ᠡᠯ᠎ᠡ ᠠᠶᠢᠮᠠᠭ ᠬᠤᠲᠠ ᠶᠢᠨ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ | ᠤᠳᠤᠷᠢᠳᠬᠤ ᠳᠤᠭᠤᠶᠢᠯᠠᠩ ᠤᠨ ᠠᠯᠪᠠᠨ ᠭᠡᠷ᠂ ᠬᠤᠯᠪᠣᠭᠳᠠᠯ ᠪᠦᠬᠦᠢ ᠨᠢᠭᠡᠴᠢ ᠳᠤ᠄ | ︽ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢ | ᠥᠷᠨᠢᠭᠦᠯᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠮᠡᠳᠡᠭᠳᠡᠯ︾ ︵ᠲᠥᠷᠥ ᠲᠠᠷᠬᠠᠭᠠᠭᠰᠠᠨ ﹇ 2022﹈ | 4 ᠳ᠋ᠦ᠋ᠭᠡᠷ ᠲᠣᠭᠠᠲᠤ︶ ᠪᠣᠯᠣᠨ ᠲᠥᠷᠥ ᠶᠢᠨ ᠶᠠᠪᠤᠳᠠᠯ ᠤᠨ ᠬᠤᠷᠢᠶᠠᠨ ᠤ ᠭᠤᠷᠪᠠᠳᠤᠭᠠᠷ ᠤᠳᠠᠭᠠᠨ ᠤ ᠪᠦᠬᠦ | ᠤᠯᠤᠰ ᠤᠨ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ | ᠭᠡᠷ ᠤᠨ ᠳᠠᠷᠤᠮᠠᠯᠯᠠᠨ ᠲᠠᠷᠬᠠᠭᠠᠭᠰᠠᠨ ︽ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠬᠥᠷᠥᠰᠥ ᠰᠢᠷᠣᠢ ᠶᠢᠨ | ᠨᠡᠶᠢᠳᠡᠮ ᠤᠨ ᠪᠠᠶᠢᠴᠠᠭᠠᠯᠲᠠ ᠶᠢᠨ ᠠᠵᠢᠯ ᠤᠨ ᠲᠥᠰᠥᠯ︾ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠣᠷᠣᠨ ᠤ ᠭᠤᠷᠪᠠᠳᠤᠭᠠᠷ ᠤᠳᠠᠭᠠᠨ ᠤ ᠪᠥᠬᠦ ᠤᠯᠤᠰ ᠤᠨ | ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ | ᠮᠡᠷᠭᠡᠵᠢᠯ ᠤᠨ ᠵᠢᠯᠣᠭᠤᠳᠤᠯᠭ᠎ᠠ ᠶᠢᠨ ᠲᠤᠰᠬᠠᠢ ᠮᠡᠷᠭᠡᠵᠢᠯᠲᠡᠨ ᠤ ᠪᠦᠯᠬᠦᠮ ᠨᠡᠶᠢᠲᠡ ᠶᠢᠨ ᠬᠦᠴᠦᠨ ᠢ ᠴᠢᠩᠭᠠᠷᠠᠭᠤᠯᠤᠨ᠂ | ᠮᠡᠷᠭᠡᠵᠢᠯ ᠤᠨ ᠪᠠᠲᠤᠯᠠᠭ᠎ᠠ ᠶᠢ ᠴᠢᠩᠭᠠᠳᠬᠠᠬᠤ ᠶᠢᠨ ᠲᠦᠯᠦᠭᠡ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠤᠳᠤᠷᠢᠳᠬᠤ | ᠳᠤᠭᠤᠶᠢᠯᠠᠩ ᠤᠨ ᠠᠯᠪᠠᠨ ᠭᠡᠷ ︵ᠳᠣᠷᠣᠭᠰᠢ ︽ᠭᠤᠷᠪᠠᠳᠤᠭᠠᠷ ᠤᠳᠠᠭᠠᠨ ᠤ ᠨᠡᠶᠢᠳᠡᠮ ᠪᠠᠶᠢᠴᠠᠭᠠᠯᠲᠠ ᠶᠢᠨ ᠠᠯᠪᠠᠨ | ᠭᠡᠷ︾ ᠭᠡᠵᠦ ᠲᠣᠪᠴᠢᠯᠠᠨ᠎ᠠ︶ ᠨᠢ ᠪᠥᠬᠦ ᠣᠷᠣᠨ ᠤ ᠬᠡᠪᠴᠢᠶᠡᠨ ᠳᠤ ᠲᠤᠰᠬᠠᠢ ᠮᠡᠷᠭᠡᠵᠢᠯᠲᠡᠨ ᠡᠯᠰᠡᠵᠦ ᠰᠢᠯᠢᠨ | ᠰᠣᠩᠭᠤᠬᠤ ᠶᠢ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭᠠᠨ ᠤ ᠪᠥᠬᠦ ᠤᠯᠤᠰ ᠤᠨ | ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠲᠤᠰᠬᠠᠢ ᠮᠡᠷᠭᠡᠵᠢᠯᠲᠡᠨ ᠤ ᠬᠥᠮᠥᠷᠭᠡ ᠶᠢ ᠪᠠᠶᠢᠭᠤᠯᠬᠤ | ᠪᠠᠷ ᠪᠠᠶᠢᠨ᠎ᠠ ᠃ ᠡᠳᠦᠭᠡ ᠬᠤᠯᠪᠣᠭᠳᠠᠯ ᠪᠦᠬᠦᠢ ᠵᠦᠢᠯ ᠢ ᠳᠣᠣᠷᠠᠬᠢ ᠮᠡᠲᠦ ᠮᠡᠳᠡᠭᠳᠡᠪᠡ᠄ | ᠨᠢᠭᠡ ᠂ ᠰᠣᠩᠭᠤᠨ ᠭᠠᠷᠭᠠᠬᠤ ᠨᠥᠬᠦᠴᠡᠯ | 1.ᠨᠠᠮ ᠤᠨ ᠤᠳᠤᠷᠢᠳᠤᠯᠭ᠎ᠠ ᠶᠢ ᠬᠦᠷᠢᠶᠡᠯᠡᠵᠦ ᠂ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠢ | ᠵᠢᠷᠤᠮᠯᠠᠨ ᠰᠠᠬᠢᠵᠤ ᠂ ᠰᠠᠶᠢᠨ ᠰᠠᠶᠢᠬᠠᠨ ᠠᠵᠢᠯ ᠮᠡᠷᠭᠡᠵᠢᠯ ᠤᠨ ᠶᠣᠰᠣ ᠮᠣᠷᠠᠯ ᠲᠠᠢ ᠪᠠᠶᠢᠵᠤ ᠂ ᠵᠠᠷᠴᠢᠮ ᠢ ᠪᠠᠷᠢᠮᠲᠠᠯᠠᠨ ᠂ | ᠠᠵᠢᠯ ᠶᠠᠪᠤᠳᠠᠯ ᠰᠢᠢᠳᠪᠦᠷᠢᠯᠡᠬᠦ ᠳᠤ ᠪᠠᠨ ᠲᠥᠪ ᠭᠤᠣᠯᠴᠢ ᠂ ᠬᠠᠷᠢᠭᠤᠴᠠᠯᠭᠠᠲᠤ ᠰᠡᠳᠬᠢᠯᠭᠡ ᠪᠠᠷ ᠴᠢᠩᠭ᠎ᠠ ᠂ | ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠬᠡᠷᠡᠭᠲᠡᠢ ᠃ | 2.ᠡᠯᠪᠡᠭ ᠪᠠᠶᠠᠯᠢᠭ ᠬᠥᠷᠥᠰᠥ ᠰᠢᠷᠣᠢ ᠶᠢᠨ ᠰᠤᠳᠤᠯᠤᠯ ᠪᠠ ᠬᠥᠷᠥᠰᠥ ᠰᠢᠷᠣᠢ ᠶᠢᠨ ᠨᠡᠶᠢᠳᠡᠮ ᠤᠨ | ᠪᠠᠶᠢᠴᠠᠭᠠᠯᠲᠠ ᠶᠢᠨ ᠬᠠᠮᠢᠶ᠎ᠠ ᠪᠦᠬᠦᠢ ᠲᠤᠰᠬᠠᠢ ᠮᠡᠷᠭᠡᠵᠢᠯ ᠤᠨ ᠮᠡᠳᠡᠯᠭᠡ ᠂ ᠦᠢᠯᠡᠳᠦᠯᠭᠡ ᠶᠢᠨ ᠲᠤᠷᠰᠢᠯᠭ᠎ᠠ | ︵ᠵᠢᠱᠢᠶᠡᠯᠡᠪᠡᠯ ᠬᠥᠷᠥᠰᠥ ᠰᠢᠷᠣᠢ ᠶᠢᠨ ᠡᠬᠢ ᠪᠠᠶᠠᠯᠢᠭ ᠂ ᠬᠥᠷᠥᠰᠥ ᠰᠢᠷᠣᠢ ᠶᠢᠨ ᠭᠠᠵᠠᠷ ᠵᠦᠢ ᠂ ᠬᠥᠷᠥᠰᠥ | ᠰᠢᠷᠣᠢ ᠶᠢᠨ ᠡᠭᠦᠰᠦᠯᠲᠡ ᠶᠢᠨ ᠠᠩᠭᠢᠯᠠᠯ ᠂ ᠬᠥᠷᠥᠰᠥ ᠰᠢᠷᠣᠢ ᠶᠢᠨ ᠠᠯᠤᠰ ᠰᠡᠷᠡᠯᠲᠡ ᠂ ᠬᠥᠷᠥᠰᠥ ᠰᠢᠷᠣᠢ ᠶᠢᠨ | ᠵᠠᠳᠠᠯᠤᠯᠲᠠ ᠬᠡᠮᠵᠢᠯᠲᠡ ᠂ ᠬᠥᠷᠥᠰᠥ ᠰᠢᠷᠣᠢ ᠶᠢᠨ ᠮᠡᠳᠡᠭᠡ ᠵᠠᠩᠭᠢ ᠶᠢᠨ ᠮᠡᠷᠭᠡᠵᠢᠯ ᠂ ᠬᠥᠷᠥᠰᠥ ᠰᠢᠷᠣᠢ ᠶᠢᠨ ᠶᠠᠰᠤ | ᠴᠢᠨᠠᠷ ᠂ ᠲᠠᠷᠢᠶᠠᠯᠠᠩ ᠤᠨ ᠡᠬᠢ ᠪᠠᠶᠠᠯᠢᠭ ᠬᠢᠭᠡᠳ ᠣᠷᠴᠢᠨ ᠲᠣᠭᠤᠷᠢᠨ ᠂ ᠲᠠᠷᠢᠶᠠᠯᠠᠩ ᠤᠨ ᠡᠬᠢ ᠪᠠᠶᠠᠯᠢᠭ ᠤᠨ | ᠠᠰᠢᠭᠯᠠᠯᠲᠠ ᠵᠡᠷᠭᠡ ︶ ᠲᠠᠢ ᠪᠠᠶᠢᠬᠤ ᠬᠡᠷᠡᠭᠲᠡᠢ᠃ ᠵᠠᠷᠴᠢᠮ ᠳᠡᠭᠡᠷ᠎ᠡ ᠪᠠᠨ ᠳᠡᠭᠡᠳᠦ ᠵᠡᠷᠭᠡ ᠶᠢᠨ ᠲᠤᠰᠬᠠᠢ | ᠮᠡᠷᠭᠡᠵᠢᠯ ᠤᠨ ᠴᠣᠯᠠ ᠲᠠᠢ ᠪᠠᠶᠢᠵᠤ᠂ ᠣᠨᠴᠠᠭᠠᠶ ᠰᠢᠯᠢᠳᠡᠭ ᠪᠤᠯ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ | ᠴᠣᠯᠠ ︵ᠠᠯᠪᠠᠲᠠᠨ ᠪᠤᠰᠤ︶ ᠬᠦᠷᠲᠡᠯ᠎ᠡ ᠠᠭᠤᠵᠢᠭᠤ ᠲᠠᠯᠪᠢᠵᠤ ᠪᠣᠯᠣᠨ᠎ᠠ᠃ ᠪᠥᠬᠦ ᠤᠯᠤᠰ ᠤᠨ ᠬᠤᠶᠠᠳᠤᠭᠠᠷ | ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠠᠵᠢᠯ ᠤᠨ ᠥᠩᠭᠡᠷᠡᠯᠲᠡ ᠲᠠᠢ ᠬᠦᠮᠦᠨ ᠤ | ᠤᠷᠢᠳ ᠢᠶᠠᠷ ᠰᠤᠩᠭᠤᠨ᠎ᠠ᠃ | 3. ᠪᠡᠶ᠎ᠡ ᠮᠠᠬᠠᠪᠤᠳ ᠡᠷᠡᠭᠦᠯ ᠴᠢᠭᠢᠷᠠᠭ᠂ ᠰᠠᠶᠢᠨ ᠳᠤᠷ᠎ᠠ ᠠᠴᠠ ᠪᠠᠨ ᠣᠷᠣᠯᠴᠠᠵᠤ᠂ ᠱᠠᠭᠠᠷᠳᠠᠯᠭ᠎ᠠ ᠶᠣᠰᠣᠭᠠᠷ | ᠬᠠᠮᠢᠶ᠎ᠠ ᠪᠦᠬᠦᠢ ᠮᠡᠷᠭᠡᠵᠢᠯ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠭᠦᠢᠴᠡᠳᠭᠡᠬᠦ ᠬᠡᠷᠡᠭᠲᠡᠢ ᠃ | ᠬᠤᠶᠠᠷ ᠂ ᠲᠤᠰᠬᠠᠢ ᠮᠡᠷᠭᠡᠵᠢᠯᠲᠡᠨ ᠤ ᠡᠭᠦᠷᠭᠡ ᠬᠠᠷᠢᠭᠤᠴᠠᠯᠭ᠎ᠠ | 1.ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭᠠᠨ ᠤ ᠪᠥᠬᠦ ᠤᠯᠤᠰ ᠤᠨ | ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠬᠠᠮᠢᠶ᠎ᠠ ᠪᠦᠬᠦᠢ ᠮᠡᠷᠭᠡᠵᠢᠯ ᠤᠨ ᠲᠥᠰᠥᠯ ᠪᠠ ᠳᠦᠷᠢᠮ | ᠲᠣᠭᠲᠠᠭᠠᠯ ᠢ ᠲᠣᠭᠲᠠᠭᠠᠬᠤ᠂ ᠬᠢᠨᠠᠨ ᠬᠠᠷᠭᠤᠭᠤᠯᠬᠤ ᠳᠤ ᠣᠷᠣᠯᠴᠠᠨ᠎ᠠ᠃ | 2. ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠬᠡᠭᠡᠷ᠎ᠡ ᠶᠢᠨ ᠠᠵᠢᠯ ᠤᠨ ᠳᠤᠮᠳᠠᠬᠢ | ᠣᠭᠲᠣᠯᠣᠭᠠᠰᠤ ᠶᠢ ᠮᠠᠯᠲᠠᠬᠤ ᠪᠠ ᠳᠦᠷᠰᠦᠯᠡᠨ ᠲᠣᠭᠠᠴᠢᠬᠤ ᠂ ᠬᠥᠷᠥᠰᠥ ᠰᠢᠷᠣᠢ ᠶᠢᠨ ᠰᠢᠨᠵᠢ ᠪᠠᠶᠢᠳᠠᠯ ᠂ ᠤᠢ ᠶᠢᠨ | ᠣᠷᠴᠢᠨ ᠤ ᠨᠥᠬᠦᠴᠡᠯ ᠂ ᠠᠰᠢᠭᠯᠠᠭᠰᠠᠨ ᠪᠠᠶᠢᠳᠠᠯ ᠤᠨ ᠪᠠᠶᠢᠴᠠᠭᠠᠯᠲᠠ ᠂ ᠦᠡᠭᠭᠡᠨ ᠳᠠᠪᠬᠤᠷᠭ᠎ᠠ ᠶᠢᠨ ᠥᠯᠢᠭᠡᠷ ᠡᠳ᠋᠂ | ᠣᠭᠲᠣᠯᠣᠭᠠᠰᠤ ᠶᠢᠨ ᠥᠯᠢᠭᠡᠷ ᠡᠳ᠋ ᠵᠡᠷᠭᠡ ᠬᠥᠷᠥᠰᠥ ᠰᠢᠷᠣᠢ ᠶᠢᠨ ᠥᠯᠢᠭᠡᠷ ᠡᠳ᠋ ᠢ ᠴᠤᠭᠯᠠᠭᠤᠯᠬᠤ ᠂ ᠬᠥᠷᠥᠰᠥ | ᠰᠢᠷᠣᠢ ᠶᠢᠨ ᠵᠢᠷᠤᠭ ᠢ ᠬᠡᠭᠡᠷ᠎ᠡ ᠶᠢᠨ ᠵᠢᠷᠤᠭ ᠵᠢᠷᠤᠬᠤ ᠂ ᠬᠥᠷᠥᠰᠥ ᠰᠢᠷᠣᠢ ᠶᠢᠨ ᠵᠢᠷᠤᠭ ᠵᠢᠷᠤᠬᠤ ᠵᠡᠷᠭᠡ ᠡᠯ᠎ᠡ | ᠭᠤᠭᠴᠤᠭ᠎ᠠ ᠶᠢᠨ ᠠᠵᠢᠯᠯᠠᠬᠤ ᠶᠠᠪᠤᠴᠠ ᠳᠠᠬᠢ ᠮᠡᠷᠭᠡᠵᠢᠯ ᠤᠨ ᠵᠢᠯᠣᠭᠤᠳᠤᠯᠭ᠎ᠠ ᠂ ᠮᠡᠷᠭᠡᠵᠢᠯ ᠤᠨ ᠪᠣᠯᠪᠠᠰᠤᠷᠠᠭᠤᠯᠤᠯ | ᠪᠣᠯᠣᠨ ᠬᠢᠨᠠᠨ ᠬᠠᠷᠭᠤᠭᠤᠯᠬᠤ ᠪᠣᠭᠤᠮᠲᠠ ᠶᠢ ᠠᠳᠬᠤᠬᠤ ᠳᠤ ᠣᠷᠣᠯᠴᠠᠨ᠎ᠠ ᠃ | 3. ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠳᠣᠲᠣᠭᠠᠳᠤ ᠠᠵᠢᠯ ᠤᠨ ᠰᠣᠷᠢᠯᠲᠠ ᠶᠢᠨ | ᠠᠵᠢᠯ ᠤᠨ ᠳᠤᠮᠳᠠᠬᠢ ᠲᠤᠷᠰᠢᠯᠲᠠ ᠶᠢᠨ ᠲᠠᠰᠤᠭ ᠢ ᠰᠢᠭᠰᠢᠨ ᠰᠣᠩᠭᠤᠬᠤ᠂ ᠨᠤᠲᠠᠯᠠᠬᠤ ᠪᠠ ᠬᠠᠮᠢᠶᠠᠷᠬᠤ᠂ ᠥᠯᠢᠭᠡᠷ | ᠡᠳ᠋ ᠦᠶᠯᠡᠳᠬᠦ᠂ ᠬᠠᠳᠠᠭᠠᠯᠠᠬᠤ᠂ ᠡᠷᠭᠢᠯᠳᠦᠭᠦᠯᠬᠦ ᠪᠠ ᠪᠠᠶᠢᠴᠠᠭᠠᠨ ᠰᠢᠯᠭᠠᠬᠤ ᠵᠢᠴᠢ ᠪᠥᠬᠦ ᠶᠠᠪᠤᠴᠠ ᠶᠢᠨ ᠶᠠᠰᠤ | ᠴᠢᠨᠠᠷ ᠢ ᠡᠵᠡᠮᠳᠡᠬᠦ ᠵᠡᠷᠭᠡ ᠡᠯ᠎ᠡ ᠭᠤᠭᠴᠤᠭ᠎ᠠ ᠶᠢᠨ ᠠᠵᠢᠯᠯᠠᠭᠠᠨ ᠤ ᠶᠠᠪᠤᠴᠠ ᠳᠠᠬᠢ ᠮᠡᠷᠭᠡᠵᠢᠯ ᠤᠨ ᠵᠢᠯᠣᠭᠤᠳᠤᠯᠭ᠎ᠠ᠂ | ᠮᠡᠷᠭᠡᠵᠢᠯ ᠤᠨ ᠪᠣᠯᠪᠠᠰᠤᠷᠠᠭᠤᠯᠤᠯ ᠪᠠ ᠬᠢᠨᠠᠨ ᠬᠠᠷᠭᠤᠭᠤᠯᠵᠤ ᠪᠣᠭᠤᠮᠲᠠ ᠰᠠᠬᠢᠬᠤ ᠳᠤ ᠣᠷᠣᠯᠴᠠᠨ᠎ᠠ᠃ | 4. ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠬᠢᠨᠠᠨ ᠬᠠᠷᠭᠤᠭᠤᠯᠬᠤ᠂ | ᠲᠤᠭ᠎ᠠ ᠪᠠᠷᠢᠮᠲᠠ ᠶᠢ ᠵᠠᠳᠠᠯᠬᠤ᠂ ᠦᠷ᠎ᠡ ᠪᠦᠲᠦᠭᠡᠯ ᠢ ᠬᠤᠷᠢᠶᠠᠩᠭᠤᠶᠢᠯᠠᠬᠤ᠂ ᠬᠥᠷᠥᠰᠥ ᠰᠢᠷᠣᠢ ᠶᠢᠨ ᠨᠡᠶᠢᠳᠡᠮ ᠤᠨ | ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠬᠥᠮᠥᠷᠭᠡ ᠶᠢ ᠪᠠᠶᠢᠭᠤᠯᠬᠤ ᠵᠡᠷᠭᠡ ᠡᠯ᠎ᠡ ᠭᠤᠭᠴᠤᠭ᠎ᠠ ᠶᠢᠨ ᠠᠵᠢᠯᠯᠠᠭᠠᠨ ᠤ | ᠶᠠᠪᠤᠴᠠ ᠶᠢᠨ ᠮᠡᠷᠭᠡᠵᠢᠯ ᠤᠨ ᠵᠢᠯᠣᠭᠤᠳᠤᠯᠭ᠎ᠠ᠂ ᠮᠡᠷᠭᠡᠵᠢᠯ ᠤᠨ ᠪᠣᠯᠪᠠᠰᠤᠷᠠᠭᠤᠯᠤᠯ ᠪᠠ ᠬᠢᠨᠠᠨ ᠬᠠᠷᠭᠤᠭᠤᠯᠬᠤ | ᠪᠣᠭᠤᠮᠲᠠ ᠶᠢ ᠠᠳᠬᠤᠬᠤ ᠳᠤ ᠣᠷᠣᠯᠴᠠᠨ᠎ᠠ᠃ | 5. ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠥᠯᠢᠭᠡᠷ ᠡᠳ᠋ ᠤᠨ ᠬᠥᠮᠥᠷᠭᠡ ᠶᠢᠨ | ᠪᠠᠶᠢᠭᠤᠯᠤᠯᠲᠠ ᠶᠢᠨ ᠡᠯ᠎ᠡ ᠵᠠᠩᠭᠢᠯᠠᠭ᠎ᠠ ᠶᠢᠨ ᠠᠵᠢᠯᠯᠠᠭᠠᠨ ᠤ ᠶᠠᠪᠤᠴᠠ ᠳᠠᠬᠢ ᠮᠡᠷᠭᠡᠵᠢᠯ ᠤᠨ ᠵᠢᠯᠣᠭᠤᠳᠤᠯᠭ᠎ᠠ᠂ | ᠮᠡᠷᠭᠡᠵᠢᠯ ᠤᠨ ᠪᠣᠯᠪᠠᠰᠤᠷᠠᠭᠤᠯᠤᠯ ᠪᠠ ᠬᠢᠨᠠᠨ ᠬᠠᠷᠭᠤᠭᠤᠯᠬᠤ ᠪᠣᠭᠤᠮᠲᠠ ᠶᠢ ᠠᠳᠬᠤᠬᠤ ᠳᠤ ᠣᠷᠣᠯᠴᠠᠨ᠎ᠠ᠃ | 6. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭᠠᠨ ᠤ ᠬᠥᠷᠥᠰᠥ | ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠵᠢᠴᠢ ᠲᠡᠭᠦᠨ ᠤ ᠠᠯᠪᠠᠨ ᠭᠡᠷ ᠤᠨ | ᠵᠣᠬᠢᠶᠠᠨ ᠪᠠᠶᠢᠭᠤᠯᠤᠭᠰᠠᠨ ᠪᠠᠶᠢᠴᠠᠭᠠᠨ ᠰᠤᠳᠤᠯᠬᠤ᠂ ᠱᠠᠯᠠᠪᠳᠠᠭᠤᠯᠣᠨ ᠪᠠᠶᠢᠴᠠᠭᠠᠬᠤ᠂ ᠦᠷ᠎ᠡ ᠪᠦᠲᠦᠮᠵᠢ ᠶᠢ | ᠦᠨᠡᠯᠡᠬᠦ ᠵᠡᠷᠭᠡ ᠠᠵᠢᠯ ᠳᠤ ᠣᠷᠣᠯᠴᠠᠨ᠎ᠠ᠃ | 7. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭᠠᠨ ᠤ ᠬᠥᠷᠥᠰᠥ | ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠵᠢᠴᠢ ᠲᠡᠭᠦᠨ ᠤ ᠠᠯᠪᠠᠨ ᠭᠡᠷ ᠤᠨ | ᠲᠤᠰᠢᠶᠠᠭᠰᠠᠨ ᠪᠤᠰᠤᠳ ᠠᠵᠢᠯ ᠢ ᠡᠭᠦᠷᠭᠡᠯᠡᠨ᠎ᠡ᠃ | ᠭᠤᠷᠪᠠ᠂ ᠲᠤᠰᠬᠠᠢ ᠮᠡᠷᠭᠡᠵᠢᠯᠲᠡᠨ ᠢ ᠰᠤᠩᠭᠤᠬᠤ ᠪᠠ ᠤᠷᠢᠨ ᠬᠡᠷᠡᠭᠯᠡᠬᠦ ᠶᠢᠨ ᠬᠠᠮᠢᠶᠠᠷᠤᠯᠲᠠ | ︵ᠨᠢᠭᠡ︶ ᠰᠤᠩᠭᠤᠬᠤ ᠶᠠᠪᠤᠴᠠ | ︽ᠰᠠᠶᠢᠨ ᠳᠤᠷ᠎ᠠ ᠠᠴᠠ ᠪᠠᠨ ᠨᠡᠷ᠎ᠡ ᠮᠡᠳᠡᠭᠦᠯᠬᠦ᠂ ᠨᠢᠭᠡᠴᠢ ᠠᠴᠠ ᠲᠠᠨᠢᠯᠴᠠᠭᠤᠯᠬᠤ᠂ ᠲᠤᠰᠬᠠᠢ | ᠮᠡᠷᠭᠡᠵᠢᠯᠲᠡᠨ ᠠᠴᠠ ᠬᠢᠨᠠᠨ ᠲᠣᠭᠲᠠᠭᠠᠬᠤ᠂ ᠢᠯᠡ ᠪᠠᠷ ᠤᠷᠢᠨ ᠬᠡᠷᠡᠭᠯᠡᠬᠦ︾ ᠴᠤᠪᠤᠷᠠᠯ ᠶᠣᠰᠣᠭᠠᠷ ᠰᠢᠯᠢᠨ | ᠰᠣᠩᠭᠤᠬᠤ ᠠᠵᠢᠯ ᠢ ᠥᠷᠨᠢᠭᠦᠯᠦᠨ᠎ᠡ᠃ | 1.