ᠲᠠᠷᠢᠶᠠᠴᠢᠳ ᠤᠨ ᠤᠷᠤᠯᠭ᠎ᠠ ᠶᠢ ᠨᠡᠮᠡᠭᠳᠡᠭᠦᠯᠦᠭᠰᠡᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ
ᠨᠡᠶᠢᠲᠡᠯᠡᠭᠰᠡᠨ ᠴᠠᠭ᠄
2022/11/30
      ᠲᠦᠷᠦᠬᠦᠬᠡᠨ ᠰᠤᠷᠪᠤᠯᠵᠢᠯᠠᠭᠴᠢ ᠨᠠᠢᠮᠠᠨ ᠬᠤᠰᠢᠭᠤᠨ ᠤ ᠴᠢᠩ ᠯᠦᠩ ᠱᠠᠨ ᠪᠠᠯᠭᠠᠰᠤᠨ ᠤ ᠬᠦᠷᠬᠦ ᠳᠤ ᠨᠠᠮᠤᠷ ᠤᠨ ᠬᠤᠷᠢᠶᠠᠯᠲᠠ ᠶᠢᠨ ᠠᠵᠢᠯ ᠦᠨᠳᠦᠰᠦᠨ ᠳᠡᠭᠡᠨ ᠥᠨᠳᠥᠷᠯᠡᠵᠤ᠂ ᠡᠯ᠎ᠡ ᠲᠤᠰᠬᠤᠨ ᠤ ᠬᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠵᠢᠯ ᠳᠤ ᠶᠠᠭᠠᠷᠠᠵᠠᠭᠠᠨ᠎ᠠ᠃     ᠳ᠋ᠠ ᠭᠧᠦ ᠲᠤᠰᠬᠤᠨ ᠳᠤ ᠰᠢᠷᠥᠢ ᠲᠥᠯᠬᠢᠬᠦ ᠮᠠᠰᠢᠨ᠂ ᠤᠳᠬᠤᠭᠤᠷ ᠮᠠᠰᠢᠨ ᠵᠡᠷᠭᠡ ᠬᠡᠳᠥᠨ ᠲᠤᠮᠤ ᠮᠠᠰᠢᠨ ᠠᠭᠤᠯᠠᠨ ᠪᠡᠯ ᠳᠡᠭᠡᠷ᠎ᠡ ᠲᠤᠭᠤᠰᠤ ᠪᠤᠳᠠᠷᠠᠭᠤᠯᠤᠨ ᠠᠵᠢᠯᠯᠠᠵᠤ ᠪᠠᠶᠢᠪᠠ ᠃ ︽ᠪᠦᠬᠦ ᠲᠤᠰᠬᠤᠨ ᠤ 1870 ᠮᠦ ᠱᠠᠲᠤᠨ ᠲᠠᠷᠢᠶ᠎ᠠ ᠵᠠᠰᠠᠬᠤ ᠶᠢ ᠲᠤᠰᠬᠤᠨ ᠤ ᠠᠷᠠᠳ ᠣᠨᠴᠠᠭᠠᠶᠢᠯᠠᠨ ᠬᠥᠷᠢᠶᠡᠯᠡᠵᠤ ᠮᠠᠰᠢ ᠳᠡᠮᠵᠢᠵᠤ ᠪᠠᠶᠢᠨ᠎ᠠ ︾ ᠭᠡᠵᠤ ᠴᠢᠩ ᠯᠦᠩ ᠱᠠᠨ ᠪᠠᠯᠭᠠᠰᠤᠨ ᠤ ᠳ᠋ᠠ ᠭᠧᠦ ᠲᠤᠰᠬᠤᠨ ᠤ ᠨᠠᠮ ᠤᠨ ᠡᠭᠦᠷ ᠤᠨ ᠱᠦᠵᠢ ᠼᠦᠩ ᠿᠢ ᠭᠦᠸᠧ ᠪᠠᠶᠡᠷᠯᠡᠨ ᠶᠠᠷᠢᠨ᠎ᠠ᠃ ᠡᠨᠡ ᠨᠠᠮᠤᠷ ᠱᠠᠲᠤᠨ ᠲᠠᠷᠢᠶ᠎ᠠ ᠪᠠᠨ ᠵᠠᠰᠠᠵᠤ ᠳᠠᠭᠤᠰᠬᠠᠬᠤ ᠶᠢᠨ ᠲᠥᠯᠥᠭᠡ ᠲᠤᠰ ᠲᠤᠰᠬᠤᠨ ᠤ ᠲᠠᠷᠢᠶᠠᠴᠢᠳ ᠠᠮᠤ ᠪᠤᠳᠠᠭ᠎ᠠ ᠪᠣᠯᠣᠨ ᠡᠰᠢ ᠰᠦᠷᠡᠯ ᠢᠶᠠᠨ ᠮᠠᠰᠢ ᠲᠦᠷᠭᠡᠨ ᠬᠤᠷᠢᠶᠠᠵᠤ᠂ ᠱᠠᠲᠤᠨ ᠳᠠᠷᠢᠶᠠᠨ ᠤ ᠪᠦᠲᠦᠭᠡᠨ ᠪᠠᠶᠢᠭᠤᠯᠤᠯᠲᠠ ᠳᠤ ᠬᠥᠢᠴᠡᠳ ᠴᠠᠬ ᠥᠯᠡᠳᠡᠭᠡᠵᠤ ᠥᠭᠭᠦᠭᠰᠡᠨ ᠪᠠᠶᠢᠯ᠎ᠠ ᠃      ᠴᠢᠩ ᠯᠦᠩ ᠱᠠᠨ ᠪᠠᠯᠭᠠᠰᠤ ᠪᠣᠯ ᠨᠠᠮᠬᠠᠨ ᠠᠭᠤᠯᠠ ᠳᠣᠪᠣᠷᠬᠠᠭ ᠣᠷᠤᠨ ᠳᠤ ᠪᠠᠶᠢᠷᠢᠯᠠᠵᠤ ᠪᠤᠢ᠃ ᠣᠨᠴᠠᠭᠠᠶ ᠭᠠᠵᠠᠷ ᠤᠨ ᠪᠠᠶᠢᠴᠠ ᠠᠴᠠ ᠪᠣᠯᠵᠤ ᠮᠠᠰᠢ ᠠᠷᠪᠢᠨ ᠲᠠᠷᠢᠶᠠᠨ ᠭᠠᠵᠠᠷ ᠨᠢ ᠠᠭᠤᠯᠠᠨ ᠪᠡᠯ ᠳᠡᠭᠡᠷ᠎ᠡ ᠪᠠᠶᠢᠷᠢᠯᠠᠵᠤ ᠂ ᠬᠤᠲᠣᠭᠤᠷ ᠭᠦᠳᠦᠭᠦᠷ ᠲᠡᠭᠰᠢ ᠦᠭᠡᠢ᠂ ᠵᠢᠵᠢᠭ ᠵᠢᠵᠢᠭ ᠬᠡᠰᠡᠭ ᠢᠶᠠᠷ ᠪᠥᠷᠢᠯᠳᠥᠨ᠂ ᠪᠣᠷᠤᠭᠠᠨ ᠤ ᠤᠰᠤ ᠶᠢ ᠬᠠᠳᠠᠭᠠᠯᠠᠵᠤ ᠳᠡᠶᠢᠯᠬᠦ ᠦᠭᠡᠢ ᠪᠣᠯᠬᠤᠷ ᠲᠠᠷᠢᠶᠠᠴᠢᠳ ᠤᠨ ᠣᠷᠣᠯᠭ᠎ᠠ ᠮᠠᠰᠢ ᠳᠣᠣᠷ᠎ᠠ ᠪᠠᠶᠢᠪᠠ ᠃ ᠲᠠᠷᠢᠶᠠᠯᠠᠩ ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠨᠢ ᠲᠠᠷᠢᠶᠠᠨ ᠭᠠᠵᠠᠷ ᠤᠨ ᠪᠠᠶᠢᠭᠠᠯᠢ ᠶᠢᠨ ᠭᠠᠮᠰᠢᠭ ᠢ ᠡᠰᠡᠷᠭᠦᠴᠡᠬᠦ ᠴᠢᠳᠠᠪᠤᠷᠢ ᠪᠠᠷ ᠠᠨᠠᠢ᠂ ᠮᠠᠰᠢᠨᠴᠢᠯᠠᠨ ᠠᠵᠢᠯᠯᠠᠬᠤ ᠨᠣᠷᠮ᠎ᠠ ᠳᠣᠣᠷ᠎ᠠ ᠪᠠᠶᠢᠬᠤ ᠵᠡᠷᠭᠡ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠨ᠂ ᠬᠥᠷᠥᠰᠥ ᠰᠢᠷᠤᠢ ᠶᠢ ᠬᠠᠮᠠᠭᠠᠯᠠᠬᠤ ᠴᠢᠳᠠᠮᠵᠢ ᠶᠢ ᠤᠯᠠᠮ ᠨᠢᠭᠡ ᠠᠯᠬᠤᠮ ᠴᠢᠩᠭᠠᠳᠬᠠᠨ᠂ ᠡᠭᠦᠨ ᠤ ᠤᠯᠠᠮ ᠢᠶᠠᠷ ᠲᠠᠷᠢᠶᠠᠨ ᠭᠠᠵᠠᠷ ᠤᠨ ᠠᠮᠤ ᠪᠤᠳᠠᠭᠠᠨ ᠤ ᠤᠨᠠᠯᠲᠠ ᠶᠢ ᠳᠡᠭᠡᠭᠰᠢᠯᠡᠭᠦᠯᠬᠦ ᠪᠣᠯᠣᠨ᠎ᠠ᠃ ᠡᠶᠢᠨ ᠬᠦ ᠪᠥᠬᠦ ᠪᠠᠯᠭᠠᠰᠥ ᠪᠠᠷ ᠢᠶᠠᠨ ᠡᠨᠡ ᠵᠢᠯ 36621 ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠵᠠᠰᠠᠬᠤ ᠪᠠᠷ ᠲᠥᠯᠥᠪᠯᠡᠵᠦ ᠪᠠᠶᠢᠨ᠎ᠠ ᠃      ︽ᠲᠤᠰ ᠲᠦᠷᠦᠯ ᠵᠦᠢᠯ ᠢ ᠤᠯᠠᠨ ᠵᠢᠯ ᠬᠥᠰᠡᠵᠤ ᠬᠦᠯᠢᠶᠡᠭᠰᠡᠨ ᠶᠤᠮ᠂ ᠠᠭᠤᠯᠠᠨ ᠪᠡᠯ ᠳᠡᠭᠡᠷ᠎ᠡ ᠮᠢᠨᠥ ᠵᠢᠷᠭᠤᠭ᠎ᠠ ᠲᠤᠯᠤᠭᠠᠨ ᠮᠦ ᠲᠠᠷᠢᠶ᠎ᠠ ᠲᠠᠢ᠂ ᠬᠡᠳᠦᠨ ᠡᠳᠦᠷ ᠤᠨ ᠲᠠᠷᠠᠭ᠎ᠠ ᠮᠢᠨᠥ ᠲᠠᠷᠢᠶᠠᠨ ᠭᠠᠵᠠᠷ ᠢ ᠵᠠᠰᠠᠵᠤ ᠥᠭᠬᠦ ᠪᠠᠷ ᠪᠠᠶᠢᠨ᠎ᠠ ᠂ ᠵᠠᠰᠠᠭᠰᠠᠨ ᠤ ᠲᠠᠷᠠᠭ᠎ᠠ ᠮᠦ ᠪᠦᠷᠢ ᠶᠢᠨ ᠠᠮᠤ ᠪᠤᠳᠠᠭᠠᠨ ᠤ ᠤᠨᠠᠯᠲᠠ 200 ᠵᠢᠩ ᠨᠡᠮᠡᠭᠳᠡᠬᠦ ᠪᠤᠯᠤᠨ᠎ᠠ︾ ᠭᠡᠵᠦ ᠳ᠋ᠠ ᠭᠧᠦ ᠲᠤᠰᠬᠤᠨ ᠤ ᠲᠠᠷᠢᠶᠠᠴᠢᠨ ᠵᠠᠩ ᠶᠢᠨ ᠴᠠᠩ ᠪᠠᠶᠠᠷᠯᠠᠨ᠎ᠠ᠃ ᠵᠢᠯ ᠤᠨ ᠡᠬᠢᠨ ᠠᠴᠠ ᠨᠠᠭᠠᠰᠢ᠂ ᠨᠠᠢᠮᠠᠨ ᠬᠤᠰᠢᠭᠤ ︽ᠲᠠᠷᠢᠶᠠᠨ ᠭᠠᠵᠠᠷ ᠤᠨ ᠠᠮᠤ ᠪᠤᠳᠠᠭᠠᠨ ᠤ ᠥᠢᠯᠡᠳᠪᠥᠷᠢᠯᠡᠯ ᠤᠨ ᠬᠦᠴᠦᠨ ᠢ ᠪᠠᠳᠤᠯᠠᠵᠤ᠂ ᠮᠠᠷᠭᠡᠵᠢᠯ ᠢᠶᠠᠷ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ︾ ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠦᠨ᠂ ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠶᠢ ᠪᠥᠬᠦ ᠲᠠᠯ᠎ᠠ ᠪᠠᠷ ᠪᠠᠬᠢᠵᠢᠭᠦᠯᠵᠦ᠂ ᠨᠠᠮᠤᠷ ᠡᠪᠦᠯ ᠤᠨ ᠰᠡᠯᠡᠭᠦᠥ ᠴᠠᠬ ᠢ ᠵᠠᠪᠳᠤᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠲᠦᠷᠭᠡᠳᠬᠡᠪᠠ᠃      ᠣᠶᠢᠯᠠᠭᠠᠭᠰᠠᠨ ᠢᠶᠠᠷ ᠂ ᠲᠣᠰ ᠬᠤᠰᠢᠭᠤᠨ ᠤ ᠨᠠᠮᠤᠷ ᠤᠨ ᠤᠯᠠᠷᠢᠯ ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠨᠢᠭᠡᠨᠲᠡ ᠪᠥᠬᠦ ᠲᠠᠯ᠎ᠠ ᠪᠠᠷ ᠡᠬᠢᠯᠡᠭᠦᠯᠪᠡ᠃ ᠡᠨᠡ ᠵᠢᠯ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ 6 ᠲᠦᠮᠡᠨ ᠮᠦ ᠪᠠᠶᠢᠵᠤ ᠂ ᠶᠡᠷᠦᠩᠬᠡᠢ ᠪᠡᠯᠡ ᠣᠷᠣᠭᠤᠯᠤᠯᠲᠠ ᠨᠢ 7800 ᠲᠦᠮᠡᠨ ᠲᠦᠭᠦᠷᠢᠭ ᠲᠤ ᠬᠥᠷᠴᠥ᠂ ᠨᠠᠢᠮᠠᠨ ᠬᠤᠰᠢᠭᠤᠨ ᠤ ᠡᠮᠦᠨᠡᠲᠦ ᠬᠡᠰᠡᠭ ᠤᠨ ᠴᠢᠩ ᠯᠦᠩ ᠱᠠᠨ ᠪᠠᠯᠭᠠᠰᠤ ᠵᠡᠷᠭᠡ 3 ᠰᠢᠶᠠᠩ ᠪᠠᠯᠭᠠᠰᠤᠨ ᠤ 25 ᠭᠠᠴᠠᠭ᠎ᠠ ᠲᠤᠰᠬᠤᠨ ᠲᠠᠢ ᠬᠤᠯᠪᠣᠭᠳᠠᠵᠠᠢ᠃ ᠡᠨᠡ ᠵᠢᠯ ᠤᠨ ᠪᠥᠲᠥᠭᠡᠨ ᠪᠠᠶᠢᠭᠤᠯᠤᠯᠲᠠ ᠳᠠᠭᠤᠰᠤᠭᠰᠠᠨ ᠤ ᠳᠠᠷᠠᠭ᠎ᠠ᠂ ᠪᠥᠬᠦ ᠬᠤᠰᠢᠭᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠨᠡᠶᠢᠲᠡ 197 ᠲᠦᠮᠡᠨ ᠮᠦ ᠳᠤ ᠬᠦᠷᠴᠦ᠂ ᠢᠷᠡᠬᠦ ᠵᠢᠯ ᠤᠨ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠪᠠ ᠲᠠᠷᠢᠶᠠᠨ ᠭᠠᠵᠠᠷ ᠤᠨ ᠮᠠᠰᠢᠨᠴᠢᠯᠠᠯᠲᠠ ᠶᠢ ᠪᠡᠶᠡᠯᠡᠭᠦᠯᠬᠦ ᠳᠤ ᠪᠠᠳᠤ ᠰᠠᠭᠤᠷᠢ ᠶᠢ ᠲᠠᠯᠪᠢᠬᠤ ᠪᠣᠯᠣᠨ᠎ᠠ᠃ 
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号