ᠬᠥᠬᠡᠬᠤᠲᠠ ᠶᠢᠨ ᠲᠤᠰ ᠡᠭᠡᠯᠵᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠬᠠᠮᠠᠭᠠᠯᠠᠬᠤ | ᠳᠠᠶᠢᠨ ᠳᠤ ᠢᠯᠠᠯᠲᠠ ᠣᠯᠬᠤ ᠳᠤ ᠬᠦᠴᠦ ᠨᠡᠮᠡᠷᠢᠯᠡᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ | ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ ᠤᠨ ᠨᠠᠮ ᠤᠨ ᠤᠳᠤᠷᠢᠳᠬᠤ | ᠳᠤᠭᠤᠶᠢᠯᠠᠩ ᠳᠡᠭᠡᠳᠦ ᠬᠡᠮᠵᠢᠶ᠎ᠡ ᠪᠠᠷ ᠴᠢᠬᠤᠯᠠᠴᠢᠠᠯᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ | ᠵᠠᠰᠠᠭ ᠤᠨ ᠣᠷᠳᠣᠨ ᠤ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ 1 ᠲᠢᠩᠬᠢᠮ ᠤᠨ ᠳᠡᠳ᠋ ᠳᠠᠷᠤᠭ᠎ᠠ ᠪᠠ 1 | ᠭᠠᠵᠠᠷ ᠤᠨ ᠲᠠᠰ ᠤᠨ ᠺᠠᠳ᠋ᠷ ᠢ ᠨᠢᠭᠡᠳᠦᠭᠡᠷ ᠹᠷᠣᠨᠲ ᠲᠤ ᠰᠣᠩᠭᠤᠨ ᠲᠣᠮᠢᠯᠠᠵᠤ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠢ ᠬᠢᠨᠠᠨ ᠵᠢᠯᠤᠭᠤᠳᠴᠤ᠂ 5 ᠭᠠᠵᠠᠷ ᠤᠨ ᠲᠠᠰ ᠤᠨ ᠺᠠᠳ᠋ᠷ ᠢ ᠰᠣᠩᠭᠤᠨ ᠲᠣᠮᠢᠯᠠᠵᠤ ᠳᠠᠭᠠᠭᠠᠴᠢᠯᠠᠨ | ᠬᠤᠯᠪᠤᠭᠠᠯᠠᠭᠰᠠᠨ ᠨᠡᠶᠢᠭᠡᠮ ᠲᠣᠭᠤᠷᠢᠭ ᠲᠤ ᠪᠠᠭᠤᠯᠭᠠᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ | ᠥᠷᠨᠢᠭᠦᠯᠦᠨ᠂ ᠲᠢᠩᠬᠢᠮ ᠤᠨ ᠰᠢᠰᠲ᠋ᠧᠮ ᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ | ᠪᠠᠶᠢᠭᠤᠯᠤᠨ ᠳᠠᠶᠢᠴᠢᠯᠠᠵᠤ ᠪᠠᠶᠢᠭ᠎ᠠ ᠨᠡᠶᠢᠭᠡᠮ ᠲᠣᠭᠤᠷᠢᠭ ᠲᠤ ᠣᠴᠢᠭᠤᠯᠤᠨ ᠨᠡᠷ᠎ᠡ ᠮᠡᠳᠡᠭᠦᠯᠵᠦ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠰᠠᠶᠢᠨ ᠳᠤᠷ᠎ᠠ ᠶᠢᠨ ᠦᠢᠯᠡᠴᠢᠯᠡᠭᠡ ᠳᠤ ᠢᠳᠡᠪᠬᠢᠲᠡᠢ ᠤᠷᠤᠯᠴᠠᠭᠤᠯᠪᠠ᠃ ᠣᠲᠣ | ᠪᠣᠯᠲᠠᠯ᠎ᠠ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ ᠤᠨ | ᠰᠢᠰᠲ᠋ᠧᠮ ᠳᠤ ᠨᠡᠶᠢᠲᠡ 452 ᠨᠠᠮ ᠤᠨ ᠭᠡᠰᠢᠭᠦᠨ ᠺᠠᠳ᠋ᠷ ︽ᠬᠤᠣᠰ ᠨᠡᠷ᠎ᠡ ᠮᠡᠳᠡᠭᠦᠯᠬᠦ︾ ᠠᠵᠢᠯᠯᠠᠭ᠎ᠠ ᠳᠤ ᠣᠷᠣᠯᠴᠠᠵᠤ᠂ | ᠰᠠᠶᠢᠨ ᠳᠤᠷ᠎ᠠ ᠶᠢᠨ ᠦᠢᠯᠡᠴᠢᠯᠡᠭᠡ ᠶᠢ ᠨᠡᠶᠢᠲᠡ 3816 ᠬᠥᠮᠥᠨ ᠤᠳᠠᠭ᠎ᠠ ᠥᠷᠨᠢᠭᠦᠯᠦᠭᠰᠡᠨ ᠪᠠᠶᠢᠨ᠎ᠠ᠃ | | | | | ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ ᠤᠨ ᠳᠠᠭᠠᠭᠠᠴᠢᠯᠠᠨ | ᠬᠤᠯᠪᠣᠭᠠᠯᠠᠭᠰᠠᠨ ᠶᠤᠸᠠᠨ ᠢ ᠨᠡᠶᠢᠭᠡᠮ ᠲᠣᠭᠤᠷᠢᠭ ᠤᠨ ᠶᠤᠸᠠᠨ ᠢ ᠰᠠᠭᠤᠭᠠᠯᠢ ᠠᠷᠠᠳ ᠤᠨ ᠲᠣᠭᠤᠷᠢᠭ᠂ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ | ᠳᠠᠭᠠᠭᠠᠴᠢᠯᠠᠨ ᠬᠤᠯᠪᠣᠭᠠᠯᠠᠭᠰᠠᠨ ᠱᠠᠩ ᠳ᠋ᠦᠩ ᠣᠯᠠᠨ ᠤᠯᠤᠰ ᠪᠠ ᠱᠠᠩ ᠳ᠋ᠦᠩ ᠹᠧᠩ ᠵᠢᠩ ᠰᠠᠭᠤᠭᠠᠯᠢ | ᠠᠷᠠᠳ ᠤᠨ ᠲᠣᠭᠤᠷᠢᠭ ᠲᠤ᠂ ᠳᠠᠭᠠᠭᠠᠴᠢᠯᠠᠨ ᠬᠤᠯᠪᠣᠭᠠᠯᠠᠭᠰᠠᠨ 5 ᠺᠠᠳ᠋ᠷ ᠨᠢ ᠨᠡᠶᠢᠭᠡᠮ ᠲᠣᠭᠤᠷᠢᠭ ᠤᠨ ᠺᠠᠳ᠋ᠷ᠂ ᠠᠵᠢᠯ | ᠦᠢᠯᠡᠰ ᠤᠨ ᠵᠥᠪᠯᠡᠯ ᠲᠠᠢ ᠦᠳᠲᠡᠷ ᠲᠦᠷᠭᠡᠨ ᠬᠠᠷᠢᠯᠴᠠᠵᠤ᠂ ᠳᠠᠭᠠᠭᠠᠴᠢᠯᠠᠨ ᠬᠤᠯᠪᠣᠭᠠᠯᠠᠭᠰᠠᠨ ᠰᠠᠭᠤᠭᠠᠯᠢ | ᠠᠷᠠᠳ ᠤᠨ ᠲᠣᠭᠤᠷᠢᠭ ᠤᠨ ᠪᠦᠬᠦᠯᠢ ᠴᠣᠭᠴᠠ ᠶᠢᠨ ᠪᠠᠶᠢᠳᠠᠯ ᠢ ᠲᠣᠳᠣᠷᠬᠠᠢ ᠣᠶᠢᠯᠠᠭᠠᠵᠤ᠂ ᠬᠢᠵᠢᠭ ᠢ | ᠰᠡᠷᠭᠡᠶᠢᠯᠡᠬᠦ ᠳᠤ ᠣᠷᠣᠰᠢᠵᠤ ᠪᠠᠶᠢᠭ᠎ᠠ ᠭᠡᠮ ᠰᠣᠭᠤᠭ ᠲᠤ ᠴᠢᠭᠯᠡᠭᠦᠯᠦᠨ᠂ ᠪᠣᠭᠤᠮᠲᠠ ᠶᠢ ᠵᠢᠵᠢᠭᠦᠷᠯᠡᠨ ᠰᠠᠬᠢᠬᠤ᠂ ᠡᠳ᠋ | ᠪᠣᠳᠠᠰ ᠢ ᠬᠤᠪᠢᠶᠠᠨ ᠲᠠᠷᠬᠠᠭᠠᠬᠤ᠂ ᠰᠠᠭᠤᠭᠠᠯᠢ ᠠᠷᠠᠳ ᠤᠨ ᠲᠣᠭᠤᠷᠢᠭ ᠲᠤ ᠲᠣᠭᠤᠷᠢᠨ ᠴᠠᠭᠳᠠᠬᠤ ᠵᠡᠷᠭᠡ ᠡᠯ᠎ᠡ | ᠵᠦᠢᠯ ᠤᠨ ᠰᠠᠶᠢᠨ ᠳᠤᠷ᠎ᠠ ᠶᠢᠨ ᠠᠵᠢᠯᠯᠠᠭᠴᠢ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠤᠯᠠᠮ ᠨᠢᠭᠡ ᠠᠯᠬᠤᠮ | ᠲᠣᠳᠣᠷᠬᠠᠶᠢᠯᠠᠵᠤ᠂ ᠰᠡᠷᠭᠡᠶᠢᠯᠡᠨ ᠡᠵᠡᠮᠳᠡᠬᠦ ᠲᠣᠭᠲᠠᠴᠠ ᠶᠢ ᠲᠡᠭᠦᠯᠳᠡᠷᠵᠢᠭᠦᠯᠪᠡ᠃ ᠲᠡᠳᠡ ᠲᠦᠷ ᠴᠠᠭ ᠤᠨ ᠨᠠᠮ ᠤᠨ | ᠡᠭᠦᠷ ᠲᠤ ᠣᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠬᠠᠮᠢᠶ᠎ᠠ | ᠪᠦᠬᠦᠢ ᠲᠦᠷᠦ ᠶᠢᠨ ᠪᠣᠳᠣᠯᠭ᠎ᠠ ᠵᠢᠴᠢ ᠬᠤᠷᠠᠯ ᠤᠨ ᠵᠣᠷᠢᠭ ᠰᠠᠨᠠᠭ᠎ᠠ ᠶᠢ ᠴᠠᠭ ᠲᠤᠬᠠᠢ ᠳᠤ ᠨᠢ ᠤᠯᠠᠮᠵᠢᠯᠠᠵᠤ᠂ | ᠰᠠᠭᠤᠭᠠᠯᠢ ᠠᠷᠠᠳ ᠤᠨ ᠲᠣᠭᠤᠷᠢᠭ ᠲᠠᠬᠢ ᠠᠵᠢᠯ ᠤᠨ ᠪᠠᠶᠢᠷᠢ ᠳᠤ ᠪᠠᠨ ᠪᠤᠴᠠᠭᠰᠠᠨ ᠦᠭᠡᠢ ᠨᠠᠮ ᠤᠨ ᠭᠡᠰᠢᠭᠦᠨ ᠢ | ᠵᠣᠬᠢᠶᠠᠨ ᠪᠠᠶᠢᠭᠤᠯᠤᠨ ᠳᠠᠶᠢᠴᠢᠯᠠᠵᠤ ᠨᠠᠮ ᠤᠨ ᠡᠭᠦᠷ ᠲᠤ ᠣᠷᠣᠭᠤᠯᠵᠤ᠂ ᠠᠵᠢᠯᠲᠠᠨ ᠤ ᠬᠦᠴᠦᠨ ᠢ | ᠲᠡᠭᠦᠯᠳᠡᠷᠵᠢᠭᠦᠯᠪᠡ᠃ ᠡᠭᠦᠨ ᠤ ᠬᠠᠮᠲᠤ᠂ ᠰᠠᠶᠢᠨ ᠳᠤᠷ᠎ᠠ ᠶᠢᠨ ᠠᠵᠢᠯᠯᠠᠭᠰᠠᠳ ᠤᠨ ᠪᠦᠯᠦᠭᠯᠡᠯ᠂ ᠰᠠᠭᠤᠭᠠᠯᠢ ᠠᠷᠠᠳ ᠤᠨ | ᠪᠦᠯᠦᠭᠯᠡᠯ ᠳᠤ ᠣᠷᠣᠯᠴᠠᠵᠤ᠂ ᠬᠢᠵᠢᠭ ᠢ ᠰᠡᠷᠭᠡᠶᠢᠯᠡᠬᠦ ᠲᠦᠷᠦ ᠶᠢᠨ ᠪᠣᠳᠣᠯᠭ᠎ᠠ ᠶᠢ ᠤᠬᠠᠭᠤᠯᠵᠤ᠂ ᠰᠦᠯᠵᠢᠶᠡᠨ ᠤ | ᠠᠵᠢᠯᠲᠠᠳ ᠢ ᠬᠠᠪᠰᠤᠷᠤᠨ ︽ᠲᠠᠪᠤᠨ ᠳᠡᠪᠲᠡᠷ ᠡᠬᠡ ᠳᠠᠩᠰᠠ︾ ᠶᠢ ᠲᠡᠭᠦᠯᠳᠡᠷᠵᠢᠭᠦᠯᠵᠦ᠂ ᠤᠯᠠᠨ ᠲᠦᠮᠡᠨ ᠢ ᠵᠣᠬᠢᠶᠠᠨ | ᠪᠠᠶᠢᠭᠤᠯᠤᠨ ᠳᠠᠶᠢᠴᠢᠯᠠᠵᠤ ᠪᠠᠶᠢᠭᠠᠳ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠵᠠᠰᠠᠬᠤ ᠠᠵᠢᠯ ᠢ | ᠥᠷᠨᠢᠭᠦᠯᠪᠡ᠃ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ ᠠᠴᠠ | ᠳᠠᠭᠠᠭᠠᠴᠢᠯᠠᠨ ᠬᠤᠯᠪᠣᠭᠠᠯᠠᠭᠰᠠᠨ ᠨᠡᠶᠢᠭᠡᠮ ᠲᠣᠭᠤᠷᠢᠭ ᠲᠤ ᠬᠢᠵᠢᠭ ᠢ ᠰᠡᠷᠭᠡᠶᠢᠯᠡᠬᠦ ᠡᠳ᠋ ᠪᠣᠳᠠᠰ᠂ ᠳᠤᠯᠠᠭᠠᠯᠠᠭ᠎ᠠ ᠶᠢᠨ | ᠲᠥᠬᠦᠭᠡᠷᠦᠮᠵᠢ ᠪᠣᠯᠣᠨ ᠲᠥᠬᠦᠮ ᠢᠳᠡᠭᠡᠨ ᠵᠡᠷᠭᠡ ᠡᠳ᠋ ᠪᠣᠳᠠᠰ ᠬᠠᠨᠳᠢᠪᠯᠡᠵᠤ᠂ ᠬᠢᠵᠢᠭ ᠢ ᠰᠡᠷᠭᠡᠶᠢᠯᠡᠬᠦ | ᠠᠵᠢᠯᠲᠠᠳ ᠤᠨ ᠰᠠᠨᠠᠭ᠎ᠠ ᠠᠮᠤᠷ ᠠᠵᠢᠯ ᠤᠨ ᠪᠠᠶᠢᠷᠢᠨ ᠳᠤ ᠪᠠᠨ ᠪᠠᠶᠢᠬᠤ᠂ ᠠᠮᠤᠷ ᠲᠦᠪᠰᠢᠨ ᠢᠶᠠᠷ ᠵᠢᠵᠢᠭᠦᠷᠯᠡᠨ | ᠰᠠᠬᠢᠬᠤ ᠶᠢ ᠦᠨᠡᠨ ᠬᠦ ᠪᠠᠲᠤᠯᠠᠪᠠ᠃ | | | | | ᠣᠷᠣᠰᠢᠨ ᠰᠠᠭᠤᠭ᠎ᠠ ᠨᠡᠶᠢᠭᠡᠮ ᠲᠣᠭᠤᠷᠢᠭ ᠲᠤ ᠨᠡᠷ᠎ᠡ ᠮᠡᠳᠡᠭᠦᠯᠦᠭᠰᠡᠨ ᠨᠠᠮ ᠤᠨ ᠭᠡᠰᠢᠭᠦᠨ ᠺᠠᠳ᠋ᠷᠴᠤᠳ | ᠥᠪᠡᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠵᠡᠭᠡᠯᠢ ᠭᠤᠳᠤᠮᠵᠢ᠂ ᠨᠡᠶᠢᠭᠡᠮ ᠲᠣᠭᠤᠷᠢᠭ᠂ ᠠᠳᠠᠯ ᠠᠬᠤᠢ | ᠵᠡᠷᠭᠡ ᠠᠵᠢᠯᠲᠠᠳ ᠲᠠᠢ ᠨᠢᠭᠲᠠ ᠬᠠᠮᠵᠢᠯᠴᠠᠵᠤ᠂ ᠬᠢᠵᠢᠭ ᠢ ᠡᠰᠡᠷᠭᠦᠴᠡᠬᠦ ᠨᠢᠭᠡᠳᠦᠭᠡᠷ ᠹᠷᠣᠨᠲ ᠲᠤ ᠡᠷᠡᠯᠬᠡᠭᠯᠡᠨ | ᠠᠵᠢᠯᠯᠠᠪᠠ᠃ ᠰᠠᠭᠤᠭᠠᠯᠢ ᠠᠷᠠᠳ ᠤᠨ ᠲᠣᠭᠤᠷᠢᠭ ᠤᠨ ᠵᠢᠵᠢᠭᠦᠷᠯᠡᠨ ᠰᠠᠬᠢᠬᠤ᠂ ᠥᠳᠥᠭᠡᠭᠴᠢ ᠶᠢ ᠲᠠᠷᠬᠠᠭᠠᠬᠤ᠂ ᠪᠥᠭᠡᠮ | ᠬᠦᠴᠢᠯ ᠢ ᠪᠠᠶᠢᠴᠠᠭᠠᠨ ᠰᠢᠯᠭᠠᠬᠤ᠂ ᠡᠳ᠋ ᠪᠣᠳᠠᠰ ᠢ ᠰᠢᠯᠵᠢᠭᠦᠯᠦᠨ ᠲᠡᠭᠡᠭᠡᠪᠦᠷᠢᠯᠡᠬᠦ᠂ ᠣᠷᠴᠢᠨ ᠲᠣᠭᠤᠷᠢᠨ ᠢ | ᠤᠰᠠᠳᠬᠠᠬᠤ ᠵᠡᠷᠭᠡ ᠣᠯᠠᠨ ᠵᠦᠢᠯ ᠤᠨ ᠰᠡᠷᠭᠡᠶᠢᠯᠡᠨ ᠡᠵᠡᠮᠳᠡᠬᠦ ᠠᠵᠢᠯ ᠳᠤ ᠢᠳᠡᠪᠬᠢᠲᠡᠢ ᠣᠷᠣᠯᠴᠠᠵᠤ᠂ ᠪᠣᠳᠠᠲᠤ | ᠠᠵᠢᠯᠯᠠᠭ᠎ᠠ ᠪᠠᠷ ᠢᠶᠠᠨ ᠨᠡᠶᠢᠭᠡᠮ ᠲᠣᠭᠤᠷᠢᠭ ᠤᠨ ᠣᠯᠠᠨ ᠲᠦᠮᠡᠨ ᠤ ᠠᠮᠢ ᠨᠠᠰᠤ ᠡᠷᠡᠭᠦᠯ ᠮᠡᠨᠳᠦ ᠶᠢ ᠬᠠᠮᠠᠭᠠᠯᠠᠬᠤ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠡᠷᠭᠡᠶᠢᠯᠡᠯᠲᠡ ᠶᠢᠨ ᠱᠤᠭᠤᠮ ᠢ ᠨᠢᠭᠲᠠ ᠪᠠᠶᠢᠭᠤᠯᠤᠨ | ᠪᠠᠬᠢᠵᠢᠭᠦᠯᠬᠦ ᠳᠤ ᠬᠦᠴᠦ ᠨᠡᠮᠡᠷᠢᠯᠡᠵᠦ᠂ ᠮᠠᠯᠴᠢᠨ ᠲᠠᠷᠢᠶᠠᠴᠢᠨ ᠤ ᠬᠠᠷᠢᠭᠤᠴᠠᠯᠭ᠎ᠠ ᠪᠠ ᠡᠭᠦᠷᠭᠡᠯᠡᠯ ᠢ ᠢᠯᠡᠷᠡᠭᠦᠯᠵᠦ᠂ | ᠪᠠᠶᠢᠭᠤᠯᠤᠯᠭ᠎ᠠ ᠶᠢᠨ ᠨᠠᠮ ᠤᠨ ᠭᠡᠰᠢᠭᠦᠨ ᠺᠠᠳ᠋ᠷᠴᠤᠳ ᠤᠨ ᠵᠢᠱᠢᠶ᠎ᠡ ᠦᠵᠡᠭᠦᠯᠵᠦ ᠳᠠᠶᠢᠴᠢᠯᠠᠬᠤ ᠦᠢᠯᠡᠳᠦᠯ ᠢ | ᠪᠠᠳᠠᠷᠠᠭᠤᠯᠪᠠ᠃ | |