022﹈ 2 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠮᠠᠨ ᠤ ᠣᠷᠣᠨ 2022 ᠣᠨ ᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠪᠠ ᠬᠡᠷᠡᠭᠯᠡᠭᠡᠨ ᠤ ᠨᠥᠬᠦᠪᠦᠷᠢ ᠥᠭᠬᠦ ᠦᠪᠡᠰᠦᠪᠡᠨ ᠳᠠᠩᠰᠠᠯᠠᠬᠤ ᠦᠢᠯᠡᠳᠬᠦᠨ ᠳᠤ ᠳᠥᠷᠪᠡᠳᠦᠭᠡᠷ ᠪᠦᠯᠦᠭ ᠤᠨ ᠬᠡᠯᠪᠡᠷᠢ ᠶᠢᠨ ᠬᠢᠨᠠᠨ ᠬᠠᠷᠭᠤᠭᠤᠯᠬᠤ ᠠᠵᠢᠯ ᠢ ᠥᠷᠨᠢᠭᠦᠯᠵᠦ᠂ ᠨᠡᠶᠢᠲᠡ 1797 ᠦᠢᠯᠡᠳᠬᠦᠨ ᠢ ᠬᠢᠨᠠᠨ ᠬᠠᠷᠭᠤᠭᠤᠯᠪᠠ᠃ ᠬᠢᠨᠠᠨ ᠬᠠᠷᠭᠤᠭᠤᠯᠵᠤ ᠪᠠᠲᠤᠯᠠᠭᠰᠠᠨ ᠦᠢᠯᠡᠳᠬᠦᠨ 1791 ︵ᠳᠠᠭᠠᠯᠳᠤᠭᠤᠯᠤᠯ 1 ᠶᠢ ᠦᠵᠡᠭᠡᠷᠡᠢ︶᠂ ᠡᠭᠦᠨ ᠳᠤ ᠬᠢᠨᠠᠨ ᠬᠠᠷᠭᠤᠭᠤᠯᠵᠤ ᠪᠠᠲᠤᠯᠠᠭᠰᠠᠨ ᠪᠣᠯᠪᠠᠴᠤ ᠲᠤᠬᠠᠢ ᠶᠢᠨ ᠭᠠᠵᠠᠷ ᠲᠤ  ᠨᠢ ᠦᠨᠡᠯᠡᠨ ᠦᠵᠡᠭᠦᠯᠬᠦ ᠴᠢᠬᠤᠯᠠᠲᠠᠢ ᠦᠢᠯᠡᠳᠬᠦᠨ 7 ᠪᠣᠶ ︵ᠳᠠᠭᠠᠯᠳᠤᠭᠤᠯᠤᠯ 2 ᠢ ᠦᠵᠡᠭᠡᠷᠡᠢ︶᠃ ᠬᠢᠨᠠᠨ ᠬᠠᠷᠭᠤᠭᠤᠯᠤᠯᠲᠠ ᠳᠤ ᠬᠢᠷᠢ ᠲᠡᠩᠴᠡᠭᠰᠡᠨ ᠦᠭᠡᠢ ᠦᠢᠯᠡᠳᠬᠦᠨ 6 ᠪᠣᠶ ︵ᠳᠠᠭᠠᠯᠳᠤᠭᠤᠯᠤᠯ 3 ᠶᠢ ᠦᠵᠡᠭᠡᠷᠡᠢ︶᠃ ᠢᠯᠡ ᠨᠡᠶᠢᠲᠡᠯᠡᠬᠦ ᠬᠤᠭᠤᠴᠠᠭ᠎ᠠ  ᠨᠢ 2022 ᠣᠨ ᠤ 11 ᠰᠠᠷ᠎ᠠ ᠶᠢᠨ 14 ᠤ ᠡᠳᠦᠷ ᠠᠴᠠ 11 ᠰᠠᠷ᠎ᠠ ᠶᠢᠨ 18 ᠤ ᠡᠳᠦᠷ ᠪᠣᠯᠲᠠᠯ᠎ᠠ ᠪᠣᠯᠣᠨ᠎ᠠ᠃      ᠬᠡᠷᠪᠡ ᠢᠯᠡ ᠨᠡᠶᠢᠲᠡᠯᠡᠬᠦ ᠠᠭᠤᠯᠭ᠎ᠠ ᠳᠤ ᠣᠨᠳᠣᠣ ᠰᠠᠨᠠᠯ ᠲᠠᠢ ᠪᠠᠶᠢᠪᠠᠯ ᠂ ᠢᠯᠡ ᠨᠡᠶᠢᠲᠡᠯᠡᠬᠦ ᠬᠤᠭᠤᠴᠠᠭᠠᠨ ᠳᠤ ᠦᠨᠡᠨ ᠨᠡᠷ᠎ᠡ᠂ ᠪᠢᠴᠢᠭ ᠤᠨ ᠬᠡᠯᠪᠡᠷᠢ ᠪᠠᠷ ︵ᠬᠤᠪᠢ ᠬᠥᠮᠥᠨ ᠭᠠᠷ ᠤᠨ ᠦᠰᠦᠭ ᠵᠢᠷᠤᠵᠤ᠂ ᠨᠢᠭᠡᠴᠢ  ᠨᠢ ᠨᠢᠭᠡᠴᠢ ᠶᠢᠨ ᠠᠯᠪᠠᠨ ᠲᠠᠮᠠᠭ᠎ᠠ ᠳᠠᠷᠤᠬᠤ ᠶᠢᠨ ᠬᠠᠮᠲᠤ ᠬᠠᠷᠢᠯᠴᠠᠬᠤ ᠠᠷᠭ᠎ᠠ ᠮᠠᠶ᠋ᠢᠭ ᠢᠶᠠᠨ ᠲᠣᠳᠣᠷᠬᠠᠶᠢᠯᠠᠬᠤ ᠬᠡᠷᠡᠭᠲᠡᠢ︶ ᠵᠢᠭᠠᠨ ᠲᠣᠭᠲᠠᠭᠠᠭᠰᠠᠨ ᠢᠮᠧᠯ ᠳᠤ ᠰᠢᠷᠪᠢᠵᠦ ᠬᠠᠷᠢᠭᠤ ᠳᠤᠰᠬᠠᠭᠠᠷᠠᠢ᠂ ᠬᠤᠭᠤᠴᠠᠭ᠎ᠠ ᠳᠠᠭᠤᠰᠲᠠᠯ᠎ᠠ ᠰᠠᠨᠠᠯ ᠢᠶᠠᠨ ᠬᠠᠷᠢᠭᠤ ᠲᠤᠰᠬᠠᠭᠰᠠᠨ ᠦᠭᠡᠢ ᠪᠠᠶᠢᠪᠠᠯ᠂ ᠣᠨᠳᠣᠣ ᠰᠠᠨᠠᠯ ᠦᠭᠡᠢ ᠪᠠᠷ ᠦᠵᠡᠨ᠎ᠡ᠃ ᠢᠯᠡ ᠨᠡᠶᠢᠲᠡᠯᠡᠬᠦ ᠬᠤᠭᠤᠴᠠᠭ᠎ᠠ ᠲᠦᠭᠦᠷᠡᠭᠰᠡᠨ ᠤ ᠳᠠᠷᠠᠭ᠎ᠠ᠂ ᠬᠢᠨᠠᠨ ᠬᠠᠷᠭᠤᠭᠤᠯᠵᠤ ᠪᠠᠲᠤᠯᠠᠭᠰᠠᠨ ᠮᠥᠷᠲᠡᠭᠡᠨ ᠣᠨᠳᠣᠣ ᠰᠠᠨᠠᠯ ᠦᠭᠡᠢ ᠦᠢᠯᠡᠳᠬᠦᠨ ᠢ ᠢᠯᠡ ᠨᠡᠶᠢᠲᠡᠯᠡᠬᠦ ᠶᠢᠨ ᠬᠠᠮᠲᠤ ᠨᠥᠬᠦᠪᠦᠷᠢ ᠭᠤᠶᠤᠴᠢᠯᠠᠬᠤ ᠦᠢᠯᠡᠴᠢᠯᠡᠭᠡᠨ ᠤ ᠰᠢᠰᠲ᠋ᠧᠮ ᠳᠤ ᠣᠷᠣᠭᠤᠯᠵᠤ᠂ ᠣᠨᠳᠣᠣ ᠰᠠᠨᠠᠯ ᠲᠠᠢ ᠦᠢᠯᠡᠳᠬᠦᠨ ᠢ ᠠᠵᠢᠯ ᠤᠨ ᠲᠠᠰ ᠳᠠᠷᠠᠭᠠᠯᠠᠯ ᠤᠨ ᠶᠣᠰᠣᠭᠠᠷ ᠳᠠᠬᠢᠨ ᠬᠢᠨᠠᠬᠤ ᠵᠢᠴᠢ ᠬᠠᠮᠢᠶ᠎ᠠ ᠪᠦᠬᠦᠢ ᠠᠵᠢᠯᠯᠠᠭ᠎ᠠ ᠶᠢ ᠪᠡᠶᠡᠯᠡᠭᠦᠯᠦᠨ᠎ᠡ᠃ ᠲᠤᠬᠠᠢ ᠶᠢᠨ ᠭᠠᠵᠠᠷ ᠲᠤ  ᠨᠢ ᠦᠨᠡᠯᠡᠨ ᠦᠵᠡᠭᠦᠯᠬᠦ ᠶᠢ ᠥᠷᠨᠢᠭᠦᠯᠬᠦ ᠴᠢᠬᠤᠯᠠᠲᠠᠢ ᠦᠢᠯᠡᠳᠬᠦᠨ ᠳᠤ᠂ ︽ᠲᠠᠩᠰᠠ ᠡᠪᠬᠡᠮᠡᠯ ᠳᠤ ᠣᠷᠣᠭᠤᠯᠬᠤ ᠬᠡᠰᠡᠭ ᠮᠠᠰᠢᠨ ᠪᠠᠭᠠᠵᠢ ᠳᠤ ᠲᠤᠬᠠᠢ ᠶᠢᠨ ᠭᠠᠵᠠᠷ ᠲᠤ  ᠨᠢ ᠦᠨᠡᠯᠡᠨ ᠦᠵᠡᠭᠦᠯᠬᠦ ᠶᠢ ᠬᠡᠷᠡᠭᠵᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠭᠳᠡᠯ︾ ︵ᠥᠪᠥᠷ ᠲᠠᠷᠢᠶᠠᠯᠠᠩ ᠮᠠᠯ ᠮᠠᠰᠢᠨ ᠲᠠᠷᠬᠠᠭᠠᠭᠰᠠᠨ ﹇2022﹈ 464 ᠳ᠋ᠤᠭᠡᠷ ᠲᠣᠭᠠᠲᠤ︶ ᠤᠨ ᠶᠣᠰᠣᠭᠠᠷ ᠬᠡᠷᠡᠭᠵᠢᠭᠦᠯᠦᠭᠡᠷᠡᠢ᠃      ᠢᠮᠧᠯ᠄ nmnjbt@126.com       ᠳᠠᠭᠠᠯᠳᠤᠭᠤᠯᠤᠯ᠄ 1. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2022 ᠣᠨ ᠤ ᠳᠥᠷᠪᠡᠳᠦᠭᠡᠷ ᠪᠦᠯᠦᠭ ᠤᠨ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠪᠠ ᠬᠡᠷᠡᠭᠯᠡᠭᠡᠨ ᠤ ᠨᠥᠬᠦᠪᠦᠷᠢ ᠶᠢ ᠥᠪᠡᠰᠦᠪᠡᠨ ᠳᠠᠩᠰᠠᠯᠠᠬᠤ ᠬᠡᠯᠪᠡᠷᠢ ᠪᠠᠷ ᠬᠢᠨᠠᠨ ᠬᠠᠷᠭᠤᠭᠤᠯᠤᠯᠲᠠ ᠳᠤ ᠬᠢᠷᠢ ᠲᠡᠩᠴᠡᠭᠰᠡᠨ ᠦᠢᠯᠡᠳᠭᠦᠨ ᠤ ᠬᠤᠷᠢᠶᠠᠩᠭᠤᠢ ᠬᠦᠰᠦᠨᠦᠭᠲᠦ      2. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2022 ᠣᠨ ᠤ ᠳᠥᠷᠪᠡᠳᠦᠭᠡᠷ ᠪᠦᠯᠦᠭ ᠤᠨ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠪᠠ ᠬᠡᠷᠡᠭᠯᠡᠭᠡᠨ ᠤ ᠨᠥᠬᠦᠪᠦᠷᠢ ᠶᠢ ᠥᠪᠡᠰᠦᠪᠡᠨ ᠳᠠᠩᠰᠠᠯᠠᠬᠤ ᠬᠡᠯᠪᠡᠷᠢ ᠶᠢ ᠬᠢᠨᠠᠨ ᠬᠠᠷᠭᠤᠭᠤᠯᠬᠤ ᠳᠤ ᠲᠤᠬᠠᠢ ᠶᠢᠨ ᠭᠠᠵᠠᠷ ᠲᠤ  ᠨᠢ ᠦᠷᠨᠢᠭᠦᠯᠬᠦ ᠴᠢᠬᠤᠯᠠᠲᠠᠢ ᠦᠨᠡᠯᠡᠨ ᠦᠵᠡᠭᠦᠯᠬᠦ ᠦᠢᠯᠡᠳᠬᠦᠨ ᠤ ᠬᠤᠷᠢᠶᠠᠩᠭᠤᠢ ᠬᠦᠰᠦᠨᠦᠭᠲᠦ      3. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2022 ᠣᠨ ᠤ ᠳᠥᠷᠪᠡᠳᠦᠭᠡᠷ ᠪᠦᠯᠦᠭ ᠤᠨ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠪᠠ ᠬᠡᠷᠡᠭᠯᠡᠭᠡᠨ ᠤ ᠨᠥᠬᠦᠪᠦᠷᠢ ᠶᠢ ᠥᠪᠡᠰᠦᠪᠡᠨ ᠳᠠᠩᠰᠠᠯᠠᠬᠤ ᠬᠡᠯᠪᠡᠷᠢ ᠶᠢᠨ ᠬᠢᠨᠠᠨ ᠬᠠᠷᠭᠤᠭᠤᠯᠤᠯᠲᠠ ᠳᠤ ᠬᠢᠷᠢ ᠲᠡᠩᠴᠡᠭᠰᠡᠨ ᠦᠭᠡᠢ ᠪᠦᠲᠦᠭᠡᠭᠳᠡᠬᠦᠨ ᠤ ᠬᠤᠷᠢᠶᠠᠩᠭᠤᠢ ᠬᠦᠰᠦᠨᠦᠭᠲᠦ                             ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                            ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ                                   2022 ᠣᠨ ᠤ 11 ᠰᠠᠷ᠎ᠠ ᠶᠢᠨ 14 ᠤ ᠡᠳᠦᠷ 
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号