ᠠᠹᠷᠢᠺᠠ ᠲᠢᠪ ᠤᠨ ᠭᠠᠭ᠋ᠠᠢ ᠶᠢᠨ ᠬᠢᠵᠢᠭ ᠶᠠᠮᠠᠷ ᠬᠤᠣᠷ ᠬᠥᠨᠥᠭᠡᠯ ᠲᠠᠢ ᠪᠣᠶ︖
ᠨᠡᠶᠢᠲᠡᠯᠡᠭᠰᠡᠨ ᠴᠠᠭ᠄
2022/11/22
      ᠠᠹᠷᠢᠺᠠ ᠲᠢᠪ ᠤᠨ ᠭᠠᠭ᠋ᠠᠢ ᠶᠢᠨ ᠬᠢᠵᠢᠭ ᠪᠣᠯ ᠠᠹᠷᠢᠺᠠ ᠲᠢᠪ ᠤᠨ ᠭᠠᠭ᠋ᠠᠢ ᠶᠢᠨ ᠬᠢᠵᠢᠭ ᠤᠨ ᠸᠢᠷᠦ᠋ᠰ ᠠᠴᠠ ᠡᠭᠦᠰᠦᠭᠰᠡᠨ ᠭᠡᠷ ᠤᠨ ᠭᠠᠭ᠋ᠠᠢ᠂ ᠬᠡᠭᠡᠷ᠎ᠡ ᠶᠢᠨ ᠭᠠᠭ᠋ᠠᠢ ᠳᠤ ᠲᠤᠰᠳᠠᠭ ᠨᠢᠭᠡ ᠵᠦᠢᠯ ᠤᠨ ᠲᠦᠷᠭᠡᠨ ᠴᠢᠨᠠᠷᠲᠠᠢ᠂ ᠬᠠᠯᠠᠭᠤᠨ ᠴᠢᠨᠠᠷᠲᠠᠢ᠂ ᠳᠡᠭᠡᠳᠦ ᠬᠡᠮᠵᠢᠶ᠎ᠡ ᠪᠠᠷ ᠬᠦᠷᠦᠯᠴᠡᠬᠦ ᠴᠢᠨᠠᠷᠲᠠᠢ ᠠᠮᠢᠲᠠᠨ ᠤ ᠬᠠᠯᠳᠠᠪᠤᠷᠢᠲᠤ ᠡᠪᠡᠳᠴᠢᠨ ᠪᠣᠯᠣᠨ᠎ᠠ ᠂ ᠠᠯᠢᠪᠠ ᠡᠭᠦᠯᠳᠡᠷ ᠪᠠ ᠶᠠᠮᠠᠷᠪᠠ ᠨᠠᠰᠤ ᠵᠢᠯ ᠤᠨ ᠭᠠᠭ᠋ᠠᠢ ᠳᠤ ᠴᠥᠮ ᠬᠠᠯᠳᠠᠪᠤᠷᠢᠯᠠᠵᠤ ᠪᠣᠯᠬᠤ ᠪᠥᠭᠡᠳ ᠡᠪᠡᠳᠴᠢᠯᠡᠭᠦᠯᠬᠦ ᠨᠣᠷᠮ᠎ᠠ ᠪᠠ ᠦᠬᠦᠭᠦᠯᠬᠦ ᠨᠣᠷᠮ᠎ᠠ ᠨᠢ ᠬᠠᠮᠤᠭ ᠥᠨᠳᠥᠷ ᠲᠤ ᠪᠠᠨ 100% ᠳᠤ ᠭᠥᠷᠳᠡᠭ ᠪᠥᠭᠡᠳ ᠣᠳᠣᠬᠠᠨ ᠳᠤ ᠪᠥᠬᠦ ᠳᠡᠯᠡᠬᠡᠢ ᠳᠤ ᠪᠦᠲᠦᠮᠵᠢᠲᠡᠶ ᠸᠠᠺᠼᠢᠨ ᠪᠠᠶᠢᠬᠤ ᠦᠭᠡᠢ᠃ ᠲᠣᠰ ᠸᠢᠷᠦ᠋ᠰ ᠨᠢ ᠬᠦᠴᠢᠯ ᠳᠤ ᠲᠡᠰᠪᠦᠷᠢᠲᠡᠢ ᠱᠦᠯᠲᠦ ᠳᠤ ᠲᠡᠰᠪᠦᠷᠢ ᠦᠭᠡᠢ ᠂ ᠬᠦᠢᠲᠡᠨ ᠳᠤ ᠲᠡᠰᠪᠦᠷᠢᠲᠡᠢ ᠬᠠᠯᠠᠭᠤᠨ ᠳᠤ ᠲᠡᠰᠪᠦᠷᠢ ᠦᠭᠡᠢ ᠣᠨᠴᠠᠯᠢᠭ ᠲᠠᠢ᠂ ᠡᠷᠡᠭᠦᠯ ᠭᠠᠭ᠋ᠠᠢ ᠡᠪᠡᠳᠴᠢᠯᠡᠭᠰᠡᠨ ᠭᠠᠭ᠋ᠠᠢ  ᠲᠠᠢ ᠬᠦᠷᠦᠯᠴᠡᠬᠦ ᠪᠤᠶᠤ ᠪᠣᠬᠢᠷᠳᠤᠯ ᠪᠣᠳᠠᠰ ᠲᠠᠢ ᠰᠢᠭᠤᠳ ᠬᠦᠷᠦᠯᠴᠡᠬᠦ ᠪᠣᠯ ᠠᠹᠷᠢᠺᠠ ᠲᠢᠪ ᠤᠨ ᠭᠠᠭ᠋ᠠᠢ ᠶᠢᠨ ᠬᠢᠵᠢᠭ ᠤᠨ ᠬᠠᠮᠤᠭ ᠤᠨ ᠭᠤᠣᠯ ᠬᠠᠯᠳᠠᠪᠤᠷᠢᠯᠠᠬᠤ ᠠᠷᠭ᠎ᠠ ᠵᠠᠮ ᠮᠥᠨ᠂ ᠭᠠᠭ᠋ᠠᠢ  ᠨᠢ ᠬᠤᠣᠷ ᠲᠠᠢ ᠱᠠᠯᠵᠠ ᠵᠡᠷᠭᠡ ᠵᠠᠭᠤᠴᠢ ᠰᠢᠪᠠᠵᠢ ᠳᠤ ᠬᠠᠳᠬᠤᠭᠳᠠᠭᠰᠠᠨ ᠴᠤ ᠬᠠᠯᠳᠠᠪᠤᠷᠢᠯᠠᠭᠳᠠᠳᠠᠭ ᠃ ᠳᠡᠯᠡᠬᠡᠢ ᠶᠢᠨ ᠠᠮᠢᠲᠠᠨ ᠤ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠠᠴᠠ ᠲᠡᠭᠦᠨ ᠢ ᠬᠠᠤᠯᠢ ᠪᠠᠷ ᠲᠣᠭᠲᠠᠭᠠᠭᠰᠠᠨ ᠳᠡᠭᠡᠭᠰᠢ ᠮᠡᠳᠡᠭᠦᠯᠬᠦ ᠠᠮᠢᠲᠠᠨ ᠤ ᠬᠢᠵᠢᠭ ᠡᠪᠡᠳᠴᠢᠨ ᠳᠤ ᠣᠷᠣᠭᠤᠯᠵᠤ ᠂ ᠮᠠᠨ ᠤ ᠤᠯᠤᠰ ᠲᠡᠭᠦᠨ ᠢ ᠨᠢᠭᠡᠳᠦᠭᠡᠷ ᠲᠦᠷᠦᠯ ᠤᠨ ᠠᠮᠢᠲᠠᠨ ᠤ ᠬᠢᠵᠢᠭ ᠡᠪᠡᠳᠴᠢᠨ ᠳᠤ ᠣᠷᠣᠭᠤᠯᠪᠠ ᠃      ᠠᠹᠷᠢᠺᠠ ᠲᠢᠪ ᠤᠨ ᠭᠠᠭ᠋ᠠᠢ ᠶᠢᠨ ᠬᠢᠵᠢᠭ ᠪᠣᠯ ᠬᠥᠮᠥᠨ ᠮᠠᠯ ᠳᠤ ᠪᠦᠷ ᠬᠠᠯᠳᠠᠪᠤᠷᠢᠯᠠᠬᠤ ᠬᠠᠯᠳᠠᠪᠤᠷᠢᠲᠤ ᠡᠪᠡᠳᠴᠢᠨ ᠪᠢᠰᠢ ᠂ ᠭᠡᠪᠡᠴᠦ ᠭᠠᠭ᠋ᠠᠢ ᠶᠢᠨ ᠦᠢᠯᠡᠳᠪᠦᠷᠢᠯᠡᠯ ᠳᠤ ᠬᠦᠨᠳᠦ ᠶᠡᠭᠡ ᠬᠤᠣᠷ ᠬᠥᠨᠥᠭᠡᠯ ᠲᠠᠢ ᠶᠤᠮ ᠃ ᠮᠠᠨ ᠤ ᠤᠯᠤᠰ ᠪᠣᠯ ᠠᠮᠢᠳᠤ ᠭᠠᠭ᠋ᠠᠢ ᠲᠡᠵᠢᠭᠡᠨ ᠦᠷᠡᠵᠢᠭᠦᠯᠬᠦ ᠪᠠ ᠪᠦᠲᠦᠭᠡᠭᠳᠡᠬᠦᠨ ᠤ ᠬᠡᠷᠡᠭᠯᠡᠭᠡᠨ ᠤ ᠲᠣᠮᠣ ᠤᠯᠤᠰ ᠪᠣᠯᠣᠨ᠎ᠠ ᠂ ᠭᠠᠭ᠋ᠠᠢ ᠶᠢᠨ ᠮᠢᠬ᠎ᠠ ᠪᠣᠯ ᠰᠠᠭᠤᠭᠠᠯᠢ ᠠᠷᠠᠳ ᠤᠨ ᠭᠤᠣᠯ ᠪᠣᠯᠬᠤ ᠮᠢᠬᠠᠨ ᠤ ᠵᠦᠢᠯ ᠤᠨ ᠤᠭᠤᠷᠠᠭ ᠤᠨ ᠢᠷᠡᠯᠲᠡ ᠮᠥᠨ᠂ ᠭᠠᠭ᠋ᠠᠢ ᠶᠢᠨ ᠮᠢᠬᠠᠨ ᠤ ᠵᠦᠢᠯ ᠤᠨ ᠬᠡᠷᠡᠭᠯᠡᠭᠡ ᠨᠢ ᠪᠥᠬᠦ ᠮᠢᠬᠠᠨ ᠤ ᠵᠦᠢᠯ ᠤᠨ ᠬᠡᠷᠡᠭᠯᠡᠭᠡᠨ ᠤ 60% ᠠᠴᠠ ᠳᠡᠭᠡᠭᠰᠢᠬᠢ ᠶᠢ ᠡᠵᠡᠯᠡᠵᠦ ᠪᠠᠶᠢᠨ᠎ᠠ︔ ᠠᠮᠢᠳᠤ ᠭᠠᠭ᠋ᠠᠢ ᠶᠢᠨ ᠲᠡᠵᠢᠭᠡᠨ ᠦᠷᠡᠵᠢᠭᠦᠯᠬᠦ ᠬᠡᠮᠵᠢᠶ᠎ᠡ ᠪᠠ ᠲᠡᠵᠢᠭᠡᠵᠦ ᠪᠠᠶᠢᠭ᠎ᠠ ᠬᠡᠮᠵᠢᠶ᠎ᠡ ᠨᠢ ᠪᠠᠷᠤᠭ ᠪᠦᠬᠦ ᠳᠡᠯᠡᠬᠡᠢ ᠶᠢᠨ ᠶᠡᠷᠦᠩᠬᠡᠢ ᠬᠡᠮᠵᠢᠶᠡᠨ ᠤ ᠬᠠᠭᠠᠰ ᠢ ᠡᠵᠡᠯᠡᠨ᠎ᠡ᠃ ᠮᠠᠨ ᠤ ᠤᠯᠤᠰ ᠤᠨ ᠡᠶᠢᠮᠦ ᠶᠡᠭᠡ ᠭᠠᠭ᠋ᠠᠢ ᠲᠡᠵᠢᠭᠡᠨ ᠦᠷᠡᠵᠢᠭᠦᠯᠬᠦ ᠬᠡᠪᠴᠢᠶᠡᠵᠢᠯ ᠳᠣᠣᠷ᠎ᠠ ᠂ ᠭᠠᠭ᠋ᠠᠢ ᠶᠢ ᠰᠢᠯᠵᠢᠭᠦᠯᠦᠨ ᠵᠥᠭᠡᠭᠡᠪᠦᠷᠢᠯᠡᠬᠦ ᠳᠠᠪᠲᠠᠮᠵᠢ ᠤᠳᠠᠭ᠎ᠠ ᠨᠢ ᠥᠨᠳᠥᠷ ᠂ ᠬᠡᠪᠴᠢᠶ᠎ᠡ ᠨᠢ ᠶᠡᠭᠡ ᠪᠠᠶᠢᠳᠠᠭ ᠂ ᠬᠡᠷᠪᠡ ᠠᠹᠷᠢᠺᠠ ᠲᠢᠪ ᠤᠨ ᠭᠠᠭ᠋ᠠᠢ ᠶᠢᠨ ᠬᠢᠵᠢᠭ ᠳᠡᠯᠭᠡᠷᠡᠬᠦ ᠳᠤ ᠬᠦᠷᠪᠡᠯ ᠂ ᠮᠠᠨ ᠤ ᠤᠯᠤᠰ ᠤᠨ ᠭᠠᠭ᠋ᠠᠢ ᠲᠡᠵᠢᠭᠡᠨ ᠦᠷᠡᠵᠢᠭᠦᠯᠬᠦ ᠦᠢᠯᠡᠰ ᠲᠤ ᠲᠤᠶᠢᠯ ᠤᠨ ᠶᠡᠭᠡ ᠬᠤᠬᠢᠷᠠᠯ ᠤᠴᠠᠷᠠᠭᠤᠯᠵᠤ ᠂ ᠭᠠᠭ᠋ᠠᠢ ᠶᠢᠨ ᠮᠢᠬᠠᠨ ᠤ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠨᠥᠯᠥᠭᠡᠯᠡᠵᠦ ᠮᠡᠳᠡᠨ᠎ᠠ ᠃      ᠣᠶᠢᠷ᠎ᠠ ᠶᠢᠨ ᠵᠢᠯ ᠠᠴᠠ ᠨᠠᠭᠠᠰᠢ ᠂ ᠵᠡᠭᠦᠨ ᠡᠸᠦ᠋ᠷᠦᠫᠡ ᠳᠤ ᠠᠹᠷᠢᠺᠠ ᠲᠢᠪ ᠤᠨ ᠭᠠᠭ᠋ᠠᠢ ᠶᠢᠨ ᠬᠢᠵᠢᠭ ᠪᠠᠶᠢᠨ ᠳᠠᠬᠢᠨ ᠳᠡᠯᠭᠡᠷᠡᠵᠦ ᠪᠠᠶᠢᠨ᠎ᠠ᠃ 2014 ︱ 2017 ᠣᠨ ᠳᠤ᠂ ᠣᠷᠣᠰ ᠵᠡᠷᠭᠡ ᠵᠡᠭᠦᠨ ᠡᠸᠦ᠋ᠷᠦᠫᠡ ᠶᠢᠨ ᠤᠯᠤᠰ ᠤᠳ ᠤᠨ 80 ᠲᠦᠮᠡ ᠰᠢᠬᠠᠮ ᠭᠠᠭ᠋ᠠᠢ ᠦᠬᠦᠭᠰᠡᠨ ᠪᠤᠶᠤ ᠤᠰᠠᠳᠬᠠᠭᠳᠠᠵᠠᠢ᠂ ᠭᠠᠭ᠋ᠠᠢ ᠨᠢᠭᠡᠪᠦᠷᠢ ᠶᠢ 135 ᠳ᠋ᠣᠯᠯᠠᠷ ︵ᠣᠷᠣᠰ ᠤᠨ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠠᠯᠪᠠᠨ ᠤ ᠲᠠᠯ᠎ᠠ ᠶᠢᠨ ᠪᠦᠷᠢᠳᠬᠡᠯ ᠤᠨ ᠲᠤᠭ᠎ᠠ ᠪᠠᠷᠢᠮᠲᠠ ᠶᠢ ᠦᠨᠳᠦᠰᠦᠯᠡᠬᠦ ᠶᠢᠨ ᠬᠠᠮᠲᠤ ᠲᠤᠬᠠᠢ ᠶᠢᠨ ᠦᠶ᠎ᠡ ᠶᠢᠨ ᠭᠤᠪᠢᠭᠤᠯᠭ᠎ᠠ ᠶᠢᠨ ᠨᠣᠷᠮ᠎ᠠ ᠪᠠᠷ ᠪᠤᠳᠤᠪᠠ ︶ ᠢᠶᠠᠷ ᠪᠤᠳᠤᠪᠠᠯ᠂ ᠠᠵᠤ ᠠᠬᠤᠢ ᠶᠢᠨ ᠰᠢᠭᠤᠳ ᠬᠤᠬᠢᠷᠠᠯ ᠨᠢ ᠪᠠᠷᠤᠭ 1 ᠳ᠋ᠦᠩᠰᠢᠭᠤᠷ ᠳ᠋ᠣᠯᠯᠠᠷ ᠲᠤ ᠬᠦᠷᠴᠡᠢ᠃ 2014 ︱ 2015 ᠣᠨ ᠳᠤ᠂ ᠫᠤᠯᠠᠨᠳ᠋᠂ ᠯᠢᠲᠸ᠎ᠠ᠂ ᠯᠠᠲᠸᠢᠶ᠎ᠠ ᠪᠣᠯᠣᠨ ᠤᠰᠲ᠋ᠤᠨᠢᠶ᠎ᠠ ᠳᠤ ᠠᠹᠷᠢᠺᠠ ᠲᠢᠪ ᠤᠨ ᠭᠠᠭ᠋ᠠᠢ ᠶᠢᠨ ᠬᠢᠵᠢᠭ ᠳᠡᠯᠭᠡᠷᠡᠭᠰᠡᠨ ᠬᠤᠭᠤᠴᠠᠭᠠᠨ ᠳᠤ᠂ ᠭᠠᠭ᠋ᠠᠢ ᠶᠢᠨ ᠮᠢᠬ᠎ᠠ ᠪᠣᠯᠣᠨ ᠭᠠᠭ᠋ᠠᠢ ᠶᠢᠨ ᠪᠦᠲᠦᠭᠡᠭᠳᠡᠭᠦᠨ ᠤ ᠭᠠᠳᠠᠭᠠᠳᠤ ᠳᠤ ᠭᠠᠷᠭᠠᠬᠤ ᠥᠷᠲᠡᠭ 9.61 ᠳ᠋ᠦᠩᠰᠢᠭᠤᠷ ᠳ᠋ᠣᠯᠯᠠᠷ ᠪᠠᠭᠠᠰᠴᠠᠢ᠃ ᠷᠣᠮᠠᠨᠢᠶ᠎ᠠ ᠳᠤ ᠠᠹᠷᠢᠺᠠ ᠲᠢᠪ ᠤᠨ ᠭᠠᠭ᠋ᠠᠢ ᠶᠢᠨ ᠬᠢᠵᠢᠭ ᠤᠨ ᠪᠠᠶᠢᠳᠠᠯ 1 ᠵᠢᠯ ᠭᠠᠷᠤᠢ ᠲᠡᠯᠭᠡᠷᠡᠭᠰᠡᠨ ᠬᠤᠭᠤᠴᠠᠭᠠᠨ ᠳᠤ ᠂ ᠬᠡᠳᠦᠨ ᠳ᠋ᠦᠩᠰᠢᠭᠤᠷ ᠠᠴᠠ ᠬᠡᠳᠦᠨ ᠠᠷᠪᠠᠨ ᠳ᠋ᠦᠩᠰᠢᠭᠤᠷ ᠳ᠋ᠣᠯᠯᠠᠷ ᠤᠨ ᠠᠵᠤ ᠠᠬᠤᠢ ᠶᠢᠨ ᠬᠤᠬᠢᠷᠠᠯ ᠤᠴᠠᠷᠠᠭᠤᠯᠤᠭᠰᠠᠨ ᠪᠠᠶᠢᠨ᠎ᠠ᠃ ᠡᠭᠦᠨ ᠠᠴᠠ ᠭᠠᠳᠠᠨ᠎ᠠ᠂ ᠠᠹᠷᠢᠺᠠ ᠲᠢᠪ ᠤᠨ ᠭᠠᠭ᠋ᠠᠢ ᠶᠢᠨ ᠬᠢᠵᠢᠭ ᠢ ᠦᠨᠳᠦᠰᠦ ᠪᠠᠷ ᠨᠢ ᠠᠷᠢᠯᠭᠠᠬᠤ ᠳᠤ ᠯᠤᠲᠤ ᠶᠡᠭᠡ ᠮᠥᠩᠭᠦ ᠵᠠᠷᠤᠴᠠᠭᠤᠯᠵᠠᠢ᠂ ᠵᠥᠪᠬᠡᠨ ᠠᠹᠷᠢᠺᠠ ᠲᠢᠪ ᠤᠨ ᠭᠠᠭ᠋ᠠᠢ ᠶᠢᠨ ᠬᠢᠵᠢᠭ ᠢ ᠦᠨᠳᠦᠰᠦ ᠪᠠᠷ ᠨᠢ ᠤᠰᠠᠳᠬᠠᠬᠤ ᠲᠥᠯᠥᠪᠯᠡᠭᠡ ᠶᠢ ᠬᠡᠷᠡᠭᠵᠢᠭᠦᠯᠦᠭᠰᠡᠨ ᠡᠴᠦᠰ ᠤᠨ 5 ᠵᠢᠯ ᠳᠤ ᠢᠰᠫᠠᠨᠢ ᠳᠠᠷᠤᠢ 9200 ᠲᠦᠮᠡᠨ ᠳ᠋ᠣᠯᠯᠠᠷ ᠵᠠᠷᠤᠴᠠᠭᠤᠯᠵᠠᠢ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号