ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ | ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠭᠠᠭ᠋ᠠᠢ ᠶᠢᠨ ᠦᠢᠯᠡᠳᠪᠦᠷᠢᠯᠡᠯ ᠤᠨ ᠴᠢᠳᠠᠪᠤᠷᠢ ᠶᠢ ᠲᠣᠬᠢᠷᠠᠭᠤᠯᠤᠨ ᠡᠵᠡᠮᠳᠡᠬᠦ ᠬᠡᠷᠡᠭᠵᠢᠭᠦᠯᠬᠦ | ᠲᠥᠰᠥᠯ ︵ᠲᠦᠷ ᠬᠡᠷᠡᠭᠵᠢᠭᠦᠯᠬᠦ︶︾ ︵ᠥᠪᠥᠷ ᠲᠠᠷᠢᠶᠠᠯᠠᠩ ᠮᠠᠯ ᠲᠠᠷᠬᠠᠭᠠᠭᠰᠠᠨ ﹇2021﹈ 500 ᠳ᠋ᠤᠭᠠᠷ ᠲᠣᠭᠠᠲᠤ︶ | ᠢ ᠦᠨᠳᠦᠰᠦᠯᠡᠨ᠂ ᠲᠡᠵᠢᠭᠡᠨ ᠦᠷᠡᠵᠢᠭᠦᠯᠬᠦ ᠲᠠᠯᠠᠪᠠᠢ ᠶᠢᠨ ᠰᠠᠶᠢᠨ ᠳᠤᠷ᠎ᠠ ᠠᠴᠠ ᠪᠠᠨ ᠣᠷᠤᠯᠴᠠᠬᠤ ᠪᠠ ᠬᠠᠮᠵᠢᠯᠴᠠᠨ | ᠦᠢᠯᠡᠳᠪᠦᠷᠢᠯᠡᠬᠦ ᠴᠢᠳᠠᠪᠤᠷᠢ ᠶᠢ ᠲᠣᠬᠢᠷᠠᠭᠤᠯᠤᠨ ᠡᠵᠡᠮᠳᠡᠬᠦ ᠵᠠᠷᠴᠢᠮ ᠶᠣᠰᠣᠭᠠᠷ᠂ ᠡᠯ᠎ᠡ ᠭᠠᠵᠠᠷ ᠤᠨ ᠬᠢᠨ ᠲᠡᠵᠢᠭᠡᠨ | ᠦᠷᠡᠵᠢᠭᠦᠯᠬᠦ ᠲᠠᠯᠠᠪᠠᠶ ᠶᠢᠨ ᠡᠷᠦᠬᠡ ᠲᠠᠢ ᠭᠦᠢᠴᠡᠳ ᠨᠡᠪᠲᠡᠷᠡᠯᠴᠡᠬᠦ᠂ ᠲᠤᠬᠠᠢ ᠶᠢᠨ ᠲᠠᠯᠠᠪᠤᠷ ᠲᠤ ᠨᠢ ᠬᠢᠨᠠᠨ | ᠬᠠᠷᠭᠤᠭᠤᠯᠬᠤ᠂ ᠬᠢᠨᠠᠨ ᠬᠠᠷᠭᠤᠭᠤᠯᠵᠤ ᠳᠡᠭᠡᠭᠰᠢ ᠮᠡᠳᠡᠭᠦᠯᠬᠦ ᠵᠡᠷᠭᠡ ᠲᠠᠰ ᠳᠠᠷᠠᠭᠠᠯᠠᠯ ᠢᠶᠠᠷ ᠳᠡᠮᠵᠢᠨ᠂ 65 ᠭᠠᠭ᠋ᠠᠢ | ᠲᠡᠵᠢᠭᠡᠨ ᠦᠷᠡᠵᠢᠭᠦᠯᠬᠦ ᠲᠠᠯᠠᠪᠠᠶ ᠶᠢ ᠤᠯᠤᠰ ᠤᠨ ᠲᠠᠰ ᠤᠨ ᠭᠠᠭ᠋ᠠᠢ ᠶᠢᠨ ᠦᠢᠯᠡᠳᠪᠦᠷᠢᠯᠡᠯ ᠤᠨ ᠴᠢᠳᠠᠪᠤᠷᠢ ᠶᠢ | ᠲᠣᠬᠢᠷᠠᠭᠤᠯᠤᠨ ᠡᠵᠡᠮᠳᠡᠬᠦ ᠰᠠᠭᠤᠷᠢᠨ ᠭᠠᠵᠠᠷ᠂ 38 ᠭᠠᠭ᠋ᠠᠢ ᠲᠡᠵᠢᠭᠡᠨ ᠦᠷᠡᠵᠢᠭᠦᠯᠬᠦ ᠲᠠᠯᠠᠪᠠᠶ ᠶᠢ ᠥᠪᠡᠷᠲᠡᠭᠡᠨ | ᠵᠠᠰᠠᠬᠤ ᠣᠷᠣᠨ ᠤ ᠲᠠᠰ ᠤᠨ ᠭᠠᠭ᠋ᠠᠢ ᠶᠢᠨ ᠦᠢᠯᠡᠳᠪᠦᠷᠢᠯᠡᠯ ᠤᠨ ᠴᠢᠳᠠᠪᠤᠷᠢ ᠶᠢ ᠲᠣᠬᠢᠷᠠᠭᠤᠯᠤᠨ ᠡᠵᠡᠮᠳᠡᠬᠦ ᠰᠠᠭᠤᠷᠢᠨ | ᠭᠠᠵᠠᠷ ᠢᠶᠠᠷ ᠮᠠᠭᠠᠳᠯᠠᠨ ᠲᠣᠭᠲᠠᠭᠠᠵᠤ᠂ ᠡᠳᠦᠭᠡ ᠨᠡᠷᠡᠰ ᠢ ᠢᠯᠡ ᠨᠡᠶᠢᠳᠡᠯᠡᠪᠡ᠃ ᠢᠯᠡ ᠨᠡᠶᠢᠲᠡᠯᠡᠬᠦ ᠬᠤᠭᠤᠴᠠᠭ᠎ᠠ ᠨᠢ | 5 ᠠᠵᠢᠯᠯᠠᠬᠤ ᠡᠳᠦᠷ ︵11 ᠰᠠᠷ᠎ᠠ ᠶᠢᠨ 30 ᠤ ᠡᠳᠦᠷ︱12 ᠰᠠᠷ᠎ᠠ ᠶᠢᠨ 6 ᠤ ᠡᠳᠦᠷ︶ ᠪᠣᠯᠣᠨ᠎ᠠ᠃ ᠢᠯᠡ | ᠨᠡᠶᠢᠲᠡᠯᠡᠬᠦ ᠬᠤᠭᠤᠴᠠᠭᠠᠨ ᠳᠤ ᠬᠡᠷᠪᠡ ᠣᠨᠳᠣᠣ ᠰᠠᠨᠠᠯ ᠲᠠᠢ ᠪᠠᠶᠢᠪᠠᠯ᠂ ᠦᠨᠡᠨ ᠨᠡᠷ᠎ᠡ ᠪᠠᠷ ᠢᠶᠠᠨ ᠥᠪᠡᠷᠲᠡᠭᠡᠨ ᠵᠠᠰᠠᠬᠤ | ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠮᠠᠯ ᠠᠵᠤ | ᠠᠬᠤᠢ ᠶᠢᠨ ᠲᠣᠪᠴᠢᠶ᠎ᠠ ᠳᠤ ᠲᠤᠰᠬᠠᠬᠤ ᠶᠢᠨ ᠬᠠᠮᠲᠤ ᠭᠡᠷᠡᠴᠢᠯᠡᠬᠦ ᠮᠠᠲ᠋ᠧᠷᠢᠶᠠᠯ ᠢᠶᠠᠨ ᠬᠠᠩᠭᠠᠬᠤ ᠬᠡᠷᠡᠭᠲᠡᠢ᠃ | ᠬᠠᠷᠢᠯᠴᠠᠬᠤ ᠤᠲᠠᠰᠤ᠄ 0471-6651895 | ᠢᠮᠧᠯ᠄ 379429654@qq.com | | ᠳᠠᠭᠠᠯᠳᠤᠭᠤᠯᠤᠯ᠄ 1.ᠤᠯᠤᠰ ᠤᠨ ᠲᠠᠰ ᠤᠨ ᠭᠠᠭ᠋ᠠᠢ ᠶᠢᠨ ᠦᠢᠯᠡᠳᠪᠦᠷᠢᠯᠡᠯ ᠤᠨ ᠴᠢᠳᠠᠪᠤᠷᠢ ᠶᠢ | ᠲᠣᠬᠢᠷᠠᠭᠤᠯᠤᠨ ᠡᠵᠡᠮᠳᠡᠬᠦ ᠰᠠᠭᠤᠷᠢᠨ ᠭᠠᠵᠠᠷ ᠤᠨ ᠨᠡᠷᠡᠰ | 2.ᠥᠪᠡᠷᠲᠡᠭᠡᠨ ᠵᠠᠰᠠᠬᠤ ᠣᠷᠣᠨ ᠤ ᠲᠠᠰ ᠤᠨ ᠭᠠᠭ᠋ᠠᠢ ᠶᠢᠨ ᠦᠢᠯᠡᠳᠪᠦᠷᠢᠯᠡᠯ ᠤᠨ ᠴᠢᠳᠠᠪᠤᠷᠢ ᠶᠢ | ᠲᠣᠬᠢᠷᠠᠭᠤᠯᠤᠨ ᠡᠵᠡᠮᠳᠡᠬᠦ ᠰᠠᠭᠤᠷᠢᠨ ᠭᠠᠵᠠᠷ ᠤᠨ ᠨᠡᠷᠡᠰ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ | ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ | 2022 ᠣᠨ ᠤ 11 ᠰᠠᠷ᠎ᠠ ᠶᠢᠨ 23 ᠤᠨ ᠡᠳᠦᠷ | |