ᠥᠪᠡᠷᠲᠡᠭᠡᠨ ᠵᠠᠰᠠᠬᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ ᠪᠥᠬᠦ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠤᠬᠠᠶᠢᠯᠠᠭᠰᠠᠨ ᠠᠵᠢᠯ ᠤᠨ ᠮᠡᠳᠡᠯᠭᠡ ᠶᠢᠨ ᠰᠦᠯᠵᠢᠶᠡᠨ ᠳᠡᠭᠡᠷᠡᠬᠢ ᠪᠣᠯᠪᠠᠰᠤᠷᠠᠭᠤᠯᠤᠯ  ᠦᠷᠨᠢᠭᠦᠯᠪᠡ
ᠨᠡᠶᠢᠲᠡᠯᠡᠭᠰᠡᠨ ᠴᠠᠭ᠄
2022/12/13
      2022 ᠣᠨ ᠤ 12 ᠰᠠᠷ᠎ᠠ ᠶᠢᠨ 5 ᠤ ᠡᠳᠦᠷ ︱ 9 ᠤ ᠡᠳᠦᠷ᠂ ᠥᠪᠡᠷᠲᠡᠭᠡᠨ ᠵᠠᠰᠠᠬᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ ᠠᠴᠠ ᠲᠤᠬᠠᠶᠢᠯᠠᠭᠰᠠᠨ ᠠᠵᠢᠯ ᠤᠨ ᠮᠡᠳᠡᠯᠭᠡ ᠶᠢᠨ ᠰᠦᠯᠵᠢᠶᠡᠨ ᠳᠡᠭᠡᠷᠡᠬᠢ ᠪᠣᠯᠪᠠᠰᠤᠷᠠᠭᠤᠯᠤᠯ  ᠦᠷᠨᠢᠭᠦᠯᠵᠦ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠪᠣᠬᠢᠷᠳᠤᠯ ᠦᠭᠡᠢ ᠢᠳᠡᠭᠡᠨ ᠤ ᠬᠥᠭᠵᠢᠭᠦᠯᠦᠯᠲᠡ ᠶᠢᠨ ᠲᠥᠪ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ᠂ ᠳᠤᠮᠳᠠᠳᠤ ᠤᠯᠤᠰ ᠤᠨ ᠪᠣᠬᠢᠷᠳᠤᠯ ᠦᠭᠡᠢ ᠢᠳᠡᠭᠡᠨ ᠤ ᠨᠡᠶᠢᠭᠡᠮᠯᠢᠭ ᠵᠢᠴᠢ ᠳᠤᠮᠳᠠᠳᠤ ᠶᠢᠨ ᠨᠣᠭᠤᠭᠠᠨ ᠳᠤᠮᠳᠠᠳᠤ ᠶᠢᠨ ᠣᠷᠭᠠᠨᠢᠭ ᠢᠳᠡᠭᠡᠨ ᠤ ᠭᠡᠷᠡᠴᠢᠯᠡᠯ ᠤᠨ ᠲᠥᠪ ᠵᠡᠷᠭᠡ  ᠨᠢᠭᠡᠴᠢ ᠶᠢᠨ 14 ᠲᠤᠰᠬᠠᠢ ᠮᠡᠷᠭᠡᠵᠢᠯᠲᠡᠨ ᠢ ᠲᠤᠰᠬᠠᠶᠢᠯᠠᠨ ᠤᠷᠢᠵᠤ ᠰᠦᠯᠵᠢᠶᠡᠨ ᠳᠡᠭᠡᠷ᠎ᠡ ᠬᠢᠴᠢᠶᠡᠯ ᠣᠷᠣᠭᠤᠯᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠤᠨ ᠮᠡᠳᠡᠯᠭᠡ ᠶᠢ ᠭᠦᠨᠵᠡᠭᠡᠢ ᠲᠠᠶᠢᠯᠪᠤᠷᠢᠯᠠᠪᠠ᠃ ᠥᠪᠡᠷᠲᠡᠭᠡᠨ ᠵᠠᠰᠠᠬᠤ ᠣᠷᠣᠨ ᠤ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ ᠤᠨ ᠡᠷᠬᠢᠯᠡᠭᠴᠢ ᠶᠠᠩ ᠬᠤᠩ ᠳ᠋ᠦᠩ ᠡᠬᠢᠯᠡᠯᠲᠡ ᠶᠢᠨ ᠶᠣᠰᠣᠯᠠᠯ ᠳᠤ ᠣᠷᠣᠯᠴᠠᠵᠤ ᠬᠢᠴᠢᠶᠡᠯ ᠣᠷᠣᠪᠠ᠃ ᠪᠥᠬᠦ ᠣᠷᠣᠨ ᠤ ᠡᠯ᠎ᠡ ᠱᠠᠲᠤᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ ᠤᠨ ᠠᠵᠢᠯᠲᠠᠨ ᠪᠣᠯᠪᠠᠰᠤᠷᠠᠭᠤᠯᠤᠯ ᠳᠤ ᠣᠷᠣᠯᠴᠠᠵᠤ᠂ ᠨᠡᠶᠢᠲᠡ 2500 ᠭᠠᠷᠤᠢ ᠬᠥᠮᠥᠨ ᠤᠳᠠᠭ᠎ᠠ ᠪᠣᠯᠪᠠᠰᠤᠷᠠᠭᠤᠯᠤᠯ ᠳᠤ ᠤᠷᠤᠯᠴᠠᠪᠠ ᠃
1.png
       ᠲᠣᠰ ᠤᠳᠠᠭᠠᠨ ᠤ ᠪᠣᠯᠪᠠᠰᠤᠷᠠᠭᠤᠯᠤᠯ ᠤᠨ ᠠᠭᠤᠯᠭ᠎ᠠ ᠳᠤ ᠭᠤᠣᠯᠳᠠᠭᠤ ᠶᠡᠷᠦᠩᠬᠡᠢ ᠱᠦᠵᠢ ᠰᠢ ᠶᠢᠨ ᠫᠢᠩ ᠤᠨ ︽ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠢ ᠴᠢᠬᠤᠯᠠ ᠥᠭᠦᠯᠡᠯᠲᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠥᠬᠦ ᠲᠠᠯ᠎ᠠ ᠪᠠᠷ ᠬᠡᠷᠡᠭᠵᠢᠭᠦᠯᠬᠦ ᠲᠤᠬᠠᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠲᠣᠬᠢᠷᠠᠭᠤᠯᠤᠯᠲᠠ ᠵᠡᠷᠭᠡ ᠦᠵᠡᠯ ᠰᠠᠨᠠᠭ᠎ᠠ ᠣᠨᠣᠯ ᠢ ᠰᠤᠷᠤᠯᠴᠠᠨ ᠲᠤᠭᠤᠰᠢᠯᠠᠭᠤᠯᠪᠠ ᠃ ᠪᠣᠬᠢᠷᠳᠤᠯ ᠦᠭᠡᠢ ᠣᠷᠭᠠᠨᠢᠭ ᠢᠳᠡᠭᠡᠨ᠂ ᠨᠠᠷᠠᠲᠤ ᠣᠨᠴᠠ ᠰᠢᠯᠢᠳᠡᠭ ᠰᠢᠨ᠎ᠡ ᠦᠢᠯᠡᠳᠬᠦᠨ᠂ ᠣᠨᠴᠠ ᠴᠢᠨᠠᠷ ᠪᠦᠬᠦᠢ ᠲᠠᠷᠢᠶᠠᠯᠠᠩ ᠤᠨ ᠪᠦᠲᠦᠭᠡᠭᠳᠡᠬᠦᠨ᠂ ᠪᠣᠭᠤᠳᠠᠯ ᠪᠠᠭᠯᠠᠭ᠎ᠠ ᠶᠢᠨ ᠲᠡᠮᠳᠡᠭ ᠵᠢᠴᠢ ᠪᠣᠬᠢᠷᠳᠤᠯ ᠦᠭᠡᠢ ᠦᠢᠯᠡᠳᠪᠦᠷᠢᠯᠡᠯ ᠤᠨ ᠬᠥᠷᠥᠩᠭᠡ ᠶᠢᠨ ᠭᠤᠣᠯ ᠠᠵᠢᠯ ᠡᠭᠦᠷᠭᠡ᠂ ᠬᠠᠮᠤᠭ ᠤᠨ ᠰᠢᠨ᠎ᠡ ᠲᠥᠷᠥ ᠶᠢᠨ ᠪᠣᠳᠣᠯᠭ᠎ᠠ ᠶᠢᠨ ᠲᠠᠶᠢᠯᠤᠮᠵᠢ᠂ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠪᠠᠨ ᠭᠦᠢᠴᠡᠳᠬᠡᠬᠦ ᠳᠤᠮᠳᠠᠬᠢ ᠠᠵᠢᠯ ᠤᠨ ᠵᠢᠷᠤᠮᠵᠢᠯ ᠵᠡᠷᠭᠡ ᠲᠤᠬᠠᠶᠢᠯᠠᠭᠰᠠᠨ ᠠᠵᠢᠯ ᠤᠨ ᠮᠡᠳᠡᠯᠭᠡ ᠶᠢ ᠠᠮᠢᠳᠤᠯᠢᠭ ᠢᠶᠠᠷ ᠲᠠᠶᠢᠯᠪᠤᠷᠢᠯᠠᠪᠠ᠃ ᠡᠭᠦᠨ ᠳᠤ ᠳᠤᠮᠳᠠᠳᠤ ᠤᠯᠤᠰ ᠤᠨ ᠪᠣᠬᠢᠷᠳᠤᠯ ᠦᠭᠡᠢ ᠢᠳᠡᠭᠡᠨ ᠤ ᠬᠦᠭᠵᠢᠭᠦᠯᠦᠯᠲᠡ ᠶᠢᠨ ᠲᠥᠪ ᠤᠨ ᠶᠡᠷᠦᠩᠬᠡᠢ ᠢᠨᠵᠧᠨᠧᠷ ᠵᠠᠩ ᡁᠢ ᠬᠤᠸᠠ ᠭᠡᠷᠡᠴᠢᠯᠡᠯ ᠤᠨ ᠲᠥᠪ ᠠᠴᠠ ᠠᠵᠢᠯ ᠲᠥᠷᠥᠯ ᠤᠨ ᠬᠥᠲᠥᠯᠥᠨ ᠳᠠᠭᠠᠭᠤᠯᠬᠤ ᠲᠥᠪ᠂ ᠮᠡᠷᠭᠡᠵᠢᠯ ᠤᠨ ᠲᠤᠯᠭᠠᠭᠤᠷᠢᠯᠠᠯ ᠤᠨ ᠲᠥᠪ ᠪᠠ ᠠᠵᠤ ᠦᠢᠯᠡᠰ ᠤᠨ ᠬᠦᠭᠵᠢᠭᠦᠯᠦᠯᠲᠡ ᠶᠢᠨ ᠲᠥᠪ ᠲᠡᠶᠢᠰᠢ ᠬᠡᠯᠪᠡᠷᠢ ᠪᠠᠨ ᠬᠤᠪᠢᠷᠠᠭᠤᠯᠬᠤ ᠪᠣᠳᠠᠲᠠᠢ ᠱᠠᠭᠠᠷᠳᠠᠯᠭ᠎ᠠ ᠪᠠ ᠠᠷᠭ᠎ᠠ ᠬᠢᠳᠡᠯ ᠢ ᠲᠣᠳᠣᠷᠬᠠᠶᠢᠯᠠᠨ ᠥᠭᠦᠯᠡᠪᠡ᠃ ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ ᠤᠨ ᠡᠷᠬᠢᠯᠡᠭᠴᠢ ᠶᠠᠩ ᠬᠤᠩ ᠳ᠋ᠦᠩ ᠣᠶᠢᠷ᠎ᠠ ᠶᠢᠨ ᠵᠢᠯ ᠤᠨ ᠲᠤᠷᠰᠢᠬᠢ ᠥᠪᠥᠷ ᠮᠣᠩᠭᠤᠯ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠠᠵᠢᠯ ᠤᠨ ᠪᠠᠶᠢᠳᠠᠯ ᠳᠤ ᠰᠢᠰᠲ᠋ᠧᠮ ᠲᠠᠢ ᠵᠠᠳᠠᠯᠤᠯᠲᠠ ᠬᠢᠵᠦ᠂ ᠲᠠᠷᠠᠭᠠᠴᠢ ᠶᠢᠨ ᠠᠯᠬᠤᠮ ᠤᠨ ᠠᠵᠢᠯ ᠤᠨ ᠰᠡᠳᠬᠢᠴᠡ ᠪᠠ ᠪᠣᠳᠠᠲᠠᠢ ᠨᠠᠶᠢᠳᠠᠪᠤᠷᠢᠵᠢᠭᠤᠯᠤᠯᠲᠠ ᠳᠤ ᠪᠠᠶᠢᠷᠢᠯᠠᠭᠤᠯᠤᠯᠲᠠ ᠲᠣᠬᠢᠷᠠᠭᠤᠯᠤᠯᠲᠠ ᠬᠢᠪᠡ᠃
2.png
