ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠤᠳᠤᠯᠭᠠᠨ ᠤ ᠲᠥᠪ
ᠨᠡᠶᠢᠲᠡᠯᠡᠭᠰᠡᠨ ᠴᠠᠭ᠄
2022/12/1
     ᠭᠤᠣᠯ ᠡᠭᠦᠷᠭᠡ ᠴᠢᠳᠠᠪᠬᠢ᠄      ᠨᠢᠭᠡ ᠳᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠴᠢᠬᠤᠯᠠ ᠶᠡᠭᠡ ᠲᠥᠷᠥ ᠶᠢᠨ ᠪᠣᠳᠣᠯᠭ᠎ᠠ᠂ ᠭᠤᠤᠯᠳᠠᠯᠭ᠎ᠠ ᠲᠠᠢ ᠰᠡᠳᠦᠪ ᠤᠨ ᠪᠠᠶᠢᠴᠠᠭᠠᠨ ᠰᠤᠳᠤᠯᠤᠯᠲᠠ ᠶᠢᠨ ᠠᠵᠢᠯ ᠢ ᠡᠭᠦᠷᠭᠡᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠲᠤᠭᠤᠷᠪᠢᠬᠤ ᠳᠤ ᠣᠷᠣᠯᠴᠠᠵᠤ᠂ ᠪᠥᠬᠦ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠶᠢ ᠬᠠᠮᠵᠢᠨ ᠠᠬᠢᠭᠤᠯᠤᠨ᠎ᠠ᠃      ᠬᠤᠶᠠᠷ ᠲᠤ ᠲᠠᠷᠢᠶᠠᠯᠠᠩ ᠮᠠᠯ ᠠᠵᠤ ᠠᠬᠤᠶ ᠲᠠᠷᠢᠶᠠᠯᠠᠬᠤ ᠮᠠᠯᠵᠢᠬᠤ ᠣᠷᠣᠨ ᠤ ᠣᠳᠣᠬᠢᠴᠢᠯᠠᠭᠰᠠᠨ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠰᠤᠳᠤᠯᠤᠯ ᠤᠨ ᠠᠵᠢᠯ ᠢ ᠡᠭᠦᠷᠭᠡᠯᠡᠨ᠎ᠡ᠃      ᠭᠤᠷᠪᠠ ᠳᠤ ᠮᠠᠯᠵᠢᠬᠤ ᠲᠠᠷᠢᠶᠠᠯᠠᠬᠤ ᠣᠷᠣᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠪᠣᠯᠤᠨ ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠰᠤᠳᠤᠯᠭᠠᠨ ᠤ ᠠᠵᠢᠯ ᠢ ᠡᠭᠦᠷᠭᠡᠯᠡᠨ᠎ᠡ᠃      ᠳᠥᠷᠪᠡ ᠳᠤ ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠯᠡᠰ ᠤᠨ ᠬᠥᠭᠵᠢᠯᠲᠡ ᠪᠣᠯᠤᠨ ᠠᠵᠤ ᠦᠶᠯᠡᠰ  ᠤᠨ ᠠᠵᠤ ᠠᠬᠤᠶ ᠶᠢᠨ ᠰᠤᠳᠤᠯᠤᠯ ᠤᠨ ᠠᠵᠢᠯ ᠢ ᠡᠭᠦᠷᠭᠡᠯᠡᠨ᠎ᠡ᠃      ᠲᠠᠪᠤ ᠳᠤ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠠᠴᠠ ᠲᠤᠰᠢᠶᠠᠨ ᠭᠦᠶᠴᠡᠳᠬᠡᠯᠭᠡᠬᠦ ᠪᠤᠰᠤᠳ ᠬᠠᠮᠢᠶ᠎ᠠ ᠪᠥᠬᠦᠶ ᠠᠵᠢᠯ ᠢ ᠡᠭᠦᠷᠭᠡᠯᠡᠨ᠎ᠡ᠃      ᠪᠠᠶᠢᠭᠤᠯᠤᠮᠵᠢ ᠶᠢᠨ ᠬᠡᠪᠴᠢᠶ᠎ᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠤᠳᠤᠯᠭᠠᠨ ᠤ ᠲᠥᠪ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠳᠤ ᠬᠠᠷᠢᠶᠠᠯᠠᠭᠳᠠᠬᠤ ᠭᠠᠵᠠᠷ ᠤᠨ ᠲᠠᠰ ᠤᠨ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠶᠯᠡᠰ  ᠤᠨ ᠨᠢᠭᠡᠴᠢ ᠪᠣᠯᠤᠨ᠎ᠠ᠃      ᠳᠣᠲᠣᠭᠠᠳᠤ ᠪᠠᠶᠢᠭᠤᠯᠤᠮᠵᠢ᠄ ᠠᠯᠪᠠᠨ ᠭᠡᠷ᠂ ᠬᠥᠳᠡᠭᠡ ᠲᠣᠰᠬᠤᠨ ᠤ ᠵᠠᠰᠠᠯᠲᠠ ᠰᠤᠳᠤᠯᠬᠤ ᠲᠠᠰᠤᠭ᠂ ᠶᠡᠷᠦᠩᠬᠡᠶᠢᠯᠡᠭᠰᠡᠨ ᠥᠭᠡᠷᠡᠴᠢᠯᠡᠯᠲᠡ ᠰᠤᠳᠤᠯᠬᠤ ᠲᠠᠰᠤᠭ᠂ ᠠᠵᠤ ᠦᠢᠯᠡᠰ ᠤᠨ ᠠᠵᠤ ᠠᠬᠤᠶ ᠰᠤᠳᠤᠯᠬᠤ ᠲᠠᠰᠤᠭ᠂ ᠲᠠᠷᠢᠶᠠᠯᠠᠬᠤ ᠮᠠᠯᠵᠢᠬᠤ ᠣᠷᠣᠨ ᠤ ᠣᠳᠣᠬᠢᠴᠢᠯᠠᠭᠰᠠᠨ ᠬᠥᠭᠵᠢᠯᠲᠡ ᠶᠢᠨ ᠰᠤᠳᠤᠯᠬᠤ ᠲᠠᠰᠤᠭ᠃      ᠠᠵᠢᠯᠲᠠᠨ ᠤ ᠣᠷᠣᠨ ᠲᠤᠭ᠎ᠠ ᠬᠢᠭᠡᠳ ᠠᠵᠢᠯᠲᠠᠨ ᠤ ᠪᠦᠲᠦᠴᠡ᠄ 30 ᠬᠦᠮᠦᠨ ᠤ ᠠᠵᠢᠯ ᠦᠢᠯᠡᠰ ᠤᠨ ᠣᠷᠣᠨ ᠲᠤᠭ᠎ᠠ ᠶᠢ ᠬᠢᠨᠠᠨ ᠲᠣᠭᠲᠠᠭᠠᠪᠠ᠃      ᠤᠳᠤᠷᠢᠳᠬᠤ ᠲᠤᠰᠢᠶᠠᠯ ᠤᠨ ᠲᠤᠭ᠎ᠠ᠄ ᠭᠠᠵᠠᠷ ᠤᠨ ᠲᠠᠰ ᠤᠨ ᠤᠳᠤᠷᠢᠳᠬᠤ ᠲᠤᠰᠢᠶᠠᠯ ᠤᠨ ᠲᠤᠭ᠎ᠠ  3 ᠬᠥᠮᠦᠨ ︵1 ᠵᠢᠩᠬᠢᠨᠢ 2 ᠳᠡᠳ᠋︶᠂ ᠰᠠᠯᠠᠭ᠎ᠠ ᠲᠠᠰᠤᠭ ᠤᠨ ᠤᠳᠤᠷᠢᠳᠬᠤ ᠲᠤᠰᠢᠶᠠᠯ ᠤᠨ ᠲᠤᠭ᠎ᠠ 8 ᠬᠥᠮᠦᠨ ︵5 ᠵᠢᠩᠬᠢᠨᠢ 3 ᠳᠡᠳ᠋︶ ᠬᠢᠨᠠᠨ ᠲᠣᠭᠲᠠᠭᠠᠪᠠ᠃      ᠵᠠᠷᠤᠳᠠᠯ ᠤᠨ ᠢᠷᠡᠯᠲᠡ᠄ ᠡᠳ᠋ ᠤᠨ ᠵᠠᠰᠠᠭ ᠠᠴᠠ ᠪᠥᠬᠦ ᠲᠤᠭ᠎ᠠ ᠪᠠᠷ ᠵᠣᠭᠤᠰ ᠰᠠᠯᠭᠠᠨ ᠥᠭᠭᠦᠨ᠎ᠡ᠃      ᠬᠠᠷᠢᠭᠤᠴᠠᠯᠭᠠᠲᠠᠨ᠄ ᠯᠢ ᠶᠠᠨ      ᠤᠲᠠᠰᠤ᠄ 0471 - 6652328      ᠠᠵᠢᠯᠯᠠᠬᠤ ᠭᠠᠵᠠᠷ᠄ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ  ᠤᠨ ᠠᠯᠪᠠᠨ ᠠᠰᠠᠷ ᠤᠨ 718 ᠲᠠᠰᠤᠭᠠᠵᠢᠯᠯᠠᠬᠤ ᠴᠠᠭ᠄ 08᠄ 30 - 12᠄ 00    14᠄ 30 - 17᠄ 30᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠡᠭᠦᠨ ᠳᠤ ᠪᠠᠭᠲᠠᠬᠤ ᠦᠭᠡᠢ
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号