ᠲᠥᠩᠯᠢᠶᠤᠤ ᠬᠤᠲᠠ ᠮᠢᠬᠠᠨ ᠤ ᠦᠬᠡᠷ ᠤᠨ ᠰᠢᠵᠢᠷ ᠠᠯᠲᠠᠨ ᠠᠵᠤ ᠦᠢᠯᠡᠰ ᠤᠨ ᠪᠦᠰᠡ ᠳᠤ ᠪᠠᠶᠢᠷᠢᠯᠠᠵᠤ | ᠪᠠᠶᠢᠭ᠎ᠠ ᠳᠠᠪᠠᠭᠤᠯᠢᠬ ᠢᠶᠠᠨ ᠪᠠᠳᠠᠷᠠᠭᠤᠯᠤᠨ᠂ ᠪᠣᠬᠢᠷᠳᠤᠯ ᠦᠭᠡᠢ ᠴᠢᠨᠠᠷ ᠰᠠᠶᠢᠲᠠᠢ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠭᠦᠨ ᠤ ᠦᠢᠯᠡᠳᠪᠦᠷᠢᠯᠡᠯ ᠤᠨ ᠰᠠᠭᠤᠷᠢᠨ ᠢ ᠬᠦᠴᠦᠯᠡᠨ ᠪᠠᠶᠢᠭᠤᠯᠵᠤ ᠂ ︽ᠬᠥᠭᠡ | ᠳᠠᠷᠤᠰᠢ ᠲᠠᠷᠢᠬᠤ᠂ ᠤᠯᠠᠭᠠᠨ ᠥᠭᠡᠷ ᠲᠡᠵᠢᠭᠡᠬᠦ︾ ᠬᠦᠭᠵᠢᠯᠲᠡ ᠶᠢᠨ ᠰᠡᠳᠭᠢᠮᠵᠢ ᠳᠤ ᠲᠦᠰᠢᠭᠯᠡᠨ᠂ ᠮᠠᠯᠴᠢᠨ | ᠲᠠᠷᠢᠶᠠᠴᠢᠨ ᠢ ᠳᠠᠭᠠᠭᠤᠯᠤᠨ᠂ ︽1 ᠮᠦ ᠬᠥᠭᠡ ᠳᠠᠷᠤᠰᠢ ᠲᠠᠷᠢᠵᠤ᠂ 2 ᠮᠦ ᠡᠷᠳᠡᠨᠢ ᠰᠢᠰᠢ ᠶᠢᠨ ᠡᠰᠢ ᠰᠦᠷᠡᠯ ᠢ | ᠬᠤᠪᠢᠷᠠᠭᠤᠯᠥᠨ᠂ 1 ᠲᠣᠯᠣᠭᠠᠢ ᠴᠢᠨᠠᠷ ᠰᠠᠶᠢᠲᠠᠢ ᠰᠠᠭᠤᠷᠢ ᠡᠬᠡ ᠮᠠᠯ ᠲᠡᠵᠢᠭᠡᠵᠤ᠂ ᠵᠢᠯ ᠳᠤ 5000 ᠠᠴᠠ | 8000 ᠲᠦᠭᠦᠷᠢᠭ ᠤᠨ ᠣᠷᠣᠯᠭ᠎ᠠ ᠨᠡᠮᠡᠭᠳᠡᠭᠦᠯᠬᠦ︾ ᠮᠠᠯ ᠠᠵᠤ ᠠᠬᠤᠢ ᠶᠢᠨ ᠬᠦᠭᠵᠢᠯᠲᠡ ᠶᠢᠨ ᠵᠠᠮ ᠢᠶᠠᠷ ᠵᠠᠮᠨᠠᠵᠤ | ᠪᠠᠶᠢᠨ᠎ᠠ ᠃ | ᠲᠡᠵᠢᠭᠡᠵᠤ ᠠᠷᠠᠴᠢᠯᠠᠬᠤ ᠵᠠᠭᠪᠤᠷ ᠤᠨ ᠲᠠᠯ᠎ᠠ ᠪᠠᠷ᠂ ᠲᠥᠩᠯᠢᠶᠤᠤ ᠬᠤᠲᠠ ︽ᠪᠠᠭ᠎ᠠ ᠬᠡᠪᠴᠢᠶᠠᠨ ᠤ ᠂ ᠲᠣᠮᠣ | ᠬᠡᠮᠵᠢᠶ᠎ᠡ ᠪᠠᠷ︾ ᠳᠡᠵᠢᠭᠡᠬᠦ ᠶᠢ ᠪᠠᠷᠢᠮᠲᠠᠯᠠᠵᠤ᠂ ᠠᠯᠬᠤᠮ ᠠᠯᠬᠤᠮ ᠢᠶᠠᠷ ᠬᠡᠪᠴᠢᠶᠡᠵᠢᠭᠰᠡᠨ᠂ ᠪᠠᠷᠢᠮᠵᠢᠶᠠᠵᠢᠭᠰᠠᠨ | ᠴᠢᠭᠯᠡᠯ ᠲᠡᠶᠢᠰᠢ ᠬᠥᠭᠵᠢᠵᠦ ᠪᠤᠢ᠃ ᠪᠥᠬᠦ ᠬᠤᠲᠠ ᠶᠢᠨ 76 ᠲᠦᠮᠡᠨ ᠮᠠᠯᠴᠢᠨ ᠲᠠᠷᠢᠶᠠᠴᠢᠨ ᠡᠷᠦᠭᠡ ᠶᠢᠨ ᠳᠣᠲᠣᠷ᠎ᠠ | 18 ᠲᠦᠮᠡᠨ ᠡᠷᠦᠭᠡ ᠠᠴᠠ ᠳᠡᠭᠡᠭᠰᠢᠬᠢ ᠨᠢ ᠮᠢᠬᠠᠨ ᠤ ᠦᠬᠡᠷ ᠤᠨ ᠠᠵᠤ ᠦᠢᠯᠡᠰ ᠢ ᠬᠥᠭᠵᠢᠭᠦᠯᠵᠦ᠂ ᠪᠥᠬᠦ | ᠬᠤᠲᠠ ᠶᠢᠨ ᠬᠡᠪᠴᠢᠶᠠᠨ ᠳᠠᠬᠢ ᠬᠦᠭᠵᠢᠯᠲᠡ ᠶᠢᠨ ᠬᠠᠨᠳᠤᠰᠢ ᠶᠢ ᠪᠣᠶ ᠪᠣᠯᠭᠠᠬᠰᠠᠨ ᠪᠠᠶᠢᠨ᠎ᠠ ᠃ | ᠦᠷ᠎ᠡ ᠶᠢᠨ ᠰᠣᠷᠪᠤᠯᠵᠢ ᠶᠢᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ᠂ ᠲᠤᠰ ᠬᠤᠲᠠ ᠨᠢᠭᠡ ᠲᠠᠯ᠎ᠠ ᠪᠠᠷ | ᠦᠷ᠎ᠡ ᠶᠢᠨ ᠰᠣᠷᠪᠤᠯᠵᠢ ᠶᠢᠨ ᠰᠠᠭᠤᠷᠢ ᠶᠢ ᠠᠳᠬᠤᠵᠤ᠂ ᠨᠥᠭᠦᠭᠡ ᠲᠠᠯ᠎ᠠ ᠪᠠᠷ ᠤᠯᠠᠭᠠᠨ ᠥᠭᠡᠷ ᠤᠨ ᠡᠭᠦᠯᠳᠡᠷ ᠤᠨ | ᠰᠠᠶᠢᠵᠢᠷᠠᠭᠤᠯᠤᠯᠲᠠ ᠶᠢ ᠠᠳᠬᠤᠨ ᠂ ᠬᠤᠶᠠᠷ ᠢ ᠰᠤᠯᠠᠷᠠᠭᠤᠯᠤᠯ ᠦᠭᠡᠢ ᠠᠳᠬᠤᠬᠤ ᠶᠢ ᠪᠠᠷᠢᠮᠳᠠᠯᠠᠵᠤ ᠪᠤᠢ᠃ | ᠲᠦᠩᠯᠢᠶᠣᠣ ᠬᠤᠲᠠ ᠶᠢᠨ ᠮᠢᠬᠠᠨ ᠤ ᠦᠬᠡᠷ ᠬᠤᠳᠠᠯᠳᠤᠬᠤ ᠳᠤ ᠠᠮᠠᠷᠬᠠᠨ ᠮᠥᠷᠲᠡᠭᠡᠨ ᠦᠨ᠎ᠡ ᠬᠠᠩᠰᠢ ᠨᠢ ᠥᠨᠳᠥᠷ | ᠪᠠᠶᠢᠳᠠᠭ ᠂ ᠡᠭᠦᠨ ᠤ ᠭᠤᠣᠯ ᠰᠢᠯᠲᠠᠭᠠᠨ ᠨᠢ ᠦᠷ᠎ᠡ ᠶᠢᠨ ᠡᠬᠢ ᠰᠤᠷᠪᠤᠯᠵᠢ ᠰᠠᠶᠢᠨ ᠂ ᠡᠭᠦᠯᠳᠡᠷ ᠰᠠᠶᠢᠵᠢᠷᠠᠭᠤᠯᠤᠭᠰᠠᠨ | ᠦᠷ᠎ᠡ ᠪᠦᠲᠦᠮᠵᠢ ᠰᠠᠶᠢᠨ ᠂ ᠮᠢᠬᠠᠨ ᠤ ᠥᠭᠡᠷ ᠤᠨ ᠲᠤᠰ ᠪᠡᠶ᠎ᠡ ᠨᠢ ᠴᠢᠨᠠᠷ ᠰᠠᠶᠢᠲᠠᠢ ᠪᠠᠶᠢᠬᠤ ᠳᠤ ᠣᠷᠣᠰᠢᠨ᠎ᠠ᠃ | ᠡᠵᠡᠩᠨᠡᠯᠲᠡ ᠶᠢᠨ ᠠᠷᠭ᠎ᠠ ᠬᠡᠯᠪᠡᠷᠢ ᠶᠢᠨ ᠲᠠᠯ᠎ᠠ ᠪᠠᠷ᠂ ᠲᠤᠰ ᠬᠤᠲᠠ ︽ᠮᠠᠯᠵᠢᠬᠤ ᠤᠷᠤᠨ ᠳᠤ ᠥᠷᠡᠵᠢᠭᠦᠯᠵᠤ᠂ | ᠲᠠᠷᠢᠶᠠᠯᠠᠬᠤ ᠤᠷᠤᠨ ᠳᠤ ᠪᠤᠷᠳᠤᠬᠤ︾᠂ ︽ᠮᠠᠯᠴᠢᠨ ᠲᠠᠷᠢᠶᠠᠴᠢᠨ ᠡᠷᠦᠬᠡ ᠥᠷᠡᠵᠢᠭᠦᠯᠵᠤ ᠠᠵᠤ ᠠᠬᠤᠶᠢᠯᠠᠯ | ᠪᠤᠷᠳᠤᠬᠤ︾ ᠵᠢᠴᠢ ᠰᠢᠭᠤᠳ ᠪᠣᠷᠳᠣᠬᠤ᠂ ᠭᠦᠨᠵᠡᠭᠡᠢ ᠪᠤᠷᠳᠤᠬᠤ ᠵᠡᠷᠭᠡ ᠶᠢ ᠪᠠᠷᠢᠮᠲᠠᠯᠠᠨ᠂ ᠡᠬᠢ ᠪᠠᠶᠠᠯᠢᠭ᠂ ᠪᠡᠯᠡ | ᠮᠥᠩᠭᠦ᠂ ᠮᠡᠷᠭᠡᠵᠢᠯ᠂ ᠬᠠᠮᠢᠶᠠᠷᠤᠯᠲᠠ ᠵᠡᠷᠭᠡ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠮᠢᠬᠠᠨ ᠤ ᠦᠬᠡᠷ | ᠲᠡᠵᠢᠭᠡᠨ ᠦᠷᠡᠵᠢᠭᠦᠯᠬᠦ ᠬᠠᠮᠤᠭ ᠤᠨ ᠶᠡᠭᠡ ᠦᠷ᠎ᠡ ᠠᠰᠢᠭ ᠡᠭᠦᠳᠬᠦ ᠶᠢ ᠪᠡᠶᠡᠯᠡᠭᠦᠯᠪᠡ᠃ ᠡᠭᠦᠨ ᠤ ᠬᠠᠮᠲᠤ᠂ ᠳᠠᠷᠢᠵᠤ | ᠲᠡᠵᠢᠭᠡᠬᠦ ᠶᠢ ᠤᠶᠠᠯᠳᠤᠭᠤᠯᠬᠤ᠂ ᠦᠢᠯᠡᠳᠪᠦᠷᠢᠯᠡᠬᠦ ᠡᠳ᠋ᠰᠢᠭᠦᠯᠬᠦ ᠪᠣᠷᠤᠯᠠᠭᠤᠯᠬᠤ ᠶᠢ ᠬᠠᠮᠳᠤ ᠳᠤᠨᠢ ᠴᠢᠬᠤᠯᠠᠴᠢᠯᠠᠬᠤ ᠶᠢ | ᠪᠠᠷᠢᠮᠲᠠᠯᠠᠵᠤ᠂ ᠡᠪᠡᠰᠦ ᠶᠢ ᠰᠠᠶᠢᠳᠤᠷ ᠳᠠᠷᠢᠵᠤ᠂ ᠦᠬᠡᠷ ᠢ ᠰᠠᠶᠢᠳᠤᠷ ᠲᠡᠵᠢᠭᠡᠵᠦ᠂ ᠴᠢᠨᠠᠷ ᠰᠠᠶᠢᠲᠠᠢ ᠦᠬᠡᠷ ᠤᠨ | ᠮᠢᠬᠠᠨ ᠤ ᠪᠦᠲᠦᠭᠡᠭᠳᠡᠭᠦᠨ ᠢ ᠦᠢᠯᠡᠳᠪᠦᠷᠢᠯᠡᠬᠦ ᠶᠢ ᠪᠡᠶᠡᠯᠡᠭᠦᠯᠥᠭᠰᠡᠨ ᠪᠠᠶᠢᠨ᠎ᠠ ᠃ | ᠲᠥᠩᠯᠢᠶᠤᠤ ᠬᠤᠲᠠ 2025 ᠣᠨ ᠪᠣᠯᠬᠤ ᠶᠢ ᠮᠢᠬᠠᠨ ᠤ ᠦᠬᠡᠷ ᠢ ᠵᠢᠯ ᠳᠤ 400 ᠲᠦᠮᠡᠨ ᠲᠣᠯᠣᠭᠠᠢ | ᠲᠡᠵᠢᠭᠡᠵᠦ᠂ 150 ᠲᠦᠮᠡᠨ ᠲᠣᠯᠣᠭᠠᠢ ᠪᠤᠷᠤᠯᠠᠭᠤᠯᠤᠨ᠂ 60 ᠲᠦᠮᠡᠨ ᠲᠣᠯᠣᠭᠠᠢ ᠨᠢᠳᠤᠯᠵᠤ ᠡᠳ᠋ᠰᠢᠭᠦᠯᠥᠨ᠂ | ᠪᠥᠬᠦ ᠠᠵᠤ ᠦᠢᠯᠡᠰ ᠤᠨ ᠬᠡᠯᠬᠢᠶᠡᠨ ᠤ ᠦᠢᠯᠡᠳᠭᠦᠨ ᠤ ᠦᠷᠳᠡᠭ ᠢ 500 