ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ
ᠨᠡᠶᠢᠲᠡᠯᠡᠭᠰᠡᠨ ᠴᠠᠭ᠄
2022/12/1
     ᠭᠤᠣᠯ ᠡᠭᠦᠷᠭᠡ ᠴᠢᠳᠠᠪᠬᠢ᠄      ᠨᠢᠭᠡ ᠳᠤ ᠠᠮᠤᠷ ᠲᠦᠪᠰᠢᠨ ᠪᠣᠬᠢᠷᠲᠤᠯ ᠥᠬᠡᠶ ᠴᠢᠨᠠᠷ ᠰᠠᠶᠢᠲᠠᠢ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠶᠯᠡᠳᠪᠦᠷᠢᠯᠡᠯ ᠤᠨ ᠪᠥᠬᠦ ᠶᠠᠪᠤᠴᠠ ᠶᠢᠨ ᠶᠠᠰᠤ ᠴᠢᠨᠠᠷ ᠢ ᠡᠵᠡᠮᠳᠡᠬᠦ ᠶᠢᠨ ᠮᠡᠷᠭᠡᠵᠢᠯ ᠳᠡᠯᠭᠡᠷᠡᠭᠦᠯᠬᠦ᠂ ᠬᠡᠷᠡᠭᠯᠡᠬᠦ᠂ ᠦᠨᠡᠯᠡᠨ ᠵᠢᠱᠢᠬᠦ᠂ ᠬᠢᠨᠠᠨ ᠲᠣᠭᠲᠠᠭᠠᠬᠤ ᠵᠡᠷᠭᠡ ᠠᠵᠢᠯ ᠢ ᠡᠭᠦᠷᠭᠡᠯᠡᠵᠦ᠂ ᠶᠠᠰᠤ ᠴᠢᠨᠠᠷ ᠤᠨ ᠠᠮᠤᠷ ᠲᠦᠪᠰᠢᠨ ᠤ ᠬᠠᠮᠢᠶ᠎ᠠ ᠪᠥᠬᠦᠶ ᠪᠠᠷᠢᠮᠵᠢᠶ᠎ᠠ ᠪᠠ ᠮᠡᠷᠭᠡᠵᠢᠯ ᠤᠨ ᠵᠢᠷᠤᠮᠵᠢᠯ ᠢ ᠳᠡᠯᠭᠡᠷᠡᠭᠦᠯᠦᠨ ᠬᠡᠷᠡᠭᠯᠡᠬᠦ ᠠᠵᠢᠯ ᠢ ᠡᠭᠦᠷᠭᠡᠯᠡᠨ᠎ᠡ᠃      ᠬᠤᠶᠠᠷ ᠲᠤ ᠪᠦᠲᠦᠭᠡᠭᠳᠡᠬᠦᠨ ᠵᠢᠴᠢ ᠦᠶᠯᠡᠳᠪᠦᠷᠢᠯᠡᠯ ᠤᠨ ᠶᠠᠪᠤᠴᠠ ᠶᠢ ᠮᠥᠷᠳᠡᠬᠦ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠨᠠᠷᠠᠲᠤ ᠲᠥᠷᠥᠯ ᠲᠡᠮᠳᠡᠭᠲᠦ ᠪᠠ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ  ᠤ ᠨᠠᠷᠠᠲᠤ ᠲᠥᠷᠥᠯ ᠲᠡᠮᠳᠡᠭᠲᠦ ᠶᠢ ᠪᠣᠶᠢᠵᠢᠭᠤᠯᠬᠤ ᠵᠡᠷᠭᠡ ᠠᠵᠢᠯ ᠢ ᠡᠭᠦᠷᠭᠡᠯᠡᠨ᠎ᠡ︔ ᠪᠦᠲᠦᠭᠡᠭᠳᠡᠭᠦᠨ ᠤ ᠶᠠᠰᠤ ᠴᠢᠨᠠᠷ ᠤᠨ ᠠᠮᠤᠷ ᠲᠦᠪᠰᠢᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠥᠲᠥᠯᠥᠨ ᠵᠢᠯᠣᠭᠤᠳᠬᠤ᠂ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠤᠬᠠᠭᠤᠯᠭ᠎ᠠ ᠬᠢᠬᠦ ᠵᠡᠷᠭᠡ ᠠᠵᠢᠯ ᠢ ᠡᠭᠦᠷᠭᠡᠯᠡᠨ᠎ᠡ᠃      ᠭᠤᠷᠪᠠ ᠳᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤᠰᠤᠨ ᠭᠠᠷᠤᠯᠲᠠ᠂ ᠣᠷᠣᠭᠤᠯᠤᠯᠲᠠ ᠡᠳ᠋ ᠢ ᠰᠢᠯᠭᠠᠨ ᠪᠠᠶᠢᠴᠠᠭᠠᠬᠤ ᠪᠠᠶᠢᠴᠠᠭᠠᠨ ᠬᠡᠮᠵᠢᠬᠦ ᠪᠠ ᠭᠠᠷᠤᠯᠲᠠ ᠶᠢᠨ ᠣᠷᠣᠨ᠂ ᠵᠢᠭᠠᠰᠤᠨ ᠠᠵᠤ ᠠᠬᠤᠶ ᠶᠢᠨ ᠠᠮᠢ ᠠᠬᠤᠶ ᠶᠢᠨ ᠣᠷᠴᠢᠨ ᠲᠣᠭᠤᠷᠢᠨ ᠢ ᠬᠢᠨᠠᠨ ᠬᠡᠮᠵᠢᠬᠦ ᠠᠵᠢᠯ ᠢ ᠡᠭᠦᠷᠭᠡᠯᠡᠵᠦ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠰᠢᠯᠭᠠᠨ ᠪᠠᠶᠢᠴᠠᠭᠠᠬᠤ ᠪᠠᠶᠢᠴᠠᠭᠠᠨ ᠬᠡᠮᠵᠢᠬᠦ ᠮᠡᠷᠭᠡᠵᠢᠯ ᠤᠨ ᠪᠣᠯᠪᠠᠰᠤᠷᠠᠭᠤᠯᠤᠯ᠂ ᠴᠢᠳᠠᠪᠤᠷᠢ ᠶᠢ ᠰᠢᠯᠭᠠᠨ ᠪᠠᠲᠤᠯᠠᠬᠤ᠂ ᠲᠤᠭ᠎ᠠ ᠪᠠᠷᠢᠮᠲᠠ ᠶᠢ ᠬᠤᠷᠢᠶᠠᠩᠭᠤᠶᠢᠯᠠᠬᠤ᠂ ᠵᠠᠳᠠᠯᠤᠯᠲᠠ ᠬᠢᠵᠦ ᠰᠤᠳᠤᠯᠤᠨ ᠮᠠᠭᠠᠳᠯᠠᠬᠤ ᠵᠡᠷᠭᠡ ᠠᠵᠢᠯ ᠢ ᠡᠭᠦᠷᠭᠡᠯᠡᠵᠦ᠂ ᠡᠯ᠎ᠡ ᠱᠠᠲᠤᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠠᠮᠢᠶ᠎ᠠ ᠪᠦᠬᠦᠢ ᠬᠢᠨᠠᠨ ᠰᠢᠯᠭᠠᠵᠤ ᠦᠨᠡᠯᠡᠬᠦ ᠮᠡᠷᠭᠡᠵᠢᠯ ᠤᠨ ᠲᠤᠯᠭᠠᠭᠤᠷᠢᠯᠠᠬᠤ ᠠᠵᠢᠯ ᠢ ᠡᠭᠦᠷᠭᠡᠯᠡᠨ᠎ᠡ᠃      ᠳᠥᠷᠪᠡ ᠳᠤ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠠᠴᠠ ᠲᠤᠰᠢᠶᠠᠨ ᠭᠦᠶᠴᠡᠳᠬᠡᠯᠭᠡᠬᠦ ᠪᠤᠰᠤᠳ ᠬᠠᠮᠢᠶ᠎ᠠ ᠪᠥᠬᠦᠶ ᠠᠵᠢᠯ ᠢ ᠡᠭᠦᠷᠭᠡᠯᠡᠨ᠎ᠡ᠃      ᠪᠠᠶᠢᠭᠤᠯᠤᠮᠵᠢ ᠶᠢᠨ ᠬᠡᠪᠴᠢᠶ᠎ᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ ᠪᠣᠯ ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠳᠤ ᠬᠠᠷᠢᠶᠠᠯᠠᠭᠳᠠᠬᠤ ᠭᠠᠵᠠᠷ ᠤᠨ ᠲᠠᠰ ᠤᠨ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠶᠯᠡᠰ ᠤᠨ ᠨᠢᠭᠡᠴᠢ ᠪᠣᠯᠤᠨ᠎ᠠ᠃      ᠳᠣᠲᠣᠭᠠᠳᠤ ᠪᠠᠶᠢᠭᠤᠯᠤᠮᠵᠢ᠄ ᠠᠯᠪᠠᠨ ᠭᠡᠷ᠂ ᠰᠢᠰᠲ᠋ᠧᠮᠵᠢ ᠶᠢᠨ ᠪᠠᠶᠢᠭᠤᠯᠤᠯᠲᠠ ᠶᠢᠨ ᠰᠠᠯᠠᠭ᠎ᠠ᠂ ᠨᠠᠷᠡᠲᠦ ᠲᠦᠷᠦᠯ ᠲᠡᠮᠳᠡᠭᠲᠦ ᠶᠢᠨ ᠬᠥᠭᠵᠢᠭᠦᠯᠦᠯᠲᠡ ᠶᠢᠨ ᠰᠠᠯᠠᠭ᠎ᠠ᠂ ᠶᠠᠰᠤ ᠴᠢᠨᠠᠷ ᠮᠡᠷᠭᠡᠵᠢᠯ ᠤᠨ ᠰᠠᠯᠠᠭ᠎ᠠ᠂ ᠣᠷᠣᠭᠤᠯᠤᠯᠲᠠ  ᠶᠢᠨ ᠡᠳ᠋ ᠢ ᠪᠠᠶᠢᠴᠠᠭᠠᠨ ᠬᠡᠮᠵᠢᠬᠦ ᠰᠠᠯᠠᠭ᠎ᠠ᠂ ᠦᠯᠡᠳᠡᠭᠳᠡᠯ ᠢ ᠪᠠᠶᠢᠴᠠᠭᠠᠨ ᠬᠡᠮᠵᠢᠬᠦ ᠰᠠᠯᠠᠭ᠎ᠠ᠂ ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ ᠤᠨ ᠰᠠᠯᠠᠭ᠎ᠠ᠂ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠤᠬᠠᠭᠤᠯᠭ᠎ᠠ ᠶᠢᠨ ᠰᠠᠯᠠᠭ᠎ᠠ᠃      ᠠᠵᠢᠯᠲᠠᠨ ᠤ ᠣᠷᠣᠨ ᠲᠤᠭ᠎ᠠ ᠬᠢᠭᠡᠳ ᠠᠵᠢᠯᠲᠠᠨ ᠤ ᠪᠦᠲᠦᠴᠡ᠄ 70 ᠨᠡᠷᠡᠰ ᠠᠵᠢᠯ ᠦᠢᠯᠡᠰ ᠤᠨ ᠣᠷᠣᠨ ᠲᠤᠭ᠎ᠠ ᠶᠢ ᠬᠢᠨᠠᠨ ᠲᠣᠭᠲᠠᠭᠠᠪᠠ᠃      ᠤᠳᠤᠷᠢᠳᠬᠤ ᠲᠤᠰᠢᠶᠠᠯ ᠤᠨ ᠲᠤᠭ᠎ᠠ᠄ ᠭᠠᠵᠠᠷ ᠤᠨ ᠲᠠᠰ ᠤᠨ ᠤᠳᠤᠷᠢᠳᠬᠤ ᠲᠤᠰᠢᠶᠠᠯ ᠤᠨ ᠲᠤᠭ᠎ᠠ ᠶᠢ 4 ᠨᠡᠷᠡᠰ ︵1 ᠵᠢᠩᠬᠢᠨᠢ 3 ᠳᠡᠳ᠋︶᠂ ᠰᠠᠯᠠᠭ᠎ᠠ ᠲᠠᠰᠤᠭ ᠤᠨ ᠤᠳᠤᠷᠢᠳᠬᠤ ᠲᠤᠰᠢᠶᠠᠯ ᠤᠨ ᠲᠤᠭ᠎ᠠ ᠶᠢ 15 ᠨᠡᠷᠡᠰ ︵8 ᠵᠢᠩᠬᠢᠨᠢ 7 ᠳᠡᠳ᠋︶ ᠬᠢᠨᠠᠨ ᠲᠣᠭᠲᠠᠭᠠᠪᠠ᠃      ᠵᠠᠷᠤᠳᠠᠯ ᠤᠨ ᠢᠷᠡᠯᠲᠡ᠄ ᠡᠳ᠋ ᠤᠨ ᠵᠠᠰᠠᠭ ᠠᠴᠠ ᠪᠥᠬᠦ ᠲᠤᠭ᠎ᠠ ᠪᠠᠷ ᠵᠣᠭᠤᠰ ᠰᠠᠯᠭᠠᠨ ᠥᠭᠭᠦᠨ᠎ᠡ᠃      ᠬᠠᠷᠢᠭᠤᠴᠠᠯᠭᠠᠲᠠᠨ᠄ ᠶᠠᠩ ᠬᠤᠩ ᠳ᠋ᠦᠩ      ᠤᠲᠠᠰᠤ᠄ 0471 - 2947301       ᠠᠵᠢᠯᠯᠠᠬᠤ ᠭᠠᠵᠠᠷ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠬᠢᠩᠭᠠᠨ ᠡᠮᠦᠨ᠎ᠡ ᠵᠠᠮ ᠤᠨ 32 ᠳ᠋ᠤᠭᠠᠷ ᠨᠣᠮᠧᠷ      ᠠᠵᠢᠯᠯᠠᠬᠤ ᠴᠠᠭ᠄ 08᠄ 30 - 12᠄ 00    14᠄ 30 - 17᠄ 30᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠡᠭᠦᠨ ᠳᠤ ᠪᠠᠭᠲᠠᠬᠤ ᠦᠭᠡᠢ
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号