ᠬᠥᠯᠥᠨ ᠪᠤᠶᠢᠷ ᠬᠤᠲᠠ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ ᠲᠠᠷᠢᠶᠠᠯᠠᠩ ᠮᠠᠯ ᠠᠵᠤ ᠠᠬᠤᠢ ᠤᠰᠤᠨ ᠭᠠᠷᠤᠯᠲᠠ ᠶᠢ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠪᠣᠯᠪᠠᠰᠤᠷᠠᠭᠤᠯᠤᠯ ᠤᠨ ᠠᠩᠭᠢ ᠡᠷᠭᠢᠯᠡᠪᠡ
ᠨᠡᠶᠢᠲᠡᠯᠡᠭᠰᠡᠨ ᠴᠠᠭ᠄
2022/11/22
      11 ᠰᠠᠷ᠎ᠠ ᠶᠢᠨ 15 ᠤ ᠡᠳᠦᠷ ᠠᠴᠠ 11 ᠰᠠᠷ᠎ᠠ ᠶᠢᠨ 18 ᠤ ᠡᠳᠦᠷ ᠪᠣᠯᠲᠠᠯ᠎ᠠ᠂ ᠬᠥᠯᠥᠨ ᠪᠤᠶᠢᠷ ᠬᠤᠲᠠ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ ᠠᠴᠠ ︽2022 ᠣᠨ ᠤ ᠬᠥᠯᠥᠨ ᠪᠤᠶᠢᠷ ᠬᠤᠲᠠ ᠶᠢᠨ ᠮᠠᠯ ᠤᠨ ᠠᠰᠢᠭ ᠰᠢᠮ᠎ᠡ  ᠲᠠᠷᠢᠶᠠᠯᠠᠩ ᠤᠨ ᠪᠦᠲᠦᠭᠡᠭᠳᠡᠬᠦᠨ ᠤ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠵᠢᠴᠢ ᠲᠠᠷᠢᠶᠠᠯᠠᠩ ᠮᠠᠯ ᠠᠵᠤ ᠠᠬᠤᠢ ᠤᠰᠤᠨ ᠭᠠᠷᠤᠯᠲᠠ ᠶᠢᠨ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠪᠣᠯᠪᠠᠰᠤᠷᠠᠭᠤᠯᠤᠯ ᠤᠨ ᠠᠩᠭᠢ︾ ᠡᠷᠬᠢᠯᠡᠪᠡ ᠃ ᠪᠥᠬᠦ ᠬᠤᠲᠠ ᠶᠢᠨ 14 ᠬᠤᠰᠢᠭᠤ ᠬᠤᠲᠠ ᠲᠣᠭᠤᠷᠢᠭ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ ᠤᠨ ᠡᠷᠬᠢᠯᠡᠭᠴᠢ᠂ ᠳᠡᠳ᠋ ᠡᠷᠬᠢᠯᠡᠭᠴᠢ ᠵᠢᠴᠢ ᠮᠡᠷᠭᠡᠵᠢᠯ ᠤᠨ ᠨᠢᠷᠤᠭᠤᠪᠴᠢ᠂ ᠨᠡᠶᠢᠲᠡ 40 ᠭᠠᠷᠤᠢ ᠬᠥᠮᠥᠨ ᠲᠣᠰ ᠤᠳᠠᠭᠠᠨ ᠤ ᠪᠣᠯᠪᠠᠰᠤᠷᠠᠭᠤᠯᠤᠯ ᠳᠤ ᠣᠷᠣᠯᠴᠠᠵᠠᠢ᠃ ᠠᠩᠭᠢ ᠡᠬᠢᠯᠡᠬᠦ ᠶᠣᠰᠣᠯᠠᠯ ᠢ ᠬᠥᠯᠥᠨ ᠪᠤᠶᠢᠷ ᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ ᠶᠢᠨ ᠬᠢᠨᠠᠨ ᠬᠠᠮᠢᠶᠠᠷᠬᠤ ᠰᠠᠯᠠᠭᠠᠨ ᠤ ᠳᠠᠷᠤᠭ᠎ᠠ ᠪᠠᠢ ᠰᠢᠶᠠᠩ ᠮᠢᠩ ᠡᠷᠭᠢᠯᠡᠵᠦ᠂ ᠬᠥᠯᠥᠨ ᠪᠤᠶᠢᠷ ᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠣᠪᠴᠢᠶᠠᠨ ᠳᠡᠳ᠋ ᠳᠠᠷᠤᠭ᠎ᠠ ᠲᠦᠩ ᠴᠦᠨ ᠯᠢᠩ ᠠᠩᠭᠢ ᠡᠬᠢᠯᠡᠬᠦ ᠶᠣᠰᠣᠯᠠᠯ ᠳᠡᠭᠡᠷ᠎ᠡ ᠶᠠᠷᠢᠶ᠎ᠠ ᠲᠠᠯᠪᠢᠵᠠᠢ᠃      ᠲᠣᠪᠴᠢᠶᠠᠨ ᠤ ᠳᠡᠳ᠋ ᠳᠠᠷᠤᠭ᠎ᠠ ᠲᠦᠩ ᠴᠦᠨ ᠯᠢᠩ ᠵᠢᠭᠠᠵᠤ ᠭᠠᠷᠭᠠᠭᠰᠠᠨ ᠨᠢ᠂ ᠲᠣᠰ ᠤᠳᠠᠭᠠᠨ ᠤ ᠪᠣᠯᠪᠠᠰᠤᠷᠠᠭᠤᠯᠤᠯ ᠳᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ᠥᠪᠡᠷᠲᠡᠭᠡᠨ ᠵᠠᠰᠠᠬᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠪᠠᠶᠢᠳᠠᠯ ᠤᠨ ᠬᠤᠷᠠᠯ ᠬᠤᠳᠠᠯᠳᠤᠭᠠᠨ ᠤ ᠡᠪᠯᠡᠯ ᠪᠣᠯᠣᠨ ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠲᠤᠰᠬᠠᠢ ᠮᠡᠷᠭᠡᠵᠢᠯ ᠢ ᠤᠯᠠᠮᠵᠢᠯᠠᠵᠤ᠂ ᠲᠤᠷᠰᠢᠯᠭ᠎ᠠ ᠠᠷᠭ᠎ᠠ ᠬᠢᠳᠡᠯ ᠢᠶᠠᠨ ᠰᠣᠯᠢᠯᠴᠠᠨ᠂ ᠪᠠᠶᠢᠳᠠᠯ ᠤᠨ ᠱᠠᠭᠠᠷᠳᠠᠯᠭ᠎ᠠ ᠶᠢ ᠡᠵᠡᠮᠰᠢᠵᠦ᠂ ᠭᠤᠣᠯᠳᠠᠯᠭ᠎ᠠ ᠲᠠᠢ ᠡᠭᠦᠷᠭᠡ ᠶᠢ ᠪᠠᠶᠢᠷᠢᠯᠠᠭᠤᠯᠬᠤ ᠬᠡᠷᠡᠭᠲᠡᠢ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠠᠵᠢᠯ ᠤᠨ ᠤᠯᠤᠰ ᠲᠥᠷᠥ ᠶᠢᠨ ᠵᠣᠭᠰᠣᠴᠠ ᠶᠢ ᠣᠨᠣᠪᠴᠢᠲᠠᠶ ᠡᠵᠡᠮᠳᠡᠵᠦ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠠᠵᠢᠯ ᠤᠨ ᠡᠭᠦᠷᠭᠡ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠠᠵᠢᠯ ᠤᠨ ᠠᠭᠤᠯᠤᠭᠳᠠᠬᠤᠨ ᠢ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠬᠤ ᠬᠡᠷᠡᠭᠲᠡᠢ ᠭᠡᠪᠡ ᠃ ᠰᠠᠯᠠᠭᠠᠨ ᠳᠠᠷᠤᠭ᠎ᠠ ᠪᠠᠢ ᠰᠢᠶᠠᠩ ᠮᠢᠩ ᠴᠢᠬᠤᠯᠠᠴᠢᠯᠠᠬᠤ ᠳᠤ ᠪᠠᠨ ᠂ ᠠᠵᠠ ᠲᠣᠬᠢᠶᠠᠯ ᠢ ᠨᠠᠨᠳᠢᠩᠨᠠᠵᠤ᠂ ᠲᠣᠰ ᠤᠳᠠᠭᠠᠨ ᠤ ᠪᠣᠯᠪᠠᠰᠤᠷᠠᠭᠤᠯᠤᠯ ᠤᠨ ᠲᠠᠪᠴᠠᠩ ᠢ ᠠᠰᠢᠭᠯᠠᠨ᠂ ᠬᠠᠷᠢᠯᠴᠠᠨ ᠰᠠᠨᠠᠯ ᠢᠶᠠᠨ ᠢᠯᠡᠭᠦᠬᠡᠨ ᠰᠣᠯᠢᠯᠴᠠᠵᠤ᠂ ᠳ᠋ᠦᠩᠨᠡᠯᠲᠡ ᠶᠢᠨ ᠮᠠᠲ᠋ᠧᠷᠢᠶᠠᠯ ᠴᠤᠭᠯᠠᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠢ ᠭᠡᠵᠡᠢ᠃      ᠲᠤᠰ ᠤᠳᠠᠭᠠᠨ ᠤ ᠪᠣᠯᠪᠠᠰᠤᠷᠠᠭᠤᠯᠤᠯ ᠳᠤ ᠬᠢᠴᠢᠶᠡᠯ ᠵᠢᠭᠠᠬᠤ ᠪᠠ ᠲᠤᠬᠠᠢ ᠶᠢᠨ ᠭᠠᠵᠠᠷ ᠲᠤ  ᠨᠢ ᠲᠣᠭᠤᠷᠢᠨ ᠦᠵᠡᠬᠦ ᠶᠢ ᠬᠠᠷᠢᠯᠴᠠᠨ ᠤᠶᠠᠯᠳᠤᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠵᠢᠴᠢ ᠪᠣᠬᠢᠷᠳᠤᠯ ᠦᠭᠡᠢ ᠲᠠᠷᠢᠶᠠᠯᠠᠩ ᠮᠠᠯ ᠠᠵᠤ ᠠᠬᠤᠢ ᠶᠢᠨ ᠨᠡᠷᠡᠲᠦ ᠲᠥᠷᠥᠯ ᠲᠡᠮᠳᠡᠭᠲᠦ ᠶᠢᠨ ᠪᠦᠲᠦᠭᠡᠨ ᠪᠠᠶᠢᠭᠤᠯᠤᠯᠲᠠ᠂ ᠪᠣᠬᠢᠷᠳᠤᠯ ᠦᠭᠡᠢ ᠢᠳᠡᠭᠡᠨ ᠤ ᠲᠡᠮᠳᠡᠭ ᠢ ᠬᠡᠷᠡᠭᠯᠡᠬᠦ  ᠶᠢ ᠵᠦᠪᠰᠢᠶᠡᠷᠡᠬᠦ ᠭᠤᠶᠤᠴᠢᠯᠠᠯᠲᠠ ᠪᠠ ᠬᠢᠨᠠᠨ ᠬᠠᠮᠢᠶᠠᠷᠤᠯᠲᠠ ᠂ ᠲᠠᠷᠢᠶᠠᠯᠠᠩ ᠤᠨ ᠪᠦᠲᠦᠭᠡᠭᠳᠡᠬᠦᠨ ᠤ ᠪᠦᠬᠦ ᠶᠠᠪᠤᠴᠠ ᠶᠢᠨ ᠶᠠᠰᠤ ᠴᠢᠨᠠᠷ ᠢ ᠡᠵᠡᠮᠳᠡᠬᠦ ᠮᠡᠷᠭᠡᠵᠢᠯ ᠤᠨ ᠰᠢᠰᠲ᠋ᠧᠮᠵᠢ ᠪᠠ ᠨᠠᠷᠠᠲᠠᠢ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠣᠨᠴᠠ ᠴᠢᠨᠠᠷ ᠤᠨ ᠲᠠᠷᠢᠶᠠᠯᠠᠩ ᠤᠨ ᠪᠦᠲᠦᠭᠡᠭᠳᠡᠬᠦᠨ ᠢ ᠲᠡᠮᠳᠡᠭᠯᠡᠬᠦ ᠵᠢᠷᠤᠮᠵᠢᠯ ᠵᠢᠴᠢ ᠮᠡᠳᠡᠭᠡ ᠵᠠᠩᠭᠢ ᠶᠢᠨ ᠰᠢᠰᠲ᠋ᠧᠮ ᠤᠨ ᠬᠡᠷᠡᠭᠯᠡᠯᠲᠡ᠂ ᠪᠥᠬᠦ ᠤᠯᠤᠰ ᠤᠨ ᠪᠣᠬᠢᠷᠳᠤᠯ ᠦᠭᠡᠢ ᠢᠳᠡᠭᠡᠨ ᠤ ᠲᠦᠭᠦᠬᠡᠢ ᠮᠠᠲ᠋ᠧᠷᠢᠶᠠᠯ ᠤᠨ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠬᠢᠭᠡᠳ ᠬᠠᠮᠢᠶᠠᠷᠤᠯᠲᠠ ᠶᠢᠨ ᠲᠠᠷᠢᠶᠠᠯᠠᠩ ᠤᠨ ᠪᠦᠲᠦᠭᠡᠭᠳᠡᠬᠦᠨ ᠤ ᠭᠠᠵᠠᠷ ᠵᠦᠢ ᠶᠢᠨ ᠪᠡᠯᠭᠡ ᠲᠡᠮᠳᠡᠭ ᠤᠨ ᠳᠠᠩᠰᠠᠯᠠᠯᠲᠠ ᠬᠢᠭᠡᠳ ᠬᠠᠮᠠᠭᠠᠯᠠᠯᠲᠠ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠪᠠ ᠲᠣᠮᠣ ᠳ᠋ᠠᠶᠢᠲ᠋ᠠ ᠶᠢᠨ ᠲᠠᠪᠴᠠᠩ ᠤᠨ ᠬᠡᠷᠡᠭᠯᠡᠯᠲᠡ᠂ ᠲᠠᠷᠢᠮᠠᠯ ᠤᠨ ᠦᠷ᠎ᠡ ᠶᠢᠨ ᠶᠠᠰᠤ ᠴᠢᠨᠠᠷ ᠲᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠱᠠᠭᠠᠷᠳᠠᠯᠭ᠎ᠠ ᠶᠢ ᠬᠢᠴᠢᠶᠡᠯᠯᠡᠪᠡ ︔ ᠬᠥᠯᠥᠨ ᠪᠤᠶᠢᠷ ᠤᠨ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ ᠶᠢᠨ ᠪᠦᠯᠦᠭᠯᠡᠯ ᠤᠨ ᠪᠣᠬᠢᠷᠳᠤᠯ ᠦᠭᠡᠢ ᠢᠳᠡᠭᠡᠨ ᠢ ᠦᠢᠯᠡᠳᠪᠦᠷᠢᠯᠡᠵᠦ ᠡᠳ᠋ᠰᠢᠭᠦᠯᠬᠦ᠂ ᠬᠥᠮᠥᠷᠭᠡᠯᠡᠨ ᠬᠠᠳᠠᠭᠠᠯᠠᠬᠤ ᠪᠠᠷᠠᠭᠠᠨ ᠤ ᠭᠦᠢᠯᠭᠡᠭᠡᠨ ᠤ ᠲᠥᠪ᠂ ᠳᠤᠮᠳᠠᠳᠤ ᠤᠯᠤᠰ ᠤᠨ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ ᠶᠢᠨ ᠪᠣᠬᠢᠷᠳᠤᠯ ᠦᠭᠡᠢ ᠢᠳᠡᠭᠡᠨ ᠢ ᠪᠡᠶᠡᠴᠢᠯᠡᠨ ᠣᠶᠢᠯᠠᠭᠠᠬᠤ ᠲᠥᠪ ᠪᠠ ᠬᠥᠯᠥᠨ ᠪᠤᠶᠢᠷ ᠤᠨ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ ᠶᠢᠨ ᠮᠡᠳᠡᠭᠡ ᠵᠠᠩᠭᠢ ᠶᠢᠨ ᠲᠥᠪ ᠢ ᠲᠤᠬᠠᠢ ᠶᠢᠨ ᠲᠠᠯᠠᠪᠠᠶ ᠳᠤ ᠲᠣᠭᠤᠷᠢᠨ ᠦᠵᠡᠪᠡ᠃      ᠲᠤᠰ ᠤᠳᠠᠭᠠᠨ ᠤ ᠪᠣᠯᠪᠠᠰᠤᠷᠠᠭᠤᠯᠤᠯ ᠤᠨ ᠳᠠᠷᠠᠭ᠎ᠠ᠂ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ  ᠠᠴᠠ ᠣᠯᠠᠨ ᠲᠤᠰᠬᠠᠢ ᠮᠡᠷᠭᠡᠵᠢᠯᠲᠡᠨ ᠤ ᠬᠢᠴᠢᠶᠡᠯᠯᠡᠬᠦ ᠶᠢ ᠰᠤᠨᠤᠰᠤᠭᠠᠳ ᠤᠯᠤᠯᠳᠠ ᠲᠦᠷᠦᠭᠳᠡᠯ ᠮᠠᠰᠢ ᠡᠯᠪᠡᠭ ᠪᠤᠯᠪᠠ᠃ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠳᠠᠷᠠᠭᠠᠬᠢ ᠡᠭᠦᠷᠭᠡ ᠴᠢᠳᠠᠪᠤᠷᠢ ᠶᠢᠨ ᠨᠡᠮᠡᠭᠳᠡᠯ ᠳᠤ ᠴᠢᠭᠯᠡᠭᠦᠯᠦᠨ᠂ ᠵᠢᠴᠢ ᠠᠵᠢᠯ ᠤᠨ ᠳᠤᠮᠳᠠ ᠲᠤᠯᠭᠠᠷᠠᠭᠰᠠᠨ ᠠᠩᠬᠠᠷᠬᠤ ᠴᠢᠬᠤᠯᠠᠲᠠᠢ ᠠᠰᠠᠭᠤᠳᠠᠯ ᠳᠤ ᠲᠠᠶᠢᠯᠤᠮᠵᠢ ᠬᠢᠭᠰᠡᠨ ᠪᠤᠯᠬᠤᠷ ᠬᠤᠶᠢᠰᠢᠳᠠ ᠶᠢᠨ ᠠᠵᠢᠯ ᠢᠶᠠᠨ ᠥᠷᠨᠢᠭᠦᠯᠬᠦ ᠳᠤ ᠴᠢᠬᠤᠯᠠ ᠵᠢᠯᠤᠭᠤᠳᠬᠤ ᠠᠴᠢ ᠬᠤᠯᠪᠣᠭᠳᠠᠯ  ᠲᠠᠢ ᠃ ᠪᠢᠳᠡ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠦᠷᠭᠦᠯᠵᠢᠯᠡᠨ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠠᠵᠢᠯ ᠤᠨ ᠴᠢᠨᠠᠷ ᠴᠢᠨᠰᠠᠭ᠎ᠠ ᠦᠷ᠎ᠡ ᠠᠰᠢᠭ ᠢ ᠳᠡᠭᠡᠭᠰᠢᠯᠡᠭᠦᠯᠬᠦ ᠪᠠ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠡᠷᠴᠢ ᠵᠣᠷᠢᠭ ᠢᠶᠠᠨ ᠬᠥᠪᠴᠢᠯᠡᠨ ᠡᠷᠡᠯᠬᠡᠭᠯᠡᠨ ᠤᠷᠤᠭᠰᠢᠯᠠᠵᠤ᠂ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠠᠬᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠲᠠᠷᠢᠶᠠᠯᠠᠩ ᠬᠥᠳᠡᠭᠡ ᠲᠣᠰᠬᠤᠨ ᠤ ᠣᠳᠣᠬᠢᠴᠢᠯᠠᠯᠲᠠ ᠶᠢ ᠪᠥᠬᠦ ᠲᠠᠯ᠎ᠠ ᠪᠠᠷ ᠲᠦᠯᠬᠢᠨ ᠠᠬᠢᠭᠤᠯᠬᠤ ᠬᠦᠴᠦᠷᠬᠡᠭ ᠶᠡᠭᠡ ᠬᠦᠴᠦᠨ ᠢ ᠨᠢᠭᠲᠠᠷᠠᠭᠤᠯᠤᠨ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠢᠳᠡᠪᠬᠢᠲᠡᠢ ᠲᠦᠯᠬᠢᠨ ᠠᠬᠢᠭᠤᠯᠤᠨ᠎ᠠ ᠭᠡᠵᠦ ᠢᠯᠡᠳᠭᠡᠵᠡᠭᠡᠪᠡ ︕
图片1.jpg
图片2.jpg
图片3.jpg
 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号