ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠤᠨ ᠬᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠰᠤᠷᠭᠠᠨ ᠬᠥᠮᠦᠵᠢᠯ ᠤᠨ ᠲᠢᠩᠬᠢᠮ ᠯᠦᠭᠡ ᠬᠠᠮᠲᠤᠷᠠᠨ ᠪᠠᠷᠢᠮᠵᠢᠶᠠᠨ ᠳᠤ ᠬᠦᠷᠦᠭᠦᠯᠬᠦ ᠠᠮᠠᠯᠠᠯᠲᠠ ᠶᠢᠨ ᠬᠢᠷᠢ ᠲᠡᠩᠴᠡᠭᠰᠡᠨ ᠦᠨᠡᠮᠯᠡᠯ ᠤᠨ ᠳᠦᠷᠢᠮ ᠢ ᠬᠡᠷᠡᠭᠵᠢᠭᠦᠯᠵᠦ᠂ ᠪᠦᠯᠦᠭᠯᠡᠯ ᠤᠨ ᠬᠤᠳᠠᠯᠳᠤᠨ ᠠᠪᠬᠤ ᠪᠠ ᠰᠤᠷᠭᠠᠭᠤᠯᠢ ᠶᠢᠨ ᠬᠤᠭᠤᠯᠠᠨ ᠭᠡᠷ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠭᠦᠨ ᠤ ᠠᠮᠤᠷ ᠲᠦᠪᠰᠢᠨ ᠢ ᠪᠠᠲᠤᠯᠠᠵᠤ ᠪᠤᠢ
ᠨᠡᠶᠢᠲᠡᠯᠡᠭᠰᠡᠨ ᠴᠠᠭ᠄
2022/12/10
      ᠪᠦᠯᠦᠭᠯᠡᠯ ᠤᠨ ᠬᠤᠳᠠᠯᠳᠤᠨ ᠠᠪᠬᠤ᠂ ᠰᠤᠷᠭᠠᠭᠤᠯᠢ ᠶᠢᠨ ᠬᠤᠭᠤᠯᠠᠨ ᠭᠡᠷ ᠤᠨ ᠢᠳᠡᠭᠡᠨ ᠳᠤ ᠬᠡᠷᠡᠭᠯᠡᠬᠦ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠵᠤ᠂ ᠢᠳᠡᠭᠡᠨ ᠳᠤ ᠬᠡᠷᠡᠭᠯᠡᠬᠦ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ︽ᠲᠠᠷᠢᠶᠠᠨ ᠭᠠᠵᠠᠷ ᠠᠴᠠ ᠬᠤᠭᠤᠯᠠᠨ ᠰᠢᠷᠡᠭᠡ ᠬᠦᠷᠲᠡᠯᠡᠬᠢ︾ ᠪᠦᠬᠦ ᠶᠠᠪᠤᠴᠠ ᠶᠢᠨ ᠶᠠᠰᠤ ᠴᠢᠨᠠᠷ ᠢ ᠮᠥᠷᠳᠡᠵᠦ ᠪᠣᠯᠬᠤ ᠬᠠᠮᠢᠶᠠᠷᠤᠯᠲᠠ ᠶᠢᠨ ᠲᠣᠭᠲᠠᠴᠠ  ᠶᠢ ᠪᠠᠶᠢᠭᠤᠯᠬᠤ ᠶᠢᠨ ᠲᠤᠰᠠᠳᠠ ᠂ 12 ᠰᠠᠷ᠎ᠠ ᠶᠢᠨ 8 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠰᠤᠷᠭᠠᠨ ᠬᠥᠮᠦᠵᠢᠯ ᠤᠨ ᠲᠢᠩᠬᠢᠮ ᠬᠠᠮᠲᠤᠷᠠᠨ︽ᠪᠦᠯᠦᠭᠯᠡᠯ ᠤᠨ ᠬᠤᠳᠠᠯᠳᠤᠨ ᠠᠪᠬᠤ᠂ ᠰᠤᠷᠭᠠᠭᠤᠯᠢ ᠶᠢᠨ ᠬᠦᠷᠢᠶᠡᠨ ᠤ ᠬᠤᠭᠤᠯᠠᠨ ᠭᠡᠷ ᠤᠨ ᠪᠠᠷᠢᠮᠵᠢᠶᠠᠨ ᠳᠤ ᠬᠦᠷᠦᠭᠦᠯᠬᠦ ᠠᠮᠠᠯᠠᠯᠲᠠ ᠶᠢᠨ ᠬᠢᠷᠢ ᠲᠡᠩᠴᠡᠭᠰᠡᠨ ᠦᠨᠡᠮᠯᠡᠯ ᠤᠨ ᠳᠦᠷᠢᠮ ᠢ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠬᠤ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠪᠦᠯᠦᠭᠯᠡᠯ ᠤᠨ ᠬᠤᠳᠠᠯᠳᠤᠨ ᠠᠪᠬᠤ᠂ ᠰᠤᠷᠭᠠᠭᠤᠯᠢ ᠶᠢᠨ ᠬᠦᠷᠢᠶᠡᠨ ᠤ ᠬᠤᠭᠤᠯᠠᠨ ᠭᠡᠷ ᠤᠨ ᠪᠠᠷᠢᠮᠵᠢᠶᠠᠨ ᠳᠤ ᠬᠦᠷᠦᠭᠦᠯᠬᠦ ᠠᠮᠠᠯᠠᠯᠲᠠ ᠶᠢᠨ ᠬᠢᠷᠢ ᠲᠡᠩᠴᠡᠭᠰᠡᠨ ᠦᠨᠡᠮᠯᠡᠯ ᠤᠨ ᠳᠦᠷᠢᠮ ᠢ ᠨᠠᠶᠢᠳᠠᠪᠤᠷᠢᠵᠢᠭᠤᠯᠬᠤ ᠰᠢᠨ᠎ᠡ ᠪᠠᠶᠢᠷᠢᠰᠢᠯ ᠢ ᠡᠬᠢᠯᠡᠭᠦᠯᠪᠡ᠃      ᠣᠶᠢᠷ᠎ᠠ ᠶᠢᠨ ᠵᠢᠯ ᠤᠳ ᠲᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠠᠴᠠ ᠪᠠᠷᠢᠮᠵᠢᠶᠠᠨ ᠳᠤ ᠬᠦᠷᠦᠭᠦᠯᠬᠦ ᠠᠮᠠᠯᠠᠯᠲᠠ ᠶᠢᠨ ᠬᠢᠷᠢ ᠲᠡᠩᠴᠡᠭᠰᠡᠨ ᠦᠨᠡᠮᠯᠡᠯ ᠤᠨ ᠳᠦᠷᠢᠮ ᠢ ᠶᠡᠭᠡ ᠪᠠᠷ ᠬᠡᠷᠡᠭᠵᠢᠭᠦᠯᠵᠦ᠂ ᠭᠤᠷᠪᠠᠨ ᠵᠢᠯ ᠤᠨ ᠬᠤᠭᠤᠴᠠᠭ᠎ᠠ ᠶᠢ ᠬᠡᠷᠡᠭᠯᠡᠨ ᠪᠥᠬᠦ ᠣᠷᠣᠨ ᠤ ᠭᠤᠷᠪᠠᠨ ᠶᠡᠭᠡ ᠭᠤᠣᠯ ᠴᠣᠭᠴᠠ ᠲᠠᠪᠤᠨ ᠲᠥᠷᠥᠯ ᠤᠨ ᠦᠢᠯᠡᠳᠬᠦᠨ ᠢ ᠵᠠᠬ᠎ᠠ ᠳᠡᠯᠭᠡᠭᠦᠷ ᠲᠤ ᠭᠠᠷᠭᠠᠬᠤ ᠠᠴᠠ ᠡᠮᠦᠨᠡᠬᠢ ᠵᠢᠷᠤᠮᠵᠢᠯ ᠲᠠᠢ᠂ ᠪᠠᠶᠢᠩᠭᠤ ᠶᠢᠨ ᠴᠢᠨᠠᠷᠲᠠᠢ ᠪᠠᠷᠢᠮᠵᠢᠶᠠᠨ ᠳᠤ ᠬᠦᠷᠦᠭᠦᠯᠬᠦ ᠠᠮᠠᠯᠠᠯᠲᠠ ᠶᠢᠨ ᠬᠢᠷᠢ ᠲᠡᠩᠴᠡᠭᠰᠡᠨ ᠦᠨᠡᠮᠯᠡᠯ ᠣᠯᠭᠤᠬᠤ ᠶᠢ ᠲᠦᠯᠬᠢᠨ ᠠᠬᠢᠭᠤᠯᠪᠠ᠂ ᠣᠳᠣᠬᠠᠨ ᠳᠤ᠂ ᠪᠥᠬᠦ ᠣᠷᠣᠨ ᠳᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ 1349 ᠠᠵᠤ ᠠᠬᠤᠶᠢᠯᠠᠯ᠂ ᠬᠤᠷᠰᠢᠶ᠎ᠠ ᠪᠠ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠳᠤ ᠪᠠᠶᠢᠩᠭᠤ ᠶᠢᠨ ᠴᠢᠨᠠᠷᠲᠠᠢ ᠪᠠᠷᠢᠮᠵᠢᠶᠠᠨ ᠳᠤ ᠬᠦᠷᠦᠭᠦᠯᠬᠦ ᠠᠮᠠᠯᠠᠯᠲᠠ ᠶᠢᠨ ᠬᠢᠷᠢ ᠲᠡᠩᠴᠡᠭᠰᠡᠨ ᠦᠨᠡᠮᠯᠡᠯ ᠣᠯᠭᠤᠵᠤ᠂ ᠦᠨᠡᠮᠯᠠᠯ ᠭᠠᠷᠭᠠᠵᠤ ᠥᠭᠭᠦᠭᠰᠡᠨ ᠨᠣᠷᠮ᠎ᠠ ᠨᠢ 73.1% ᠳᠤ ᠬᠥᠷᠪᠡ᠃ ᠤᠷᠢᠳ ᠬᠤᠵᠢᠳ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠲᠤᠷᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠳᠡᠭᠡᠨ ᠳᠤ ᠬᠡᠷᠡᠭᠯᠡᠬᠦ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠬᠢᠷᠢ ᠲᠡᠩᠴᠡᠭᠰᠡᠨ ᠦᠨᠡᠮᠯᠡᠯ ᠤᠨ ᠳᠦᠷᠢᠮ ᠢ ᠲᠤᠷᠰᠢᠨ ᠬᠡᠷᠡᠭᠵᠢᠭᠦᠯᠬᠦ ᠬᠡᠷᠡᠭᠵᠢᠭᠦᠯᠬᠦ ᠲᠥᠰᠥᠯ︾ ᠂ ︽ᠮᠠᠨ ᠤ ᠣᠷᠣᠨ ᠤ ᠪᠠᠷᠢᠮᠵᠢᠶᠠᠨ ᠳᠤ ᠬᠦᠷᠦᠭᠦᠯᠬᠦ ᠠᠮᠠᠯᠠᠯᠲᠠ ᠶᠢᠨ ᠬᠢᠷᠢ ᠲᠡᠩᠴᠡᠭᠰᠡᠨ ᠦᠨᠡᠮᠯᠡᠯ ᠤᠨ ᠳᠦᠷᠢᠮ ᠤᠨ  ᠲᠤᠷᠰᠢᠨ ᠬᠡᠷᠡᠭᠵᠢᠭᠦᠯᠦᠯᠳᠡ ᠶᠢ ᠲᠦᠷᠭᠡᠳᠬᠡᠨ ᠠᠬᠢᠭᠤᠯᠬᠤ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠪᠠᠷᠢᠮᠵᠢᠶᠠᠨ ᠳᠤ ᠬᠦᠷᠦᠭᠦᠯᠬᠦ ᠠᠮᠠᠯᠠᠯᠲᠠ ᠶᠢᠨ ᠬᠢᠷᠢ ᠲᠡᠩᠴᠡᠭᠰᠡᠨ ᠦᠨᠡᠮᠯᠡᠯ ᠬᠢᠭᠡᠳ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠶᠢ ᠵᠣᠯᠭᠠᠭᠤᠯᠬᠤ ᠶᠢ ᠠᠬᠢᠭᠤᠯᠵᠤ᠂ ᠣᠳᠣᠬᠠᠨ ᠳᠤ ᠪᠥᠬᠦ ᠣᠷᠣᠨ ᠤ ᠢᠳᠡᠭᠡᠨ ᠳᠤ ᠬᠡᠷᠡᠭᠯᠡᠬᠦ ᠲᠠᠷᠢᠶᠠᠯᠠᠩ ᠤᠨ ᠪᠦᠲᠦᠭᠡᠭᠳᠡᠬᠦᠨ ᠤ ᠪᠥᠭᠡᠮ ᠢᠶᠠᠷ ᠬᠤᠳᠠᠯᠳᠤᠬᠤ 52 ᠵᠠᠬ᠎ᠠ ᠳᠡᠯᠭᠡᠭᠦᠷ 100% ᠪᠠᠷ ᠢᠶᠠᠨ ᠪᠠᠷᠢᠮᠵᠢᠶᠠᠨ ᠳᠤ ᠬᠦᠷᠦᠭᠦᠯᠬᠦ ᠠᠮᠠᠯᠠᠯᠲᠠ ᠶᠢᠨ ᠬᠢᠷᠢ ᠲᠡᠩᠴᠡᠭᠰᠡᠨ ᠦᠨᠡᠮᠯᠡᠯ ᠤᠨ ᠪᠠᠶᠢᠴᠠᠭᠠᠨ ᠰᠢᠯᠭᠠᠬᠤ ᠳᠦᠷᠢᠮ ᠢ ᠨᠠᠶᠢᠳᠠᠪᠤᠷᠢᠵᠢᠭᠤᠯᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠮᠥᠷᠳᠡᠵᠦ ᠪᠣᠯᠬᠤ ᠬᠠᠮᠢᠶᠠᠷᠤᠯᠲᠠ ᠶᠢᠨ ᠲᠣᠭᠲᠠᠴᠠ ᠶᠢ ᠨᠢᠭᠡᠨᠲᠡ ᠠᠩᠬ᠎ᠠ ᠠᠯᠬᠤᠮ ᠪᠠᠶᠢᠭᠤᠯᠪᠠ᠃      ᠪᠦᠯᠦᠭᠯᠡᠯ ᠤᠨ ᠬᠤᠳᠠᠯᠳᠤᠨ ᠠᠪᠬᠤ᠂ ᠰᠤᠷᠭᠠᠭᠤᠯᠢ ᠶᠢᠨ ᠬᠦᠷᠢᠶᠡᠨ ᠤ ᠬᠤᠭᠤᠯᠠᠨ ᠭᠡᠷ ᠲᠤ ᠪᠠᠷᠢᠮᠵᠢᠶᠠᠨ ᠳᠤ ᠬᠦᠷᠦᠭᠦᠯᠬᠦ ᠠᠮᠠᠯᠠᠯᠲᠠ ᠶᠢᠨ ᠬᠢᠷᠢ ᠲᠡᠩᠴᠡᠭᠰᠡᠨ ᠦᠨᠡᠮᠯᠡᠯ  ᠤᠨ ᠳᠦᠷᠢᠮ ᠢ ᠨᠠᠶᠢᠳᠠᠪᠤᠷᠢᠵᠢᠭᠤᠯᠤᠨ ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠭᠤᠣᠯ ᠴᠣᠭᠴᠠ ᠶᠢᠨ ᠪᠠᠷᠢᠮᠵᠢᠶᠠᠨ ᠳᠤ ᠬᠦᠷᠦᠭᠦᠯᠬᠦ ᠠᠮᠠᠯᠠᠯᠲᠠ ᠶᠢᠨ ᠬᠢᠷᠢ ᠲᠡᠩᠴᠡᠭᠰᠡᠨ ᠦᠨᠡᠮᠯᠡᠯ ᠭᠠᠷᠭᠠᠬᠤ ᠶᠢ ᠲᠦᠯᠬᠢᠨ ᠠᠬᠢᠭᠤᠯᠵᠤ᠂ ᠬᠡᠷᠡᠭᠯᠡᠭᠴᠢᠳ ᠠᠴᠠ ᠪᠠᠷᠢᠮᠵᠢᠶᠠᠨ ᠳᠤ ᠬᠦᠷᠦᠭᠦᠯᠬᠦ ᠠᠮᠠᠯᠠᠯᠲᠠ ᠶᠢᠨ ᠬᠢᠷᠢ ᠲᠡᠩᠴᠡᠭᠰᠡᠨ ᠦᠨᠡᠮᠯᠡᠯ  ᠢ ᠪᠠᠶᠢᠴᠠᠭᠠᠨ ᠰᠢᠯᠭᠠᠵᠤ ᠦᠯᠡᠳᠡᠭᠡᠨ ᠬᠠᠳᠠᠭᠠᠯᠠᠬᠤ ᠪᠣᠯ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠨᠠᠷᠢᠯᠢᠭ ᠣᠨᠣᠴᠠᠲᠠᠢ ᠪᠠᠷ ᠤᠭ ᠦᠨᠳᠦᠰᠦ ᠶᠢ ᠨᠢ ᠡᠷᠢᠬᠦ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠭᠴᠢ ᠶᠢᠨ ᠶᠠᠰᠤ ᠴᠢᠨᠠᠷ ᠤᠨ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ ᠴᠢᠩᠭ᠎ᠠ ᠳᠠᠷᠤᠬᠤ ᠶᠢᠨ ᠴᠢᠬᠤᠯᠠ ᠠᠷᠭ᠎ᠠ ᠪᠠᠷᠢᠯ ᠪᠠᠶᠢᠵᠤ᠂ ᠥᠷᠭᠡᠨ ᠣᠯᠠᠨ ᠲᠦᠮᠡᠨ ᠤ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠪᠠᠲᠤᠯᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃  
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号