ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ ᠪᠥᠬᠦ ᠬᠤᠲᠠ ᠶᠢᠨ ᠭᠠᠳᠠᠨ᠎ᠠ ᠠᠴᠠ ᠣᠷᠣᠵᠤ ᠢᠷᠡᠭᠰᠡᠨ ᠤᠰᠤᠨ ᠤ ᠳᠦᠷᠰᠦ ᠶᠢᠨ ᠨᠡᠶᠢᠳᠡᠮ ᠤᠨ ᠪᠠᠶᠢᠴᠠᠭᠠᠯᠲᠠ ᠶᠢᠨ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2022/11/18
      ᠲᠠᠷᠢᠶᠠᠯᠠᠩ ᠬᠥᠳᠡᠭᠡ ᠲᠣᠰᠬᠤᠨ ᠤ ᠶᠠᠮᠤᠨ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠭᠠᠳᠠᠨ᠎ᠠ ᠠᠴᠠ ᠣᠷᠣᠵᠤ ᠢᠷᠡᠭᠰᠡᠨ ᠲᠦᠷᠰᠦ ᠶᠢᠨ ᠨᠡᠶᠢᠳᠡᠮ ᠤᠨ ᠪᠠᠶᠢᠴᠠᠭᠠᠯᠲᠠ ᠶᠢᠨ ᠠᠵᠢᠯ ᠤᠨ ᠡᠭᠦᠷᠭᠡ ᠶᠢ ᠢᠳᠡᠪᠬᠢᠲᠡᠢ ᠴᠤᠤᠷᠢᠶᠠᠲᠤᠨ ᠳᠠᠭᠠᠵᠤ᠂ ᠭᠠᠳᠠᠨ᠎ᠠ ᠠᠴᠠ ᠣᠷᠤᠵᠤ ᠢᠷᠡᠭᠰᠡᠨ ᠤᠰᠤᠨ ᠤ ᠳᠦᠷᠰᠦ ᠶᠢᠨ ᠳᠠᠷᠬᠠᠨ ᠮᠤᠤᠮᠢᠩᠭᠠᠨ ᠬᠤᠰᠢᠭᠤᠨ ᠤ ᠤᠰᠤᠨ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ᠂ ᠵᠢᠭᠠᠰᠤᠨ ᠠᠵᠤ ᠦᠢᠯᠡᠰ ᠲᠤ ᠨᠥᠯᠥᠭᠡ ᠪᠣᠯᠬᠤ ᠠᠴᠠ ᠵᠠᠶᠢᠯᠠᠰᠭᠢᠬᠤ ᠶᠢᠨ ᠲᠦᠯᠦᠭᠡ ᠂ ᠳᠠᠷᠬᠠᠨ ᠮᠤᠤᠮᠢᠩᠭᠠᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ ᠨᠢ ᠪᠤᠭᠤᠲᠤ ᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ ᠶᠢᠨ ᠭᠠᠳᠠᠨ᠎ᠠ ᠠᠴᠠ ᠣᠷᠣᠵᠤ ᠢᠷᠡᠭᠰᠡᠨ ᠤᠰᠤᠨ ᠤ ᠠᠮᠢᠲᠠᠨ ᠤ ᠨᠡᠶᠢᠳᠡᠮ ᠤᠨ ᠪᠠᠶᠢᠴᠠᠭᠠᠯᠲᠠ ᠶᠢᠨ ᠡᠭᠦᠷᠭᠡ ᠶᠢ ᠭᠥᠯᠢᠶᠡᠨ ᠠᠪᠤᠭᠰᠠᠨ ᠤ ᠳᠠᠷᠠᠭ᠎ᠠ ᠲᠡᠷᠡ ᠳᠠᠷᠤᠢ ᠳᠤ  ᠨᠢ ᠠᠵᠢᠯ ᠤᠨ ᠪᠠᠶᠢᠷᠢᠯᠠᠭᠤᠯᠤᠯᠲᠠ ᠬᠢᠵᠦ᠂ ᠪᠤᠭᠤᠲᠤ ᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ ᠶᠢᠨ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠰᠠᠯᠠᠭ᠎ᠠ᠂ ᠮᠠᠯ ᠠᠵᠤ ᠠᠬᠤᠢ ᠤᠰᠤᠨ ᠭᠠᠷᠤᠯᠲᠠ ᠶᠢᠨ ᠦᠢᠯᠡᠴᠢᠯᠡᠭᠡᠨ ᠤ ᠲᠥᠪ ᠢ ᠤᠷᠢᠵᠤ ᠳᠠᠷᠬᠠᠨ ᠮᠤᠤᠮᠢᠩᠭᠠᠨ ᠬᠤᠰᠢᠭᠤᠨ ᠳᠤ ᠨᠡᠶᠢᠳᠡᠮ ᠤᠨ ᠪᠠᠶᠢᠴᠠᠭᠠᠯᠲᠠ ᠶᠢᠨ ᠠᠵᠢᠯ ᠢ ᠤᠷᠢᠳᠠᠪᠠᠷ ᠥᠷᠨᠢᠭᠦᠯᠦᠨ᠎ᠡ᠃      11 ᠰᠠᠷ᠎ᠠ ᠶᠢᠨ 14 ᠤ ᠡᠳᠦᠷ ᠠᠴᠠ 15 ᠤ ᠡᠳᠦᠷ ᠪᠣᠯᠲᠠᠯ᠎ᠠ᠂ ᠪᠤᠭᠤᠲᠤ ᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ ᠶᠢᠨ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠰᠠᠯᠠᠭ᠎ᠠ᠂ ᠮᠠᠯ ᠠᠵᠤ ᠠᠬᠤᠢ ᠤᠰᠤᠨ ᠭᠠᠷᠤᠯᠲᠠ ᠶᠢᠨ ᠦᠢᠯᠡᠴᠢᠯᠡᠭᠡᠨ ᠤ ᠲᠥᠪ᠂ ᠳᠠᠷᠬᠠᠨ ᠮᠤᠤᠮᠢᠩᠭᠠᠨ ᠬᠤᠰᠢᠭᠤᠨ ᠤ ᠮᠠᠯ ᠠᠵᠤ ᠠᠬᠤᠢ ᠤᠰᠤᠨ ᠭᠠᠷᠤᠯᠲᠠ ᠶᠢᠨ ᠦᠢᠯᠡᠴᠢᠯᠡᠭᠡᠨ ᠤ ᠲᠥᠪ ᠤᠨ ᠠᠵᠢᠯᠲᠠᠳ ᠤᠷᠢᠳᠠᠪᠠᠷ ᠬᠤᠸᠠᠩ ᠬᠤᠸᠠ ᠲᠠᠨ ᠴᠥᠭᠦᠷᠥᠮ ᠤᠨ ᠤᠰᠤ ᠣᠷᠣᠬᠤ ᠠᠮᠠᠰᠠᠷ᠂ ᠳᠤᠮᠳᠠ ᠬᠡᠰᠡᠭ᠂ ᠤᠰᠤ ᠭᠠᠷᠬᠤ ᠠᠮᠠᠰᠠᠷ ᠲᠤ 3 ᠪᠠᠶᠢᠴᠠᠭᠠᠯᠲᠠ ᠶᠢᠨ ᠴᠡᠭ ᠭᠠᠷᠭᠠᠵᠤ᠂ ᠵᠢᠭᠠᠰᠤᠨ ᠲᠣᠣᠷ᠂ ᠰᠢᠩᠭᠡᠯᠢᠭ ᠵᠡᠷᠭᠡ ᠠᠩᠨᠠᠵᠤ ᠱᠦᠭᠦᠬᠦ ᠲᠥᠬᠦᠭᠡᠷᠦᠮᠵᠢ ᠶᠢ ᠪᠠᠶᠢᠷᠢᠯᠠᠭᠤᠯᠵᠤ᠂ ᠤᠰᠤᠨ ᠴᠥᠭᠦᠷᠥᠮ ᠤᠨ ᠳᠡᠭᠡᠳᠦ ᠳᠠᠪᠬᠤᠷᠭ᠎ᠠ᠂ ᠳᠤᠮᠳᠠ ᠳᠠᠪᠬᠤᠷᠭ᠎ᠠ᠂ ᠳᠣᠣᠷᠠᠳᠤ ᠳᠠᠪᠬᠤᠷᠭ᠎ᠠ ᠶᠢᠨ ᠵᠢᠭᠠᠰᠤᠨ ᠤ ᠲᠥᠷᠥᠯ ᠢ ᠲᠣᠰ ᠲᠣᠰ ᠨᠡᠶᠢᠳᠡᠮ ᠤᠨ ᠪᠠᠶᠢᠴᠠᠭᠠᠯᠲᠠ ᠬᠢᠪᠡ ᠃ ᠳᠠᠷᠠᠭ᠎ᠠ ᠪᠠᠷ ᠨᠢ ᠠᠵᠢᠯᠲᠠᠳ ᠣᠩᠭᠤᠴᠠ ᠵᠢᠯᠣᠭᠤᠳᠤᠨ 3 ᠭᠠᠵᠠᠷ ᠤᠨ ᠪᠠᠶᠢᠴᠠᠭᠠᠯᠲᠠ ᠶᠢᠨ ᠴᠡᠭ ᠲᠤ ᠬᠦᠷᠴᠦ ᠲᠣᠣᠷ ᠬᠤᠷᠢᠶᠠᠨ ᠱᠦᠭᠦᠵᠦ ᠂ ᠵᠢᠭᠠᠰᠤᠨ ᠤ ᠲᠥᠷᠥᠯ ᠤᠨ ᠳᠦᠷᠰᠦ ᠶᠢ ᠢᠯᠭᠠᠨ ᠲᠣᠳᠣᠯᠠᠭᠰᠠᠨ ᠢᠶᠠᠷ ᠬᠤᠸᠠᠩ ᠬᠤᠸᠠ ᠲᠠᠨ ᠤ ᠤᠰᠤᠨ ᠴᠥᠭᠦᠷᠥᠮ ᠳᠤ ᠴᠡᠪᠡᠷᠯᠡᠭᠴᠢ ᠵᠢᠭᠠᠰᠤ᠂ ᠪᠷᠠᠽᠢᠯ ᠤᠨ ᠶᠠᠰᠤᠲᠤ ᠮᠡᠯᠡᠬᠡᠢ ᠵᠡᠷᠭᠡ ᠭᠠᠳᠠᠨ᠎ᠠ  ᠠᠴᠠ ᠣᠷᠣᠵᠤ ᠢᠷᠡᠭᠰᠡᠨ ᠤᠰᠤᠨ ᠤ ᠠᠮᠢᠲᠠᠨ ᠪᠠᠶᠢᠬᠤ ᠦᠭᠡᠢ᠃      ᠭᠠᠳᠠᠨ᠎ᠠ ᠠᠴᠠ ᠣᠷᠣᠵᠤ ᠢᠷᠡᠭᠰᠡᠨ ᠤᠰᠤᠨ ᠤ ᠠᠮᠢᠲᠠᠨ ᠤ ᠲᠤᠬᠠᠢ ᠶᠢᠨ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ᠂ ᠵᠢᠭᠠᠰᠤᠨ ᠠᠵᠤ ᠦᠢᠯᠡᠰ ᠤᠨ ᠬᠥᠭᠵᠢᠯᠲᠡ ᠳᠤ ᠦᠵᠡᠭᠦᠯᠬᠦ ᠨᠥᠯᠥᠭᠡ ᠨᠢ ᠲᠤᠶᠢᠯ ᠤᠨ ᠭᠦᠨ ᠭᠦᠨᠵᠡᠭᠡᠢ ᠪᠠᠶᠢᠳᠠᠭ᠂ ᠭᠠᠳᠠᠨ᠎ᠠ ᠠᠴᠠ ᠣᠷᠣᠵᠤ ᠢᠷᠡᠭᠰᠡᠨ ᠳᠦᠷᠰᠦ ᠶᠢ ᠵᠠᠰᠠᠬᠤ ᠪᠣᠯ ᠨᠢᠭᠡᠨ ᠪᠡᠷᠬᠡ ᠬᠠᠲᠠᠭᠤᠵᠢᠯᠲᠠᠢ ᠪᠥᠭᠡᠳ ᠬᠤᠶᠢᠰᠢᠯᠠᠭᠤᠯᠵᠤ ᠪᠣᠯᠣᠰᠢ ᠦᠭᠡᠢ ᠡᠭᠦᠷᠭᠡ ᠮᠥᠨ᠂ ᠪᠢᠳᠡ ᠡᠷᠬᠡᠪᠰᠢ ᠡᠨᠡ ᠬᠦ ᠠᠰᠠᠭᠤᠳᠠᠯ ᠳᠤ ᠲᠥᠪ ᠴᠢᠩᠭ᠎ᠠ ᠬᠠᠨᠳᠤᠵᠤ᠂ ᠨᠡᠶᠢᠳᠡᠮ ᠤᠨ ᠪᠠᠶᠢᠴᠠᠭᠠᠯᠲᠠ ᠬᠢᠬᠦ ᠳᠤ ᠪᠠᠨ ᠥᠨᠴᠥᠭ ᠪᠤᠯᠤᠩ ᠦᠯᠡᠳᠡᠭᠡᠬᠦ ᠦᠭᠡᠢ ᠪᠠᠶᠢᠬᠤ ᠬᠡᠷᠡᠭᠲᠡᠢ᠃ ᠳᠠᠷᠠᠭᠠᠴᠢ ᠶᠢᠨ ᠠᠯᠬᠤᠮ ᠳᠤ ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠣᠪᠴᠢᠶ᠎ᠠ ᠲᠤᠰ ᠠᠵᠢᠯ ᠢ ᠦᠷᠭᠦᠯᠵᠢᠯᠡᠨ ᠠᠬᠢᠭᠤᠯᠵᠤ ᠂ ᠲᠡᠭᠷᠢ ᠨᠠᠭᠤᠷ᠂ ᠶᠠᠩ ᠶᠢᠦ ᠹᠠᠩ ᠤᠰᠤᠨ ᠴᠥᠭᠦᠷᠥᠮ ᠂ ᠴᠢᠩ ᠯᠦᠩ ᠸᠠᠨ ᠤᠰᠤᠨ ᠴᠥᠭᠦᠷᠥᠮ ᠂ ᠴᠢᠩ ᠱᠦᠢ ᠸᠠᠨ ᠤᠰᠤᠨ ᠴᠥᠭᠦᠷᠥᠮ ᠢ ᠨᠢᠭᠡᠳ ᠨᠢᠭᠡ ᠪᠠᠷ ᠪᠠᠶᠢᠴᠠᠭᠠᠨ᠎ᠠ ᠃ ᠬᠡᠷᠪᠡ ᠭᠠᠳᠠᠨ᠎ᠠ ᠠᠴᠠ ᠣᠷᠣᠵᠤ ᠢᠷᠡᠭᠰᠡᠨ ᠳᠦᠷᠰᠦ ᠶᠢᠨ ᠠᠵᠢᠯᠯᠠᠭ᠎ᠠ ᠶᠢᠨ ᠪᠠᠶᠢᠳᠠᠯ ᠢ ᠣᠯᠵᠤ ᠮᠡᠳᠡᠪᠡᠯ᠂ ᠴᠠᠭ ᠲᠤᠬᠠᠢ ᠳᠤ  ᠨᠢ ᠮᠥᠷᠳᠡᠨ ᠳᠠᠭᠠᠵᠤ᠂ ᠪᠦᠭᠦ ᠲᠠᠯ᠎ᠠ ᠪᠠᠷ ᠴᠡᠪᠡᠷᠯᠡᠨ ᠠᠷᠢᠯᠭᠠᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠤᠰᠤᠨ ᠣᠷᠣᠨ ᠤ ᠠᠮᠢ ᠠᠬᠤᠢ ᠶᠢᠨ ᠠᠮᠤᠷ ᠲᠦᠪᠰᠢᠨ ᠪᠠ ᠵᠢᠭᠠᠰᠤᠨ ᠠᠵᠤ ᠦᠢᠯᠡᠰ ᠤᠨ ᠠᠮᠤᠷ ᠲᠦᠪᠰᠢᠨ ᠢ ᠪᠠᠲᠤᠯᠠᠨ᠎ᠠ᠃ 
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号