ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠬᠤᠶᠠᠳᠤᠭᠠᠷ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠶᠠᠰᠤ ᠴᠢᠨᠠᠷ ᠢ ᠡᠵᠡᠮᠳᠡᠬᠦ ᠲᠤᠷᠰᠢᠯᠲᠠ ᠶᠢᠨ ᠲᠠᠰᠤᠭ ᠢ ᠰᠢᠯᠢᠨ ᠰᠣᠩᠭᠤᠬᠤ ᠠᠵᠢᠯ ᠢ ᠦᠷᠨᠢᠭᠦᠯᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2022/12/15
ᠡᠯ᠎ᠡ ᠠᠶᠢᠮᠠᠭ ᠬᠤᠲᠠ ᠶᠢᠨ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ᠂ ᠡᠯ᠎ᠡ ᠬᠠᠮᠢᠶ᠎ᠠ ᠪᠦᠬᠦᠢ ᠪᠠᠶᠢᠴᠠᠭᠠᠨ ᠬᠡᠮᠵᠢᠵᠦ ᠰᠢᠨᠵᠢᠯᠡᠨ ᠰᠢᠯᠭᠠᠬᠤ ᠨᠢᠭᠡᠴᠡ ᠳᠤ᠄      ᠮᠠᠨ ᠤ ᠣᠷᠣᠨ ᠤ ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠶᠠᠰᠤ ᠴᠢᠨᠠᠷ ᠢ ᠡᠵᠡᠮᠳᠡᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠶᠢᠨ ᠲᠦᠯᠦᠭᠡ᠂ ︽ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠠᠵᠢᠯ ᠤᠨ ᠲᠥᠰᠥᠯ︾ ︵ᠲᠠᠷᠢᠶᠠᠯᠠᠩ ᠪᠦᠲᠦᠭᠡᠨ ᠲᠠᠷᠬᠠᠭᠠᠭᠰᠠᠨ〔2022〕1 ᠳ᠋ᠦ᠋ᠭᠡᠷ ᠲᠣᠭᠠᠲᠤ︶ ᠳᠤ ᠲᠣᠭᠲᠠᠭᠠᠭᠰᠠᠨ ᠪᠦᠬᠦ ᠤᠯᠤᠰ ᠤᠨ ᠨᠢᠭᠡᠳᠦᠯᠲᠡᠢ ᠰᠢᠯᠢᠨ ᠰᠣᠩᠭᠤᠵᠤ ᠰᠢᠯᠭᠠᠨ ᠪᠠᠶᠢᠴᠠᠭᠠᠬᠤ ᠲᠤᠰᠬᠠᠢ ᠪᠠᠶᠢᠭᠤᠯᠤᠮᠵᠢ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ︵ᠳᠣᠷᠣᠭᠰᠢ ︽ᠭᠤᠷᠪᠠᠳᠤᠭᠠᠷ ᠤᠳᠠᠭᠠᠨ ᠤ ᠨᠡᠶᠢᠳᠡᠮ ᠤᠨ ᠪᠠᠶᠢᠴᠠᠭᠠᠯᠲᠠ ᠶᠢᠨ ᠠᠯᠪᠠᠨ ᠭᠡᠷ︾ ᠭᠡᠵᠦ ᠲᠣᠪᠴᠢᠯᠠᠨ᠎ᠠ︶ ᠠᠴᠠ ᠬᠤᠶᠠᠳᠤᠭᠠᠷ ᠪᠦᠯᠦᠭ ᠤᠨ ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠥᠪᠡᠷᠲᠡᠭᠡᠨ ᠵᠠᠰᠠᠬᠤ ᠣᠷᠣᠨ ᠤ ᠲᠠᠰ ᠤᠨ ᠶᠠᠰᠤ ᠴᠢᠨᠠᠷ ᠢ ᠡᠵᠡᠮᠳᠡᠬᠦ ᠲᠤᠷᠰᠢᠯᠲᠠ ᠶᠢᠨ ᠲᠠᠰᠤᠭ ᠢ ᠰᠢᠯᠢᠨ ᠰᠣᠩᠭᠤᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠪᠠᠷ ᠲᠣᠭᠲᠠᠵᠤ᠂ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠪᠡ᠃      ᠨᠢᠭᠡ᠂ ᠡᠭᠦᠷᠭᠡ ᠬᠠᠷᠢᠭᠤᠴᠠᠯᠭ᠎ᠠ      ︵ᠨᠢᠭᠡ︶ ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠢ ᠪᠠᠲᠤᠯᠠᠬᠤ ᠪᠠ ᠶᠠᠰᠤ ᠴᠢᠨᠠᠷ ᠢ ᠡᠵᠡᠮᠳᠡᠬᠦ ᠠᠵᠢᠯ ᠤᠨ ᠲᠥᠰᠥᠯ ᠢ ᠲᠣᠭᠲᠠᠭᠠᠬᠤ ᠳᠤ ᠣᠷᠣᠯᠴᠠᠨ᠎ᠠ︔ ᠥᠪᠡᠷᠲᠡᠭᠡᠨ ᠵᠠᠰᠠᠬᠤ ᠣᠷᠣᠨ ᠤ ᠨᠡᠶᠢᠳᠡᠮ ᠤᠨ ᠪᠠᠶᠢᠴᠠᠭᠠᠯᠲᠠ ᠶᠢᠨ ᠡᠭᠦᠷᠭᠡ ᠶᠢ ᠳᠠᠭᠠᠭᠠᠨ ᠡᠭᠦᠷᠭᠡᠯᠡᠵᠦ ᠪᠦᠬᠦᠢ ᠪᠠᠶᠢᠴᠠᠭᠠᠨ ᠬᠡᠮᠵᠢᠬᠦ ᠲᠤᠷᠰᠢᠯᠲᠠ ᠶᠢᠨ ᠲᠠᠰᠤᠭ ᠲᠤ ᠪᠥᠬᠦ ᠶᠠᠪᠤᠴᠠ ᠶᠢᠨ ᠶᠠᠰᠤ ᠴᠢᠨᠠᠷ ᠤᠨ ᠡᠵᠡᠮᠳᠡᠯ ᠢ ᠥᠷᠨᠢᠭᠦᠯᠦᠨ᠎ᠡ᠂ ᠡᠭᠦᠨ ᠳᠤ ᠪᠥᠬᠦ ᠶᠠᠪᠤᠴᠠ ᠶᠢᠨ ᠮᠡᠷᠭᠡᠵᠢᠯ ᠤᠨ ᠪᠣᠯᠪᠠᠰᠤᠷᠠᠭᠤᠯᠤᠯ ᠪᠠ ᠬᠢᠨᠠᠯᠲᠠ ᠲᠠᠯᠪᠢᠵᠤ ᠪᠠᠶᠢᠴᠠᠭᠠᠬᠤ᠂ ᠥᠯᠢᠭᠡᠷ ᠡᠳ᠋ ᠢ ᠡᠷᠭᠢᠯᠳᠦᠭᠦᠯᠬᠦ ᠪᠠ ᠦᠶᠯᠡᠳᠬᠦ ᠶᠠᠰᠤ ᠴᠢᠨᠠᠷ ᠢ ᠡᠵᠡᠮᠳᠡᠬᠦ᠂ ᠪᠠᠶᠢᠴᠠᠭᠠᠨ ᠬᠡᠮᠵᠢᠬᠦ ᠶᠠᠪᠤᠴᠠ ᠶᠢᠨ ᠶᠠᠰᠤ ᠴᠢᠨᠠᠷ ᠢ ᠡᠵᠡᠮᠳᠡᠬᠦ᠂ ᠥᠯᠢᠭᠡᠷ ᠡᠳ᠋ ᠦᠯᠡᠳᠡᠭᠡᠵᠦ ᠰᠤᠭᠤᠴᠢᠨ ᠪᠠᠶᠢᠴᠠᠭᠠᠬᠤ᠂ ᠪᠠᠶᠢᠴᠠᠭᠠᠨ ᠬᠡᠮᠵᠢᠭᠰᠡᠨ ᠲᠤᠭ᠎ᠠ ᠪᠠᠷᠢᠮᠲᠠ ᠶᠢ ᠬᠢᠨᠠᠨ ᠬᠠᠷᠭᠤᠭᠤᠯᠬᠤ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠶᠠᠰᠤ ᠴᠢᠨᠠᠷ ᠤᠨ ᠪᠠᠲᠤᠯᠠᠭ᠎ᠠ ᠪᠠ ᠶᠠᠰᠤ ᠴᠢᠨᠠᠷ ᠤᠨ ᠡᠵᠡᠮᠳᠡᠯ ᠤᠨ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠬᠤ ᠵᠡᠷᠭᠡ ᠠᠵᠢᠯ ᠢ ᠪᠠᠭᠲᠠᠭᠠᠨ᠎ᠠ︔ ᠴᠢᠳᠠᠪᠤᠷᠢ ᠶᠢ ᠰᠢᠯᠭᠠᠨ ᠭᠡᠷᠡᠴᠢᠯᠡᠬᠦ ᠪᠠ ᠭᠡᠨᠡᠳᠡᠭᠦᠯᠦᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠪᠠᠶᠢᠴᠠᠭᠠᠨ ᠰᠢᠯᠭᠠᠬᠤ ᠴᠢᠳᠠᠪᠤᠷᠢ ᠪᠠ ᠪᠠᠶᠢᠴᠠᠭᠠᠨ ᠰᠢᠯᠭᠠᠭᠰᠠᠨ ᠶᠠᠰᠤ ᠴᠢᠨᠠᠷ ᠢ ᠦᠨᠡᠯᠡᠨ ᠵᠢᠱᠢᠭᠰᠡᠨ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠬᠤ ᠬᠡᠷᠡᠭᠲᠡᠢ᠃      ︵ᠬᠤᠶᠠᠷ︶ ᠤᠯᠤᠰ ᠤᠨ ᠲᠠᠰ ᠤᠨ ᠶᠠᠰᠤ ᠴᠢᠨᠠᠷ ᠢ ᠡᠵᠡᠮᠳᠡᠬᠦ ᠲᠤᠷᠰᠢᠯᠲᠠ ᠶᠢᠨ ᠲᠠᠰᠤᠭ ᠢ ᠬᠠᠮᠵᠢᠨ ᠴᠢᠳᠠᠪᠤᠷᠢ ᠶᠢ ᠰᠢᠯᠭᠠᠨ ᠪᠠᠲᠤᠯᠠᠬᠤ᠂ ᠥᠯᠢᠭᠡᠷ ᠡᠳ᠋ ᠠᠪᠴᠤ ᠰᠤᠭᠤᠴᠢᠨ ᠪᠠᠶᠢᠴᠠᠭᠠᠬᠤ ᠪᠠ ᠭᠡᠨᠡᠳᠡᠭᠦᠯᠦᠨ ᠪᠠᠶᠢᠴᠠᠭᠠᠬᠤ ᠠᠵᠢᠯ ᠢ ᠰᠠᠶᠢᠲᠤᠷ ᠬᠢᠬᠦ ᠬᠡᠷᠡᠭᠲᠡᠢ ᠃      ︵ᠭᠤᠷᠪᠠ︶ ᠬᠤᠵᠢᠷᠯᠢᠭ ᠭᠠᠵᠠᠷ ᠢ ᠨᠡᠶᠢᠳᠡᠮ ᠤᠨ ᠪᠠᠶᠢᠴᠠᠭᠠᠯᠲᠠ ᠶᠢᠨ ᠡᠭᠦᠷᠭᠡ ᠲᠠᠢ ᠥᠪᠡᠷᠲᠡᠭᠡᠨ ᠵᠠᠰᠠᠬᠤ ᠣᠷᠣᠨ ᠤ ᠲᠠᠰ ᠤᠨ ᠶᠠᠰᠤ ᠴᠢᠨᠠᠷ ᠢ ᠡᠵᠡᠮᠳᠡᠬᠦ ᠲᠤᠷᠰᠢᠯᠲᠠ ᠶᠢᠨ ᠲᠠᠰᠤᠭ ᠨᠢ ᠥᠪᠡᠷᠲᠡᠭᠡᠨ ᠵᠠᠰᠠᠬᠤ ᠣᠷᠣᠨ ᠤ ᠭᠠᠵᠠᠷ ᠳᠣᠣᠷᠠᠬᠢ ᠤᠰᠤᠨ ᠤ ᠥᠯᠢᠭᠡᠷ ᠡᠳ᠋ ᠵᠡᠷᠭᠡ ᠶᠢ ᠪᠠᠶᠢᠴᠠᠭᠠᠨ ᠬᠡᠮᠵᠢᠬᠦ ᠡᠭᠦᠷᠭᠡ ᠶᠢ ᠬᠠᠷᠢᠭᠤᠴᠠᠨ ᠡᠭᠦᠷᠭᠡᠯᠡᠨ᠎ᠡ᠃      ︵ᠳᠥᠷᠪᠡ︶ ᠲᠥᠷᠥ ᠶᠢᠨ ᠶᠠᠪᠤᠳᠠᠯ ᠤᠨ ᠬᠤᠷᠢᠶᠠᠨ ᠤ ᠭᠤᠷᠪᠠᠳᠤᠭᠠᠷ ᠤᠳᠠᠭᠠᠨ ᠤ ᠨᠡᠶᠢᠳᠡᠮ ᠤᠨ ᠪᠠᠶᠢᠴᠠᠭᠠᠯᠲᠠ ᠶᠢᠨ ᠠᠯᠪᠠᠨ ᠭᠡᠷ᠂ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭᠠᠨ ᠤ ᠨᠡᠶᠢᠳᠡᠮ ᠤᠨ ᠪᠠᠶᠢᠴᠠᠭᠠᠯᠲᠠ ᠶᠢᠨ ᠠᠯᠪᠠᠨ ᠭᠡᠷ ᠤᠨ ᠬᠢᠨᠠᠯᠲᠠ ᠬᠠᠮᠢᠶᠠᠷᠤᠯᠲᠠ ᠶᠢ ᠤᠬᠠᠮᠰᠠᠷ ᠠᠴᠠ ᠪᠠᠨ ᠬᠦᠯᠢᠶᠡᠨ ᠠᠪᠴᠤ ᠂ ᠤᠯᠤᠰ ᠤᠨ ᠲᠠᠰ ᠤᠨ ᠶᠠᠰᠤ ᠴᠢᠨᠠᠷ ᠢ ᠡᠵᠡᠮᠳᠡᠬᠦ ᠲᠤᠷᠰᠢᠯᠲᠠ ᠶᠢᠨ ᠲᠠᠰᠤᠭ ᠤᠨ ᠮᠡᠷᠭᠡᠵᠢᠯ ᠤᠨ ᠵᠢᠯᠣᠭᠤᠳᠤᠯᠭ᠎ᠠ ᠶᠢ ᠬᠦᠯᠢᠶᠡᠨ ᠠᠪᠬᠤ ᠬᠡᠷᠡᠭᠲᠡᠢ᠃      ︵ᠲᠠᠪᠤ︶ ᠥᠪᠡᠷᠲᠡᠭᠡᠨ ᠵᠠᠰᠠᠬᠤ ᠣᠷᠣᠨ ᠤ ᠱᠠᠲᠤᠨ ᠤ ᠶᠠᠰᠤ ᠴᠢᠨᠠᠷ ᠢ ᠡᠵᠡᠮᠳᠡᠬᠦ ᠲᠤᠷᠰᠢᠯᠲᠠ ᠶᠢᠨ ᠲᠠᠰᠤᠭ  ᠨᠢ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠡᠳᠦᠷ ᠲᠤᠳᠤᠮ ᠤᠨ ᠥᠯᠢᠭᠡᠷ ᠡᠳ᠋ ᠢ ᠪᠠᠶᠢᠴᠠᠭᠠᠨ ᠬᠡᠮᠵᠢᠬᠦ ᠡᠭᠦᠷᠭᠡ ᠶᠢ ᠡᠭᠦᠷᠭᠡᠯᠡᠬᠦ ᠦᠭᠡᠢ ᠃      ᠬᠤᠶᠠᠷ ᠂ ᠨᠥᠬᠦᠴᠡᠯ ᠱᠠᠭᠠᠷᠳᠠᠯᠭ᠎ᠠ      ︵ᠨᠢᠭᠡ︶ ᠶᠡᠷᠦᠩᠬᠡᠢ ᠱᠠᠭᠠᠷᠳᠠᠯᠭ᠎ᠠ      ᠥᠪᠡᠷᠲᠡᠭᠡᠨ ᠵᠠᠰᠠᠬᠤ ᠣᠷᠣᠨ ᠤ ᠱᠠᠲᠤᠨ ᠤ ᠶᠠᠰᠤ ᠴᠢᠨᠠᠷ ᠤᠨ ᠡᠵᠡᠮᠳᠡᠯ ᠤᠨ ᠲᠤᠷᠰᠢᠯᠲᠠ ᠶᠢᠨ ᠲᠠᠰᠤᠭ ᠨᠢ ᠬᠠᠤᠯᠢ ᠶᠣᠰᠣᠭᠠᠷ ᠪᠠᠶᠢᠭᠤᠯᠤᠭᠰᠠᠨ᠂ ᠪᠡᠶ᠎ᠡ ᠪᠠᠨ ᠳᠠᠭᠠᠭᠠᠨ ᠬᠠᠤᠯᠢ ᠴᠠᠭᠠᠵᠠ ᠶᠢᠨ ᠬᠠᠷᠢᠭᠤᠴᠠᠯᠭ᠎ᠠ ᠡᠭᠦᠷᠭᠡᠯᠡᠵᠦ ᠳᠡᠶᠢᠯᠬᠦ ᠬᠠᠤᠯᠢ ᠶᠢᠨ ᠡᠷᠬᠡᠲᠡᠨ  ᠨᠢᠭᠡᠴᠢ ᠪᠠᠶᠢᠵᠤ᠂ ᠲᠡᠭᠦᠨ ᠤ ᠭᠠᠷᠭᠠᠭᠰᠠᠨ ᠦᠷ᠎ᠡ ᠳ᠋ᠦᠩ ᠳᠤ  ᠪᠠᠨ ᠬᠠᠷᠢᠭᠤᠴᠠᠬᠤ ᠶᠢᠨ ᠬᠠᠮᠲᠤ ᠵᠣᠬᠢᠬᠤ ᠬᠠᠤᠯᠢ ᠴᠠᠭᠠᠵᠠ ᠶᠢᠨ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃ ᠲᠤᠷᠰᠢᠯᠲᠠ ᠶᠢᠨ ᠲᠠᠰᠤᠭ ᠪᠤᠶᠤ ᠲᠡᠭᠦᠨ ᠤ ᠪᠠᠶᠢᠭ᠎ᠠ ᠨᠢᠭᠡᠴᠢ ᠳᠤ ᠲᠤᠭ᠎ᠠ ᠪᠠᠷᠢᠮᠲᠠ ᠶᠢ ᠬᠠᠭᠤᠷᠮᠠᠭ ᠢᠶᠠᠷ ᠵᠣᠬᠢᠶᠠᠭᠰᠠᠨ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠡᠷᠡᠭᠦᠯ ᠪᠤᠰᠤ ᠢᠲᠡᠭᠡᠮᠵᠢ ᠶᠢᠨ ᠲᠡᠮᠳᠡᠭᠯᠡᠯ ᠪᠠᠶᠢᠬᠤ ᠦᠭᠡᠢ᠃ ᠲᠤᠷᠰᠢᠯᠲᠠ ᠶᠢᠨ ᠲᠠᠰᠤᠭ ᠵᠢᠴᠢ ᠲᠡᠭᠦᠨ ᠤ ᠠᠵᠢᠯᠲᠠᠳ ᠨᠡᠶᠢᠳᠡᠮ ᠤᠨ ᠪᠠᠶᠢᠴᠠᠭᠠᠯᠲᠠ ᠶᠢᠨ ᠠᠵᠢᠯ ᠤᠨ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠬᠡᠷᠡᠭᠵᠢᠭᠦᠯᠬᠦ ᠶᠢᠨ ᠬᠠᠮᠲᠤ ᠬᠠᠮᠢᠶ᠎ᠠ ᠪᠦᠬᠦᠢ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃      1. ᠲᠤᠷᠰᠢᠯᠲᠠ ᠶᠢᠨ ᠲᠠᠰᠤᠭ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠡᠯᠪᠡᠭ ᠪᠠᠶᠠᠯᠢᠭ ᠲᠤᠷᠰᠢᠯᠭ᠎ᠠ ᠪᠠ ᠰᠠᠶᠢᠨ ᠰᠠᠶᠢᠬᠠᠨ ᠢᠲᠡᠭᠡᠯ ᠬᠦᠨᠳᠦ ᠲᠠᠢ ᠪᠠᠶᠢᠵᠤ᠂ ᠬᠠᠤᠯᠢ ᠶᠢᠨ ᠬᠠᠷᠢᠭᠤᠴᠠᠯᠭ᠎ᠠ ᠶᠢ ᠡᠭᠦᠷᠭᠡᠯᠡᠬᠦ ᠨᠢᠭᠡᠴᠢ  ᠨᠢ ᠠᠵᠢᠯ ᠦᠢᠯᠡᠰ ᠤᠨ ᠨᠢᠭᠡᠴᠢ ᠪᠠᠶᠢᠬᠤ ᠬᠡᠷᠡᠭᠳᠡᠢ ᠃      2. ᠥᠪᠡᠷᠲᠡᠭᠡᠨ ᠵᠠᠰᠠᠬᠤ ᠣᠷᠣᠨ ᠤ ᠨᠡᠶᠢᠳᠡᠮ ᠤᠨ ᠪᠠᠶᠢᠴᠠᠭᠠᠯᠲᠠ ᠶᠢᠨ ᠥᠯᠢᠭᠡᠷ ᠡᠳ᠋ ᠦᠶᠯᠡᠳᠬᠦ ᠪᠠ ᠪᠠᠶᠢᠴᠠᠭᠠᠨ ᠬᠡᠮᠵᠢᠬᠦ ᠵᠡᠷᠭᠡ ᠳᠤ ᠮᠡᠷᠭᠡᠵᠢᠯ ᠤᠨ ᠵᠢᠯᠣᠭᠤᠳᠤᠯᠭ᠎ᠠ᠂ ᠮᠡᠷᠭᠡᠵᠢᠯ ᠤᠨ ᠪᠣᠯᠪᠠᠰᠤᠷᠠᠭᠤᠯᠤᠯ᠂ ᠮᠡᠷᠭᠡᠵᠢᠯ ᠤᠨ ᠬᠠᠮᠢᠶᠠᠷᠤᠯᠲᠠ ᠵᠡᠷᠭᠡ ᠴᠢᠳᠠᠪᠤᠷᠢ ᠶᠢ ᠪᠦᠷᠢᠳᠦᠭᠦᠯᠦᠨ᠎ᠡ᠃      3. ᠥᠪᠡᠷᠲᠡᠭᠡᠨ ᠵᠠᠰᠠᠬᠤ ᠣᠷᠣᠨ ᠳᠤ ᠪᠠᠶᠢᠴᠠᠭᠠᠨ ᠰᠢᠯᠭᠠᠭᠰᠠᠨ ᠦᠷ᠎ᠡ ᠳ᠋ᠦᠩ ᠤᠨ ᠮᠠᠷᠭᠤᠯᠳᠤᠭᠠᠨ ᠡᠭᠦᠰᠬᠦ ᠦᠶ᠎ᠡ ᠳᠤ᠂ ᠳᠠᠬᠢᠨ ᠪᠠᠶᠢᠴᠠᠭᠠᠵᠤ ᠦᠨᠡᠯᠡᠨ ᠮᠠᠭᠠᠳᠯᠠᠬᠤ ᠴᠢᠳᠠᠪᠤᠷᠢ ᠶᠢ ᠪᠦᠷᠢᠯᠳᠦᠭᠦᠯᠬᠦ ᠬᠡᠷᠡᠭᠲᠡᠢ᠃      4. ᠬᠤᠵᠢᠷᠯᠢᠭ ᠭᠠᠵᠠᠷ ᠢ ᠨᠡᠶᠢᠳᠡᠮ ᠤᠨ ᠪᠠᠶᠢᠴᠠᠭᠠᠯᠲᠠ ᠶᠢᠨ ᠡᠭᠦᠷᠭᠡ ᠲᠠᠢ ᠥᠪᠡᠷᠲᠡᠭᠡᠨ ᠵᠠᠰᠠᠬᠤ ᠣᠷᠣᠨ ᠤ ᠲᠡᠰ ᠤᠨ ᠶᠠᠰᠤ ᠴᠢᠨᠠᠷ ᠢ ᠡᠵᠡᠮᠳᠡᠬᠦ ᠲᠤᠷᠰᠢᠯᠲᠠ ᠶᠢᠨ ᠲᠡᠰᠤᠬ ᠨᠢ ᠭᠠᠵᠠᠷ ᠳᠣᠣᠷᠠᠬᠢ ᠤᠰᠤᠨ ᠤ ᠦᠯᠢᠭᠡᠷ ᠡᠳ᠋ ᠵᠡᠷᠭᠡ ᠶᠢ ᠪᠠᠶᠢᠴᠠᠭᠠᠨ ᠬᠡᠮᠵᠢᠬᠦ ᠴᠢᠳᠠᠪᠤᠷᠢ ᠶᠢ ᠪᠦᠷᠢᠳᠦᠭᠦᠯᠦᠭᠰᠡᠨ ᠪᠠᠶᠢᠬᠤ ᠬᠡᠷᠡᠭᠲᠡᠢ ᠃      5.ᠮᠡᠳᠡᠭᠦᠯᠬᠦ ᠨᠥᠬᠦᠴᠡᠯ ᠦᠭᠡᠢ ᠠᠵᠢᠯ ᠦᠢᠯᠡᠰ ᠤᠨ ᠬᠠᠤᠯᠢ ᠶᠢᠨ ᠡᠷᠬᠡᠲᠡᠨ ᠤ ᠨᠢᠭᠡᠴᠢ ᠶᠢᠨ ᠲᠤᠷᠰᠢᠯᠲᠠ ᠶᠢᠨ ᠲᠠᠰᠤᠭ ᠢ ᠨᠢᠭᠡ ᠲᠤᠷᠰᠢᠯᠲᠠ ᠶᠢᠨ ᠲᠠᠰᠤᠭ ᠲᠦᠷᠦᠭᠦᠯᠡᠨ ᠬᠠᠷᠢᠭᠤᠴᠠᠵᠤ᠂ ᠲᠤᠬᠠᠢ ᠶᠢᠨ ᠭᠠᠵᠠᠷ ᠤᠨ 1 ︱ 2 ᠪᠤᠰᠤᠳ ᠠᠵᠢᠯ ᠦᠢᠯᠡᠰ ᠤᠨ ᠬᠠᠤᠯᠢ ᠶᠢᠨ ᠡᠷᠬᠡᠲᠡᠨ ᠤ ᠨᠢᠭᠡᠴᠢ ᠶᠢᠨ ᠲᠤᠷᠰᠢᠯᠲᠠ ᠶᠢᠨ ᠲᠠᠰᠤᠭ ᠲᠠᠢ ᠬᠤᠯᠪᠤᠭᠠᠯᠠᠨ ᠬᠠᠮᠲᠤᠷᠠᠭᠰᠠᠨ ᠴᠣᠭᠴᠠ ᠪᠠᠶᠢᠭᠤᠯᠵᠤ ᠬᠠᠮᠲᠤ ᠪᠠᠷ ᠮᠡᠳᠡᠭᠦᠯᠦᠨ᠎ᠡ︔ ᠮᠡᠳᠡᠭᠦᠯᠬᠦ ᠮᠠᠲ᠋ᠧᠷᠢᠶᠠᠯ ᠳᠤ ᠲᠦᠷᠦᠭᠦᠯᠡᠨ ᠬᠢᠬᠦ ᠪᠠ ᠬᠤᠯᠪᠣᠭᠠᠯᠠᠭᠰᠠᠨ ᠲᠤᠷᠰᠢᠯᠲᠠ ᠶᠢᠨ ᠲᠠᠰᠤᠭ ᠢ ᠲᠣᠳᠣᠷᠬᠠᠶᠢᠯᠠᠵᠤ᠂ ᠥᠪᠡᠷᠲᠡᠭᠡᠨ ᠵᠠᠰᠠᠬᠤ ᠣᠷᠣᠨ ᠤ ︽ ᠭᠤᠷᠪᠠᠳᠤᠭᠠᠷ ᠣᠳᠠᠭᠠᠨ ᠤ ᠨᠡᠶᠢᠳᠡᠮ ᠤᠨ ᠪᠠᠶᠢᠴᠠᠭᠠᠯᠲᠠ ᠶᠢᠨ ᠠᠯᠪᠠᠨ ᠭᠡᠷ︾  ᠨᠢ ᠲᠦᠷᠦᠭᠦᠯᠡᠨ ᠬᠠᠷᠢᠭᠤᠴᠠᠬᠤ ᠲᠤᠷᠰᠢᠯᠲᠠ ᠶᠢᠨ ᠲᠠᠰᠤᠭ ᠪᠠ ᠬᠤᠯᠪᠣᠭᠠᠯᠠᠭᠰᠠᠨ ᠲᠤᠷᠰᠢᠯᠲᠠ ᠶᠢᠨ ᠲᠠᠰᠤᠭ ᠲᠤ ᠴᠥᠮ ᠬᠢᠨᠠᠨ ᠰᠢᠯᠭᠠᠯᠲᠠ ᠪᠠ ᠦᠨᠡᠯᠡᠨ ᠵᠢᠱᠢᠯᠲᠡ ᠬᠢᠵᠦ᠂ ᠬᠢᠨᠠᠨ ᠰᠢᠯᠭᠠᠯᠲᠠ ᠶᠢ ᠥᠩᠭᠡᠷᠡᠭᠡᠭᠰᠡᠨ ᠬᠤᠯᠪᠣᠭᠠᠲᠤ ᠴᠣᠭᠴᠠ ᠶᠢ ᠲᠦᠷᠦᠭᠦᠯᠡᠨ ᠬᠠᠷᠢᠭᠤᠴᠠᠬᠤ ᠲᠤᠷᠰᠢᠯᠲᠠ ᠶᠢᠨ ᠲᠠᠰᠤᠭ ᠠᠴᠠ ᠥᠪᠡᠷᠲᠡᠭᠡᠨ ᠵᠠᠰᠠᠬᠤ ᠣᠷᠣᠨ ᠤ ︽ᠭᠤᠷᠪᠠᠳᠤᠭᠠᠷ ᠣᠳᠠᠭᠠᠨ ᠤ ᠨᠡᠶᠢᠳᠡᠮ ᠤᠨ ᠪᠠᠶᠢᠴᠠᠭᠠᠯᠲᠠ ᠶᠢᠨ ᠠᠯᠪᠠᠨ ᠭᠡᠷ︾ ᠳᠤ ᠬᠠᠷᠢᠭᠤᠴᠠᠨ᠎ᠠ᠃      6.ᠬᠤᠯᠪᠣᠭᠠᠲᠤ ᠴᠣᠭᠴᠠ ᠠᠴᠠ ᠭᠤᠶᠤᠴᠢᠯᠠᠨ ᠮᠡᠳᠡᠭᠦᠯᠬᠦ ᠲᠤᠷᠰᠢᠯᠲᠠ ᠶᠢᠨ ᠲᠠᠰᠤᠭ ᠲᠤ ᠂ ᠡᠯ᠎ᠡ ᠲᠤᠷᠰᠢᠯᠲᠠ ᠶᠢᠨ ᠲᠠᠰᠤᠭ ᠨᠢ ᠡᠷᠬᠡᠪᠰᠢ ᠴᠥᠮ ᠳᠣᠣᠷᠠᠬᠢ ᠪᠤᠰᠤᠳ ᠱᠠᠭᠠᠷᠳᠠᠯᠭ᠎ᠠ ᠶᠢᠨ ᠬᠢᠷᠢ ᠴᠢᠳᠠᠯ ᠤᠨ ᠨᠥᠬᠦᠴᠡᠯ ᠢ ᠪᠦᠷᠢᠳᠦᠭᠦᠯᠦᠭᠰᠡᠨ ᠪᠠᠶᠢᠬᠤ ᠬᠡᠷᠡᠭᠲᠡᠢ ᠂ ᠬᠤᠯᠪᠣᠭᠠᠲᠤ ᠴᠣᠭᠴᠠ ᠶᠢ ᠨᠡᠶᠢᠯᠡᠭᠦᠯᠬᠦ ᠳᠤ ᠡᠷᠬᠡᠪᠰᠢ ᠪᠤᠰᠤᠳ ᠱᠠᠭᠠᠷᠳᠠᠯᠭ᠎ᠠ ᠶᠢ ᠬᠠᠩᠭᠠᠬᠤ ᠴᠢᠳᠠᠪᠤᠷᠢ ᠶᠢᠨ ᠭᠡᠷᠡᠴᠢᠯᠡᠯ ᠂ ᠠᠵᠢᠯᠲᠠᠨ ᠤ ᠡᠩᠨᠡᠭᠡ ᠂ ᠲᠠᠯᠠᠪᠤᠷ ᠭᠠᠵᠠᠷ ᠤᠨ ᠣᠷᠴᠢᠨ ᠲᠣᠭᠤᠷᠢᠨ ᠂ ᠪᠡᠯᠡᠳᠭᠡᠮᠵᠢ ᠲᠥᠬᠦᠭᠡᠷᠦᠮᠵᠢ ᠂ ᠪᠠᠶᠢᠴᠠᠭᠠᠨ ᠰᠢᠯᠭᠠᠬᠤ ᠠᠷᠭ᠎ᠠ ᠪᠠ ᠶᠠᠰᠤ ᠴᠢᠨᠠᠷ ᠢ ᠪᠠᠲᠤᠯᠠᠬᠤ ᠵᠡᠷᠭᠡ ᠨᠥᠬᠦᠴᠡᠯ ᠢ ᠪᠦᠷᠢᠯᠳᠦᠭᠦᠯᠦᠭᠰᠡᠨ ᠪᠠᠶᠢᠬᠤ ᠬᠡᠷᠡᠭᠲᠡᠢ ᠃      ︵ ᠬᠤᠶᠠᠷ ︶ ᠪᠤᠰᠤᠳ ᠱᠠᠭᠠᠷᠳᠠᠯᠭ᠎ᠠ      1.