ᠲᠤᠰ ᠬᠥᠮᠥᠨ ᠨᠢ ᠰᠠᠶᠢᠨ ᠳᠤᠷ᠎ᠠ ᠠᠴᠠ ᠪᠠᠨ ᠪᠥᠭᠡᠳ ︽ ᠥᠪᠡᠷᠲᠡᠭᠡᠨ ᠵᠠᠰᠠᠬᠤ ᠣᠷᠣᠨ ᠤ | ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠲᠤᠰᠬᠠᠢ | ᠮᠡᠷᠭᠡᠵᠢᠯᠲᠡᠨ ᠤ ᠬᠢᠷᠢ ᠬᠡᠮ ᠤᠨ ᠭᠤᠶᠤᠴᠢᠯᠠᠯ ᠤᠨ ᠬᠦᠰᠦᠨᠦᠭᠲᠦ ︾ ᠶᠢ ᠲᠠᠭᠯᠠᠵᠤ ᠂ ᠨᠢᠭᠡᠴᠢ ᠳᠤ ᠪᠠᠨ ᠮᠡᠳᠡᠭᠦᠯᠵᠦ | ᠬᠢᠨᠠᠭᠤᠯᠤᠨ᠎ᠠ ᠃ ᠨᠢᠭᠡᠴᠢ ᠠᠴᠠ ᠬᠢᠨᠠᠨ ᠬᠠᠷᠭᠤᠭᠤᠯᠵᠤ ᠵᠥᠪᠰᠢᠶᠡᠷᠡᠭᠰᠡᠨ ᠤ ᠳᠠᠷᠠᠭ᠎ᠠ ᠡᠯ᠎ᠡ ᠠᠶᠢᠮᠠᠭ ᠬᠤᠲᠠ ᠶᠢᠨ | ︽ᠭᠤᠷᠪᠠᠳᠤᠭᠠᠷ ᠤᠳᠠᠭᠠᠨ ᠤ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ︾ ᠲᠤ ᠨᠢᠭᠡᠳᠦᠯᠲᠡᠢ ᠮᠡᠳᠡᠭᠦᠯᠬᠦ ᠬᠡᠷᠡᠭᠲᠡᠢ᠃ | | 2. ᠡᠯ᠎ᠡ ᠠᠶᠢᠮᠠᠭ ᠬᠤᠲᠠ ᠶᠢᠨ ︽ᠭᠤᠷᠪᠠᠳᠤᠭᠠᠷ ᠤᠳᠠᠭᠠᠨ ᠤ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ︾ | ᠨᠢ ᠬᠠᠷᠢᠶᠠᠲᠤ ᠣᠷᠣᠨ ᠤ ᠳᠣᠲᠣᠷᠠᠬᠢ ᠬᠠᠮᠢᠶ᠎ᠠ ᠪᠦᠬᠦᠢ ᠨᠢᠭᠡᠴᠢ ᠶᠢᠨ ᠮᠡᠳᠡᠭᠦᠯᠦᠭᠰᠡᠨ ᠠᠵᠢᠯᠲᠠᠨ ᠢ ᠬᠢᠨᠠᠨ | ᠬᠠᠷᠭᠤᠭᠤᠯᠵᠤ᠂ ᠰᠢᠯᠢᠨ ᠰᠣᠩᠭᠤᠵᠤ ᠲᠠᠨᠢᠯᠴᠠᠭᠤᠯᠬᠤ ᠶᠢ ᠬᠠᠷᠢᠭᠤᠴᠠᠨ᠎ᠠ᠃ ᠠᠶᠢᠮᠠᠭ ᠬᠤᠲᠠ ᠪᠠᠷ ᠨᠢᠭᠡᠴᠢ ᠪᠣᠯᠭᠠᠨ | ᠨᠥᠬᠦᠴᠡᠯ ᠳᠤ ᠨᠡᠶᠢᠴᠡᠬᠦ ᠵᠢᠱᠢᠭᠳᠡᠭᠴᠢ ᠶᠢ ᠥᠪᠡᠷᠲᠡᠭᠡᠨ ᠵᠠᠰᠠᠬᠤ ᠣᠷᠣᠨ ᠤ ︽ᠭᠤᠷᠪᠠᠳᠤᠭᠠᠷ ᠤᠳᠠᠭᠠᠨ ᠤ ᠨᠡᠶᠢᠳᠡᠮ | ᠪᠠᠶᠢᠴᠠᠭᠠᠯᠲᠠ ᠶᠢᠨ ᠠᠯᠪᠠᠨ ᠭᠡᠷ︾ ᠲᠤ ᠨᠢᠭᠡᠳᠦᠯᠲᠡᠢ ᠮᠡᠳᠡᠭᠦᠯᠦᠨ ᠬᠦᠷᠭᠡᠨ᠎ᠡ︔ ᠥᠪᠡᠷᠲᠡᠭᠡᠨ ᠵᠠᠰᠠᠬᠤ ᠣᠷᠣᠨ ᠤ | ᠱᠠᠲᠤᠨ ᠤ ᠮᠡᠳᠡᠭᠦᠯᠦᠭᠰᠡᠳ ᠢ ᠨᠢᠭᠡᠴᠢ ᠪᠠᠷ ᠬᠢᠨᠠᠭᠤᠯᠵᠤ ᠵᠥᠪᠰᠢᠶᠡᠷᠡᠭᠦᠯᠦᠭᠰᠡᠨ ᠤ ᠳᠠᠷᠠᠭ᠎ᠠ ᠥᠪᠡᠷᠲᠡᠭᠡᠨ ᠵᠠᠰᠠᠬᠤ | ᠣᠷᠣᠨ ᠤ ︽ᠭᠤᠷᠪᠠᠳᠤᠭᠠᠷ ᠤᠳᠠᠭᠠᠨ ᠤ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ︾ ᠲᠤ ᠨᠢᠭᠡᠳᠦᠯᠲᠡᠢ ᠮᠡᠳᠡᠭᠦᠯᠬᠦ | ᠬᠡᠷᠡᠭᠲᠡᠢ᠃ | 3. ᠥᠪᠡᠷᠲᠡᠭᠡᠨ ᠵᠠᠰᠠᠬᠤ ᠣᠷᠣᠨ ᠤ ︽ᠭᠤᠷᠪᠠᠳᠤᠭᠠᠷ ᠤᠳᠠᠭᠠᠨ ᠤ ᠨᠡᠶᠢᠳᠡᠮ ᠪᠠᠶᠢᠴᠠᠭᠠᠯᠲᠠ ᠶᠢᠨ ᠠᠯᠪᠠᠨ | ᠭᠡᠷ︾ ᠨᠢ ᠲᠤᠰᠬᠠᠢ ᠮᠡᠷᠭᠡᠵᠢᠯᠲᠡᠳ ᠢ ᠵᠣᠬᠢᠶᠠᠨ ᠪᠠᠶᠢᠭᠤᠯᠤᠨ ᠳᠡᠭᠡᠭᠰᠢ ᠮᠡᠳᠡᠭᠦᠯᠦᠭᠰᠡᠨ ᠬᠥᠮᠥᠰ ᠢ ᠰᠢᠯᠭᠠᠷᠠᠭᠤᠯᠵᠤ᠂ | ᠨᠥᠬᠦᠴᠡᠯ ᠳᠤ ᠨᠡᠶᠢᠴᠡᠬᠦ ᠬᠥᠮᠥᠰ ᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ | ᠲᠤᠰᠬᠤᠨ ᠮᠠᠯᠵᠢᠬᠤ ᠣᠷᠣᠨ ᠤ ᠲᠢᠩᠬᠢᠮ ᠤᠨ ᠠᠯᠪᠠᠨ ᠤ ᠰᠦᠯᠵᠢᠶ᠎ᠡ ᠳᠤ ᠢᠯᠡ ᠨᠡᠶᠢᠲᠡᠯᠡᠨ᠎ᠡ᠃ | ︵ᠬᠤᠶᠠᠷ︶ ᠤᠷᠢᠨ ᠬᠡᠷᠡᠭᠯᠡᠬᠦ ᠬᠠᠮᠢᠶᠠᠷᠤᠯᠲᠠ | 1. ᠣᠨᠳᠣᠣ ᠰᠠᠨᠠᠯ ᠦᠭᠡᠢ ᠲᠤᠰᠬᠠᠢ ᠮᠡᠷᠭᠡᠵᠢᠯᠲᠡᠨ ᠢ ᠢᠯᠡ ᠨᠡᠶᠢᠲᠡᠯᠡᠬᠦ ᠳᠤ᠂ ᠥᠪᠡᠷᠲᠡᠭᠡᠨ ᠵᠠᠰᠠᠬᠤ | ᠣᠷᠣᠨ ᠤ ︽ᠭᠤᠷᠪᠠᠳᠤᠭᠠᠷ ᠤᠳᠠᠭᠠᠨ ᠤ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ︾ ᠠᠴᠠ ᠤᠷᠢᠯᠭ᠎ᠠ ᠶᠢᠨ | ᠪᠢᠴᠢᠭ ᠣᠯᠭᠤᠵᠤ᠂ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠬᠥᠷᠥᠰᠥ | ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠲᠤᠰᠬᠠᠢ ᠮᠡᠷᠭᠡᠵᠢᠯᠲᠡᠨ ᠤ ᠬᠥᠮᠥᠷᠭᠡ ᠳᠤ ᠨᠢᠭᠡᠳᠦᠯᠲᠡᠢ | ᠣᠷᠣᠭᠤᠯᠤᠨ᠎ᠠ᠃ | 2. ᠲᠤᠰᠬᠠᠢ ᠮᠡᠷᠭᠡᠵᠢᠯᠲᠡᠨ ᠤ ᠬᠥᠮᠥᠷᠭᠡ ᠶᠢᠨ ᠬᠠᠮᠢᠶᠠᠷᠤᠯᠲᠠ ᠶᠢᠨ ᠠᠷᠭ᠎ᠠ ᠶᠢᠨ ᠶᠣᠰᠣᠭᠠᠷ ᠬᠥᠳᠡᠯᠦᠩᠭᠦᠢ | ᠬᠠᠮᠢᠶᠠᠷᠤᠯᠲᠠ ᠶᠢ ᠨᠢᠭᠡᠳᠦᠯᠲᠡᠢ ᠬᠡᠷᠡᠭᠵᠢᠭᠦᠯᠦᠨ᠎ᠡ᠃ | ᠳᠥᠷᠪᠡ᠂ ᠪᠤᠰᠤᠳ ᠵᠦᠢᠯ | 1. ᠡᠯ᠎ᠡ ᠠᠶᠢᠮᠠᠭ ᠬᠤᠲᠠ᠂ ᠬᠠᠮᠢᠶ᠎ᠠ ᠪᠦᠬᠦᠢ ᠨᠢᠭᠡᠴᠢ ᠨᠦᠭᠦᠳ ᠨᠥᠬᠦᠴᠡᠯ ᠳᠤ ᠨᠡᠶᠢᠴᠡᠬᠦ ᠲᠤᠰᠬᠠᠢ | ᠮᠡᠷᠭᠡᠵᠢᠯᠲᠡᠳ ᠢ ᠵᠣᠬᠢᠶᠠᠨ ᠪᠠᠶᠢᠭᠤᠯᠤᠨ ᠢᠳᠡᠪᠬᠢᠲᠡᠢ ᠪᠠᠷ ᠨᠡᠷ᠎ᠡ ᠮᠡᠳᠡᠭᠦᠯᠵᠦ ︵ᠬᠥᠮᠥᠨ ᠤ ᠲᠤᠭ᠎ᠠ ᠶᠢ ᠬᠢᠵᠠᠭᠠᠷᠯᠠᠬᠤ | ᠦᠭᠡᠢ︶᠂ 2022 ᠣᠨ ᠤ 12 ᠰᠠᠷ᠎ᠠ ᠶᠢᠨ 30 ᠤ ᠡᠳᠦᠷ ᠠᠴᠠ ᠡᠮᠦᠨ᠎ᠡ ᠨᠡᠷ᠎ᠡ ᠮᠡᠳᠡᠭᠦᠯᠬᠦ ᠳᠤ ᠬᠡᠷᠡᠭᠰᠡᠬᠦ | ᠮᠠᠲ᠋ᠧᠷᠢᠶᠠᠯ ᠢ ᠪᠣᠭᠤᠳᠠᠯᠯᠠᠵᠤ᠂ ᠥᠪᠡᠷᠲᠡᠭᠡᠨ ᠵᠠᠰᠠᠬᠤ ᠣᠷᠣᠨ ᠤ ︽ᠭᠤᠷᠪᠠᠳᠤᠭᠠᠷ ᠤᠳᠠᠭᠠᠨ ᠤ ᠨᠡᠶᠢᠳᠡᠮ | ᠪᠠᠶᠢᠴᠠᠭᠠᠯᠲᠠ ᠶᠢᠨ ᠠᠯᠪᠠᠨ ᠭᠡᠷ︾ ᠤᠨ ᠢᠮᠧᠯ ᠳᠤ ᠨᠢᠭᠡᠳᠦᠯᠲᠡᠢ ᠢᠯᠡᠭᠡᠬᠦ ᠶᠢ ᠬᠦᠰᠡᠵᠦ ᠪᠠᠶᠢᠨ᠎ᠠ᠃ | 2. ᠨᠢᠭᠡᠨᠲᠡ ᠰᠣᠩᠭᠤᠭᠳᠠᠭᠰᠠᠨ ᠲᠤᠰᠬᠠᠢ ᠮᠡᠷᠭᠡᠵᠢᠯᠲᠡᠨ ᠲᠣᠰ ᠤᠳᠠᠭ᠎ᠠ ᠳᠠᠭᠢᠵᠤ ᠭᠤᠶᠤᠴᠢᠯᠠᠨ ᠮᠡᠳᠡᠭᠦᠯᠬᠦ | ᠴᠢᠬᠤᠯᠠ ᠦᠭᠡᠢ᠂ ᠱᠠᠭᠠᠷᠳᠠᠯᠭ᠎ᠠ ᠶᠣᠰᠣᠭᠠᠷ ᠬᠤᠪᠢ ᠬᠥᠮᠥᠨ ᠤ ᠮᠠᠲ᠋ᠧᠷᠢᠶᠠᠯ ︵ᠭᠤᠣᠯᠳᠠᠭᠤ ᠰᠤᠷᠤᠯᠭ᠎ᠠ ᠶᠢᠨ | ᠨᠠᠮᠲᠠᠷ ᠤᠨ ᠦᠨᠡᠮᠯᠡᠯ ᠪᠠ ᠮᠡᠷᠭᠡᠵᠢᠯ ᠤᠨ ᠴᠣᠯᠠ ᠶᠢᠨ ᠦᠨᠡᠮᠯᠡᠯ ᠤᠨ ᠪᠠᠭᠤᠯᠭᠠᠪᠤᠷᠢ ᠶᠢ ᠪᠠᠭᠲᠠᠭᠠᠨ᠎ᠠ︶ ᠢ | ᠨᠥᠬᠦᠪᠦᠷᠢᠯᠡᠨ ᠲᠡᠭᠦᠯᠳᠡᠷᠵᠢᠭᠦᠯᠦᠨ᠎ᠡ᠃ | 3. ᠪᠤᠰᠤᠳ ᠬᠢᠵᠦ ᠳᠠᠭᠤᠰᠤᠭᠠᠳᠤᠢ ᠵᠦᠢᠯ ᠢ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭᠠᠨ ᠤ | ᠬᠥᠷᠥᠰᠥ ᠰᠢᠷᠣᠢ ᠶᠢᠨ ᠨᠡᠶᠢᠳᠡᠮ ᠶᠢᠨ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠯᠦᠭᠡ | ᠤᠲᠠᠰᠤ ᠪᠠᠷ ᠬᠠᠷᠢᠯᠴᠠᠵᠤ ᠯᠠᠪᠯᠠᠭ᠎ᠠ ᠠᠪᠴᠤ ᠪᠣᠯᠣᠨ᠎ᠠ ᠃ | ᠬᠠᠷᠢᠯᠴᠠᠬᠤ ᠬᠥᠮᠥᠨ᠄ ᠶᠠᠩ ᠪᠥᠸᠧ | ᠤᠲᠠᠰᠤ᠄ 15849866696 | ᠢᠮᠧᠯ ᠄ nmgspb2022@163.com | | ᠳᠠᠭᠠᠯᠳᠤᠭᠤᠯᠤᠯ᠄ ᠥᠪᠥᠷ ᠮᠣᠩᠭᠤᠯ ᠤᠨ ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠬᠥᠷᠥᠰᠥ | ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠲᠤᠰᠬᠠᠢ ᠮᠡᠷᠭᠡᠵᠢᠯᠲᠡᠨ ᠤ ᠬᠢᠷᠢ ᠬᠡᠮ ᠤᠨ ᠭᠤᠶᠤᠴᠢᠯᠠᠯ ᠤᠨ | ᠬᠦᠰᠦᠨᠦᠭᠲᠦ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠶᠢᠨ | ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ | 2022 ᠣᠨ ᠤ 12 ᠰᠠᠷ᠎ᠠ ᠶᠢᠨ 9 ᠤ ᠡᠳᠦᠷ | |