ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮ ᠤᠨ ᠦᠶᠯᠡᠰ ᠤᠨ ᠬᠥᠭᠵᠢᠯᠲᠡ ᠶᠢᠨ ᠲᠥᠪ
ᠨᠡᠶᠢᠲᠡᠯᠡᠭᠰᠡᠨ ᠴᠠᠭ᠄
2022/12/1
     ᠭᠤᠣᠯ ᠡᠭᠦᠷᠭᠡ ᠴᠢᠳᠠᠪᠬᠢ᠄      ᠨᠢᠭᠡ ᠳᠤ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮ ᠤᠨ ᠦᠢᠯᠡᠰ ᠤᠨ ᠬᠥᠭᠵᠢᠯᠲᠡ ᠶᠢᠨ ᠲᠤᠭ᠎ᠠ ᠪᠠᠷᠢᠮᠲᠠ  ᠶᠢ ᠵᠠᠳᠠᠯᠬᠤ᠂ ᠮᠡᠳᠡᠭᠡ ᠵᠠᠩᠭᠢ ᠮᠡᠳᠡᠭᠦᠯᠦᠨ ᠬᠦᠷᠭᠡᠬᠦ ᠵᠡᠷᠭᠡ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃      ᠬᠤᠶᠠᠷ ᠲᠤ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ ᠵᠢᠴᠢ ︽ᠵᠣᠷᠯᠣᠩ ᠤᠨ ᠬᠤᠪᠢᠰᠬᠠᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ᠂ ᠲᠥᠷᠥᠯ ᠵᠦᠶᠯ ᠤᠨ ᠬᠠᠮᠢᠶᠠᠷᠤᠯᠲᠠ ᠶᠢᠨ ᠠᠵᠢᠯ ᠳᠤ ᠣᠷᠣᠯᠴᠠᠵᠤ᠂ ᠬᠠᠮᠢᠶ᠎ᠠ ᠪᠥᠬᠦᠶ ᠮᠡᠷᠭᠡᠵᠢᠯ ᠢ ᠳᠡᠯᠭᠡᠷᠡᠭᠦᠯᠬᠦ᠂ ᠪᠠᠶᠢᠴᠠᠭᠠᠨ ᠰᠤᠳᠤᠯᠬᠤ ᠠᠵᠢᠯ ᠢ ᠡᠭᠦᠷᠭᠡᠯᠡᠨ᠎ᠡ᠃      ᠭᠤᠷᠪᠠ ᠳᠤ ᠲᠠᠷᠢᠶᠠᠯᠠᠬᠤ ᠮᠠᠯᠵᠢᠬᠤ ᠣᠷᠣᠨ ᠤ ᠨᠡᠶᠢᠭᠡᠮ ᠤᠨ ᠦᠢᠯᠡᠰ ᠤᠨ ᠤᠬᠠᠭᠤᠯᠭ᠎ᠠ ᠪᠣᠯᠪᠠᠰᠤᠷᠠᠭᠤᠯᠤᠯ  ᠤᠨ ᠠᠵᠢᠯ ᠢ ᠡᠭᠦᠷᠭᠡᠯᠡᠵᠦ᠂ ᠮᠠᠯᠵᠢᠬᠤ ᠲᠠᠷᠢᠶᠠᠯᠠᠬᠤ ᠣᠷᠣᠨ ᠤ ᠣᠶᠤᠨ ᠤ ᠪᠣᠯᠪᠠᠰᠤᠨ ᠪᠣᠯᠤᠨ ᠲᠠᠷᠢᠶᠠᠯᠠᠬᠤ ᠰᠢᠯᠢᠳᠡᠭ ᠰᠣᠶᠣᠯ᠂ ᠨᠤᠲᠤᠭ ᠪᠡᠯᠴᠢᠭᠡᠷ ᠤᠨ ᠰᠣᠶᠣᠯ ᠤᠨ ᠪᠠᠶᠢᠭᠤᠯᠤᠯᠲᠠ ᠵᠡᠷᠭᠡ ᠬᠠᠮᠢᠶ᠎ᠠ ᠪᠦᠬᠦᠢ ᠠᠵᠢᠯ ᠢ ᠲᠦᠯᠬᠢᠨ  ᠠᠬᠢᠭᠤᠯᠤᠨ᠎ᠠ᠃      ᠳᠥᠷᠪᠡ ᠳᠤ ᠮᠠᠯᠵᠢᠬᠤ ᠲᠠᠷᠢᠶᠠᠯᠠᠬᠤ ᠣᠷᠣᠨ ᠤ ᠲᠣᠭᠲᠠᠮᠠᠯ ᠠᠵᠢᠭᠯᠠᠬᠤ ᠴᠡᠭ ᠤᠨ ᠪᠠᠶᠢᠴᠠᠭᠠᠬᠤ ᠡᠭᠦᠷᠭᠡ ᠶᠢ ᠡᠭᠦᠷᠭᠡᠯᠡᠨ᠎ᠡ᠃      ᠲᠠᠪᠤ ᠳᠤ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠠᠴᠠ ᠲᠤᠰᠢᠶᠠᠨ ᠭᠦᠶᠴᠡᠳᠬᠡᠯᠭᠡᠬᠦ ᠪᠤᠰᠤᠳ ᠬᠠᠮᠢᠶ᠎ᠠ ᠪᠥᠬᠦᠶ ᠠᠵᠢᠯ ᠢ ᠡᠭᠦᠷᠭᠡᠯᠡᠨ᠎ᠡ᠃      ᠪᠠᠶᠢᠭᠤᠯᠤᠮᠵᠢ ᠶᠢᠨ ᠬᠡᠪᠴᠢᠶ᠎ᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮ ᠤᠨ ᠦᠶᠯᠡᠰ ᠤᠨ ᠬᠥᠭᠵᠢᠯᠲᠡ ᠶᠢᠨ ᠲᠥᠪ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠳᠤ ᠬᠠᠷᠢᠶᠠᠯᠠᠭᠳᠠᠬᠤ ᠭᠠᠵᠠᠷ ᠤᠨ ᠲᠠᠰ ᠤᠨ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠶᠯᠡᠰ ᠤᠨ ᠨᠢᠭᠡᠴᠢ ᠪᠣᠯᠤᠨ᠎ᠠ᠃      ᠳᠣᠲᠣᠭᠠᠳᠤ ᠪᠠᠶᠢᠭᠤᠯᠤᠮᠵᠢ᠄ ᠶᠡᠷᠦᠩᠬᠡᠶᠢᠯᠡᠭᠰᠡᠨ ᠰᠠᠯᠠᠭ᠎ᠠ᠂ ᠣᠷᠣᠰᠢᠨ ᠰᠠᠭᠤᠷᠢᠰᠢᠬᠤ ᠣᠷᠴᠢᠨ ᠲᠣᠭᠤᠷᠢᠨ  ᠤ ᠰᠠᠯᠠᠭ᠎ᠠ᠂ ᠣᠯᠠᠨ ᠨᠡᠶᠢᠲᠡ ᠶᠢᠨ ᠰᠠᠭᠤᠷᠢ ᠪᠡᠯᠡᠳᠬᠡᠮᠵᠢ ᠶᠢᠨ ᠰᠠᠯᠠᠭ᠎ᠠ᠂ ᠣᠯᠠᠨ ᠨᠡᠶᠢᠲᠡ ᠶᠢᠨ ᠦᠶᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢᠨ ᠰᠠᠯᠠᠭ᠎ᠠ᠂ ᠮᠠᠯᠵᠢᠬᠤ ᠲᠠᠷᠢᠶᠠᠯᠠᠬᠤ ᠣᠷᠣᠨ ᠤ ᠲᠣᠭᠲᠠᠮᠠᠯ ᠠᠵᠢᠭᠯᠠᠬᠤ ᠴᠡᠭ  ᠤᠨ ᠠᠵᠢᠯ ᠤᠨ ᠰᠠᠯᠠᠭ᠎ᠠ᠂ ᠨᠤᠲᠤᠭ ᠤᠨ ᠰᠤᠷᠲᠠᠯ ᠤᠨ ᠪᠣᠯᠪᠠᠰᠤᠨ ᠤ ᠰᠠᠯᠠᠭ᠎ᠠ᠂ ᠮᠡᠳᠡᠭᠡ ᠵᠠᠩᠭᠢᠵᠢᠯᠲᠠ ᠶᠢᠨ ᠰᠠᠯᠠᠭ᠎ᠠ᠃      ᠠᠵᠢᠯᠲᠠᠨ ᠤ ᠣᠷᠣᠨ ᠲᠤᠭ᠎ᠠ ᠵᠢᠴᠢ ᠠᠵᠢᠯᠲᠠᠨ ᠤ ᠪᠦᠲᠦᠴᠡ᠄ 43 ᠬᠦᠮᠦᠨ ᠤ ᠠᠵᠢᠯ ᠦᠢᠯᠡᠰ ᠤᠨ ᠣᠷᠣᠨ ᠲᠤᠭ᠎ᠠ ᠶᠢ ᠬᠢᠨᠠᠨ ᠲᠣᠭᠲᠠᠭᠠᠪᠠ᠃      ᠤᠳᠤᠷᠢᠳᠬᠤ ᠲᠤᠰᠢᠶᠠᠯ ᠤᠨ ᠲᠤᠭ᠎ᠠ᠄ ᠭᠠᠵᠠᠷ ᠤᠨ ᠲᠠᠰ ᠤᠨ ᠤᠳᠤᠷᠢᠳᠬᠤ ᠲᠤᠰᠢᠶᠠᠯ ᠤᠨ ᠲᠤᠭ᠎ᠠ ᠶᠢ 3 ᠬᠦᠮᠦᠨ ︵1 ᠵᠢᠩᠬᠢᠨᠢ 2 ᠳᠡᠳ᠋︶᠂ ᠰᠠᠯᠠᠭᠠᠨ ᠲᠠᠰ ᠤᠨ ᠤᠳᠤᠷᠢᠳᠬᠤ ᠲᠤᠰᠢᠶᠠᠯ ᠤᠨ ᠲᠤᠭ᠎ᠠ ᠶᠢ 11 ᠬᠦᠮᠦᠨ ︵7 ᠵᠢᠩᠬᠢᠨᠢ᠄ 4 ᠳᠡᠳ᠋︶ ᠬᠢᠨᠠᠨ ᠲᠣᠭᠲᠠᠭᠠᠪᠠ᠃      ᠵᠠᠷᠤᠳᠠᠯ ᠤᠨ ᠢᠷᠡᠯᠲᠡ᠄ ᠡᠳ᠋ ᠤᠨ ᠵᠠᠰᠠᠭ ᠠᠴᠠ ᠪᠥᠬᠦ ᠲᠤᠭ᠎ᠠ ᠪᠠᠷ ᠵᠣᠭᠤᠰ ᠰᠠᠯᠭᠠᠨ ᠥᠭᠭᠦᠨ᠎ᠡ᠃      ᠬᠠᠷᠢᠭᠤᠴᠠᠯᠭᠠᠲᠠᠨ᠄ ᠳ᠋ᠦ᠋ ᠫᠸᠢ ᠢᠦᠢ      ᠤᠲᠠᠰᠤ᠄ 0471 - 6651476      ᠠᠵᠢᠯᠯᠠᠬᠤ ᠭᠠᠵᠠᠷ᠄ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ  ᠤᠨ ᠠᠯᠪᠠᠨ ᠠᠰᠠᠷ ᠤᠨ 1320 ᠲᠠᠰᠤᠭ      ᠠᠵᠢᠯᠯᠠᠬᠤ ᠴᠠᠭ᠄ 08᠄ 30 - 12᠄ 00    14᠄ 30 - 17᠄ 30᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠡᠭᠦᠨ ᠳᠤ ᠪᠠᠭᠲᠠᠬᠤ ᠦᠭᠡᠢ
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号