ᠬᠢᠩᠭᠠᠨ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠠᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠦᠬᠡᠷ ᠤᠨ ᠡᠪᠡᠳᠴᠢᠨ ᠢ ᠰᠡᠷᠭᠡᠶᠢᠯᠡᠨ ᠵᠠᠰᠠᠬᠤ ᠵᠢᠴᠢ ᠠᠵᠤ ᠦᠢᠯᠡᠰ ᠤᠨ ᠬᠥᠭᠵᠢᠯᠲᠡ ᠶᠢᠨ ᠶᠡᠭᠡ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2022/12/12
      12 ᠰᠠᠷ᠎ᠠ ᠶᠢᠨ 10 ᠤ ᠡᠳᠦᠷ ᠂ ᠤᠯᠤᠰ ᠤᠨ ᠠᠯᠠᠰᠢᠨ ᠦᠬᠡᠷ / ᠰᠠᠷᠯᠤᠭ ᠤᠨ ᠠᠵᠤ ᠦᠢᠯᠡᠰ ᠤᠨ ᠮᠡᠷᠭᠡᠵᠢᠯ ᠤᠨ ᠰᠢᠰᠲ᠋ᠧᠮᠵᠢ ᠪᠣᠯᠣᠨ ᠳᠤᠮᠳᠠᠳᠤ ᠣᠷᠣᠨ ᠤ ᠲᠠᠷᠢᠶᠠᠯᠠᠩ ᠤᠨ ᠶᠡᠭᠡ ᠰᠤᠷᠭᠠᠭᠤᠯᠢ   ᠠᠴᠠ ᠬᠠᠮᠲᠤᠷᠠᠨ ᠡᠷᠭᠢᠯᠡᠭᠰᠡᠨ᠂ ᠤᠯᠤᠰ ᠤᠨ ᠠᠯᠠᠰᠢᠨ ᠦᠬᠡᠷ / ᠰᠠᠷᠯᠤᠭ ᠤᠨ ᠠᠵᠤ ᠦᠢᠯᠡᠰ ᠤᠨ ᠮᠡᠷᠭᠡᠵᠢᠯ ᠤᠨ ᠰᠢᠰᠲ᠋ᠧᠮᠵᠢ ᠶᠢᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠰᠤᠳᠤᠯᠭᠠᠨ ᠤ ᠲᠠᠰᠤᠭ ᠪᠣᠯᠣᠨ ᠳᠤᠮᠳᠠᠳᠤ ᠣᠷᠣᠨ ᠤ ᠲᠠᠷᠢᠶᠠᠯᠠᠩ ᠤᠨ ᠶᠡᠭᠡ ᠰᠤᠷᠭᠠᠭᠤᠯᠢ ᠶᠢᠨ ᠠᠮᠢᠲᠠᠨ ᠤ ᠰᠢᠨᠵᠢᠯᠡᠬᠦ ᠤᠬᠠᠭᠠᠨ ᠠᠮᠢᠲᠠᠨ ᠤ ᠡᠮᠨᠡᠯᠭᠡ ᠶᠢᠨ ᠳᠡᠭᠡᠳᠦ ᠰᠤᠷᠭᠠᠭᠤᠯᠢ ᠵᠡᠷᠭᠡ ᠨᠢᠭᠡᠴᠢ ᠠᠴᠠ ᠬᠠᠮᠳᠤᠪᠠᠷ ᠲᠠᠭᠠᠭᠠᠴᠢᠯᠠᠨ ᠡᠷᠭᠢᠯᠡᠭᠰᠡᠨ ︽ᠠᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠦᠬᠡᠷ ᠤᠨ ᠡᠪᠡᠳᠴᠢᠨ ᠢ ᠰᠡᠷᠭᠡᠶᠢᠯᠡᠨ ᠵᠠᠰᠠᠬᠤ ᠵᠢᠴᠢ ᠠᠵᠤ ᠦᠢᠯᠡᠰ ᠤᠨ ᠬᠥᠭᠵᠢᠯᠲᠡ ᠶᠢᠨ ᠶᠡᠭᠡ ᠬᠤᠷᠠᠯ︾ ᠢ ᠰᠦᠯᠵᠢᠶᠡᠨ ᠳᠡᠭᠡᠷ᠎ᠡ ᠬᠤᠷᠠᠯᠳᠤᠭᠤᠯᠪᠠ᠃ ᠬᠢᠩᠭᠠᠨ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠤᠨ ᠮᠠᠯ ᠠᠵᠤ ᠠᠬᠤᠢ ᠮᠠᠯ ᠡᠮᠨᠡᠯᠭᠡ ᠶᠢᠨ ᠰᠤᠳᠤᠯᠭᠠᠨ ᠤ ᠲᠠᠰᠤᠭ ᠵᠢᠴᠢ ᠬᠠᠮᠢᠶ᠎ᠠ ᠪᠦᠬᠦᠢ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠸᠢᠳᠢᠤ᠋ ᠬᠤᠷᠠᠯ ᠳᠤ ᠣᠷᠣᠯᠴᠠᠪᠠ᠃      ᠲᠣᠰ ᠤᠳᠠᠭᠠᠨ ᠤ ᠬᠤᠷᠠᠯ ᠤᠨ ᠭᠤᠣᠯ ᠰᠡᠳᠦᠪ  ᠨᠢ ︽ᠡᠷᠡᠭᠦᠯ ᠴᠢᠭᠢᠷᠠᠭ᠂ ᠴᠢᠨᠠᠷ ᠰᠠᠶᠢᠲᠠᠢ᠂ ᠵᠣᠬᠢᠴᠠᠩᠭᠤᠢ᠂ ᠬᠥᠭᠵᠢᠯᠲᠡ︾ ᠪᠣᠯᠣᠨ᠎ᠠ᠃ ᠶᠡᠭᠡ ᠬᠤᠷᠠᠯ ᠠᠴᠠ ᠦᠬᠡᠷ ᠤᠨ ᠦᠢᠯᠡᠰ ᠤᠨ ᠴᠢᠳᠠᠪᠤᠷᠢᠲᠠᠨ ᠢ ᠤᠷᠢᠵᠤ ᠣᠳᠣᠬᠠᠨ ᠤ ᠦᠬᠡᠷ ᠤᠨ ᠦᠢᠯᠡᠰ ᠤᠨ ᠬᠥᠭᠵᠢᠯᠲᠡ ᠶᠢᠨ ᠥᠷᠢᠰᠦᠯᠳᠦᠭᠡᠨ ᠪᠣᠯᠣᠨ ᠠᠵᠠ ᠲᠣᠬᠢᠶᠠᠯ ᠢ ᠵᠠᠳᠠᠯᠤᠨ ᠰᠢᠨᠵᠢᠯᠡᠵᠦ ᠂ ᠦᠬᠡᠷ ᠤᠨ ᠡᠪᠡᠳᠴᠢᠨ ᠤ ᠲᠤᠬᠠᠢ ᠡᠷᠬᠡ ᠰᠦᠷᠲᠦ ᠲᠤᠰᠬᠠᠢ ᠮᠡᠷᠭᠡᠵᠢᠯᠲᠡᠨ ᠢᠶᠠᠷ ᠴᠢᠬᠤᠯᠠ ᠦᠬᠡᠷ ᠤᠨ ᠡᠪᠡᠳᠴᠢᠨ ᠤ ᠳᠡᠯᠭᠡᠷᠡᠵᠦ ᠪᠠᠶᠢᠭ᠎ᠠ ᠣᠳᠣᠬᠢ ᠪᠠᠶᠢᠳᠠᠯ ᠪᠣᠯᠣᠨ ᠰᠡᠷᠭᠡᠶᠢᠯᠡᠨ ᠵᠠᠰᠠᠬᠤ ᠮᠡᠷᠭᠡᠵᠢᠯ ᠢ ᠲᠠᠶᠢᠯᠪᠤᠷᠢᠯᠠᠭᠤᠯᠵᠤ ᠂ ᠠᠵᠤ ᠦᠢᠯᠡᠰ ᠤᠨ ᠠᠵᠢᠯ ᠨᠢᠭᠡᠲᠡᠨ ᠤ ᠡᠮᠴᠢᠯᠡᠭᠡᠨ ᠤ ᠪᠣᠳᠠᠲᠤ ᠳᠠᠶᠢᠨ ᠤ ᠲᠤᠷᠰᠢᠯᠭ᠎ᠠ ᠶᠢ ᠬᠤᠪᠢᠶᠠᠯᠴᠠᠬᠤ ᠪᠠᠷ ᠳᠠᠮᠵᠢᠨ ᠪᠣᠳᠠᠲᠠᠢ ᠦᠢᠯᠡᠳᠪᠦᠷᠢᠯᠡᠯ ᠤᠨ ᠳᠤᠮᠳᠠ ᠬᠦᠨᠳᠦ ᠶᠡᠭᠡ ᠦᠬᠡᠷ ᠤᠨ ᠡᠪᠡᠳᠴᠢᠨ ᠡᠭᠦᠰᠬᠦ ᠦᠶ᠎ᠡ ᠶᠢᠨ ᠰᠢᠢᠳᠪᠦᠷᠢᠯᠡᠬᠦ ᠠᠷᠭ᠎ᠠ ᠵᠢᠴᠢ ᠬᠤᠯᠪᠣᠭᠳᠠᠯ ᠪᠦᠬᠦᠢ ᠴᠡᠪᠡᠷᠰᠢᠭᠦᠯᠬᠦ ᠮᠡᠷᠭᠡᠵᠢᠯ ᠢ ᠳᠡᠯᠭᠡᠨ ᠦᠵᠡᠭᠦᠯᠵᠡᠢ ᠃      ᠣᠳᠣᠬᠠᠨ ᠳᠤ᠂ ᠰᠢᠨ᠎ᠡ ᠬᠠᠭᠤᠴᠢᠨ ᠦᠬᠡᠷ ᠤᠨ ᠡᠪᠡᠳᠴᠢᠨ ᠵᠡᠷᠭᠡ ᠪᠠᠶᠢᠩᠭᠤ ᠡᠭᠦᠰᠬᠦ ᠡᠪᠡᠳᠴᠢᠨ ᠨᠢ ᠦᠬᠡᠷ ᠲᠡᠵᠢᠭᠡᠬᠦ ᠦᠢᠯᠡᠰ ᠲᠤ ᠬᠦᠨᠳᠦ ᠨᠣᠴᠢᠲᠠᠢ ᠬᠤᠣᠷ ᠬᠥᠨᠥᠭᠡᠯ ᠤᠴᠠᠷᠠᠭᠤᠯᠵᠤ ᠪᠠᠶᠢᠨ᠎ᠠ᠂ ᠦᠬᠡᠷ ᠤᠨ ᠡᠪᠡᠳᠴᠢᠨ ᠢ ᠰᠡᠷᠭᠡᠶᠢᠯᠡᠨ ᠵᠠᠰᠠᠬᠤ ᠬᠢᠷᠢ ᠲᠦᠪᠰᠢᠨ ᠢ ᠬᠡᠷᠬᠢᠨ ᠳᠡᠭᠡᠭᠰᠢᠯᠡᠭᠦᠯᠬᠦ᠂ ᠦᠬᠡᠷ ᠤᠨ ᠲᠠᠯᠠᠪᠠᠶ/ᠠᠵᠤ ᠠᠬᠤᠶᠢᠯᠠᠯ ᠪᠤᠶᠤ ᠦᠬᠡᠷ ᠲᠡᠵᠢᠭᠡᠬᠦ ᠣᠷᠣᠨ ᠪᠦᠰᠡ ᠳᠤ ᠦᠬᠡᠷ ᠤᠨ ᠡᠪᠡᠳᠴᠢᠨ ᠤ ᠲᠦᠭᠰᠢᠭᠦᠷᠢ ᠶᠢ ᠡᠵᠡᠮᠳᠡᠬᠦ ᠪᠦᠷᠢᠨ ᠪᠦᠲᠦᠨ ᠰᠢᠰᠲ᠋ᠧᠮᠵᠢ ᠶᠢ ᠬᠡᠷᠬᠢᠨ ᠪᠠᠶᠢᠭᠤᠯᠬᠤ ᠪᠣᠯ ᠦᠬᠡᠷ ᠤᠨ ᠦᠢᠯᠡᠰ ᠤᠨ ᠠᠵᠢᠯ ᠨᠢᠭᠡᠲᠡᠨ ᠤ ᠪᠠᠴᠢᠮ ᠰᠢᠢᠳᠪᠦᠷᠢᠯᠡᠬᠦ ᠴᠢᠬᠤᠯᠠᠲᠠᠢ ᠬᠦᠴᠢᠷ ᠠᠰᠠᠭᠤᠳᠠᠯ ᠪᠣᠯᠣᠨ᠎ᠠ᠃ ᠬᠤᠷᠠᠯ ᠳᠡᠭᠡᠷ᠎ᠡ ᠦᠬᠡᠷ ᠤᠨ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠪᠠ ᠭᠠᠳᠠᠭᠠᠳᠤ ᠠᠴᠠ ᠣᠷᠣᠭᠤᠯᠬᠤ ᠶᠢᠨ ᠳᠠᠭᠠᠷᠢᠯᠲᠠ ᠶᠢ ᠠᠷᠭᠠᠴᠠᠭᠠᠬᠤ ᠲᠠᠯ᠎ᠠ ᠪᠠᠷ ᠵᠢᠯᠣᠭᠤᠳᠤᠯᠭ᠎ᠠ ᠬᠢᠵᠦ᠂ ᠦᠬᠡᠷ ᠤᠨ ᠡᠪᠡᠳᠴᠢᠨ ᠢ ᠰᠡᠷᠭᠡᠶᠢᠯᠡᠨ ᠡᠵᠡᠮᠳᠡᠬᠦ ᠮᠡᠳᠡᠯᠭᠡ᠂ ᠤᠬᠠᠮᠰᠠᠷ ᠪᠠ ᠮᠡᠷᠭᠡᠵᠢᠯ ᠤᠨ ᠴᠢᠳᠠᠪᠤᠷᠢ ᠶᠢ ᠨᠡᠮᠡᠭᠳᠡᠭᠦᠯᠦᠨ᠂ ᠮᠠᠨ ᠤ ᠤᠯᠤᠰ ᠤᠨ ᠰᠢᠨ᠎ᠡ ᠪᠠᠶᠢᠳᠠᠯ ᠤᠨ ᠳᠣᠣᠷᠠᠬᠢ ᠦᠬᠡᠷ ᠤᠨ ᠡᠪᠡᠳᠴᠢᠨ ᠢ ᠰᠡᠷᠭᠡᠶᠢᠯᠡᠨ ᠡᠵᠡᠮᠳᠡᠬᠦ ᠪᠠ ᠦᠬᠡᠷ ᠤᠨ ᠦᠢᠯᠡᠰ ᠤᠨ ᠡᠷᠡᠭᠦᠯ ᠢᠶᠠᠷ ᠦᠷᠭᠦᠯᠵᠢᠯᠡᠨ ᠬᠥᠭᠵᠢᠬᠦ ᠳᠤ ᠣᠨᠣᠯ ᠤᠨ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃      ᠲᠤᠰ ᠤᠳᠠᠭᠠᠨ ᠤ ᠶᠡᠭᠡ ᠬᠤᠷᠠᠯ ᠭᠤᠶᠢᠳᠠ ᠰᠠᠶᠢᠬᠠᠨ ᠶᠠᠪᠤᠭᠳᠠᠵᠤ ᠂ ᠰᠢᠨᠵᠢᠯᠡᠬᠦ ᠤᠬᠠᠭᠠᠨ ᠪᠣᠯᠣᠨ ᠮᠡᠷᠭᠡᠵᠢᠯ ᠤᠨ ᠮᠥᠷᠭᠦᠯᠳᠦᠯ ᠂ ᠡᠮᠴᠢᠯᠡᠭᠡ ᠪᠣᠯᠣᠨ ᠤᠨᠤᠯ ᠤᠨ ᠵᠣᠯᠭᠠᠯᠴᠠᠭ᠎ᠠ ᠂ ᠠᠵᠤ ᠦᠢᠯᠡᠰ ᠪᠣᠯᠣᠨ ᠠᠵᠢᠯ ᠲᠦᠷᠦᠯ ᠤᠨ ᠬᠢᠨ ᠬᠤᠯᠪᠤᠯᠴᠠᠭ᠎ᠠ ᠶᠢ ᠪᠡᠶᠡᠯᠡᠭᠦᠯᠵᠡᠢ ᠃ ᠣᠳᠣᠬᠠᠨ ᠳᠤ᠂ ᠬᠢᠩᠭᠠᠨ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠮᠠᠯ ᠠᠵᠤ ᠠᠬᠤᠢ ᠮᠠᠯ ᠡᠮᠨᠡᠯᠭᠡ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠪᠦᠯᠬᠦᠮ ᠢ ᠰᠢᠨ᠎ᠡ ᠪᠦᠲᠦᠭᠡᠨ ᠪᠠᠶᠢᠭᠤᠯᠵᠤ᠂ ᠰᠤᠳᠤᠯᠭᠠᠨ ᠤ ᠭᠠᠵᠠᠷ ᠤᠨ ᠬᠢᠨ ᠪᠦᠯᠬᠦᠮ ᠤᠨ ᠬᠥᠮᠥᠰ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠡᠬᠢᠯᠡᠯᠲᠡ ᠶᠢᠨ ᠱᠠᠲᠤᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠴᠢᠭᠯᠡᠯ ᠤᠨ ᠰᠣᠩᠭᠤᠯᠲᠠ ᠂ ᠰᠢᠨᠵᠢᠯᠡᠬᠦ ᠤᠬᠠᠭᠠᠨ ᠤ ᠰᠤᠳᠤᠯᠭᠠᠨ ᠤ ᠤᠶᠤᠨ ᠴᠢᠳᠠᠯ ᠤᠨ ᠬᠤᠪᠢᠶᠠᠷᠢᠯᠠᠯᠲᠠ ᠵᠢᠴᠢ ᠰᠢᠨᠵᠢᠯᠡᠬᠦ ᠤᠬᠠᠭᠠᠨ ᠤ ᠰᠤᠳᠤᠯᠭᠠᠨ ᠪᠣᠯᠣᠨ ᠴᠢᠳᠠᠪᠤᠷᠢᠲᠠᠨ ᠢ ᠬᠥᠮᠥᠵᠢᠭᠦᠯᠬᠦ ᠶᠢ ᠤᠶᠠᠯᠳᠤᠭᠤᠯᠬᠤ ᠵᠡᠷᠭᠡ ᠲᠠᠯ᠎ᠠ ᠳᠤ ᠴᠢᠭᠯᠡᠭᠦᠯᠦᠨ ᠵᠣᠬᠢᠰᠲᠠᠢ ᠪᠠᠶᠢᠷᠢᠯᠠᠭᠤᠯᠤᠯᠲᠠ ᠬᠢᠵᠦ ᠂ ᠰᠢᠨ᠎ᠡ ᠪᠠᠶᠢᠳᠠᠯ ᠳᠣᠣᠷᠠᠬᠢ ᠮᠠᠯ ᠠᠵᠤ ᠠᠬᠤᠢ ᠶᠢᠨ ᠬᠥᠭᠵᠢᠯᠲᠡ ᠶᠢᠨ ᠴᠢᠭᠯᠡᠯ ᠢ ᠰᠠᠶᠢᠲᠤᠷ ᠡᠵᠡᠮᠳᠡᠵᠦ ᠂ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠴᠢᠨᠠᠭᠰᠢᠳᠠ ᠠᠬᠢᠭᠤᠯᠵᠤ ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ ᠂ ᠬᠥᠳᠡᠭᠡ ᠲᠣᠰᠬᠤᠨ ᠤ ᠬᠦᠭᠵᠢᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠵᠤ ᠪᠠᠶᠢᠨ᠎ᠠ ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号