ᠥᠪᠥᠷ ᠮᠣᠩᠭᠤᠯ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠮᠥᠷᠳᠡᠨ ᠨᠡᠬᠡᠮᠵᠢᠯᠡᠬᠦ ᠶᠢ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠰᠢᠶᠠᠨ ᠢ ᠡᠭᠦᠳᠦᠨ ᠪᠠᠶᠢᠭᠤᠯᠬᠤ ᠲᠠᠢ ᠬᠤᠯᠪᠤᠭᠳᠠᠭᠤᠯᠪᠠ
ᠨᠡᠶᠢᠲᠡᠯᠡᠭᠰᠡᠨ ᠴᠠᠭ᠄
2022/12/10
      ︽ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠮᠥᠷᠳᠡᠨ ᠨᠡᠬᠡᠮᠵᠢᠯᠡᠬᠦ ᠪᠠ ᠲᠠᠷᠢᠶᠠᠯᠠᠩ ᠬᠥᠳᠡᠭᠡ ᠲᠣᠰᠬᠤᠨ ᠤ ᠴᠢᠬᠤᠯᠠ ᠶᠡᠭᠡ ᠡᠭᠦᠳᠦᠨ ᠪᠦᠲᠦᠭᠡᠯᠲᠡ ᠶᠢ ᠦᠨᠠᠮᠰᠢᠨ ᠲᠣᠭᠲᠠᠭᠠᠬᠤ᠂ ᠲᠠᠷᠢᠶᠠᠯᠠᠩ ᠤᠨ ᠪᠦᠲᠦᠭᠡᠭᠳᠡᠬᠦᠨ ᠤ ᠴᠢᠨᠠᠷ ᠰᠠᠶᠢᠲᠠᠢ ᠨᠠᠷᠠᠲᠤ ᠲᠥᠷᠥᠯ ᠲᠡᠮᠳᠡᠭᠲᠦ ᠶᠢ ᠰᠣᠩᠭᠤᠨ ᠭᠠᠷᠭᠠᠬᠤ᠂ ᠲᠠᠷᠢᠶᠠᠯᠠᠩ ᠤᠨ ᠪᠦᠲᠦᠭᠡᠭᠳᠡᠬᠦᠨ ᠢ ᠭᠡᠷᠡᠴᠢᠯᠡᠬᠦ᠂ ᠲᠠᠷᠢᠶᠠᠯᠠᠩ ᠤᠨ ᠦᠵᠡᠭᠦᠯᠭᠡ ᠶᠢᠨ ᠴᠤᠭᠯᠠᠭᠠᠨ ᠵᠡᠷᠭᠡ ᠠᠵᠢᠯ ᠢ ᠬᠤᠯᠪᠣᠭᠳᠠᠭᠤᠯᠬᠤ ᠲᠤᠬᠠᠢ ᠰᠠᠨᠠᠯ︾ ᠤᠨ ᠱᠠᠭᠠᠷᠳᠠᠯᠭ᠎ᠠ ᠶᠣᠰᠣᠭᠠᠷ᠂ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠭᠤᠷᠪᠠᠳᠤᠭᠠᠷ ᠪᠦᠯᠦᠭ ᠤᠨ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠡᠭᠦᠳᠦᠨ ᠪᠠᠶᠢᠭᠤᠯᠬᠤ 4 ᠠᠵᠢᠯ ᠢ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠮᠥᠷᠳᠡᠨ ᠨᠡᠬᠡᠮᠵᠢᠯᠡᠬᠦ ᠲᠠᠢ ᠬᠤᠯᠪᠣᠭᠳᠠᠭᠤᠯᠬᠤ ᠶᠢ ᠢᠳᠡᠪᠬᠢᠲᠡᠢ ᠲᠦᠯᠬᠢᠨ ᠠᠬᠢᠭᠤᠯᠪᠠ᠃      ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ︽ᠳᠥᠷᠪᠡ ᠶᠢ ᠬᠤᠯᠪᠤᠭᠳᠠᠭᠤᠯᠬᠤ ︾ ᠠᠵᠢᠯ ᠤᠨ ᠰᠠᠨᠠᠯ ᠱᠠᠭᠠᠷᠳᠠᠯᠭ᠎ᠠ ᠶᠢ ᠴᠢᠩᠭ᠎ᠠ ᠬᠠᠷᠢᠴᠠᠭᠤᠯᠤᠨ᠂ ᠮᠥᠷᠳᠡᠨ ᠨᠡᠬᠡᠮᠵᠢᠯᠡᠬᠦ ᠬᠠᠮᠢᠶᠠᠷᠤᠯᠲᠠ ᠶᠢ ᠬᠡᠷᠡᠭᠵᠢᠭᠦᠯᠬᠦ ᠶᠢ ᠪᠣᠬᠢᠷᠳᠤᠯ ᠦᠭᠡᠢ ᠢᠳᠡᠭᠡᠨ᠂ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ᠂ ᠭᠠᠵᠠᠷ ᠵᠦᠢ ᠶᠢᠨ ᠢᠯᠡᠷᠬᠡᠶᠢᠯᠡᠯᠲᠦ ᠲᠠᠷᠢᠶᠠᠯᠠᠩ ᠤᠨ ᠪᠦᠲᠦᠭᠡᠭᠳᠡᠬᠦᠨ ᠵᠡᠷᠭᠡ ᠶᠢ ᠭᠡᠷᠡᠴᠢᠯᠡᠬᠦ ᠠᠵᠢᠯ ᠤᠨ ᠤᠷᠢᠳᠠᠴᠢ ᠨᠥᠬᠦᠴᠡᠯ ᠪᠣᠯᠭᠠᠵᠤ᠂ ᠬᠠᠷᠢᠶ᠎ᠠ ᠣᠷᠣᠨ ᠤ ᠳᠣᠲᠣᠷᠠᠬᠢ ᠨᠢᠭᠡᠨᠲᠡ ᠭᠡᠷᠡᠴᠢᠯᠡᠭᠰᠡᠨ ᠪᠣᠬᠢᠷᠳᠤᠯ ᠦᠭᠡᠢ ᠢᠳᠡᠭᠡᠨ᠂ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ᠂ ᠭᠠᠵᠠᠷ ᠵᠦᠢ ᠶᠢᠨ ᠢᠯᠡᠷᠬᠡᠶᠢᠯᠡᠯᠲᠦ ᠲᠠᠷᠢᠶᠠᠯᠠᠩ ᠤᠨ ᠪᠦᠲᠦᠭᠡᠭᠳᠡᠬᠦᠨ ᠵᠡᠷᠭᠡ 44 ᠦᠢᠯᠡᠳᠪᠦᠷᠢᠯᠡᠯ ᠡᠵᠡᠩᠨᠡᠯᠲᠡ ᠶᠢᠨ ᠭᠤᠣᠯ ᠴᠣᠭᠴᠠ ᠶᠢ ᠪᠦᠬᠦᠨ ᠢ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠮᠥᠷᠳᠡᠨ ᠨᠡᠬᠡᠮᠵᠢᠯᠡᠬᠦ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠲᠠᠪᠴᠠᠩ ᠳᠤ ᠣᠷᠣᠭᠤᠯᠬᠤ ᠶᠢ ᠠᠬᠢᠭᠤᠯᠬᠤ ᠪᠠᠷ ᠪᠤᠢ ᠃ ᠡᠯ᠎ᠡ ᠲᠥᠷᠥᠯ ᠤᠨ ᠦᠵᠡᠭᠦᠯᠭᠡ ᠶᠢᠨ ᠴᠤᠭᠯᠠᠭᠠᠨ ᠳᠤ ᠣᠷᠤᠯᠴᠠᠬᠤ ᠶᠢ ᠵᠣᠬᠢᠶᠠᠨ ᠪᠠᠶᠢᠭᠤᠯᠬᠤ ᠳᠤ ᠪᠠᠨ ᠂ ᠦᠢᠯᠡᠳᠬᠦᠨ ᠨᠢᠭᠡᠪᠦᠷᠢ ᠶᠢᠨ ᠪᠣᠭᠤᠳᠠᠯ ᠳᠡᠭᠡᠷ᠎ᠡ ᠪᠠᠷᠢᠮᠵᠢᠶᠠᠨ ᠳᠤ ᠬᠦᠷᠦᠭᠦᠯᠬᠦ ᠠᠮᠠᠯᠠᠯᠲᠠ ᠶᠢᠨ ᠬᠢᠷᠢ ᠲᠡᠩᠴᠡᠭᠰᠡᠨ ᠦᠨᠡᠮᠯᠡᠯ ᠪᠠ ᠮᠥᠷᠳᠡᠨ ᠨᠡᠬᠡᠮᠵᠢᠯᠡᠬᠦ ᠬᠤᠶᠠᠷ ᠬᠡᠮᠵᠢᠯᠲᠦ ᠺᠤᠲ ᠢ ᠵᠢᠷᠤᠮᠵᠢᠭᠤᠨ ᠢᠶᠠᠷ ᠨᠠᠭᠠᠬᠤ ᠶᠢ ᠱᠠᠯᠠᠪᠳᠠᠭᠤᠯᠵᠤ ᠂ ᠦᠢᠯᠡᠳᠬᠦᠨ ᠪᠦᠬᠦᠨ ᠢ ᠮᠥᠷᠳᠡᠨ ᠨᠡᠬᠡᠮᠵᠢᠯᠡᠵᠦ ᠳᠡᠶᠢᠯᠬᠦ ᠶᠢ ᠪᠡᠶᠡᠯᠡᠭᠦᠯᠦᠨ᠎ᠡ ᠃      ᠪᠠᠶᠠᠨᠨᠠᠭᠤᠷ ᠬᠤᠲᠠ ᠶᠢᠨ ᠤᠷᠠᠳ ᠤᠨ ᠳᠤᠮᠳᠠᠳᠤ ᠬᠤᠰᠢᠭᠤᠨ ᠤ ᠬᠢᠨ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠨᠡᠬᠡᠮᠵᠢᠯᠡᠬᠦ ᠲᠠᠪᠴᠠᠩ ᠵᠢᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠣᠮᠣ ᠳ᠋ᠠᠶᠢᠲ᠋ᠠ ᠶᠢᠨ ᠣᠶᠤᠨᠴᠢ ᠬᠢᠨᠠᠯᠲᠠ ᠬᠠᠮᠢᠶᠠᠷᠤᠯᠲᠠ ᠪᠣᠯᠣᠨ ᠦᠢᠯᠡᠴᠢᠯᠡᠭᠡᠨ ᠤ ᠲᠠᠪᠴᠠᠩ ᠢ ᠢᠳᠡᠪᠬᠢᠲᠡᠢ ᠳᠡᠯᠭᠡᠷᠡᠭᠦᠯᠦᠨ ᠬᠡᠷᠡᠭᠯᠡᠵᠦ᠂ ︽ᠠᠮᠤᠷ ᠲᠦᠪᠰᠢᠨ ᠢ ᠤᠷᠢᠳᠴᠢᠯᠠᠨ ᠰᠡᠷᠡᠮᠵᠢᠯᠡᠭᠦᠯᠵᠦ ᠪᠣᠯᠬᠤ᠂ ᠡᠬᠢ ᠡᠭᠦᠰᠦᠯ ᠢ ᠨᠢ ᠨᠡᠬᠡᠮᠵᠢᠯᠡᠵᠦ ᠪᠣᠯᠬᠤ᠂ ᠰᠤᠷᠠᠭ ᠵᠠᠩᠭᠢ ᠶᠢ ᠨᠢ ᠪᠠᠶᠢᠴᠠᠭᠠᠨ ᠯᠠᠪᠯᠠᠵᠤ ᠪᠣᠯᠬᠤ᠂ ᠬᠠᠷᠢᠭᠤᠴᠠᠯᠭ᠎ᠠ ᠶᠢ ᠨᠢ ᠨᠡᠬᠡᠮᠵᠢᠯᠡᠵᠦ ᠪᠣᠯᠬᠤ︾ ᠱᠠᠭᠠᠷᠳᠠᠯᠭ᠎ᠠ ᠶᠣᠰᠣᠭᠠᠷ᠂ ᠪᠥᠬᠦ ᠬᠤᠰᠢᠭᠤᠨ ᠤ ᠨᠢᠭᠡ ᠯᠡ ᠰᠦᠯᠵᠢᠶ᠎ᠡ ᠶᠢᠨ ᠬᠢᠨᠠᠯᠲᠠ ᠬᠠᠮᠢᠶᠠᠷᠤᠯᠲᠠ ᠪᠠ ᠮᠥᠷᠳᠡᠨ ᠨᠡᠬᠡᠮᠵᠢᠯᠡᠬᠦ ᠬᠠᠮᠢᠶᠠᠷᠤᠯᠲᠠ ᠶᠢ ᠪᠦᠷᠢᠯᠳᠦᠭᠦᠯᠪᠡ᠃ ᠬᠤᠲᠠ ᠶᠢᠨ ᠳᠡᠰ  ᠠᠴᠠ ᠳᠡᠭᠡᠭᠰᠢᠬᠢ ᠬᠥᠲᠥᠴᠢ ᠠᠵᠤ ᠠᠬᠤᠶᠢᠯᠠᠯ᠂ ᠮᠠᠯᠴᠢᠨ ᠲᠠᠷᠢᠶᠠᠴᠢᠨ ᠤ ᠬᠤᠷᠰᠢᠶ᠎ᠠ᠂ ᠭᠤᠷᠪᠠᠨ ᠪᠦᠲᠦᠭᠡᠭᠳᠡᠬᠦᠨ ᠨᠢᠭᠡ ᠪᠠᠷᠢᠮᠵᠢᠶ᠎ᠠ ᠲᠠᠢ ᠠᠵᠤ ᠠᠬᠤᠶᠢᠯᠠᠯ᠂ ᠭᠡᠷ ᠪᠦᠯᠢ ᠶᠢᠨ ᠲᠠᠷᠢᠶᠠᠯᠠᠩ ᠤᠨ ᠲᠠᠯᠠᠪᠠᠶ᠂ ᠲᠠᠷᠢᠶᠠᠯᠠᠭ᠎ᠠ ᠲᠡᠵᠢᠭᠡᠨ ᠦᠷᠡᠵᠢᠭᠦᠯᠭᠡ ᠶᠢᠨ ᠲᠣᠮᠣ ᠡᠷᠦᠬᠡ ᠶᠢᠨ ᠨᠡᠶᠢᠲᠡ 88 ᠦᠢᠯᠡᠳᠪᠦᠷᠢᠯᠡᠯ ᠤᠨ ᠭᠤᠣᠯ ᠴᠣᠭᠴᠠ ᠶᠢ ᠲᠣᠮᠣ ᠳ᠋ᠠᠶᠢᠲ᠋ᠠ ᠶᠢᠨ ᠲᠠᠪᠴᠠᠩ ᠳᠤ ᠤᠷᠤᠭᠤᠯᠬᠤ ᠪᠠᠷ ᠪᠣᠢ ᠃ ︽ᠬᠢᠷᠢ ᠲᠡᠩᠴᠡᠭᠰᠡᠨᠦᠨᠡᠮᠯᠡᠯ + ᠮᠦᠷᠳᠡᠨ ᠨᠡᠬᠡᠮᠵᠢᠯᠡᠬᠦ︾ ᠶᠢ ᠬᠠᠷᠢᠯᠴᠠᠨ ᠤᠶᠠᠯᠳᠤᠭᠤᠯᠬᠤ ᠵᠠᠭᠪᠤᠷ ᠢ ᠠᠬᠢᠭᠤᠯᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠥᠷᠲᠡᠭ ᠢ ᠳᠡᠭᠡᠭᠰᠢᠯᠡᠭᠦᠯᠬᠦ ᠶᠢ ᠳᠠᠶᠢᠴᠢᠯᠠᠨ᠎ᠠ᠃ ᠪᠠᠷᠢᠮᠵᠢᠶᠠᠨ ᠳᠤ ᠬᠦᠷᠦᠭᠦᠯᠬᠦ ᠠᠮᠠᠯᠠᠯᠲᠠ ᠶᠢᠨ ᠬᠢᠷᠢ ᠲᠡᠩᠴᠡᠭᠰᠡᠨ ᠦᠨᠡᠮᠯᠡᠯ ᠤᠨ ᠦᠢᠯᠡᠳᠪᠦᠷᠢᠯᠡᠯ ᠤᠨ ᠭᠤᠣᠯ ᠴᠣᠭᠴᠠ ᠶᠢ ᠬᠠᠷᠢᠭᠤ ᠰᠣᠷᠪᠤᠯᠵᠢᠯᠠᠭᠰᠠᠨ ᠢ ᠦᠨᠳᠦᠰᠦᠯᠡᠪᠡᠯ᠂ ᠮᠦᠷᠳᠡᠨ ᠨᠡᠬᠡᠮᠵᠢᠯᠡᠬᠦ ᠬᠤᠶᠠᠷ ᠬᠡᠮᠵᠢᠯᠲᠦ ᠺᠤᠲ ᠨᠠᠭᠠᠭᠰᠠᠨ ᠦᠢᠯᠡᠳᠬᠦᠨ ᠢ ᠡᠩ ᠤᠨ ᠪᠣᠭᠤᠳᠠᠯ ᠤᠨ ᠦᠢᠯᠡᠳᠬᠦᠨ ᠲᠠᠢ ᠬᠠᠷᠢᠴᠠᠭᠤᠯᠪᠠᠯ᠂ ᠥᠰᠦᠭᠰᠡᠨ ᠦᠨ᠎ᠡ ᠶᠢᠨ ᠨᠣᠷᠮ᠎ᠠ ᠨᠢ 5% ᠣᠷᠴᠢᠮ ᠳᠡᠭᠡᠭᠰᠢᠯᠡᠵᠦ᠂ ᠬᠡᠷᠡᠭᠯᠡᠭᠴᠢᠳ ᠤᠨ ᠦᠢᠯᠡᠳᠬᠦᠨ ᠳᠠᠬᠢ ᠢᠲᠡᠭᠡᠯ ᠪᠠ ᠬᠠᠨᠤᠮᠵᠢ ᠶᠢᠨ ᠬᠡᠮᠵᠢᠶ᠎ᠡ ᠨᠢ 10% ᠣᠷᠴᠢᠮ ᠳᠡᠭᠡᠭᠰᠢᠯᠡᠵᠦ᠂ ᠪᠤᠴᠠᠵᠤ ᠢᠷᠡᠭᠰᠡᠨ ᠵᠣᠴᠢᠳ ᠤᠨ ᠨᠣᠷᠮ᠎ᠠ ᠨᠢ 15% ᠰᠢᠬᠠᠮ ᠨᠡᠮᠡᠭᠳᠡᠵᠡᠢ᠃      ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ 105 ᠬᠦᠲᠦᠴᠢ ᠠᠵᠤ ᠠᠬᠤᠶᠢᠯᠠᠯ᠂ ︽ᠬᠤᠶᠠᠷ ᠪᠦᠲᠦᠭᠡᠭᠳᠡᠬᠦᠨ ᠨᠢᠭᠡ ᠢᠯᠡᠷᠬᠡᠶᠢᠯᠡᠯᠲᠦ ︾ ︵ᠪᠣᠬᠢᠷᠳᠤᠯ ᠦᠭᠡᠢ ᠢᠳᠡᠭᠡᠨ᠂ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ᠂ ᠭᠠᠵᠠᠷ ᠵᠦᠢ ᠶᠢᠨ  ᠢᠯᠡᠷᠬᠡᠶᠢᠯᠡᠯᠲᠦ ᠲᠠᠷᠢᠶᠠᠯᠠᠩ ᠤᠨ ᠪᠦᠲᠦᠭᠡᠭᠳᠡᠬᠦᠨ︶ ᠵᠢᠴᠢ ᠨᠠᠷᠠᠲᠤ ᠣᠨᠴᠠ ᠰᠢᠯᠢᠳᠡᠭ ᠰᠢᠨ᠎ᠡ ᠪᠦᠲᠦᠭᠡᠭᠳᠡᠬᠦᠨ ᠤ ᠭᠡᠷᠡᠴᠢᠯᠡᠯ ᠤᠨ ᠠᠵᠤ ᠠᠬᠤᠶᠢᠯᠠᠯ ᠢ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠮᠥᠷᠳᠡᠨ ᠬᠠᠮᠢᠶᠠᠷᠬᠤ ᠮᠡᠳᠡᠭᠡ ᠵᠠᠩᠭᠢ ᠶᠢᠨ ᠲᠠᠪᠴᠠᠩ ᠪᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠣᠮᠣ ᠳ᠋ᠠᠶᠢᠲ᠋ᠠ ᠶᠢᠨ ᠣᠶᠤᠨᠴᠢ ᠬᠢᠨᠠᠯᠲᠠ ᠬᠠᠮᠢᠶᠠᠷᠤᠯᠲᠠ ᠪᠠ ᠦᠢᠯᠡᠴᠢᠯᠡᠭᠡᠨ ᠤ ᠲᠠᠪᠴᠠᠩ ᠳᠤ ᠣᠷᠣᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠤ︽ᠦᠨᠡᠮᠯᠡᠯ ᠲᠠᠢ ᠪᠠᠷ ᠰᠦᠯᠵᠢᠶᠡᠨ ᠳᠤ ᠭᠠᠷᠬᠤ ᠂ ᠨᠣᠮᠧᠷ ᠲᠠᠢ ᠪᠠᠷ ᠰᠦᠯᠵᠢᠶᠡᠨ ᠳᠤ ᠭᠠᠷᠬᠤ ᠂ ᠪᠠᠷᠢᠮᠵᠢᠶ᠎ᠠ ᠲᠠᠢ ᠪᠠᠷ ᠵᠠᠬ᠎ᠠ ᠳᠡᠯᠭᠡᠭᠦᠷ ᠲᠤ ᠭᠠᠷᠬᠤ ︾ ᠶᠢ ᠲᠦᠯᠬᠢᠨ ᠠᠬᠢᠭᠤᠯᠤᠨ᠎ᠠ᠃ ᠮᠥᠷᠳᠡᠨ ᠨᠡᠬᠡᠮᠵᠢᠯᠡᠬᠦ ᠪᠦᠲᠦᠭᠡᠭᠳᠡᠬᠦᠨ ᠤ ᠦᠢᠯᠡᠳᠪᠦᠷᠢᠯᠡᠯ ᠪᠣᠷᠤᠯᠠᠭᠤᠯᠭ᠎ᠠ ᠶᠢ ᠵᠣᠯᠭᠠᠭᠤᠯᠬᠤ ᠶᠢ ᠠᠬᠢᠭᠤᠯᠵᠤ᠂ 2022 ᠣᠨ ᠳᠤ᠂ ᠪᠡᠭᠡᠵᠢᠩ ᠤᠨ ᠬᠠᠶᠢᠳᠢᠶᠠᠨ ᠲᠣᠭᠤᠷᠢᠭ ᠲᠤ ᠬᠢᠩᠭᠠᠨ ᠠᠶᠢᠮᠠᠭ ᠤᠨ ᠬᠤᠨᠢᠨ ᠮᠢᠬ᠎ᠠ ᠶᠢᠨ ᠤᠬᠠᠭᠤᠯᠭ᠎ᠠ ᠲᠠᠨᠢᠯᠴᠠᠭᠤᠯᠭ᠎ᠠ ᠶᠢᠨ ᠠᠵᠢᠯᠯᠠᠭ᠎ᠠ ᠥᠷᠨᠢᠭᠦᠯᠬᠦ ᠳᠤ ᠪᠠᠨ ᠮᠥᠷᠳᠡᠨ ᠨᠡᠬᠡᠮᠵᠢᠯᠡᠵᠦ ᠪᠣᠯᠬᠤ 6 ᠪᠦᠲᠦᠭᠡᠭᠳᠡᠬᠦᠨ ᠢ ᠳᠡᠯᠭᠡᠨ ᠦᠵᠡᠭᠦᠯᠵᠦ᠂ ᠣᠯᠠᠨ ᠨᠡᠶᠢᠲᠡ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠮᠥᠷᠳᠡᠨ ᠨᠡᠬᠡᠮᠵᠢᠯᠡᠬᠦ ᠶᠢᠨ ᠮᠡᠳᠡᠷᠡᠬᠦ ᠬᠡᠮᠵᠢᠶ᠎ᠡ ᠶᠢ ᠳᠡᠭᠡᠭᠰᠢᠯᠡᠭᠦᠯᠬᠦ ᠳᠤ ᠠᠬᠢᠭᠤᠯᠬᠤ ᠦᠢᠯᠡᠳᠦᠯ ᠦᠵᠡᠭᠦᠯᠪᠡ᠃      ᠣᠷᠳᠣᠰ ᠬᠤᠳᠠ ᠶᠢᠨ ᠳᠠᠯᠠᠳ ᠬᠤᠰᠢᠭᠤᠨ ᠤ ᠬᠢᠨ 57 ᠨᠡᠯᠢᠶᠡᠳ ᠶᠡᠭᠡ ᠬᠡᠪᠴᠢᠶᠡᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠭᠤᠣᠯ ᠴᠣᠭᠴᠠ ᠶᠢ ᠴᠥᠮ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠮᠥᠷᠳᠡᠨ ᠨᠡᠬᠡᠮᠵᠢᠯᠡᠬᠦ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠲᠠᠪᠴᠠᠩ ᠳᠤ ᠣᠷᠣᠭᠤᠯᠵᠤ ᠂ ᠬᠠᠷᠢᠶ᠎ᠠ ᠣᠷᠣᠨ ᠤ ᠪᠠᠨ 138 ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠭᠤᠣᠯ ᠴᠣᠭᠴᠠ ᠶᠢ ᠪᠦᠬᠦᠨ ᠢ ᠥᠪᠡᠷᠲᠡᠭᠡᠨ ᠵᠠᠰᠠᠬᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠣᠶᠤᠨᠴᠢ ᠬᠢᠨᠠᠯᠲᠠ ᠬᠠᠮᠢᠶᠠᠷᠤᠯᠲᠠ ᠪᠣᠯᠣᠨ ᠦᠢᠯᠡᠴᠢᠯᠡᠭᠡᠨ ᠤ ᠲᠠᠪᠴᠠᠩ ᠳᠤ ᠣᠷᠣᠭᠤᠯᠤᠨ ᠬᠠᠮᠢᠶᠠᠷᠪᠠ ᠃ ᠪᠦᠬᠦ ᠣᠷᠣᠨ ᠤ ᠨᠢᠭᠡᠳᠦᠭᠡᠷ ᠪᠦᠯᠦᠭ ᠤᠨ ︽ᠬᠥᠳᠡᠭᠡ ᠲᠣᠰᠬᠤᠨ ᠤ ᠠᠮᠤᠷ ᠲᠦᠪᠰᠢᠨ ᠤᠢᠲᠡᠭᠡᠮᠵᠢ︾ ᠶᠢᠨ ᠬᠠᠮᠢᠶᠠᠷᠤᠯᠲᠠ  ᠶᠢ ᠲᠤᠷᠰᠢᠨ ᠥᠷᠨᠢᠭᠦᠯᠦᠭᠰᠡᠨ ᠤᠯᠤᠰ ᠤᠨ ᠠᠮᠤᠷ ᠲᠦᠪᠰᠢᠨ ᠤ ᠰᠢᠶᠠᠨ ᠢ ᠡᠭᠦᠳᠦᠨ ᠪᠠᠶᠢᠭᠤᠯᠬᠤ ᠨᠢᠭᠡᠴᠢ ᠪᠣᠯᠤᠭᠰᠠᠨ ᠤ ᠬᠤᠪᠢ ᠳᠤ᠂ ᠲᠠᠯᠠᠳ ᠬᠤᠰᠢᠭᠤᠨ ᠤ ᠬᠢᠨ ᠨᠢᠭᠡᠨᠲᠡ ᠦᠢᠯᠡᠳᠪᠦᠷᠢᠯᠡᠯ ᠡᠵᠡᠩᠨᠡᠯᠲᠡ ᠶᠢᠨ ᠭᠤᠣᠯ ᠴᠣᠭᠴᠠ ᠶᠢᠨ ︽ ᠭᠤᠣᠯᠳᠠᠯᠭ᠎ᠠ ᠲᠠᠢ ᠬᠢᠨᠠᠨ ᠡᠵᠡᠮᠳᠡᠬᠦ ᠨᠡᠷᠡᠰ ︾ ᠪᠠ ︽ ᠬᠠᠷ᠎ᠠ ᠳᠠᠩᠰᠠ ︾  ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ ᠂ 2022 ᠣᠨ ᠳᠤ ᠨᠡᠶᠢᠳᠡ 4 ᠦᠢᠯᠡᠳᠪᠦᠷᠢᠯᠡᠯ ᠡᠵᠡᠩᠨᠡᠯᠲᠡ ᠶᠢᠨ ᠭᠤᠣᠯ ᠴᠣᠭᠴᠠ  ᠨᠢ ︽ ᠭᠤᠣᠯᠳᠠᠯᠭ᠎ᠠ ᠲᠠᠢ ᠬᠢᠨᠠᠨ ᠡᠵᠡᠮᠳᠡᠬᠦ ᠨᠡᠷᠡᠰ ︾  ᠲᠤ ᠵᠢᠭᠰᠠᠭᠠᠭᠳᠠᠭᠰᠠᠨ ᠪᠠᠶᠢᠨ᠎ᠠ᠂ ᠲᠤᠰ ᠨᠡᠷᠡᠰ ᠲᠤ ᠵᠢᠭᠰᠠᠭᠠᠭᠳᠠᠭᠰᠠᠨ ᠭᠤᠣᠯ ᠴᠣᠭᠴᠠ ᠳᠤ ᠭᠤᠣᠯᠳᠠᠯᠭ᠎ᠠ ᠲᠠᠢ ᠬᠢᠨᠠᠨ ᠬᠠᠮᠢᠶᠠᠷᠤᠯᠲᠠ ᠶᠠᠪᠤᠭᠤᠯᠬᠤ ᠶᠢᠨ ᠬᠠᠮᠲᠤ ᠭᠤᠣᠯᠳᠠᠯᠭ᠎ᠠ ᠲᠠᠢ ᠲᠦᠷᠦᠯ ᠵᠦᠢᠯ ᠢ ᠳᠡᠮᠵᠢᠬᠦ ᠦᠭᠡᠢ ᠲᠣᠭᠲᠠᠴᠠ ᠶᠢ ᠨᠠᠶᠢᠳᠠᠪᠤᠷᠢᠵᠢᠭᠤᠯᠵᠠᠢ ᠃    
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号