ᠡᠨᠡ ᠵᠢᠯ ᠠᠴᠠ ᠨᠠᠭᠠᠰᠢ ᠂ ᠥᠪᠥᠷ ᠮᠣᠩᠭᠤᠯ ᠶᠡᠷᠦᠩᠬᠡᠢ ᠱᠦᠵᠢ ᠰᠢ ᠶᠢᠨ ᠫᠢᠩ ᠤᠨ ᠠᠮᠤ ᠪᠤᠳᠠᠭᠠᠨ ᠤ | ᠦᠢᠯᠡᠳᠪᠦᠷᠢᠯᠡᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠵᠤ᠂ ᠪᠦᠬᠦ | ᠣᠷᠣᠨ ᠢᠶᠠᠷ ᠢᠶᠠᠨ ᠢᠳᠡᠪᠬᠢᠲᠡᠢ ᠠᠵᠢᠯᠯᠠᠵᠤ ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠤᠯᠤᠰ | ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ ᠂ ᠠᠮᠤ ᠪᠤᠳᠠᠭᠠᠨ ᠤ ᠠᠮᠤᠷ ᠲᠦᠪᠰᠢᠨ ᠤ ᠲᠠᠯ᠎ᠠ ᠪᠠᠷ ᠨᠠᠮ | ᠵᠠᠰᠠᠭ ᠠᠳᠠᠯᠢ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ ᠂ ᠠᠮᠤ ᠪᠤᠳᠠᠭ᠎ᠠ ᠶᠢ | ᠲᠣᠭᠲᠠᠪᠤᠷᠢᠵᠢᠭᠤᠯᠵᠤ ᠪᠤᠷᠴᠠᠭ ᠢ ᠥᠷᠭᠡᠳᠬᠡᠬᠦ ᠡᠭᠦᠷᠭᠡ ᠶᠢᠨ ᠲᠣᠭᠤᠷᠢᠨ ᠳᠤ ᠂ ᠠᠷᠭ᠎ᠠ ᠪᠦᠬᠦᠨ ᠢ ᠰᠦᠪᠡᠭᠴᠢᠯᠡᠨ | ᠲᠠᠯᠠᠪᠠᠢ ᠶᠢ ᠲᠣᠭᠲᠠᠪᠤᠷᠢᠵᠢᠭᠤᠯᠵᠤ ᠨᠢᠭᠡᠴᠢ ᠶᠢᠨ ᠤᠨᠠᠯᠳᠠ ᠶᠢ ᠨᠡᠮᠡᠭᠳᠡᠭᠦᠯᠵᠦ ᠂ ᠠᠮᠤ ᠪᠤᠳᠠᠭᠠᠨ ᠤ ᠤᠨᠠᠯᠲᠠ ︽ᠠᠷᠪᠠ | ᠶᠢᠰᠦᠨ ᠵᠢᠯ ᠳᠠᠷᠠᠭᠠᠯᠠᠨ ᠡᠯᠪᠡᠭ ᠬᠤᠷᠢᠶᠠᠯᠳᠠ ᠤᠯᠬᠤ ︾ ᠶᠢ ᠪᠡᠶᠡᠯᠡᠭᠦᠯᠵᠡᠢ ᠃ ᠤᠯᠤᠰ ᠤᠨ ᠲᠤᠭ᠎ᠠ ᠪᠦᠷᠢᠳᠬᠡᠯ ᠤᠨ | ᠲᠣᠪᠴᠢᠶ᠎ᠠ ᠶᠢᠨ ᠨᠡᠶᠢᠲᠡᠯᠡᠭᠰᠡᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ 2022 ᠣᠨ ᠳᠤ ᠮᠠᠨ ᠤ ᠣᠷᠣᠨ ᠤ | ᠠᠮᠤ ᠪᠤᠳᠠᠭᠠᠨ ᠤ ᠤᠨᠠᠯᠲᠠ ᠳᠠᠬᠢᠨᠲᠠ ᠰᠢᠨ᠎ᠡ ᠲᠡᠮᠳᠡᠭᠯᠡᠯ ᠢ ᠡᠭᠦᠳᠴᠦ᠂ 780.1 ᠳ᠋ᠦᠩᠰᠢᠭᠤᠷ ᠵᠢᠩ ᠳᠤ ᠬᠦᠷᠴᠦ᠂ | ᠲᠦᠷᠦᠭᠦᠸ ᠵᠢᠯ ᠤᠨ ᠬᠢ ᠠᠴᠠ 12 ᠳ᠋ᠦᠩᠰᠢᠭᠤᠷ ᠵᠢᠩ ᠨᠡᠮᠡᠭᠳᠡᠨ᠂ ᠨᠡᠮᠡᠭᠳᠡᠯ ᠤᠨ ᠬᠡᠮᠵᠢᠶ᠎ᠡ ᠨᠢ 1.6% ᠪᠠᠶᠢᠵᠤ | ᠂ ᠨᠡᠮᠡᠭᠳᠡᠯ ᠤᠨ ᠬᠡᠮᠵᠢᠶ᠎ᠡ ᠨᠢ ᠪᠥᠬᠦ ᠤᠯᠤᠰ ᠤᠨ 16.2% ᠢ ᠡᠵᠡᠯᠡᠵᠦ᠂ ᠪᠥᠬᠦ ᠤᠯᠤᠰ ᠤᠨ ᠭᠤᠷᠪᠠᠳᠤᠭᠠᠷ ᠲᠤ | ᠣᠷᠣᠵᠤ᠂ ᠶᠡᠷᠦᠩᠬᠡᠢ ᠤᠨᠠᠯᠲᠠ ᠨᠢ ᠪᠥᠬᠦ ᠤᠯᠤᠰ ᠤᠨ ᠵᠢᠷᠭᠤᠳᠤᠭᠠᠷ ᠲᠤ ᠣᠷᠣᠵᠤ᠂ ᠲᠠᠪᠤᠨ ᠵᠢᠯ ᠳᠠᠷᠠᠭᠠᠯᠠᠨ | 750 ᠳ᠋ᠦᠩᠰᠢᠭᠤᠷ ᠵᠢᠩ ᠠᠴᠠ ᠳᠡᠭᠡᠭᠰᠢ ᠪᠠᠶᠢᠬᠤ ᠶᠢ ᠪᠠᠲᠤᠯᠠᠪᠠ᠃ ᠠᠮᠤ ᠪᠤᠳᠠᠭᠠᠨ ᠤ ᠲᠠᠯᠠᠪᠠᠢ ᠨᠢ 10427.7 | ᠲᠦᠮᠡᠨ ᠮᠦ ᠳᠤ ᠬᠦᠷᠴᠦ ᠂ ᠲᠦᠷᠦᠭᠦᠦ ᠵᠢᠯ ᠤᠨ ᠬᠢ ᠠᠴᠠ 101.2 ᠲᠦᠮᠡᠨ ᠮᠦ ᠨᠡᠮᠡᠭᠳᠡᠵᠦ ᠂ 1% ᠪᠠᠷ | ᠨᠡᠮᠡᠭᠳᠡᠪᠡ ᠃ ᠡᠭᠦᠨ ᠳᠤ᠂ ᠰᠢᠷ᠎ᠠ ᠪᠤᠷᠴᠠᠭ ᠳᠠᠷᠢᠬᠤ ᠲᠠᠯᠠᠪᠠᠶ ᠨᠢ 1833.1 ᠲᠦᠮᠡᠨ ᠮᠦ ᠳᠤ ᠬᠦᠷᠴᠦ᠂ ᠳᠡᠭᠡᠷ᠎ᠡ | ᠵᠢᠯ ᠤᠨ ᠬᠢ ᠠᠴᠠ 493.3 ᠲᠦᠮᠡᠨ ᠮᠦ ᠨᠡᠮᠡᠭᠳᠡᠵᠦ᠂ ᠨᠡᠮᠡᠭᠳᠡᠯ ᠤᠨ ᠬᠡᠮᠵᠢᠶ᠎ᠡ ᠨᠢ 36.8% ᠳᠤ ᠬᠦᠷᠴᠦ᠂ | ᠤᠯᠤᠰ ᠠᠴᠠ ᠥᠪᠥᠷ ᠮᠣᠩᠭᠤᠯ ᠳᠤ ᠲᠤᠰᠢᠶᠠᠭᠰᠠᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃ ᠠᠮᠤ | ᠪᠤᠳᠠᠭᠠᠨ ᠤ ᠲᠠᠷᠢᠮᠠᠯ ᠤᠨ ᠲᠠᠯᠠᠪᠠᠢ ᠨᠢᠭᠡᠴᠢ ᠶᠢᠨ ᠳᠤᠮᠳᠠᠴᠢ ᠤᠨᠠᠯᠲᠠ ᠨᠢ 748.1 ᠵᠢᠩ\ᠮᠦ ᠳᠤ ᠬᠦᠷᠴᠦ ᠂ | ᠳᠡᠭᠡᠷ᠎ᠡ ᠵᠢᠯ ᠤᠨ ᠬᠢ ᠠᠴᠠ 4.3 ᠵᠢᠩ\ᠮᠦ ᠪᠠᠷ ᠨᠡᠮᠡᠭᠳᠡᠵᠦ ᠂ ᠨᠡᠮᠡᠭᠳᠡᠯ ᠤᠨ ᠬᠡᠮᠵᠢᠶ᠎ᠡ ᠨᠢ 0.6% ᠳᠤ ᠬᠦᠷᠴᠡᠢ ᠃ | | | | | | ᠨᠢᠭᠡ ᠵᠢᠯ ᠤᠨ ᠲᠤᠷᠰᠢ᠂ ᠮᠠᠨ ᠤ ᠣᠷᠣᠨ ︽ᠲᠠᠪᠤᠨ ᠬᠦᠴᠦᠨ︾ ᠢ ᠵᠡᠷᠭᠡᠪᠡᠷ ᠬᠥᠭᠵᠢᠭᠦᠯᠵᠦ᠂ | ︽ᠳᠥᠷᠪᠡ ᠶᠢ ᠨᠡᠮᠡᠭᠳᠡᠭᠦᠯᠬᠦ︾ ᠶᠢ ᠪᠡᠶᠡᠯᠡᠭᠦᠯᠪᠡ᠂ ᠲᠤᠬᠠᠶᠢᠯᠠᠪᠠᠯ ᠠᠮᠤ ᠪᠤᠳᠠᠭᠠᠨ ᠤ ᠳᠠᠷᠢᠬᠤ ᠲᠠᠯᠠᠪᠠᠶ ᠨᠡᠮᠡᠭᠳᠡᠬᠦ᠂ | ᠰᠢᠷ᠎ᠠ ᠪᠤᠷᠴᠠᠭ ᠤᠨ ᠲᠠᠯᠠᠪᠠᠶ ᠨᠡᠮᠡᠭᠳᠡᠬᠦ᠂ ᠠᠮᠤ ᠪᠤᠳᠠᠭᠠᠨ ᠤ ᠲᠠᠯᠠᠪᠠᠶ ᠨᠢᠭᠡᠴᠢ ᠶᠢᠨ ᠤᠨᠠᠯᠲᠠ ᠨᠡᠮᠡᠭᠳᠡᠬᠦ᠂ ᠠᠮᠤ | ᠪᠤᠳᠠᠭᠠᠨ ᠤ ᠶᠡᠷᠦᠩᠬᠡᠢ ᠤᠨᠠᠯᠲᠠ ᠨᠡᠮᠡᠭᠳᠡᠬᠦ ᠵᠡᠷᠭᠡ ᠨᠢ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠳᠤ ᠥᠪᠥᠷ | ᠮᠣᠩᠭᠤᠯ ᠤᠨ ᠬᠤᠪᠢ ᠨᠡᠮᠡᠷᠢ ᠶᠢ ᠦᠵᠡᠭᠦᠯᠦᠭᠰᠡᠨ ᠪᠠᠶᠢᠨ᠎ᠠ᠃ | ᠨᠢᠭᠡ ᠳᠤ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠵᠤ ᠂ ᠣᠷᠣᠨ ᠨᠤᠲᠤᠭ ᠤᠨ ᠲᠠᠷᠢᠶᠠᠯᠠᠩ ᠢ | ᠴᠢᠬᠤᠯᠠᠴᠢᠯᠠᠨ ᠠᠮᠤ ᠪᠤᠳᠠᠭ᠎ᠠ ᠶᠢ ᠠᠳᠬᠤᠬᠤ ᠢᠳᠡᠪᠬᠢᠵᠢᠯ ᠢ ᠬᠥᠭᠵᠢᠭᠡᠵᠦ ᠂ ᠠᠮᠤ ᠪᠤᠳᠠᠭᠠᠨ ᠤ | ᠦᠢᠯᠡᠳᠪᠦᠷᠢᠯᠡᠯ ᠤᠨ ᠲᠣᠭᠲᠠᠯ ᠬᠦᠴᠦᠨ ᠢ ᠲᠡᠭᠡᠭᠰᠢᠯᠡᠭᠦᠯᠪᠡ ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠣᠷᠳᠣᠨ ᠤ ᠭᠤᠣᠯ ᠬᠠᠷᠢᠭᠤᠴᠠᠯᠭᠠᠲᠠᠨ ᠡᠯ᠎ᠡ ᠠᠶᠢᠮᠠᠭ ᠬᠤᠲᠠ ᠶᠢᠨ ᠵᠠᠬᠢᠷᠭ᠎ᠠ ᠶᠢᠨ ᠵᠠᠰᠠᠭ ᠤᠨ ᠣᠷᠳᠣᠨ ᠲᠠᠢ ᠠᠮᠤ | ᠪᠤᠳᠠᠭᠠᠨ ᠤ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠪᠢᠴᠢᠭ ᠲᠣᠭᠲᠠᠵᠤ᠂ ᠲᠠᠷᠢᠶᠠᠯᠠᠩ ᠮᠠᠯ ᠠᠵᠤ ᠠᠬᠤᠢ ᠪᠠ | ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ ᠠᠴᠠ ︽2022 ᠣᠨ ᠤ ᠡᠯ᠎ᠡ ᠠᠶᠢᠮᠠᠭ ᠬᠤᠲᠠ ᠶᠢᠨ ᠠᠮᠤ | ᠪᠤᠳᠠᠭ᠎ᠠ ᠰᠢᠷ᠎ᠠ ᠪᠤᠷᠴᠠᠭ ᠦᠢᠯᠡᠳᠪᠦᠷᠢᠯᠡᠬᠦ ᠬᠠᠷᠠᠯᠲᠠ ᠶᠢᠨ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠥᠨᠳᠥᠷ | ᠪᠠᠷᠢᠮᠵᠢᠶ᠎ᠠ᠂ ᠥᠨᠳᠥᠷ ᠱᠠᠭᠠᠷᠳᠠᠯᠭ᠎ᠠ ᠪᠠᠷ ᠠᠮᠤ ᠪᠤᠳᠠᠭ᠎ᠠ ᠳᠠᠷᠢᠬᠤ ᠲᠠᠯᠠᠪᠠᠶ ᠪᠠ ᠰᠢᠷ᠎ᠠ ᠪᠤᠷᠴᠠᠭ ᠳᠠᠷᠢᠬᠤ | ᠲᠠᠯᠠᠪᠠᠶ ᠶᠢᠨ ᠡᠭᠦᠷᠭᠡ ᠶᠢ ᠬᠤᠪᠢᠶᠠᠷᠢᠯᠠᠨ ᠪᠠᠭᠤᠯᠭᠠᠵᠤ᠂ ᠤᠯᠤᠰ ᠤᠨ ᠪᠠᠭᠤᠯᠭᠠᠭᠰᠠᠨ ᠡᠭᠦᠷᠭᠡ ᠠᠴᠠ ᠲᠣᠰ ᠲᠣᠰ | 1.8 ᠲᠦᠮᠡᠨ ᠮᠦ ᠪᠠ 1.5 ᠲᠦᠮᠡᠨ ᠮᠦ ᠲᠡᠭᠡᠭᠰᠢᠯᠡᠭᠦᠯᠵᠡᠢ ᠃ ᠠᠮᠤ ᠪᠤᠳᠠᠭᠠᠨ ᠤ ᠲᠣᠰᠣᠨ ᠤ ᠭᠠᠷᠤᠯᠲᠠ ᠶᠢᠨ | ᠲᠣᠮᠣ ᠰᠢᠶᠠᠨ ᠤ ᠱᠠᠩᠨᠠᠯ ᠤᠨ ᠪᠡᠯᠡ ᠮᠥᠩᠭᠦ ᠶᠢ ᠴᠠᠭ ᠲᠤᠬᠠᠢ ᠳᠤ ᠨᠢ ᠪᠠᠭᠤᠯᠭᠠᠵᠤ᠂ ᠲᠢᠩᠬᠢᠮ ᠤᠨ ᠤᠳᠤᠷᠢᠳᠤᠯᠭ᠎ᠠ | ᠠᠴᠠ ᠠᠶᠢᠮᠠᠭ ᠬᠤᠲᠠ ᠬᠤᠪᠢᠶᠠᠨ ᠳᠠᠭᠠᠭᠠᠴᠢᠯᠠᠨ ᠬᠤᠯᠪᠣᠭᠠᠯᠠᠵᠤ᠂ ᠠᠶᠢᠮᠠᠭ ᠬᠤᠲᠠ ᠪᠣᠯᠣᠨ ᠬᠤᠰᠢᠭᠤ ᠰᠢᠶᠠᠨ ᠤ | ᠬᠠᠷᠢᠭᠤᠴᠠᠯᠭ᠎ᠠ ᠶᠢ ᠱᠠᠲᠤ ᠱᠠᠲᠤ ᠪᠠᠷ ᠨᠠᠶᠢᠳᠠᠪᠤᠷᠢᠵᠢᠭᠤᠯᠬᠤ ᠶᠢ ᠱᠠᠯᠠᠪᠳᠠᠭᠤᠯᠤᠨ ᠱᠠᠭᠠᠷᠳᠠᠵᠤ᠂ ᠡᠯ᠎ᠡ ᠵᠦᠢᠯ ᠤᠨ | ᠡᠭᠦᠷᠭᠡ ᠶᠢ ᠪᠡᠶᠡᠯᠡᠭᠦᠯᠬᠦ ᠶᠢ ᠦᠨᠡᠨ ᠬᠦ ᠪᠠᠲᠤᠯᠠᠪᠠ᠃ | | | | | ᠬᠤᠶᠠᠷ ᠲᠤ ᠲᠦᠷᠦ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠵᠤ ᠂ ᠠᠮᠤ ᠪᠤᠳᠠᠭ᠎ᠠ ᠲᠠᠷᠢᠬᠤ | ᠲᠠᠷᠢᠶᠠᠴᠢᠳ ᠤᠨ ᠢᠳᠡᠪᠬᠢᠵᠢᠯ ᠢ ᠳᠡᠭᠡᠭᠰᠢᠯᠡᠭᠦᠯᠵᠦ ᠂ ᠠᠮᠤ ᠪᠤᠳᠠᠭᠠᠨ ᠤ ᠦᠢᠯᠡᠳᠪᠦᠷᠢᠯᠡᠯ ᠤᠨ ᠬᠥᠳᠡᠯᠭᠡᠭᠦ | ᠬᠦᠴᠦᠨ ᠢ ᠲᠡᠭᠡᠭᠰᠢᠯᠡᠭᠦᠯᠪᠡ ᠃ ᠲᠦᠷᠦ ᠶᠢᠨ ᠪᠣᠳᠣᠯᠭ᠎ᠠ ᠶᠢᠨ ᠨᠥᠬᠦᠪᠦᠷᠢ ᠮᠦᠩᠭᠦ ᠶᠢ ᠴᠠᠭ ᠲᠤᠬᠠᠢ ᠳᠤ ᠨᠢ | ᠪᠠᠭᠤᠯᠭᠠᠵᠤ ᠂ ᠤᠯᠤᠰ ᠤᠨ ᠲᠠᠷᠢᠶᠠᠨ ᠭᠠᠵᠠᠷ ᠪᠠ ᠭᠠᠵᠠᠷ ᠤᠨ ᠬᠦᠴᠦᠨ ᠤ ᠬᠠᠮᠠᠭᠠᠯᠠᠯᠲᠠ ᠂ ᠡᠷᠳᠡᠨᠢ ᠰᠢᠰᠢ ᠰᠢᠷ᠎ᠠ | ᠪᠤᠷᠴᠠᠭ ᠲᠥᠮᠥᠰᠥ ᠦᠢᠯᠡᠳᠪᠦᠷᠢᠯᠡᠭᠴᠢ ᠂ ᠲᠠᠷᠢᠶᠠᠨ ᠭᠠᠵᠠᠷ ᠢ ᠡᠭᠡᠯᠵᠢᠯᠡᠨ ᠲᠠᠷᠢᠬᠤ ᠂ ᠲᠠᠷᠢᠶᠠᠯᠠᠩ ᠤᠨ ᠮᠠᠰᠢᠨ | ᠬᠤᠳᠠᠯᠳᠤᠨ ᠠᠪᠬᠤ ᠪᠠ ᠬᠡᠷᠡᠭᠯᠡᠯᠲᠡ᠂ ᠠᠮᠤ ᠪᠤᠳᠠᠭ᠎ᠠ ᠲᠠᠷᠢᠬᠤ ᠲᠠᠷᠢᠶᠠᠴᠢᠳ ᠲᠤ ᠨᠢᠭᠡ ᠯᠡ ᠤᠳᠠᠭ᠎ᠠ ᠶᠢᠨ | ᠴᠢᠨᠠᠷᠲᠠᠢ ᠵᠡᠷᠭᠡ ᠲᠦᠷᠦ ᠶᠢᠨ ᠪᠣᠳᠣᠯᠭ᠎ᠠ ᠶᠢᠨ ᠴᠢᠨᠠᠷᠲᠠᠢ ᠨᠥᠬᠦᠪᠦᠷᠢ ᠶᠢ 198.35 ᠳ᠋ᠦᠩᠰᠢᠭᠤᠷ ᠲᠥᠭᠦᠷᠢᠭ | ᠰᠠᠯᠭᠠᠨ ᠪᠠᠭᠤᠯᠭᠠᠵᠤ ᠂ ᠤᠯᠤᠰ ᠤᠨ ︽ ᠲᠠᠷᠢᠶᠠᠯᠠᠩ ᠢ ᠬᠦᠨᠳᠦᠳᠬᠡᠵᠦ ᠠᠮᠤ ᠪᠤᠳᠠᠭ᠎ᠠ ᠶᠢ ᠠᠳᠬᠤᠬᠤ ︾ | ᠲᠦᠷᠦ ᠶᠢᠨ ᠪᠣᠳᠣᠯᠭ᠎ᠠ ᠶᠢᠨ ᠳᠣᠬᠢᠶ᠎ᠠ ᠶᠢ ᠴᠠᠭ ᠲᠤᠬᠠᠢ ᠳᠤ ᠨᠢ ᠲᠠᠯᠪᠢᠪᠠ ᠃ ᠲᠠᠷᠢᠶᠠᠴᠢᠳ ᠲᠤ ᠠᠰᠢᠭ ᠬᠦᠷᠲᠡᠭᠡᠬᠦ | ᠨᠥᠬᠦᠪᠦᠷᠢ ᠳᠤ ᠰᠢᠨ᠎ᠡ ᠶᠢ ᠡᠭᠦᠳᠦᠨ ᠲᠣᠬᠢᠷᠠᠭᠤᠯᠤᠯᠲᠠ ᠬᠢᠵᠦ᠂ ᠰᠢᠷ᠎ᠠ ᠪᠤᠷᠴᠠᠭ ᠤᠨ ᠨᠥᠬᠦᠪᠦᠷᠢ ᠶᠢᠨ | ᠪᠠᠷᠢᠮᠵᠢᠶ᠎ᠠ ᠶᠢ ᠳᠡᠭᠡᠭᠰᠢᠯᠡᠭᠦᠯᠦᠨ᠂ ᠡᠷᠳᠡᠨᠢ ᠰᠢᠰᠢ ᠶᠢᠨ ᠨᠥᠬᠦᠪᠦᠷᠢ ᠶᠢᠨ ᠪᠠᠷᠢᠮᠵᠢᠶ᠎ᠠ ᠶᠢ ᠪᠠᠭᠤᠷᠠᠭᠤᠯᠵᠤ᠂ ᠡᠯ᠎ᠡ | ᠭᠠᠵᠠᠷ ᠤᠨ ᠰᠢᠷ᠎ᠠ ᠪᠤᠷᠴᠠᠭ ᠪᠠ ᠡᠷᠳᠡᠨᠢ ᠰᠢᠰᠢ ᠶᠢᠨ ᠦᠢᠯᠡᠳᠪᠦᠷᠢᠯᠡᠭᠴᠢ ᠳᠤ ᠥᠭᠬᠦ ᠨᠥᠬᠦᠪᠦᠷᠢ ᠮᠦᠩᠭᠦ ᠶᠢᠨ | ᠵᠥᠷᠢᠶ᠎ᠡ ᠶᠢ 200 ᠲᠥᠭᠦᠷᠢᠭ ᠠᠴᠠ ᠳᠡᠭᠡᠭᠰᠢ ᠪᠣᠯᠲᠠᠯ᠎ᠠ ᠥᠷᠭᠡᠳᠬᠡᠬᠦ ᠶᠢ ᠳᠡᠮᠵᠢᠵᠦ᠂ ᠡᠷᠳᠡᠨᠢ ᠰᠢᠰᠢ ᠶᠢᠨ ᠠᠰᠢᠭ | ᠣᠷᠣᠯᠭ᠎ᠠ ᠶᠢᠨ ᠵᠥᠷᠢᠶ᠎ᠡ ᠶᠢ ᠪᠠᠭᠠᠰᠬᠠᠪᠠ ᠂ ᠡᠭᠦᠨ ᠳᠤ ᠰᠢᠷ᠎ᠠ ᠪᠤᠷᠴᠠᠭ ᠪᠠ ᠡᠷᠳᠡᠨᠢ ᠰᠢᠰᠢ ᠶᠢᠨ ᠨᠡᠶᠢᠯᠡᠮᠡᠯ | ᠲᠠᠷᠢᠶᠠᠯᠠᠭ᠎ᠠ ᠂ ᠰᠢᠯᠢᠮᠳᠡᠭ ᠤᠨ ᠦᠢᠯᠡᠳᠪᠦᠷᠢᠯᠡᠭᠴᠢ ᠳᠤ ᠥᠭᠬᠦ ᠨᠥᠬᠦᠪᠦᠷᠢ ᠮᠦᠩᠭᠦ ᠵᠡᠷᠭᠡ ᠶᠢ ᠲᠣᠬᠢᠷᠠᠭᠤᠯᠬᠤ ᠪᠠᠷ | ᠳᠠᠮᠵᠢᠭᠤᠯᠤᠨ᠂ ᠲᠠᠷᠢᠶᠠᠨ ᠭᠠᠵᠠᠷ ᠤᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠨᠥᠬᠦᠪᠦᠷᠢ ᠶᠢᠨ ᠲᠤᠷᠰᠢᠯᠲᠠ ᠶᠢ | ᠥᠷᠨᠢᠭᠦᠯᠵᠦ᠂ 2000 ᠲᠦᠮᠡᠨ ᠮᠦ ᠲᠠᠷᠢᠶᠠᠨ ᠭᠠᠵᠠᠷ ᠤᠨ ᠰᠦᠯᠢᠶᠥᠦ ᠪᠦᠷᠬᠦᠪᠴᠢ ᠶᠢ ᠲᠠᠷᠢᠶᠠᠨ ᠭᠠᠵᠠᠷ ᠠᠴᠠ | ᠰᠠᠯᠭᠠᠬᠤ ᠶᠢ ᠲᠠᠷᠢᠶᠠᠨ ᠭᠠᠵᠠᠷ ᠤᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠨᠥᠬᠦᠪᠦᠷᠢ ᠮᠦᠩᠭᠦ ᠣᠯᠭᠤᠬᠤ | ᠨᠥᠬᠦᠴᠡᠯ ᠪᠣᠯᠭᠠᠬᠤ ᠶᠢ ᠬᠠᠶᠢᠨ ᠰᠦᠪᠡᠭᠴᠢᠯᠡᠵᠦ᠂ ᠰᠦᠯᠢᠶᠥᠦ ᠪᠦᠷᠬᠦᠪᠴᠢ ᠶᠢ ᠡᠭᠡᠭᠦᠯᠦᠨ ᠬᠤᠷᠢᠶᠠᠬᠤ ᠶᠢ | ᠲᠦᠯᠬᠢᠨ ᠠᠬᠢᠭᠤᠯᠵᠤ᠂ 14 ᠬᠤᠰᠢᠭᠤ ᠰᠢᠶᠠᠨ ᠳᠤ ᠲᠠᠷᠢᠶᠠᠨ ᠭᠠᠵᠠᠷ ᠤᠨ ᠭᠠᠵᠠᠷ ᠤᠨ ᠬᠦᠴᠦᠨ ᠤ | ᠬᠠᠮᠠᠭᠠᠯᠠᠯᠲᠠ ᠶᠢᠨ ᠨᠥᠬᠦᠪᠦᠷᠢ ᠶᠢ 480 ᠲᠦᠮᠡᠨ ᠮᠦ ᠲᠠᠷᠢᠶᠠᠨ ᠭᠠᠵᠠᠷ ᠤᠨ ᠬᠦᠴᠦᠨ ᠢ ᠳᠡᠭᠡᠭᠰᠢᠯᠡᠭᠦᠯᠬᠦ ᠳᠤ | ᠰᠢᠭᠤᠳ ᠬᠡᠷᠡᠭᠯᠡᠬᠦ ᠠᠷᠭ᠎ᠠ ᠬᠡᠮᠵᠢᠶ᠎ᠡ ᠶᠢ ᠲᠤᠷᠰᠢᠨ ᠬᠡᠷᠡᠭᠵᠢᠭᠦᠯᠵᠦ᠂ ᠲᠠᠷᠢᠶᠠᠴᠢᠨ ᠡᠷᠦᠬᠡ ᠶᠢ ᠬᠥᠲᠥᠯᠥᠨ | ᠵᠢᠯᠤᠭᠤᠳᠴᠤ ᠪᠠᠶᠢᠭᠠᠳ ᠲᠠᠷᠢᠶᠠᠨ ᠭᠠᠵᠠᠷ ᠤᠨ ᠬᠦᠴᠦᠨ ᠢ ᠲᠡᠭᠡᠭᠰᠢᠯᠡᠭᠦᠯᠵᠡᠢ ᠃ ᠬᠠᠪᠤᠷ ᠤᠨ ᠲᠠᠷᠢᠶᠠᠯᠠᠭ᠎ᠠ ᠶᠢᠨ | ᠪᠡᠯᠡᠳᠬᠡᠯ ᠬᠤᠭᠤᠴᠠᠭᠠᠨ ᠳᠤ ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠲᠠᠢ ᠢᠳᠡᠪᠬᠢᠲᠡᠢ ᠵᠣᠯᠭᠠᠭᠤᠯᠵᠤ ᠂ ᠦᠷ᠎ᠡ ᠂ | ᠬᠢᠮᠢ ᠶᠢᠨ ᠪᠣᠷᠳᠣᠭᠤᠷ ᠵᠡᠷᠭᠡ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠬᠠᠳᠠᠭᠠᠯᠠᠵᠤ ᠵᠥᠭᠡᠭᠡᠪᠦᠷᠢᠯᠡᠬᠦ | ᠡᠵᠡᠩᠨᠡᠨ ᠪᠣᠷᠣᠯᠠᠭᠤᠯᠬᠤ ᠠᠵᠤ ᠠᠬᠤᠶᠢᠯᠠᠯ ᠤᠨ ᠪᠡᠯᠡ ᠮᠥᠩᠭᠦᠨ ᠤ ᠬᠡᠷᠡᠭᠴᠡᠭᠡ ᠶᠢ ᠰᠢᠢᠳᠪᠦᠷᠢᠯᠡᠵᠦ ᠂ | ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠨ᠎ᠡ ᠶᠢᠨ ᠥᠰᠦᠯᠲᠡ ᠶᠢ ᠪᠦᠲᠦᠮᠵᠢᠲᠡᠢ ᠠᠷᠭᠠᠴᠠᠭᠠᠭᠰᠠᠨ | ᠪᠠᠶᠢᠨ᠎ᠠ᠃ | | | | | ᠭᠤᠷᠪᠠ ᠳᠤ ᠮᠡᠷᠭᠡᠵᠢᠯ ᠤᠨ ᠵᠢᠱᠢᠶ᠎ᠡ ᠦᠵᠡᠭᠦᠯᠬᠦ ᠠᠵᠢᠯ ᠢ ᠴᠢᠩᠭᠠᠳᠬᠠᠵᠤ ᠂ ᠠᠮᠤ ᠪᠤᠳᠠᠭᠠᠨ ᠤ ᠲᠠᠯᠠᠪᠠᠢ | ᠨᠢᠭᠡᠴᠢ ᠶᠢᠨ ᠤᠨᠠᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ ᠂ ᠠᠮᠤ ᠪᠤᠳᠠᠭᠠᠨ ᠤ ᠦᠢᠯᠡᠳᠪᠦᠷᠢᠯᠡᠯ ᠤᠨ ᠳᠠᠯᠳᠠ | ᠬᠦᠴᠦᠨ ᠢ ᠠᠭᠤᠳᠠᠯᠯᠠᠪᠠ ᠃ ᠥᠨᠳᠥᠷ ᠤᠨᠠᠯᠲᠠ ᠶᠢᠨ ᠵᠢᠱᠢᠶ᠎ᠡ ᠦᠵᠡᠭᠦᠯᠬᠦ᠂ ᠲᠠᠷᠢᠮᠠᠯ ᠬᠤᠪᠢᠶᠠᠨ ᠪᠠᠶᠢᠭᠤᠯᠤᠨ | ᠳᠡᠯᠭᠡᠷᠡᠭᠦᠯᠬᠦ ᠪᠠ ᠰᠢᠨᠵᠢᠯᠡᠬᠦ ᠤᠬᠠᠭᠠᠨ ᠤ ᠰᠤᠳᠤᠯᠤᠯ ᠤᠨ ᠬᠤᠶᠠᠷ ᠢ ᠲᠡᠷᠢᠭᠦᠨ ᠳᠤ ᠲᠠᠯᠪᠢᠬᠤ᠂ ᠪᠥᠬᠦ ᠶᠠᠪᠤᠴᠠ ᠶᠢ | ᠳᠠᠭᠠᠵᠤ ᠬᠢᠬᠦ᠂ ᠪᠦᠬᠦᠨ ᠢ ᠬᠠᠮᠤᠷᠬᠤ ᠪᠣᠯᠪᠠᠰᠤᠷᠠᠯ ᠢ ᠢᠳᠡᠪᠬᠢᠲᠡᠢ ᠥᠷᠨᠢᠭᠦᠯᠵᠦ᠂ 65 ᠬᠤᠰᠢᠭᠤ ᠰᠢᠶᠠᠨ ᠤ | 130 ᠲᠦᠮᠡᠨ ᠮᠦ᠂ 690 ᠮᠢᠩᠭᠠᠨ ᠮᠦ᠂ 240 ᠵᠠᠭᠤᠨ ᠮᠦ ᠶᠢᠨ ᠵᠢᠱᠢᠶ᠎ᠡ ᠦᠵᠡᠭᠦᠯᠬᠦ ᠣᠷᠣᠨ ᠤ ᠪᠦᠲᠦᠭᠡᠨ | ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠵᠢᠱᠢᠶ᠎ᠡ ᠦᠵᠡᠭᠦᠯᠬᠦ ᠶᠡᠷᠦᠩᠬᠡᠢ ᠲᠠᠯᠠᠪᠠᠶ ᠶᠢ 203 ᠲᠦᠮᠡᠨ ᠮᠦ ᠳᠤ | ᠬᠦᠷᠦᠭᠦᠯᠵᠠᠢ ᠃ ᠪᠦᠬᠦ ᠣᠷᠣᠨ ᠳᠤ ᠦᠵᠡᠭᠦᠯᠭᠡ ᠶᠢᠨ ᠭᠠᠷᠠᠭ ᠤᠨ ᠠᠵᠢᠯᠯᠠᠭ᠎ᠠ ᠶᠢ ᠥᠷᠨᠢᠭᠦᠯᠵᠦ ᠂ ᠨᠡᠶᠢᠳᠡ 530 | ᠲᠠᠯᠠᠪᠤᠷ ᠤᠳᠠᠭ᠎ᠠ ᠂ 3.2 ᠲᠦᠮᠡᠨ ᠬᠥᠮᠥᠨ ᠤᠳᠠᠭ᠎ᠠ ᠶᠢᠨ ᠦᠵᠡᠭᠦᠯᠭᠡ ᠶᠢᠨ ᠪᠣᠯᠪᠠᠰᠤᠷᠠᠯ ᠢ ᠥᠷᠨᠢᠭᠦᠯᠵᠦ ᠂ | ᠲᠠᠷᠢᠶᠠᠴᠢᠳ ᠢ ᠰᠤᠷᠤᠯᠴᠠᠬᠤ ᠳᠤ ᠳᠠᠭᠤᠷᠢᠶᠠᠯ ᠲᠠᠢ ᠂ ᠠᠵᠢᠯᠯᠠᠬᠤ ᠳᠤ ᠵᠢᠷᠤᠮᠯᠠᠯ ᠲᠠᠢ ᠪᠤᠯᠭᠠᠪᠠ ᠃ ᠵᠢᠱᠢᠶ᠎ᠡ | ᠦᠵᠡᠭᠦᠯᠬᠦ ᠣᠷᠣᠨ ᠨᠢ ᠵᠡᠭᠦᠨ ᠬᠤᠶᠢᠲᠤ ᠶᠢᠨ ᠲᠦᠮᠡᠨ ᠮᠦ ᠡᠷᠳᠡᠨᠢ ᠰᠢᠰᠢ᠂ ᠤᠮᠠᠷᠠᠲᠤ ᠶᠢᠨ ᠵᠠᠭᠤᠨ ᠮᠦ ᠰᠢᠯᠢᠮᠳᠡᠭ᠂ | ᠥᠪᠥᠷ ᠮᠣᠩᠭᠤᠯ ᠤᠨ ᠬᠠᠭᠤᠷᠠᠢ ᠭᠠᠵᠠᠷ ᠤᠨ ᠰᠢᠷ᠎ᠠ ᠪᠤᠷᠴᠠᠭ᠂ ᠤᠰᠤᠨ ᠲᠤᠲᠤᠷᠭ᠎ᠠ ᠶᠢᠨ ᠲᠠᠯᠠᠪᠠᠶ ᠨᠢᠭᠡᠴᠢ ᠶᠢᠨ | ᠤᠨᠠᠯᠲᠠ ᠶᠢᠨ ᠰᠢᠨ᠎ᠡ ᠲᠡᠮᠳᠡᠭᠯᠡᠯ ᠢ ᠡᠭᠦᠳᠪᠡ᠃ | | | | ᠳᠥᠷᠪᠡ ᠳᠤ ᠬᠤᠶᠠᠷ ᠵᠠᠩᠭᠢᠯᠠᠭ᠎ᠠ ᠶᠢ ᠴᠢᠩᠭ᠎ᠠ ᠠᠳᠬᠤᠵᠤ ᠂ ᠬᠥᠳᠡᠭᠡ ᠠᠵᠤ ᠠᠬᠤᠢ ᠶᠢᠨ | ᠦᠢᠯᠡᠳᠪᠦᠷᠢᠯᠡᠯ ᠤᠨ ᠰᠠᠭᠤᠷᠢ ᠶᠢ ᠪᠠᠬᠢᠵᠢᠭᠦᠯᠵᠦ ᠂ ᠠᠮᠤ ᠪᠤᠳᠠᠭᠠᠨ ᠤ ᠦᠢᠯᠡᠳᠪᠦᠷᠢᠯᠡᠯ ᠤᠨ ᠬᠠᠲᠠᠭᠤ ᠪᠣᠳᠠᠲᠤ | ᠬᠦᠴᠦᠨ ᠢ ᠲᠡᠭᠡᠭᠰᠢᠯᠡᠭᠦᠯᠪᠡ ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠪᠠ | ᠲᠠᠷᠢᠶᠠᠨ ᠭᠠᠵᠠᠷ ᠤᠨ ᠶᠠᠰᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ ᠯᠠᠪᠳᠠᠭᠤᠨ ᠢᠶᠠᠷ ᠲᠦᠯᠬᠢᠨ ᠠᠬᠢᠭᠤᠯᠵᠠᠢ ᠃ | ᠡᠨᠡ ᠵᠢᠯ 400 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ | ᠡᠭᠦᠷᠭᠡ ᠶᠢ ᠨᠢᠭᠡᠨᠲᠡ ᠪᠦᠬᠦᠨ ᠢ ᠪᠡᠶᠡᠯᠡᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠨᠡᠶᠢᠲᠡ 4989 | ᠲᠦᠮᠡᠨ ᠮᠦ ᠪᠠᠶᠢᠭᠤᠯᠵᠤ᠂ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ 500 ᠳ᠋ᠦᠩᠰᠢᠭᠤᠷ ᠵᠢᠩ | ᠪᠦᠲᠦᠮᠵᠢᠲᠡᠶ ᠪᠠᠷ ᠲᠤᠯᠭᠠᠭᠤᠷᠢᠯᠠᠵᠠᠢ᠃ ᠬᠠᠷ᠎ᠠ ᠬᠥᠷᠥᠰᠥ ᠶᠢ ᠬᠠᠮᠠᠭᠠᠯᠠᠬᠤ ᠴᠢᠨᠠᠷᠲᠠᠢ ᠲᠠᠷᠢᠶᠠᠯᠠᠬᠤ᠂ ᠬᠠᠷ᠎ᠠ | ᠬᠥᠷᠥᠰᠥ ᠶᠢ ᠬᠠᠮᠠᠭᠠᠯᠠᠨ ᠠᠰᠢᠭᠯᠠᠬᠤ ᠪᠠ ᠲᠠᠷᠢᠶᠠᠨ ᠭᠠᠵᠠᠷ ᠢ ᠡᠭᠡᠯᠵᠢᠯᠡᠨ ᠳᠠᠷᠢᠬᠤ ᠶᠢ ᠬᠡᠷᠡᠭᠵᠢᠭᠦᠯᠵᠦ᠂ ᠪᠥᠬᠦ | ᠣᠷᠣᠨ ᠤ ᠲᠠᠷᠢᠶᠠᠨ ᠭᠠᠵᠠᠷ ᠤᠨ ᠬᠦᠴᠦ ᠰᠢᠮ᠎ᠡ ᠶᠢ ᠲᠣᠭᠲᠠᠭᠤᠨ ᠢᠶᠠᠷ ᠳᠡᠭᠡᠭᠰᠢᠯᠡᠭᠦᠯᠬᠦ ᠶᠢ ᠲᠠᠶᠢᠴᠢᠯᠠᠪᠠ ᠃ ᠲᠠᠷᠢᠶ᠎ᠠ | ᠦᠵᠡᠵᠦ ᠦᠷ᠎ᠡ ᠰᠣᠩᠭᠤᠬᠤ ᠲᠠᠪᠴᠠᠩ ᠢ 60 ᠪᠠᠶᠢᠭᠤᠯᠵᠤ ᠂ ᠠᠳᠠᠯᠢ ᠪᠤᠰᠤ ᠭᠠᠵᠠᠷ ᠣᠷᠣᠨ ᠳᠤ ᠲᠠᠷᠢᠬᠤ ᠳᠤ | ᠲᠣᠬᠢᠷᠠᠬᠤ 14 ᠵᠦᠢᠯ ᠤᠨ ᠭᠤᠣᠯ ᠪᠣᠯᠬᠤ ᠠᠮᠤ ᠳᠤᠰᠤᠨ ᠤ ᠲᠠᠷᠢᠮᠠᠯ ᠤᠨ 177 ᠰᠠᠶᠢᠨ ᠡᠭᠦᠯᠳᠡᠷ ᠢ ᠰᠣᠩᠭᠤᠨ | ᠭᠠᠷᠭᠠᠪᠠ᠃ ᠠᠮᠤ ᠪᠤᠳᠠᠭᠠᠨ ᠤ ᠲᠠᠷᠢᠮᠠᠯ ᠤᠨ ᠴᠢᠨᠠᠷ ᠰᠠᠶᠢᠲᠠᠢ ᠡᠭᠦᠯᠳᠡᠷ ᠢ ᠪᠣᠶᠢᠵᠢᠭᠤᠯᠤᠨ ᠦᠷᠡᠵᠢᠭᠦᠯᠵᠦ | ᠳᠡᠯᠭᠡᠷᠡᠭᠦᠯᠬᠦ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠵᠠᠭᠪᠤᠷ ᠢ ᠪᠦᠲᠦᠭᠡᠨ ᠪᠠᠶᠢᠭᠤᠯᠬᠤ ᠶᠢ ᠳᠡᠮᠵᠢᠵᠦ᠂ ᠪᠥᠬᠦ | ᠣᠷᠣᠨ ᠤ ᠰᠠᠶᠢᠨ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠰᠠᠭᠤᠷᠢᠨ ᠭᠠᠵᠠᠷ ᠤᠨ ᠲᠠᠯᠠᠪᠠᠶ ᠶᠢ 100 ᠲᠦᠮᠡᠨ | ᠮᠦ ᠠᠴᠠ ᠳᠡᠭᠡᠭᠰᠢ ᠳᠤ ᠬᠦᠷᠦᠭᠦᠯᠵᠦ᠂ ᠡᠭᠦᠨ ᠳᠤ ᠲᠥᠮᠥᠰᠥ᠂ ᠰᠢᠷ᠎ᠠ ᠪᠤᠷᠴᠠᠭ ᠪᠠ ᠡᠷᠳᠡᠨᠢ ᠰᠢᠰᠢ ᠶᠢᠨ ᠰᠠᠶᠢᠨ | ᠡᠭᠦᠯᠳᠡᠷ ᠤᠨ ᠰᠠᠭᠤᠷᠢᠨ ᠭᠠᠵᠠᠷ ᠤᠨ ᠲᠠᠯᠠᠪᠠᠶ ᠶᠢ ᠴᠥᠮ ᠪᠥᠬᠦ ᠤᠯᠤᠰ ᠤᠨ ᠡᠮᠦᠨ᠎ᠡ ᠡᠩᠨᠡᠭᠡᠨ ᠳᠤ ᠣᠷᠣᠭᠤᠯᠵᠤ᠂ | ᠪᠥᠬᠦ ᠣᠷᠣᠨ ᠤ ᠭᠤᠣᠯ ᠪᠣᠯᠬᠤ ᠲᠠᠷᠢᠮᠠᠯ ᠤᠨ ᠰᠠᠶᠢᠨ ᠡᠭᠦᠯᠳᠡᠷ ᠤᠨ ᠪᠦᠷᠬᠦᠴᠡ ᠶᠢᠨ ᠨᠣᠷᠮ᠎ᠠ ᠶᠢ 98% ᠠᠴᠠ | ᠳᠡᠭᠡᠭᠰᠢ ᠳᠤ ᠬᠦᠷᠦᠭᠦᠯᠪᠡ ᠃ | | | | | ᠲᠠᠪᠤ ᠳᠤ ᠰᠢᠨᠵᠢᠯᠡᠬᠦ ᠤᠬᠠᠭᠠᠨᠴᠢ ᠪᠠᠷ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠵᠤ ᠂ ᠭᠠᠮᠰᠢᠭ ᠢ | ᠰᠡᠷᠭᠡᠶᠢᠯᠡᠬᠦ ᠪᠠᠲᠤᠯᠠᠪᠤᠷᠢ ᠶᠢᠨ ᠰᠠᠭᠤᠷᠢ ᠶᠢ ᠪᠠᠬᠢᠵᠢᠭᠦᠯᠵᠦ ᠂ ᠠᠮᠤ ᠪᠤᠳᠠᠭ᠎ᠠ ᠶᠢ ᠠᠷᠪᠢᠯᠠᠵᠤ ᠬᠤᠬᠢᠷᠠᠯ ᠢ ᠪᠠᠭᠠᠰᠬᠠᠬᠤ | ᠴᠢᠳᠠᠪᠤᠷᠢ ᠶᠢ ᠲᠡᠭᠡᠭᠰᠢᠯᠡᠭᠦᠯᠪᠡ ᠃ ᠪᠡᠯᠡ ᠮᠥᠩᠭᠦ ᠲᠣᠬᠢᠷᠠᠭᠤᠯᠤᠨ 17 ᠡᠪᠡᠳᠴᠢᠨ ᠬᠤᠷᠣᠬᠠᠢ ᠶᠢᠨ ᠬᠥᠨᠥᠭᠡᠯ ᠢ | ᠠᠦ᠋ᠲ᠋ᠣ᠋ ᠬᠢᠨᠠᠨ ᠬᠡᠮᠵᠢᠬᠦ ᠴᠡᠭ ᠪᠠ 13 ᠬᠤᠯᠤᠭᠠᠨ᠎ᠠ ᠶᠢᠨ ᠬᠥᠨᠥᠭᠡᠯ ᠢ ᠬᠢᠨᠠᠨ ᠬᠡᠮᠵᠢᠬᠦ ᠴᠡᠭ ᠢ ᠰᠢᠨ᠎ᠡ ᠪᠠᠷ | ᠪᠠᠶᠢᠭᠤᠯᠵᠤ᠂ ᠪᠥᠬᠦ ᠣᠷᠣᠨ ᠤ ᠠᠮᠤ ᠪᠤᠳᠠᠭᠠᠨ ᠤ ᠭᠠᠷᠤᠯᠲᠠ ᠶᠢᠨ ᠲᠣᠮᠣ ᠰᠢᠶᠠᠨ ᠪᠠ ᠬᠤᠯᠤᠭᠠᠨ᠎ᠠ ᠶᠢᠨ ᠬᠢᠵᠢᠭ | ᠡᠭᠦᠰᠬᠦ ᠳᠤᠮᠳᠠ ᠲᠦᠭᠰᠢᠭᠦᠷᠢ ᠶᠡᠬᠡᠲᠡᠢ ᠣᠷᠣᠨ ᠳᠤ ᠠᠦ᠋ᠲ᠋ᠣ᠋ ᠬᠢᠨᠠᠨ ᠬᠡᠮᠵᠢᠯᠲᠡ ᠶᠢ ᠨᠡᠶᠢᠳᠡᠮ ᠪᠦᠷᠬᠦᠭᠦᠯᠬᠦ ᠶᠢ | ᠪᠡᠶᠡᠯᠡᠭᠦᠯᠵᠦ᠂ ᠪᠠᠴᠢᠮ ᠪᠠᠶᠢᠳᠠᠯ ᠢ ᠠᠷᠭᠠᠴᠠᠭᠠᠨ ᠰᠡᠷᠭᠡᠶᠢᠯᠡᠨ ᠡᠵᠡᠮᠳᠡᠬᠦ ᠡᠮ ᠨᠠᠶᠢᠷᠠᠯᠭ᠎ᠠ ᠶᠢ ᠬᠤᠳᠠᠯᠳᠤᠨ ᠠᠪᠴᠤ᠂ | ᠰᠡᠷᠭᠡᠶᠢᠯᠡᠨ ᠡᠵᠡᠮᠳᠡᠬᠦ ᠲᠥᠬᠦᠭᠡᠷᠦᠮᠵᠢ ᠬᠤᠳᠠᠯᠳᠤᠨ ᠠᠪᠴᠤ᠂ 1160 ᠬᠤᠭᠤᠴᠠᠭ᠎ᠠ ᠡᠪᠡᠳᠴᠢᠨ ᠬᠤᠷᠣᠬᠠᠢ ᠶᠢᠨ | ᠮᠡᠳᠡᠭᠡ ᠶᠢ ᠨᠡᠶᠢᠲᠡᠯᠡᠵᠦ᠂ ᠡᠷᠲᠡ ᠰᠡᠷᠡᠮᠵᠢᠯᠡᠭᠦᠯᠵᠦ ᠡᠷᠲᠡ ᠰᠡᠷᠭᠡᠶᠢᠯᠡᠨ ᠵᠠᠰᠠᠬᠤ ᠶᠢ ᠪᠡᠶᠡᠯᠡᠭᠦᠯᠵᠦ᠂ ᠪᠥᠬᠦ ᠵᠢᠯ ᠳᠤ | ᠶᠡᠭᠡ ᠬᠡᠪᠴᠢᠶᠡᠨ ᠤ ᠡᠪᠡᠳᠴᠢᠨ ᠬᠤᠷᠣᠬᠠᠢ ᠶᠢᠨ ᠬᠥᠨᠥᠭᠡᠯ ᠡᠭᠦᠰᠦᠭᠰᠡᠨ ᠦᠭᠡᠢ᠃ ᠬᠥᠷᠥᠰᠥ ᠰᠢᠷᠣᠢ ᠶᠢᠨ | ᠴᠢᠭᠢᠭ ᠤᠨ ᠪᠠᠶᠢᠳᠠᠯ ᠢ ᠬᠢᠨᠠᠨ ᠬᠡᠮᠵᠢᠬᠦ ᠶᠢ ᠥᠷᠨᠢᠭᠦᠯᠵᠦ᠂ ᠭᠠᠮᠰᠢᠭ ᠤᠨ ᠰᠡᠷᠡᠮᠵᠢ ᠶᠢᠨ ᠳᠣᠬᠢᠶ᠎ᠠ ᠶᠢ ᠴᠠᠭ | ᠲᠤᠬᠠᠢ ᠳᠤ ᠨᠢ ᠨᠡᠶᠢᠲᠡᠯᠡᠵᠦ᠂ ᠴᠠᠭ ᠠᠭᠤᠷ ᠤᠨ ᠦᠢᠯᠡᠴᠢᠯᠡᠭᠡᠨ ᠤ ᠲᠤᠰᠬᠠᠢ ᠮᠡᠷᠭᠡᠵᠢᠯᠲᠡᠨ ᠤ ᠳᠤᠭᠤᠶᠢᠯᠠᠩ ᠢ | ᠪᠠᠶᠢᠭᠤᠯᠤᠨ᠂ ᠭᠠᠮᠰᠢᠭ ᠤᠨ ᠳᠠᠷᠠᠭ᠎ᠠ ᠨᠥᠬᠦᠵᠦ ᠳᠠᠷᠢᠬᠤ᠂ ᠮᠠᠰᠢᠨ ᠢᠶᠠᠷ ᠵᠠᠪᠳᠤᠨ ᠭᠠᠳᠠᠭᠰᠢᠯᠠᠭᠤᠯᠬᠤ ᠶᠢ | ᠵᠢᠯᠤᠭᠤᠳᠴᠤ᠂ ᠡᠪᠳᠡᠭᠳᠡᠭᠰᠡᠨ ᠲᠠᠷᠢᠶᠠᠨ ᠭᠠᠵᠠᠷ ᠢ ᠰᠡᠯᠪᠢᠨ ᠵᠠᠰᠠᠵᠤ᠂ ᠦᠢᠯᠡᠳᠪᠦᠷᠢᠯᠡᠯ ᠢᠶᠠᠨ ᠲᠦᠷᠭᠡᠬᠡᠨ | ᠰᠡᠷᠭᠦᠭᠡᠪᠡ ᠃ ᠤᠯᠤᠰ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠪᠡᠯᠡ ᠮᠥᠩᠭᠦ ᠶᠢ 6000 ᠲᠦᠮᠡᠨ | ᠲᠥᠭᠦᠷᠢᠭ ᠭᠦᠢᠴᠡᠳ ᠠᠰᠢᠭᠯᠠᠵᠤ᠂ ᠨᠡᠶᠢᠭᠡᠮᠴᠢᠯᠡᠭᠰᠡᠨ ᠦᠢᠯᠡᠴᠢᠯᠡᠭᠡᠨ ᠤ ᠲᠥᠷᠥᠯ ᠵᠦᠢᠯ ᠤᠨ ᠪᠡᠯᠡ ᠮᠥᠩᠭᠦ ᠶᠢ | ᠲᠣᠬᠢᠷᠠᠭᠤᠯᠤᠨ᠂ ᠪᠥᠬᠦ ᠣᠷᠣᠨ ᠢ ᠬᠥᠲᠥᠯᠥᠨ ᠳᠠᠭᠠᠭᠤᠯᠵᠤ ᠪᠠᠶᠢᠭᠠᠳ ᠨᠠᠪᠴᠢᠨ ᠳᠡᠭᠡᠷᠡᠬᠢ ᠪᠣᠷᠳᠣᠭᠤᠷ ᠰᠦᠷᠴᠢᠨ | ᠣᠷᠣᠭᠤᠯᠬᠤ᠂ ᠤᠷᠭᠤᠮᠠᠯ ᠤᠨ ᠤᠷᠭᠤᠯᠲᠠ ᠶᠢ ᠲᠣᠬᠢᠷᠠᠭᠤᠯᠬᠤ ᠡᠳ᠋ ᠢᠶᠠᠷ 2200 ᠭᠠᠷᠤᠢ ᠲᠦᠮᠡᠨ ᠮᠦ | ᠲᠠᠷᠢᠮᠠᠯ ᠤᠨ ᠡᠷᠲᠡ ᠪᠤᠯᠪᠠᠰᠤᠷᠠᠭᠤᠯᠪᠠ ᠃ ᠲᠠᠷᠢᠶᠠᠯᠠᠩ ᠤᠨ ᠳᠠᠭᠠᠳᠬᠠᠯ ᠤᠨ ᠵᠠᠷᠤᠳᠠᠯ ᠢ ᠭᠠᠷᠲᠠᠨ ᠭᠦᠢᠴᠡᠳᠬᠡᠬᠦ | ᠪᠠᠶᠢᠭᠤᠯᠤᠮᠵᠢ ᠶᠢᠨ ᠲᠠᠷᠢᠮᠠᠯ ᠤᠨ ᠦᠢᠯᠡᠰ ᠤᠨ ᠭᠠᠮᠰᠢᠭ ᠢ ᠰᠡᠷᠭᠡᠶᠢᠯᠡᠨ ᠬᠤᠬᠢᠷᠠᠯ ᠢ ᠪᠠᠭᠠᠰᠬᠠᠬᠤ ᠪᠡᠯᠡ ᠮᠥᠩᠭᠦ ᠶᠢ | 1335 ᠲᠦᠮᠡᠨ ᠲᠥᠭᠦᠷᠢᠭ ᠭᠠᠷᠭᠠᠬᠤ ᠶᠢ ᠵᠣᠷᠢᠭᠵᠢᠭᠤᠯᠵᠤ᠂ ᠲᠠᠷᠢᠶᠠᠯᠠᠩ ᠤᠨ ᠪᠠᠶᠢᠭᠠᠯᠢ ᠶᠢᠨ ᠭᠠᠮᠰᠢᠭ ᠢ | ᠡᠰᠡᠷᠭᠦᠴᠡᠬᠦ ᠴᠢᠳᠠᠪᠤᠷᠢ ᠪᠠ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠴᠢᠩᠭᠠᠷᠠᠭᠤᠯᠤᠭᠰᠠᠨ ᠪᠠᠶᠢᠨ᠎ᠠ ᠃ | |