ᠪᠤᠭᠤᠲᠤ ᠬᠤᠲᠠ ᠶᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ ᠲᠡᠵᠢᠭᠡᠨ ᠦᠷᠡᠵᠢᠭᠦᠯᠬᠦ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠰᠦᠯᠵᠢᠶᠡᠨ ᠳᠡᠭᠡᠷᠡᠬᠢ ᠸᠢᠳᠢᠤ᠋ ᠲᠡᠵᠢᠭᠡᠨ ᠦᠷᠡᠵᠢᠭᠦᠯᠬᠦ ᠮᠡᠳᠡᠯᠭᠡ ᠶᠢ ᠰᠤᠷᠤᠯᠴᠠᠭᠤᠯᠪᠠ
ᠨᠡᠶᠢᠲᠡᠯᠡᠭᠰᠡᠨ ᠴᠠᠭ᠄
2022/12/1
      11 ᠰᠠᠷ᠎ᠠ ᠶᠢᠨ 29 ᠤ ᠡᠳᠦᠷ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠠᠴᠠ ︽ᠠᠯᠠᠰᠢᠨ ᠦᠬᠡᠷ ᠤᠨ ᠥᠨᠳᠥᠷ ᠦᠷ᠎ᠡ ᠠᠰᠢᠭᠲᠤ ᠲᠡᠵᠢᠭᠡᠨ ᠦᠷᠡᠵᠢᠭᠦᠯᠬᠦ ᠬᠡᠷᠡᠭᠯᠡᠭᠡᠨ ᠤ ᠮᠡᠷᠭᠡᠵᠢᠯ︾ ᠤᠨ ᠰᠦᠯᠵᠢᠶᠡᠨ ᠳᠡᠭᠡᠷᠡᠬᠢ ᠪᠣᠯᠪᠠᠰᠤᠷᠠᠯ ᠤᠨ ᠠᠩᠭᠢ ᠡᠷᠭᠢᠯᠡᠵᠦ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ ᠶᠢᠨ ᠮᠠᠯ ᠠᠵᠤ ᠠᠬᠤᠢ ᠤᠰᠤᠨ ᠭᠠᠷᠤᠯᠲᠠ ᠶᠢᠨ ᠦᠢᠯᠡᠴᠢᠯᠡᠭᠡᠨ ᠤ ᠲᠥᠪ ᠠᠴᠠ ᠺᠠᠩ ᠹᠦ᠋ ᠲᠠᠷᠢᠶᠠᠯᠠᠩ ᠮᠠᠯ ᠠᠵᠤ ᠠᠬᠤᠢ ᠶᠢᠨ ᠬᠤᠷᠰᠢᠶ᠎ᠠ᠂ ᠬᠤᠩ ᠾᠧ ᠲᠠᠷᠢᠶᠠᠯᠠᠩ ᠮᠠᠯ ᠠᠵᠤ ᠠᠬᠤᠢ ᠶᠢᠨ ᠬᠤᠷᠰᠢᠶ᠎ᠠ᠂ ᠶᠦᠩ ᠬᠤᠸᠠ ᠲᠠᠷᠢᠶᠠᠯᠠᠩ ᠮᠠᠯ ᠠᠵᠤ ᠠᠬᠤᠢ ᠶᠢᠨ ᠬᠤᠷᠰᠢᠶ᠎ᠠ᠂ ᠫᠦ᠋ ᠳ᠋ᠡ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ᠂ ᠱᠦᠨ ᠹᠠ ᠲᠠᠷᠢᠶᠠᠯᠠᠩ ᠮᠠᠯ ᠠᠵᠤ ᠠᠬᠤᠢ ᠶᠢᠨ ᠬᠤᠷᠰᠢᠶ᠎ᠠ ᠵᠡᠷᠭᠡ ᠬᠤᠷᠰᠢᠶ᠎ᠠ ᠵᠢᠴᠢ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠰᠦᠯᠵᠢᠶᠡᠨ ᠳᠡᠭᠡᠷ᠎ᠡ ᠳᠠᠭᠠᠵᠤ ᠰᠤᠷᠤᠯᠴᠠᠭᠤᠯᠪᠠ᠃ ᠪᠤᠭᠤᠲᠤ ᠬᠤᠲᠠ ᠶᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ  ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠣᠯ ᠦᠢᠯᠡᠳᠪᠦᠷᠢᠯᠡᠯ ᠤᠨ ᠬᠦᠴᠦᠨ ᠮᠥᠨ ᠭᠡᠳᠡᠭ ᠢ ᠪᠠᠷᠢᠮᠲᠠᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠲᠡᠵᠢᠭᠡᠨ ᠦᠷᠡᠵᠢᠭᠦᠯᠬᠦ ᠠᠵᠤ ᠠᠬᠤᠶᠢᠯᠠᠯ᠂ ᠬᠤᠷᠰᠢᠶ᠎ᠠ ᠶᠢᠨ ᠦᠷᠭᠦᠯᠵᠢᠯᠡᠬᠦ᠂ ᠪᠣᠬᠢᠷᠳᠤᠯ ᠦᠭᠡᠢ ᠬᠥᠭᠵᠢᠯᠲᠡ ᠶᠢ ᠳᠠᠶᠢᠴᠢᠯᠠᠨ᠂ ᠨᠠᠩ ᠣᠯᠠᠨ ᠮᠠᠯᠴᠢᠨ ᠲᠠᠷᠢᠶᠠᠴᠢᠨ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠳᠪᠦᠷᠢᠯᠡᠯ ᠤᠨ ᠬᠦᠴᠦᠨ ᠤ ᠠᠰᠢᠭ ᠲᠤᠰᠠ ᠶᠢ ᠡᠳ᠋ᠯᠡᠭᠦᠯᠵᠦ ᠪᠠᠶᠢᠨ᠎ᠠ᠃      ᠲᠣᠰ ᠤᠳᠠᠭᠠᠨ ᠤ ᠪᠣᠯᠪᠠᠰᠤᠷᠠᠯ ᠢᠶᠠᠷ ᠳᠡᠮᠵᠢᠨ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠯᠠᠰᠢᠨ ᠦᠬᠡᠷ ᠤᠨ ᠠᠵᠤ ᠦᠢᠯᠡᠰ ᠤᠨ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠪᠠ ᠲᠡᠵᠢᠭᠡᠨ ᠦᠷᠡᠵᠢᠭᠦᠯᠬᠦ ᠭᠤᠣᠯ ᠴᠣᠭᠴᠠ ᠶᠢᠨ ᠲᠤᠰᠬᠠᠢ ᠮᠡᠷᠭᠡᠵᠢᠯ ᠤᠨ ᠬᠢᠷᠢ ᠲᠦᠪᠰᠢᠨ ᠢ ᠪᠦᠲᠦᠮᠵᠢᠲᠡᠶ ᠳᠡᠭᠡᠭᠰᠢᠯᠡᠭᠦᠯᠵᠦ᠂ ᠠᠯᠠᠰᠢᠨ ᠦᠬᠡᠷ ᠤᠨ ᠡᠭᠦᠯᠳᠡᠷ ᠪᠣᠶᠢᠵᠢᠭᠤᠯᠬᠤ᠂ ᠲᠡᠵᠢᠭᠡᠨ ᠠᠷᠠᠴᠢᠯᠠᠬᠤ᠂ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠵᠡᠷᠭᠡ ᠲᠠᠯ᠎ᠠ ᠶᠢᠨ ᠮᠡᠷᠭᠡᠵᠢᠯ ᠤᠨ ᠬᠦᠴᠢᠷ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠮᠠᠯ ᠠᠵᠤ ᠠᠬᠤᠢ ᠶᠢᠨ ᠦᠷᠭᠦᠯᠵᠢᠯᠡᠨ ᠥᠨᠳᠥᠷ ᠪᠦᠲᠦᠮᠵᠢᠲᠡᠶ ᠬᠥᠭᠵᠢᠬᠦ ᠳᠤ ᠪᠠᠲᠤ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃ 
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号