ᠳ᠋ᠦᠩᠰᠢᠭᠤᠷ ᠲᠦᠭᠦᠷᠢᠭ ᠲᠤ ᠬᠦᠷᠭᠡᠬᠦ | ᠬᠦᠭᠵᠢᠯᠲᠡ ᠶᠢᠨ ᠬᠠᠷᠠᠯᠲᠠ ᠶᠢ ᠲᠣᠭᠲᠠᠭᠠᠪᠠ᠃ ᠡᠨᠡ ᠵᠢᠯ ᠤᠨ 1 ᠠᠴᠠ 6 ᠰᠠᠷ᠎ᠠ ᠳᠤ ᠂ ᠠᠵᠢᠯ ᠲᠥᠷᠥᠯ ᠤᠨ | ᠪᠦᠷᠢᠳᠬᠡᠯ ᠢ ᠦᠨᠳᠦᠰᠦᠯᠡᠪᠡᠯ ᠪᠥᠬᠦ ᠬᠤᠲᠠ ᠶᠢᠨ ᠮᠢᠬᠠᠨ ᠤ ᠦᠬᠡᠷ ᠤᠨ ᠲᠤᠭ᠎ᠠ 367.29 ᠲᠦᠮᠡ ᠳᠤ ᠬᠥᠷᠴᠥ᠂ | ᠠᠳᠠᠯᠢ ᠬᠤᠭᠤᠴᠠᠭᠠᠨ ᠤ ᠬᠢ ᠠᠴᠠ 10.47% ᠪᠠᠷ ᠨᠡᠮᠡᠭᠳᠡᠨ᠂ 55.3 ᠲᠦᠮᠡᠨ ᠲᠣᠯᠣᠭᠠᠢ ᠶᠢ ᠪᠤᠷᠤᠯᠠᠭᠤᠯᠵᠤ᠂ | ᠠᠳᠠᠯᠢ ᠬᠤᠭᠤᠴᠠᠭᠠᠨ ᠤ ᠬᠢ ᠠᠴᠠ 9.05% ᠪᠠᠷ ᠨᠡᠮᠡᠭᠳᠡᠨ᠂ ᠦᠬᠡᠷ ᠤᠨ ᠮᠢᠬᠠᠨ ᠤ ᠭᠠᠷᠤᠯᠲᠠ 11.04 | ᠲᠦᠮᠡᠨ ᠳᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.75% ᠪᠠᠷ ᠨᠡᠮᠡᠭᠳᠡᠵᠡᠢ᠃ ᠲᠤᠰ ᠬᠤᠲᠠ | ᠪᠠᠰᠠ ᠮᠢᠬᠠᠨ ᠤ ᠦᠬᠡᠷ ᠤᠨ ᠠᠵᠤ ᠦᠢᠯᠡᠰ ᠤᠨ ᠴᠢᠨᠠᠷ ᠰᠠᠶᠢᠲᠠᠢ ᠬᠦᠭᠵᠢᠯᠲᠡ ᠶᠢᠨ ᠵᠢᠯᠤᠭᠤᠳᠬᠤ ᠰᠠᠨᠠᠯ᠂ | ᠲᠡᠳᠬᠦᠨ ᠳᠡᠮᠵᠢᠬᠦ ᠲᠦᠷᠦ ᠶᠢᠨ ᠪᠣᠳᠣᠯᠭ᠎ᠠ ᠠᠵᠢᠯᠯᠠᠭᠠᠨ ᠤ ᠲᠥᠯᠥᠪᠯᠡᠭᠡ᠂ ᠮᠢᠬᠠᠨ ᠤ ᠦᠬᠡᠷ ᠤᠨ ᠳᠠᠭᠠᠳᠬᠠᠯ᠂ | ᠮᠥᠩᠭᠦᠨ ᠭᠦᠢᠯᠭᠡᠭᠡ ᠶᠢᠨ ᠳᠡᠮᠵᠢᠯᠭᠡ ᠶᠢᠨ ᠪᠢᠴᠢᠭ ᠮᠠᠲ᠋ᠧᠷᠢᠶᠠᠯ ᠨᠡᠶᠢᠲᠡᠯᠡᠵᠦ ᠂ ᠪᠦᠬᠦᠯᠢ ᠴᠣᠭᠴᠠ ᠶᠢᠨ | ᠪᠠᠶᠢᠷᠢᠰᠢᠭᠤᠯᠤᠯᠲᠠ ᠂ ᠬᠦᠭᠵᠢᠯᠲᠡ ᠶᠢᠨ ᠵᠠᠭᠪᠤᠷ᠂ ᠦᠷ᠎ᠡ ᠶᠢᠨ ᠢᠨᠵᠧᠨᠧᠷᠢᠩ᠂ ᠳᠤᠲᠠᠭᠤᠳᠠᠯ ᠢ ᠨᠥᠬᠦᠪᠦᠷᠢᠯᠡᠬᠦ᠂ | ᠵᠠᠬ᠎ᠠ ᠳᠡᠯᠭᠡᠭᠦᠷ ᠤᠨ ᠪᠣᠷᠤᠯᠠᠭᠤᠯᠭ᠎ᠠ᠂ ᠡᠯ᠎ᠡ ᠬᠥᠴᠥᠨ ᠵᠥᠢᠯ ᠤᠨ ᠪᠠᠲᠤᠯᠠᠭ᠎ᠠ ᠵᠡᠷᠭᠡ ᠲᠠᠯ᠎ᠠ ᠪᠠᠷ ᠢᠷᠡᠭᠡᠳᠦᠢ ᠶᠢᠨ 5 | ᠵᠢᠯ ᠤᠨ ᠬᠦᠭᠵᠢᠯᠲᠡ ᠶᠢᠨ ᠵᠢᠯᠤᠭᠤᠳᠬᠤ ᠰᠠᠨᠠᠯ ᠢ ᠭᠠᠷᠭᠠᠭᠰᠠᠨ ᠪᠠᠶᠢᠨ᠎ᠠ ᠃ ᠮᠢᠬᠠᠨ ᠤ ᠦᠬᠡᠷ ᠢ ᠪᠣᠷᠳᠣᠬᠤ᠂ | ᠨᠢᠲᠤᠯᠬᠤ ᠪᠠ ᠨᠠᠷᠢᠯᠢᠭ ᠡᠳ᠋ᠰᠢᠭᠦᠯᠬᠦ ᠳᠤᠲᠠᠭᠤᠳᠠᠯ ᠤᠨ ᠲᠤᠭᠤᠷᠢᠨ ᠳᠤ ᠪᠣᠳᠠᠲᠠᠢ ᠲᠡᠳᠬᠦᠨ ᠳᠡᠮᠵᠢᠬᠦ 26 | ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠤ᠂ ᠮᠢᠬᠠᠨ ᠤ ᠦᠬᠡᠷ ᠤᠨ ᠲᠣᠮᠣ ᠬᠤᠲᠠ ᠠᠴᠠ ᠮᠢᠬᠠᠨ ᠤ ᠦᠬᠡᠷ ᠤᠨ | ᠠᠵᠤ ᠦᠢᠯᠡᠰ ᠤᠨ ᠬᠦᠴᠦᠷᠬᠡᠭ ᠬᠤᠲᠠ ᠲᠡᠶᠢᠰᠢ ᠤᠷᠤᠭᠰᠢᠯᠠᠬᠤ ᠶᠢ ᠲᠦᠷᠭᠡᠳᠬᠡᠵᠤ ᠪᠠᠶᠢᠨ᠎ᠠ ᠃ | |