ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠦᠭᠡᠷ ᠳᠡᠵᠢᠭᠡᠭᠦ ᠦᠢᠯᠡᠰ ᠪᠦᠬᠦ ᠤᠯᠤᠰ ᠤᠨ ᠬᠦᠳᠡᠭᠡ ᠠᠵᠤ ᠠᠬᠤᠢ ᠶᠢᠨ ᠦᠢᠯᠡᠳᠪᠦᠷᠢᠯᠡᠯ ᠤᠨ ᠨᠡᠶᠢᠲᠡᠯᠢᠭ ᠬᠡᠷᠡᠭ ᠤᠨ ᠵᠢᠱᠢᠶ᠎ᠠ ᠪᠠᠷ ᠰᠤᠩᠭᠤᠭᠳᠠᠪᠠ
ᠨᠡᠶᠢᠲᠡᠯᠡᠭᠰᠡᠨ ᠴᠠᠭ᠄
2022/11/25
      ᠦᠪᠡᠷᠳᠡᠭᠡᠨ ᠵᠠᠰᠠᠬᠤ ᠤᠷᠤᠨ ᠤ ᠳᠠᠷᠢᠶᠠᠯᠠᠩ ᠮᠠᠯ ᠠᠵᠤ ᠠᠬᠤᠢ ᠪᠠ ᠬᠦᠳᠡᠭᠡ ᠳᠤᠰᠬᠤᠨ ᠮᠠᠯᠵᠢᠬᠤ ᠤᠷᠤᠨ ᠤ ᠲᠢᠩᠬᠢᠮ ᠠᠴᠠ ᠣᠶᠢᠯᠠᠭᠠᠭᠰᠠᠨ ᠢᠶᠠᠷ᠂ ᠬᠦᠳᠡᠭᠡ ᠠᠵᠤ ᠠᠬᠤᠢ ᠬᠥᠳᠡᠭᠡ ᠲᠤᠰᠬᠤᠨ ᠤ ᠶᠠᠮᠤᠨ ᠲᠦᠷᠦᠬᠦᠬᠡᠨ 2022 ᠣᠨ ᠤ ᠪᠦᠬᠦ ᠤᠯᠤᠰ ᠤᠨ ᠬᠦᠳᠡᠭᠡ ᠠᠵᠤ ᠠᠬᠤᠢ ᠶᠢᠨ ᠦᠢᠯᠡᠳᠪᠦᠷᠢᠯᠡᠯ ᠤᠨ ︽ᠡᠭᠦᠯᠳᠡᠷ ᠢ ᠰᠢᠯᠢᠳᠡᠭᠵᠢᠭᠦᠯᠬᠦ᠂ ᠶᠠᠰᠤ ᠴᠢᠨᠠᠷ ᠢ ᠳᠡᠭᠡᠭᠰᠢᠯᠡᠭᠦᠯᠬᠦ᠂ ᠲᠦᠷᠦᠯ ᠳᠡᠮᠳᠡᠭ ᠢ ᠴᠤᠭᠴᠠᠯᠠᠬᠤ ᠪᠠ ᠪᠠᠷᠢᠮᠵᠢᠶᠠᠵᠢᠭᠤᠯᠤᠨ ᠦᠢᠯᠡᠳᠪᠦᠷᠢᠯᠡᠬᠦ︾ ᠨᠡᠶᠢᠲᠡᠯᠢᠭ ᠬᠡᠷᠡᠭ ᠤᠨ ᠵᠢᠱᠢᠶ᠎ᠠ ᠶᠢᠨ 40 ᠨᠢᠭᠡᠴᠢ ᠶᠢ ᠨᠡᠶᠢᠲᠡᠯᠡᠪᠡ ᠂ ᠡᠬᠦᠨ ᠳᠤ ᠮᠠᠨ ᠤ ᠣᠷᠣᠨ ᠤ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ︽ᠡᠭᠦᠯᠳᠡᠷ ᠢ ᠰᠠᠶᠢᠵᠢᠷᠠᠭᠤᠯᠤᠨ ᠠᠵᠤ ᠦᠢᠯᠡᠰ ᠢ ᠠᠬᠢᠭᠤᠯᠵᠤ ᠲᠠᠯ᠎ᠠ ᠨᠤᠲᠤᠭ ᠤᠨ ︿ᠦᠬᠡᠷ﹀ ᠢᠶᠠᠷ ᠬᠤᠰᠢᠭᠤ ᠪᠠᠨ ᠬᠦᠭᠵᠢᠬᠦᠯᠬᠦ︾ ᠬᠡᠷᠡᠭ ᠤᠨ ᠵᠢᠱᠢᠶ᠎ᠠ ᠰᠤᠩᠭᠤᠭᠳᠠᠭᠰᠠᠨ ᠪᠠᠶᠢᠨ᠎ᠠ ᠃     ᠣᠶᠢᠯᠠᠭᠠᠭᠰᠠᠨ ᠢᠶᠠᠷ᠂ ︽ᠡᠭᠦᠯᠳᠡᠷ ᠢ ᠰᠢᠯᠢᠳᠡᠭᠵᠢᠭᠦᠯᠬᠦ᠂ ᠶᠠᠰᠤ ᠴᠢᠨᠠᠷ ᠢ ᠳᠡᠭᠡᠭᠰᠢᠯᠡᠭᠦᠯᠬᠦ᠂ ᠲᠦᠷᠦᠯ ᠳᠡᠮᠳᠡᠭ ᠢ ᠴᠤᠭᠴᠠᠯᠠᠬᠤ ᠪᠠ ᠪᠠᠷᠢᠮᠵᠢᠶᠠᠵᠢᠭᠤᠯᠤᠨ ᠦᠢᠯᠡᠳᠪᠦᠷᠢᠯᠡᠬᠦ︾ ᠶᠢ ᠠᠬᠢᠭᠤᠯᠬᠤ ᠪᠣᠯ ᠬᠦᠳᠡᠭᠡ ᠠᠵᠤ ᠠᠬᠤᠢ ᠶᠢᠨ ᠦᠢᠯᠡᠳᠪᠦᠷᠢᠯᠡᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠤᠯᠤᠨ᠎ᠠ᠃ ᠡᠯ᠎ᠡ ᠱᠠᠳᠤᠨ ᠤ ᠬᠦᠳᠡᠭᠡ ᠠᠵᠤ ᠠᠬᠤᠢ ᠬᠥᠳᠡᠭᠡ ᠲᠤᠰᠬᠤᠨ ᠤ ᠰᠠᠯᠠᠭ᠎ᠠ ᠮᠥᠴᠢᠷ ᠤᠳ ᠬᠦᠳᠡᠭᠡ ᠠᠵᠤ ᠠᠬᠤᠢ ᠶᠢᠨ ᠦᠢᠯᠡᠳᠪᠦᠷᠢᠯᠡᠯ ᠤᠨ ︽ᠡᠭᠦᠯᠳᠡᠷ ᠢ ᠰᠢᠯᠢᠳᠡᠭᠵᠢᠭᠦᠯᠬᠦ᠂ ᠶᠠᠰᠤ ᠴᠢᠨᠠᠷ ᠢ ᠳᠡᠭᠡᠭᠰᠢᠯᠡᠭᠦᠯᠬᠦ᠂ ᠲᠦᠷᠦᠯ ᠳᠡᠮᠳᠡᠭ ᠢ ᠴᠤᠭᠴᠠᠯᠠᠬᠤ ᠪᠠ ᠪᠠᠷᠢᠮᠵᠢᠶᠠᠵᠢᠭᠤᠯᠤᠨ ᠦᠢᠯᠡᠳᠪᠦᠷᠢᠯᠡᠬᠦ︾ ᠠᠵᠢᠯᠯᠠᠭ᠎ᠠ ᠶᠢ ᠶᠡᠭᠡ ᠪᠠᠷ ᠬᠡᠷᠡᠭᠵᠢᠭᠦᠯᠵᠦ᠂ ᠨᠢᠭᠡᠳᠦᠯᠲᠡᠢ ᠲᠥᠯᠥᠪᠵᠢᠭᠦᠯᠭᠡ ᠵᠣᠬᠢᠴᠠᠭᠤᠯᠭ᠎ᠠ ᠪᠠᠨ ᠴᠢᠩᠭᠠᠳᠬᠠᠨ ᠂ ᠠᠵᠢᠯ ᠤᠨ ᠲᠣᠭᠲᠠᠴᠠ ᠶᠢ ᠪᠦᠷᠢᠨᠰᠢᠬᠦᠯᠵᠦ᠂ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠴᠢᠩᠭᠠᠷᠠᠭᠤᠯᠵᠤ᠂ ᠢᠳᠡᠪᠬᠢ ᠠᠬᠢᠴᠠ ᠲᠠᠢ ᠪᠤᠯᠵᠠᠢ᠃      ᠣᠶᠢᠷ᠎ᠠ ᠶᠢᠨ ᠵᠢᠯ ᠳᠤ᠂ ᠮᠠᠨ ᠤ ᠣᠷᠣᠨ ᠤᠯᠤᠰ ᠤᠨ ᠳᠡᠰ ᠤᠨ ᠮᠠᠯ ᠵᠢᠭᠦᠷᠲᠡᠨ ᠤ ᠭᠤᠣᠯ ᠡᠭᠦᠯᠳᠡᠷ ᠪᠣᠶᠢᠵᠢᠭᠤᠯᠬᠤ 11 ᠲᠠᠯᠠᠪᠠᠢ᠂ ᠪᠤᠬ᠎ᠠ ᠪᠣᠶᠢᠵᠢᠭᠤᠯᠬᠤ 5 ᠥᠷᠲᠡᠭᠡ ᠪᠠ 100 ᠲᠦᠮᠡᠨ ᠮᠥ ᠶᠢᠨ ᠰᠠᠶᠢᠨ ᠡᠭᠦᠯᠳᠡᠷ ᠢ ᠪᠣᠶᠢᠵᠢᠭᠤᠯᠬᠤ ᠤᠯᠤᠰ ᠤᠨ ᠳᠡᠰ ᠤᠨ ᠰᠠᠭᠤᠷᠢᠨ ᠢ ᠭᠤᠣᠯᠳᠠᠯᠭ᠎ᠠ ᠲᠠᠢ ᠪᠦᠲᠦᠭᠡᠨ ᠪᠠᠶᠢᠭᠤᠯᠵᠤ ᠂ ᠰᠠᠭᠠᠯᠢ ᠶᠢᠨ ᠦᠨᠢᠶᠡᠨ ᠤ ᠢᠴᠡᠭᠡᠯ ᠦᠷ᠎ᠡ ᠪᠠ ᠨᠠᠷᠠᠨ ᠬᠤᠸᠠᠷ ᠤᠨ ᠦᠷ᠎ᠠ ᠶᠢᠨ ᠦᠢᠯᠡᠰ ᠤᠨ ᠪᠦᠬᠦ ᠤᠯᠤᠰ ᠤᠨ ᠵᠠᠬ᠎ᠠ ᠳᠡᠯᠭᠡᠭᠦᠷ ᠤᠨ ᠡᠵᠡᠯᠡᠬᠦ ᠬᠠᠷᠢᠴᠠᠯ ᠵᠢᠴᠢ ᠬᠤᠣᠷ ᠦᠭᠡᠶᠢᠳᠡᠭᠦᠯᠦᠭᠰᠡᠨ ᠦᠷ᠎ᠡ ᠶᠢᠨ ᠲᠥᠮᠥᠰᠥ ᠪᠣᠶᠢᠵᠢᠭᠤᠯᠬᠤ ᠴᠢᠳᠠᠪᠤᠷᠢ ᠪᠠᠷ ᠪᠦᠬᠦ ᠤᠯᠤᠰ ᠤᠨ ᠲᠦᠷᠦᠭᠦᠨ ᠳᠤ ᠣᠷᠣᠪᠠ᠃ ᠡᠷᠳᠡᠨᠢ ᠰᠢᠰᠢ᠂ ᠰᠦ ᠶᠢᠨ ᠦᠢᠯᠡᠰ ᠤᠨ 2 ᠮᠢᠩᠭᠠᠨ ᠳ᠋ᠦᠩᠰᠢᠭᠤᠷ ᠳᠡᠰ ᠤᠨ ᠪᠤᠯᠤᠨ ᠮᠠᠯ ᠠᠵᠤ ᠠᠬᠤᠢ ᠲᠠᠷᠢᠶᠠᠯᠠᠩ ᠤᠨ 10 ᠵᠠᠭᠤᠨ ᠳ᠋ᠦᠩᠰᠢᠭᠤᠷ ᠳᠡᠰ ᠤᠨ ᠠᠵᠤ ᠦᠢᠯᠡᠰ ᠢ ᠦᠷᠭᠦᠯᠵᠢᠯᠡᠨ ᠰᠠᠶᠢᠳᠤᠷ ᠠᠳᠬᠤᠵᠤ ᠂ ︽ᠮᠢᠩᠭᠠᠨ ᠭᠠᠵᠠᠷ ᠤᠨ ᠲᠠᠯ᠎ᠠ ᠨᠤᠲᠤᠭ᠂ ᠲᠦᠮᠡᠨ ᠾᠤᠺᠲ᠋ᠠᠷ ᠤᠨ ᠮᠠᠯᠵᠢᠯ ᠤᠨ ᠲᠠᠯᠠᠪᠠᠢ᠂ ᠠᠮᠢ ᠠᠬᠤᠢ ᠶᠢᠨ ᠥᠪᠥᠷ ᠮᠣᠩᠭᠤᠯ᠂ ᠪᠣᠬᠢᠷᠲᠤᠯ ᠥᠬᠡᠢ ᠦᠨᠦᠷ ᠠᠮᠲᠠ︾ ᠶᠢᠨ ᠶᠡᠷᠦᠩᠬᠡᠢ ᠲᠥᠷᠥᠯ ᠲᠡᠮᠳᠡᠭ ᠤᠨ ᠳᠦᠷᠢ ᠲᠥᠷᠬᠦ ᠶᠢ ᠱᠤᠭᠤᠵᠤ᠂ ᠮᠠᠯ ᠠᠵᠤ ᠠᠬᠤᠢ ᠲᠠᠷᠢᠶᠠᠯᠠᠩ ᠤᠨ ᠥᠷᠢᠰᠦᠯᠳᠦᠬᠦ ᠬᠦᠴᠦᠨ ᠢ ᠲᠠᠰᠤᠷᠠᠯᠲᠠ ᠥᠬᠡᠢ ᠴᠢᠩᠭᠠᠷᠠᠭᠤᠯᠤᠭᠰᠠᠨ ᠪᠠᠶᠢᠨ᠎ᠠ ᠃ 
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号