       ᠲᠣᠰ ᠤᠳᠠᠭᠠᠨ ᠤ ᠪᠣᠯᠪᠠᠰᠤᠷᠠᠭᠤᠯᠤᠯ ᠪᠣᠯ ᠥᠪᠡᠷᠲᠡᠭᠡᠨ ᠵᠠᠰᠠᠬᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ ᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠲᠠᠷᠢᠶᠠᠯᠠᠩ ᠤᠨ ᠣᠳᠣᠬᠢᠴᠢᠯᠠᠯᠲᠠ ᠶᠢᠨ ᠬᠠᠷᠠᠯᠲᠠ ᠶᠢ ᠪᠡᠶᠡᠯᠡᠭᠦᠯᠬᠦ ᠶᠢ ᠲᠦᠯᠬᠢᠨ ᠠᠬᠢᠭᠤᠯᠬᠤ᠂ ᠥᠪᠥᠷ ᠮᠣᠩᠭᠤᠯ ᠢ ᠪᠥᠬᠦ ᠤᠯᠤᠰ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠴᠢᠬᠤᠯᠠ ᠰᠠᠭᠤᠷᠢᠨ ᠭᠠᠵᠠᠷ ᠪᠣᠯᠭᠠᠨ ᠪᠦᠲᠦᠭᠡᠨ ᠪᠠᠶᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ ᠃ ᠰᠤᠷᠤᠯᠴᠠᠯᠭ᠎ᠠ ᠪᠠᠷ ᠲᠠᠮᠵᠢᠨ ᠂ ᠥᠷᠭᠡᠨ ᠤᠯᠠᠨ ᠰᠤᠷᠤᠭᠴᠢᠳ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠᠨ ᠤ ᠲᠤᠬᠠᠢ ᠣᠶᠢᠯᠠᠭᠠᠯᠲᠠ ᠪᠠᠨ ᠭᠦᠨᠵᠡᠭᠡᠶᠢᠷᠡᠭᠦᠯᠵᠦ ᠂ ᠤᠨᠤᠯ ᠤᠨ ᠲᠦᠪᠰᠢᠨ ᠢᠶᠠᠨ ᠳᠡᠭᠡᠭᠰᠢᠯᠡᠭᠦᠯᠵᠦ ᠂ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠨ ᠨᠡᠮᠡᠭᠳᠡᠭᠦᠯᠪᠡ ᠂ ᠬᠤᠶᠢᠰᠢᠳᠠ ᠨᠡᠩ ᠣᠷᠭᠢᠯᠤᠮ᠎ᠠ ᠬᠠᠯᠠᠭᠤᠨ ᠰᠡᠳᠬᠢᠯᠭᠡ ᠪᠠᠷ ᠠᠵᠢᠯ ᠳᠤ ᠪᠠᠨ ᠣᠷᠣᠯᠴᠠᠵᠤ ᠂ ᠪᠦᠬᠦ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠵᠤ ᠂ ᠥᠪᠡᠷᠲᠡᠭᠡᠨ ᠵᠠᠰᠠᠬᠤ ᠣᠷᠣᠨ ᠤ ᠮᠠᠯ ᠠᠵᠤ ᠠᠬᠤᠢ ᠲᠠᠷᠢᠶᠠᠯᠠᠩ ᠤᠨ ᠪᠣᠬᠢᠷᠳᠤᠯ ᠦᠭᠡᠢ ᠴᠢᠨᠠᠷ ᠰᠠᠶᠢᠲᠠᠢ ᠬᠥᠭᠵᠢᠯᠲᠡ ᠶᠢ ᠬᠠᠮᠠᠭᠠᠯᠠᠬᠤ ᠪᠣᠯᠣᠨ᠎ᠠ ᠃ 
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号