ᠮᠠᠨ ᠤ ᠤᠷᠤᠨ ᠤᠯᠤᠰ ᠤᠨ ᠣᠳᠣ ᠦᠶ᠎ᠡ ᠶᠢᠨ ᠲᠠᠷᠢᠶᠠᠯᠠᠩ ᠤᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠪᠠᠷᠢᠮᠵᠢᠶᠠᠵᠢᠭᠰᠠᠨ ᠵᠢᠱᠢᠶ᠎ᠠ ᠦᠵᠡᠭᠦᠯᠬᠦ ᠰᠠᠭᠤᠷᠢᠨ ᠢ ᠢᠳᠡᠪᠬᠢᠲᠡᠢ ᠡᠭᠦᠳᠦᠨ ᠪᠠᠶᠢᠭᠤᠯᠵᠤ ᠪᠤᠢ
ᠨᠡᠶᠢᠲᠡᠯᠡᠭᠰᠡᠨ ᠴᠠᠭ᠄
2022/12/14
      ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠳᠤᠰᠬᠤᠨ ᠮᠠᠯᠵᠢᠬᠤ ᠤᠷᠤᠨ ᠤ ᠲᠢᠩᠬᠢᠮ ᠠᠴᠠ ᠣᠶᠢᠯᠠᠭᠠᠭᠰᠠᠨ ᠢᠶᠠᠷ᠂ ᠮᠠᠨ ᠤ ᠤᠷᠤᠨ ᠤ ᠲᠦᠭᠦᠬᠡᠢ ᠰᠦ᠂ ᠮᠢᠬᠠᠨ ᠤ ᠦᠬᠡᠷ᠂ ᠮᠢᠬᠠᠨ ᠤ ᠬᠤᠨᠢ ᠵᠡᠷᠭᠡ 14 ᠮᠠᠯ ᠤᠨ ᠠᠰᠢᠭ ᠰᠢᠮ᠎ᠠ ᠳᠠᠷᠢᠶᠠᠯᠠᠩ ᠤᠨ ᠪᠦᠲᠦᠭᠡᠭᠳᠡᠬᠦᠨ ᠤ 22 ᠰᠠᠭᠤᠷᠢᠨ ᠨᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠣᠳᠣ ᠦᠶ᠎ᠡ ᠶᠢᠨ ᠮᠠᠯ ᠠᠵᠤ ᠠᠬᠤᠢ ᠲᠠᠷᠢᠶᠠᠯᠠᠩ ᠤᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠪᠠᠷᠢᠮᠵᠢᠶᠠᠵᠢᠭᠰᠠᠨ ᠵᠢᠱᠢᠶ᠎ᠠ ᠦᠵᠡᠭᠦᠯᠬᠦ ᠰᠠᠭᠤᠷᠢᠨ ᠢ ᠡᠭᠦᠳᠦᠨ ᠪᠠᠶᠢᠭᠤᠯᠬᠤ ᠠᠩᠬᠠᠨ ᠤ ᠪᠦᠯᠦᠭ ᠤᠨ ᠪᠡᠯᠡᠳᠭᠡᠯ ᠨᠡᠷᠡᠰ ᠲᠤ ᠵᠢᠭᠰᠠᠭᠠᠭᠳᠠᠪᠠ᠃      ᠡᠨᠡ ᠵᠢᠯ ᠤᠨ 8 ᠰᠠᠷ᠎ᠠ ᠳᠤ ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠳᠤᠰᠬᠤᠨ ᠮᠠᠯᠵᠢᠬᠤ ᠤᠷᠤᠨ ᠤ ᠲᠢᠩᠬᠢᠮ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠳᠣ ᠦᠶ᠎ᠡ ᠶᠢᠨ ᠮᠠᠯ ᠠᠵᠤ ᠠᠬᠤᠢ ᠲᠠᠷᠢᠶᠠᠯᠠᠩ ᠤᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠪᠠᠷᠢᠮᠵᠢᠶᠠᠵᠢᠭᠰᠠᠨ ᠵᠢᠱᠢᠶ᠎ᠠ ᠦᠵᠡᠭᠦᠯᠬᠦ ᠰᠠᠭᠤᠷᠢᠨ ᠢ ᠡᠭᠦᠳᠦᠨ ᠪᠠᠶᠢᠭᠤᠯᠬᠤ ᠠᠵᠢᠯ ᠤᠨ ᠲᠥᠰᠦᠯ︾ ᠢ ᠳᠠᠷᠤᠮᠠᠯᠯᠠᠨ ᠲᠠᠷᠬᠠᠭᠠᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠣᠳᠣ ᠦᠶ᠎ᠡ ᠶᠢᠨ ᠮᠠᠯ ᠠᠵᠤ ᠠᠬᠤᠢ ᠲᠠᠷᠢᠶᠠᠯᠠᠩ ᠤᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠪᠠᠷᠢᠮᠵᠢᠶᠠᠵᠢᠭᠰᠠᠨ ᠵᠢᠱᠢᠶ᠎ᠠ ᠦᠵᠡᠭᠦᠯᠬᠦ ᠰᠠᠭᠤᠷᠢᠨ ᠤ ᠠᠵᠢᠯ ᠢ ᠵᠢᠩᠬᠢᠨᠢ ᠪᠠᠷ ᠡᠬᠢᠯᠡᠭᠦᠯᠦᠭᠰᠡᠨ ᠪᠠᠶᠢᠨ᠎ᠠ ᠃ ᠭᠤᠶᠤᠴᠢᠯᠠᠨ ᠮᠡᠳᠡᠭᠦᠯᠬᠦ ᠪᠠ ᠲᠤᠰᠬᠠᠢ ᠮᠡᠷᠭᠡᠵᠢᠯᠲᠡᠨ ᠤ ᠬᠢᠨᠠᠨ ᠰᠢᠯᠭᠠᠷᠠᠭᠤᠯᠤᠯᠳᠠ ᠪᠠᠷ ᠳᠠᠮᠵᠢᠨ ᠲᠦᠭᠦᠬᠡᠢ ᠰᠦ᠂ ᠮᠢᠬᠠᠨ ᠤ ᠦᠬᠡᠷ᠂ ᠮᠢᠬᠠᠨ ᠤ ᠬᠤᠨᠢ᠂ ᠤᠰᠤᠨ ᠲᠤᠲᠤᠷᠭ᠎ᠠ᠂ ᠨᠠᠷᠢᠮᠤ᠂ ᠭᠠᠭ᠋ᠠᠢ᠂ ᠡᠷᠳᠡᠨᠢ ᠰᠢᠰᠢ᠂ ᠨᠣᠬᠠᠢ ᠶᠢᠨ ᠬᠤᠰᠢᠭᠤ᠂ ᠨᠣᠤᠯᠤᠭᠤᠷ ᠤᠨ ᠴᠠᠭᠠᠨ ᠢᠮᠠᠭ᠎ᠠ᠂ ᠱᠤᠷᠠᠭ ᠵᠠᠮᠠᠭ᠂ ᠰᠢᠬᠢᠷ ᠯᠤᠤᠪᠠᠩ᠂ ᠪᠤᠭᠤᠳᠠᠢ᠂ ᠲᠡᠮᠡᠭᠡ᠂ ᠨᠠᠷᠠᠨ ᠬᠤᠸᠠᠷ ᠵᠡᠷᠭᠡ 14 ᠮᠠᠯ ᠤᠨ ᠠᠰᠢᠭ ᠰᠢᠮ᠎ᠠ ᠳᠠᠷᠢᠶᠠᠯᠠᠩ ᠤᠨ ᠪᠦᠲᠦᠭᠡᠭᠳᠡᠬᠦᠨ ᠤ 22 ᠰᠠᠭᠤᠷᠢᠨ ᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠣᠳᠣ ᠦᠶ᠎ᠡ ᠶᠢᠨ ᠮᠠᠯ ᠠᠵᠤ ᠠᠬᠤᠢ ᠲᠠᠷᠢᠶᠠᠯᠠᠩ ᠤᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠪᠠᠷᠢᠮᠵᠢᠶᠠᠵᠢᠭᠰᠠᠨ ᠵᠢᠱᠢᠶ᠎ᠠ ᠦᠵᠡᠭᠦᠯᠬᠦ ᠰᠠᠭᠤᠷᠢᠨ ᠢ ᠡᠭᠦᠳᠦᠨ ᠪᠠᠶᠢᠭᠤᠯᠬᠤ ᠠᠩᠬᠠᠨ ᠤ ᠪᠦᠯᠦᠭ ᠤᠨ ᠪᠡᠯᠡᠳᠭᠡᠯ ᠨᠡᠷᠡᠰ ᠲᠤ ᠣᠷᠣᠭᠤᠯᠬᠤ ᠪᠠᠷ ᠲᠣᠭᠲᠠᠭᠠᠵᠠᠢ᠃ ︽ᠰᠠᠭᠤᠷᠢᠨ ᠤ ᠨᠢᠭᠡᠴᠢ + ᠮᠡᠷᠭᠡᠵᠢᠯ ᠤᠨ ᠨᠢᠭᠡᠴᠢ + ᠭᠤᠣᠯᠯᠠᠨ ᠬᠠᠮᠢᠶᠠᠷᠬᠤ ᠨᠢᠭᠡᠴᠢ︾ ᠶᠢᠨ ᠬᠠᠮᠲᠤᠷᠠᠨ ᠡᠭᠦᠳᠦᠨ ᠪᠠᠶᠢᠭᠤᠯᠬᠤ ᠵᠠᠭᠪᠤᠷ ᠢ ᠬᠡᠷᠡᠭᠯᠡᠵᠤ᠂ ︽ᠤᠷᠢᠳ ᠢᠶᠠᠷ ᠡᠭᠦᠳᠦᠨ ᠪᠠᠶᠢᠭᠤᠯᠵᠤ ᠂ ᠳᠠᠷᠠᠭ᠎ᠠ ᠨᠢ ᠬᠡᠷᠡᠴᠢᠯᠡᠨ ᠲᠣᠭᠲᠠᠭᠠᠵᠤ ᠳᠡᠯᠭᠡᠷᠡᠭᠦᠯᠬᠦ︾ ᠬᠡᠯᠪᠡᠷᠢ ᠪᠠᠷ ᠳᠠᠮᠵᠢᠨ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠳ ᠤᠨ ᠵᠢᠱᠢᠶ᠎ᠠ ᠦᠵᠡᠭᠦᠯᠬᠦ ᠰᠠᠭᠤᠷᠢᠨ ᠢ ᠵᠣᠬᠢᠶᠠᠨ ᠪᠠᠶᠢᠭᠤᠯᠵᠤ ᠡᠭᠦᠳᠦᠨ ᠪᠠᠶᠢᠭᠤᠯᠤᠭᠰᠠᠨ ᠰᠠᠭᠤᠷᠢᠨ ᠳᠡᠭᠡᠷ᠎ᠡ᠂ ᠰᠢᠯᠢᠳᠡᠭ ᠢ ᠨᠢ ᠰᠣᠩᠭᠤᠨ ᠭᠡᠷᠡᠴᠢᠯᠡᠨ ᠲᠣᠭᠲᠠᠭᠠᠬᠤ ᠶᠢᠨ ᠬᠠᠮᠲᠤ ᠫᠠᠶᠢᠰᠠ ᠣᠯᠭᠤᠵᠤ᠂ ᠵᠢᠱᠢᠶ᠎ᠠ ᠦᠵᠡᠭᠦᠯᠦᠨ ᠳᠡᠯᠭᠡᠷᠡᠭᠦᠯᠦᠭᠰᠡᠨ ᠪᠠᠶᠢᠨ᠎ᠠ ᠃      ᠣᠶᠢᠯᠠᠭᠠᠭᠰᠠᠨ ᠢᠶᠠᠷ᠂ ᠡᠳᠡᠬᠡᠷ ᠵᠢᠱᠢᠶ᠎ᠠ ᠦᠵᠡᠭᠦᠯᠬᠦ ᠰᠠᠭᠤᠷᠢᠨ ᠤ ᠪᠦᠲᠦᠭᠡᠨ ᠪᠠᠶᠢᠭᠤᠯᠤᠯᠲᠠ ᠨᠢ ᠮᠠᠯ ᠠᠵᠤ ᠠᠬᠤᠢ ᠲᠠᠷᠢᠶᠠᠯᠠᠩ ᠤᠨ ᠦᠢᠯᠡᠳᠪᠦᠷᠢᠯᠡᠯ ᠤᠨ ︽ᠡᠭᠦᠯᠳᠡᠷ ᠢ ᠰᠢᠯᠢᠳᠡᠭᠵᠢᠭᠦᠯᠬᠦ᠂ ᠶᠠᠰᠤ ᠴᠢᠨᠠᠷ ᠢ ᠳᠡᠭᠡᠭᠰᠢᠯᠡᠭᠦᠯᠬᠦ᠂ ᠲᠦᠷᠦᠯ ᠳᠡᠮᠳᠡᠭ ᠢ ᠴᠤᠭᠴᠠᠯᠠᠬᠤ ᠪᠠ ᠪᠠᠷᠢᠮᠵᠢᠶᠠᠵᠢᠭᠤᠯᠤᠨ ᠦᠢᠯᠡᠳᠪᠦᠷᠢᠯᠡᠬᠦ︾ ᠪᠠᠷ ᠠᠷᠭ᠎ᠠ ᠵᠠᠮ ᠪᠣᠯᠭᠠᠵᠤ᠂ ᠮᠠᠯ ᠤᠨ ᠠᠰᠢᠭ ᠰᠢᠮ᠎ᠠ ᠳᠠᠷᠢᠶᠠᠯᠠᠩ ᠤᠨ ᠪᠦᠲᠦᠭᠡᠭᠳᠡᠬᠦᠨ ᠢᠶᠠᠷ ᠭᠤᠣᠯ ᠱᠤᠭᠤᠮ ᠪᠣᠯᠭᠠᠭᠰᠠᠨ᠂ ᠪᠦᠬᠦ ᠶᠠᠪᠤᠴᠠ ᠶᠢᠨ ᠶᠠᠰᠤ ᠴᠢᠨᠠᠷ ᠢ ᠡᠵᠡᠮᠳᠡᠬᠦ ᠪᠠᠷ ᠭᠤᠣᠯ ᠪᠣᠯᠭᠠᠭᠰᠠᠨ ᠣᠳᠣ ᠦᠶ᠎ᠡ ᠶᠢᠨ ᠮᠠᠯ ᠠᠵᠤ ᠠᠬᠤᠢ ᠲᠠᠷᠢᠶᠠᠯᠠᠩ ᠤᠨ ᠪᠦᠬᠦ ᠠᠵᠤ ᠦᠢᠯᠡᠰ ᠤᠨ ᠬᠡᠯᠬᠢᠶ᠎ᠠ ᠶᠢᠨ ᠪᠠᠷᠢᠮᠵᠢᠶᠠᠨ ᠤ ᠰᠢᠰᠲ᠋ᠧᠮ ᠢ ᠪᠠᠶᠢᠭᠤᠯᠵᠤ ᠂ ᠪᠠᠷᠢᠮᠵᠢᠶ᠎ᠠ ᠶᠣᠰᠣᠭᠠᠷ ᠦᠢᠯᠡᠳᠪᠦᠷᠢᠯᠡᠬᠦ ᠭᠤᠣᠯ ᠴᠣᠭᠴᠠ ᠶᠢ ᠲᠦᠷᠭᠡᠳᠭᠡᠨ ᠪᠣᠢ ᠪᠤᠯᠭᠠᠵᠤ᠂ ᠪᠣᠬᠢᠷᠲᠤᠯ ᠥᠬᠡᠢ ᠪᠦᠭᠡᠳ ᠴᠢᠨᠠᠷᠯᠢᠭ ᠰᠠᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠬᠢ ᠪᠦᠲᠦᠭᠡᠭᠳᠡᠬᠦᠨ ᠢ ᠦᠢᠯᠡᠳᠪᠤᠷᠢᠯᠡᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠨ᠂ ᠮᠠᠯ ᠠᠵᠤ ᠠᠬᠤᠢ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠴᠢᠬᠤᠯᠠ ᠦᠢᠯᠡᠳᠤᠯ ᠲᠠᠢ ᠶᠤᠮ᠃ 
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号