︽ᠦᠨᠦᠳᠤᠷ ᠪᠢᠳᠡ ᠪᠠᠭᠰᠢ ᠶᠢᠨ ᠢᠶᠠᠨ ᠲᠠᠭᠠᠭᠤᠯᠭ᠎ᠠ ᠪᠠᠷ ᠪᠢᠰᠢᠯᠠᠭ ᠲᠠᠷᠤᠬᠤ᠂ ᠴᠤᠷ᠎ᠠ ᠬᠢᠬᠦ ᠵᠡᠷᠭᠡ | ᠤᠯᠠᠮᠵᠢᠯᠠᠯᠳᠤ ᠴᠠᠭᠠᠨ ᠢᠳᠡᠭᠡᠨ ᠪᠤᠯᠪᠠᠰᠤᠷᠠᠭᠤᠯᠬᠤ ᠤᠷ᠎ᠠ ᠮᠡᠷᠭᠡᠵᠢᠯ ᠢ ᠰᠤᠷᠴᠤ ᠡᠵᠡᠮᠰᠢᠭᠰᠡᠨ ᠳᠡᠭᠡᠨ ᠦᠨᠡᠭᠡᠷ | ᠪᠠᠭ᠋ᠠᠳᠠᠢ ᠪᠠᠶᠢᠨ᠎ᠠ︾ ᠭᠡᠵᠦ ᠬᠦᠪᠡᠭᠡᠲᠤ ᠰᠢᠷ᠎ᠠ ᠬᠤᠰᠢᠭᠤᠨ ᠤ ᠬᠤᠶᠠᠳᠤᠭᠠᠷ ᠲᠤᠮᠳᠠᠳᠤ ᠰᠤᠷᠭᠠᠭᠤᠯᠢ ᠶᠢᠨ | ᠰᠤᠷᠤᠭᠴᠢ ᠡᠷᠬᠡᠬᠤᠯᠠᠨ ᠪᠠᠶᠠᠷᠳᠠᠢ ᠶᠠᠷᠢᠨ᠎ᠡ᠃ | ᠣᠶᠢᠷ᠎ᠠ ᠶᠢᠨ ᠵᠢᠯ ᠳᠤ ᠬᠦᠪᠡᠭᠡᠳᠤ ᠰᠢᠷ᠎ᠠ ᠬᠤᠰᠢᠭᠤ ︽ᠴᠠᠭᠠᠨ ᠢᠳᠡᠭᠡᠨ ᠤ ᠵᠢᠵᠢᠭ ᠪᠠᠯᠭᠠᠰᠤ︾ ᠭᠡᠰᠡᠨ | ᠰᠠᠶᠢᠬᠠᠨ ᠨᠡᠷᠡᠶᠢᠳᠤᠯ ᠲᠠᠢ ᠪᠤᠯᠵᠤ᠂ ᠲᠤᠮᠤ ᠲᠤᠮᠳᠠ ᠬᠡᠯᠪᠡᠷᠢ ᠶᠢᠨ ᠴᠠᠭᠠᠨ ᠢᠳᠡᠭᠡᠨ ᠤ ᠠᠵᠤ ᠠᠬᠤᠶᠢᠯᠠᠯ ᠲᠠᠢ | ᠪᠤᠯᠤᠭᠰᠠᠨ ᠢᠶᠠᠷ ᠪᠠᠷᠠᠬᠤ ᠦᠭᠡᠢ 200 ᠭᠠᠷᠤᠢ ᠭᠠᠷ ᠦᠢᠯᠡᠳᠭᠡᠯ ᠤᠨ ᠭᠠᠵᠠᠷ ᠲᠠᠢ ᠪᠤᠯᠵᠤ᠂ ᠡᠳᠦᠷ ᠲᠤ 40 | ᠲᠤᠨ ᠲᠦᠭᠦᠬᠡᠢ ᠰᠦ ᠶᠢ ᠡᠳ᠋ᠰᠢᠭᠦᠯᠦᠨ ᠪᠤᠯᠪᠠᠰᠤᠷᠠᠭᠤᠯᠬᠤ ᠴᠢᠳᠠᠮᠵᠢ ᠶᠢ ᠪᠡᠶᠡᠯᠡᠭᠦᠯᠤᠨ᠂ 40 ᠭᠠᠷᠤᠢ ᠲᠦᠷᠦᠯ ᠤᠨ | ᠴᠠᠭᠠᠨ ᠢᠳᠡᠭᠡᠨ ᠢ ᠪᠤᠯᠪᠠᠰᠤᠷᠠᠭᠤᠯᠵᠤ ᠪᠤᠢ᠃ ᠪᠦᠬᠦ ᠬᠤᠰᠢᠭᠤᠨ ᠤ ᠬᠡᠪᠴᠢᠶᠡᠨ ᠳᠤ 900 ᠭᠠᠷᠤᠢ ᠬᠦᠮᠦᠨ | ᠴᠠᠭᠠᠨ ᠢᠳᠡᠭᠡᠨ ᠤ ᠠᠵᠤ ᠦᠢᠯᠡᠰ ᠲᠤ ᠤᠷᠤᠯᠴᠠᠵᠤ᠂ ᠴᠠᠭᠠᠨ ᠢᠳᠡᠭᠡᠨ ᠪᠤᠯᠪᠠᠰᠤᠷᠠᠭᠤᠯᠵᠤ ᠪᠠᠶᠢᠭ᠎ᠠ ᠬᠦᠮᠦᠰ ᠤᠨ | ᠬᠦᠮᠦᠨ ᠲᠤᠮᠳᠠᠴᠢ ᠶᠢᠨ ᠵᠢᠯ ᠤᠨ ᠴᠡᠪᠡᠷ ᠤᠷᠤᠯᠭ᠎ᠠ 3 ᠲᠦᠮᠡ ᠤᠷᠴᠢᠮ ᠲᠦᠭᠦᠷᠢᠭ ᠲᠤ ᠬᠦᠷᠴᠤ᠂ ᠪᠤᠷᠤᠯᠠᠭᠤᠯᠭ᠎ᠠ | ᠬᠢᠵᠦ ᠪᠠᠶᠢᠭ᠎ᠠ ᠬᠦᠮᠦᠰ ᠤᠨ ᠬᠦᠮᠦᠨ ᠲᠤᠮᠳᠠᠴᠢ ᠶᠢᠨ ᠵᠢᠯ ᠤᠨ ᠴᠡᠪᠡᠷ ᠤᠷᠤᠯᠭ᠎ᠠ 1.5 ᠲᠦᠮᠡ ᠰᠢᠬᠠᠮ | ᠲᠦᠭᠦᠷᠢᠭ ᠲᠤ ᠬᠦᠷᠴᠦ ᠪᠠᠶᠢᠨ᠎ᠠ ᠃ | | | | | ᠡᠶᠢᠨ ᠬᠦ ᠤᠷᠤᠨ ᠨᠤᠲᠤᠭ ᠤᠨ ᠤᠨᠴᠠᠯᠢᠭ ᠲᠠᠢ ᠪᠦᠭᠡᠳ ᠭᠠᠵᠠᠷ ᠤᠷᠤᠨ ᠤ ᠠᠵᠤ ᠦᠢᠯᠡᠰ ᠤᠨ | ᠬᠦᠭᠵᠢᠯᠳᠡ ᠶᠢᠨ ᠰᠢᠨ᠎ᠡ ᠭᠢᠯᠠᠰ ᠴᠡᠭ ᠪᠤᠯᠵᠤ ᠪᠠᠶᠢᠭ᠎ᠠ ᠴᠠᠭᠠᠨ ᠢᠳᠡᠭᠡᠨ ᠪᠤᠯᠪᠠᠰᠤᠷᠠᠭᠤᠯᠬᠤ ᠤᠷ᠎ᠠ ᠮᠡᠷᠭᠡᠵᠢᠯ ᠢᠶᠠᠨ | ᠬᠤᠶᠢᠴᠢ ᠦᠶ᠎ᠡ ᠶᠢᠨ ᠬᠢᠨ ᠳᠡᠭᠡᠨ ᠤᠯᠠᠮᠵᠢᠯᠠᠨ ᠲᠠᠨᠢᠭᠤᠯᠵᠤ ᠦᠪᠯᠡᠭᠦᠯᠵᠦ ᠦᠯᠡᠳᠡᠭᠡᠬᠦ ᠡᠭᠦᠳᠡᠨ ᠠᠴᠠ ᠬᠦᠪᠡᠭᠡᠲᠤ | ᠰᠢᠷ᠎ᠠ ᠬᠤᠰᠢᠭᠤ ᠴᠠᠭᠠᠨ ᠢᠳᠡᠭᠡᠨ ᠪᠤᠯᠪᠠᠰᠤᠷᠠᠭᠤᠯᠬᠤ ᠬᠦᠳᠡᠯᠮᠦᠷᠢ ᠰᠤᠷᠤᠯᠴᠠᠯᠭ᠎ᠠ ᠶᠢᠨ ᠬᠦᠮᠦᠵᠢᠯ ᠢ ᠬᠢᠴᠢᠶᠡᠯ ᠤᠨ | ᠲᠠᠩᠭᠢᠮ ᠳᠤ ᠤᠷᠤᠭᠤᠯᠵᠤ᠂ ᠦᠰᠪᠦᠷᠢ ᠶᠢᠨ ᠰᠤᠷᠤᠭᠴᠢᠳ ᠲᠤ ᠲᠠᠨᠢᠭᠤᠯᠵᠤ ᠪᠠᠶᠢᠭ᠎ᠠ ᠨᠢ ᠡᠨᠡ ᠠᠵᠢ᠃ | | | | | | | | ᠵᠢᠷᠤᠭ ᠤᠳ ᠪᠤᠯ ᠴᠠᠭᠠᠨ ᠢᠳᠡᠭᠡᠨ ᠪᠤᠯᠪᠠᠰᠤᠷᠠᠭᠤᠯᠬᠤ ᠤᠷ᠎ᠠ ᠮᠡᠷᠭᠡᠵᠢᠯ ᠤᠨ ᠬᠢᠴᠢᠶᠡᠯ ᠤᠨ ᠠᠬᠤᠢ ᠪᠠᠶᠢᠳᠠᠯ | ᠪᠤᠯᠤᠨ᠎ᠠ᠃ | |