ᠬᠢᠷᠢ ᠴᠢᠳᠠᠮᠵᠢ ᠶᠢᠨ ᠨᠥᠬᠦᠴᠡᠯ ᠃ ᠲᠡᠭᠦᠨ ᠤ ᠪᠠᠶᠢᠴᠠᠭᠠᠨ ᠰᠢᠯᠭᠠᠬᠤ ᠠᠵᠢᠯᠯᠠᠭ᠎ᠠ ᠶᠢᠨ ᠪᠡᠶ᠎ᠡ ᠪᠠᠨ ᠳᠠᠭᠠᠭᠠᠭᠰᠠᠨ᠂ ᠲᠥᠪ ᠭᠤᠥᠯᠴᠢ᠂ ᠰᠢᠨᠵᠢᠯᠡᠬᠦ ᠤᠬᠠᠭᠠᠨᠴᠢ᠂ ᠦᠨᠡᠨᠴᠢ ᠢᠲᠡᠭᠡᠮᠵᠢᠲᠡᠢ ᠪᠠᠶᠢᠬᠤ ᠶᠢ ᠪᠠᠲᠤᠯᠠᠬᠤ ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮᠵᠢ ᠲᠠᠢ ᠪᠠᠶᠢᠬᠤ ᠶᠢᠨ ᠬᠠᠮᠲᠤ ᠪᠦᠲᠦᠮᠵᠢᠲᠡᠶ ᠠᠵᠢᠯᠯᠠᠬᠤ ᠶᠢ ᠪᠠᠲᠤᠯᠠᠵᠤ᠂ ᠤᠯᠤᠰ ᠪᠤᠶᠤ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠣᠯᠭᠤᠭᠰᠠᠨ ︽ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠬᠢᠷᠢ ᠬᠡᠮ ᠢ ᠦᠨᠡᠮᠰᠢᠬᠦ ᠦᠨᠡᠮᠯᠡᠯ︾ ᠪᠤᠶᠤ ᠳᠤᠮᠳᠠᠳᠤ ᠤᠯᠤᠰ ᠤᠨ ᠬᠢᠷᠢ ᠲᠡᠩᠴᠡᠬᠦ ᠶᠢ ᠦᠨᠡᠯᠡᠨ ᠲᠣᠭᠲᠠᠭᠠᠬᠤ ᠤᠯᠤᠰ ᠤᠨ ᠵᠥᠪᠰᠢᠶᠡᠷᠡᠯ ᠤᠨ ᠵᠥᠪᠯᠡᠯ ᠠᠴᠠ ᠣᠯᠭᠤᠭᠰᠠᠨ ︽ᠲᠤᠷᠰᠢᠯᠲᠠ ᠶᠢᠨ ᠲᠠᠰᠤᠭ ᠤᠨ ᠵᠥᠪᠰᠢᠶᠡᠷᠡᠯ ᠤᠨ ᠦᠨᠡᠮᠯᠡᠯ︾ ᠲᠠᠢ ᠪᠠᠶᠢᠬᠤ ᠬᠡᠷᠡᠭᠲᠡᠢ᠃      2.ᠴᠢᠳᠠᠪᠤᠷᠢ ᠶᠢᠨ ᠭᠡᠷᠡᠴᠢᠯᠡᠯ ᠃ ᠭᠤᠶᠤᠴᠢᠯᠠᠭᠰᠠᠨ ᠡᠭᠦᠷᠭᠡ ᠲᠠᠢ ᠪᠠᠨ ᠲᠣᠬᠢᠷᠠᠯᠴᠠᠭᠰᠠᠨ ᠠᠵᠢᠯ ᠤᠨ ᠲᠤᠷᠰᠢᠯᠭ᠎ᠠ ᠲᠠᠢ ᠪᠠᠶᠢᠵᠤ᠂ ᠣᠶᠢᠷ᠎ᠠ ᠶᠢᠨ 3 ᠵᠢᠯ ᠤᠨ ᠳᠣᠲᠣᠷ᠎ᠠ ᠬᠥᠷᠥᠰᠥ ᠰᠢᠷᠣᠢ ᠶᠢᠨ ᠬᠠᠮᠢᠶ᠎ᠠ ᠪᠦᠬᠦᠢ ᠪᠠᠶᠢᠴᠠᠭᠠᠨ ᠰᠢᠯᠭᠠᠬᠤ ᠠᠵᠢᠯᠯᠠᠭ᠎ᠠ ᠶᠢ ᠥᠷᠨᠢᠭᠦᠯᠵᠦ᠂ ᠣᠶᠢᠷ᠎ᠠ ᠶᠢᠨ 3 ᠵᠢᠯ ᠳᠤ ᠣᠷᠣᠯᠴᠠᠭᠰᠠᠨ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠪᠠᠶᠢᠴᠠᠭᠠᠨ ᠰᠢᠨᠵᠢᠬᠦ ᠶᠠᠰᠤ ᠴᠢᠨᠠᠷ ᠢ ᠡᠵᠡᠮᠳᠡᠬᠦ ᠡᠭᠦᠷᠭᠡ ᠶᠢ ᠡᠭᠦᠷᠭᠡᠯᠡᠬᠦ ᠪᠠᠷ ᠭᠤᠶᠤᠴᠢᠯᠠᠭᠰᠠᠨ ᠬᠠᠮᠢᠶ᠎ᠠ ᠪᠦᠬᠦᠢ ᠴᠢᠳᠠᠪᠤᠷᠢ ᠶᠢ ᠰᠢᠯᠭᠠᠨ ᠪᠠᠲᠤᠯᠠᠬᠤ ᠪᠠ ᠬᠢᠨᠠᠨ ᠰᠢᠯᠭᠠᠬᠤ ᠵᠡᠷᠭᠡ ᠪᠠᠶᠢᠳᠠᠯ ᠤᠨ ᠭᠡᠷᠡᠴᠢᠯᠡᠬᠦ ᠮᠠᠲ᠋ᠧᠷᠢᠶᠠᠯ ᠢ ᠲᠤᠰᠢᠶᠠᠬᠤ ᠬᠡᠷᠡᠭᠲᠡᠢ᠃ ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠬᠥᠷᠥᠰᠥ ᠰᠢᠷᠣᠢ ᠶᠢᠨ ᠹᠢᠽᠢᠺ ᠬᠢᠮᠢ ᠶᠢᠨ ᠰᠢᠨᠵᠢ ᠪᠠᠶᠢᠳᠠᠯ ᠤᠨ ᠭᠦᠢᠴᠡᠳᠬᠡᠯ ᠲᠤᠭ᠎ᠠ ᠶᠢ ᠪᠠᠶᠢᠴᠠᠭᠠᠨ ᠰᠢᠯᠭᠠᠬᠤ ᠪᠥᠬᠦ ᠴᠢᠳᠠᠪᠤᠷᠢ ᠶᠢ ᠪᠦᠷᠢᠳᠦᠭᠦᠯᠦᠭᠰᠡᠨ ᠵᠢᠴᠢ ᠬᠡᠷᠡᠭᠰᠡᠬᠦ ᠬᠡᠮᠵᠢᠭᠦᠷᠯᠢᠭ ᠲᠥᠬᠦᠭᠡᠷᠦᠮᠵᠢ ︵ᠳᠠᠭᠠᠯᠳᠤᠭᠤᠯᠤᠯ 2᠂ ᠳᠠᠭᠠᠯᠳᠤᠭᠤᠯᠤᠯ 3 ᠳᠤ ᠦᠵᠡᠭᠡᠷᠡᠢ ︶ ᠪᠦᠬᠦᠨ ᠢ ᠪᠦᠷᠢᠯᠳᠦᠭᠦᠯᠬᠦ ᠬᠡᠷᠡᠭᠲᠡᠢ ︔ ᠬᠢᠷᠢ ᠬᠡᠮ ᠢ ᠮᠠᠭᠠᠳᠯᠠᠨ ᠲᠣᠭᠲᠠᠭᠠᠵᠤ ᠵᠥᠪᠰᠢᠶᠡᠷᠡᠭᠰᠡᠨ ᠪᠤᠶᠤ ᠲᠤᠷᠰᠢᠯᠲᠠ ᠶᠢᠨ ᠲᠠᠰᠤᠭ ᠤᠨ ᠵᠥᠪᠰᠢᠶᠡᠷᠡᠭᠰᠡᠨ ᠪᠠᠶᠢᠴᠠᠭᠠᠨ ᠰᠢᠯᠭᠠᠬᠤ ᠴᠢᠳᠠᠪᠤᠷᠢ ᠶᠢᠨ ᠬᠡᠪᠴᠢᠶᠡᠨ ᠳᠤ 50% ᠠᠴᠠ ᠳᠡᠭᠡᠭᠰᠢᠬᠢ ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠬᠥᠷᠥᠰᠥ ᠰᠢᠷᠣᠢ ᠶᠢᠨ ᠹᠢᠽᠢᠺ ᠬᠢᠮᠢ ᠶᠢᠨ ᠰᠢᠨᠵᠢ ᠪᠠᠶᠢᠳᠠᠯ ᠤᠨ ᠭᠦᠢᠴᠡᠳᠬᠡᠯ ᠪᠠᠶᠢᠬᠤ ᠬᠡᠷᠡᠭᠲᠡᠢ᠃      3.ᠡᠩᠨᠡᠭᠡ ᠪᠦᠷᠢᠯᠳᠦᠬᠦᠨ ᠃ ᠬᠠᠮᠢᠶᠠᠷᠤᠯᠲᠠ ᠶᠢᠨ ᠠᠵᠢᠯᠲᠠᠨ ᠂ ᠲᠤᠰᠬᠠᠢ ᠮᠡᠷᠭᠡᠵᠢᠯ ᠤᠨ ᠠᠵᠢᠯᠲᠠᠨ ᠤ ᠴᠢᠳᠠᠪᠤᠷᠢ ᠪᠣᠯᠣᠨ ᠲᠤᠭ᠎ᠠ ᠬᠡᠮᠵᠢᠶ᠎ᠡ ᠨᠢ ᠨᠡᠶᠢᠳᠡᠮ ᠤᠨ ᠪᠠᠶᠢᠴᠠᠭᠠᠯᠲᠠ ᠶᠢᠨ ᠡᠭᠦᠷᠭᠡ ᠶᠢᠨ ᠬᠡᠷᠡᠭᠴᠡᠭᠡ ᠶᠢ ᠬᠠᠩᠭᠠᠵᠤ ᠳᠡᠶᠢᠯᠬᠦ ᠬᠡᠷᠡᠭᠲᠡᠢ ᠃ ᠥᠯᠢᠭᠡᠷ ᠡᠳ᠋ ᠢ ᠪᠠᠶᠢᠴᠠᠭᠠᠨ ᠰᠢᠯᠭᠠᠬᠤ᠂ ᠪᠠᠶᠢᠴᠠᠭᠠᠨ ᠰᠢᠯᠭᠠᠭᠰᠠᠨ ᠮᠡᠳᠡᠭᠦᠯᠦᠯᠲᠡ ᠳᠤ ᠭᠠᠷ ᠤᠨ ᠥᠰᠥᠭ ᠵᠢᠷᠤᠵᠤ ᠶᠠᠪᠤᠭᠤᠯᠬᠤ ᠵᠡᠷᠭᠡ ᠪᠣᠶ ᠪᠦᠬᠦᠢ ᠠᠵᠢᠯᠲᠠᠨ ᠳᠤ ᠵᠣᠬᠢᠬᠤ ᠬᠥᠮᠦᠵᠢᠯ ᠪᠣᠯᠪᠠᠰᠤᠷᠠᠭᠤᠯᠤᠯ ᠬᠢᠬᠦ ᠬᠡᠷᠡᠭᠲᠡᠢ᠃ ᠵᠠᠩᠭᠢᠯᠠᠭ᠎ᠠ ᠶᠢᠨ ᠠᠵᠢᠯ ᠤᠨ ᠪᠠᠶᠢᠷᠢ ︵ᠮᠡᠷᠭᠡᠵᠢᠯ ᠤᠨ ᠬᠠᠷᠢᠭᠤᠴᠠᠯᠭᠠᠲᠠᠨ᠂ ᠡᠷᠬᠡ ᠣᠯᠭᠤᠭᠰᠠᠨ ᠭᠠᠷ ᠤᠨ ᠥᠰᠥᠭ ᠵᠢᠷᠤᠭᠴᠢ᠂ ᠶᠠᠰᠤ ᠴᠢᠨᠠᠷ ᠲᠤ ᠬᠢᠨᠠᠯᠲᠠ ᠲᠠᠯᠪᠢᠭᠴᠢ ᠵᠡᠷᠭᠡ︶ ᠶᠢᠨ ᠠᠵᠢᠯᠲᠠᠨ᠂ ᠬᠥᠷᠥᠰᠥ ᠰᠢᠷᠣᠢ ᠶᠢ ᠪᠠᠶᠢᠴᠠᠭᠠᠨ ᠬᠡᠮᠵᠢᠬᠦ ᠳᠤ ᠬᠤᠯᠪᠣᠭᠳᠠᠬᠤ ᠲᠤᠰᠬᠠᠢ ᠮᠡᠷᠭᠡᠵᠢᠯ ᠤᠨ ᠠᠬᠤᠢ ᠪᠠᠶᠢᠳᠠᠯ ᠪᠤᠶᠤ ᠠᠵᠢᠯ ᠤᠨ ᠥᠩᠭᠡᠷᠡᠯᠲᠡ ᠶᠢ ᠪᠦᠷᠢᠳᠦᠭᠦᠯᠬᠦ ᠶᠢᠨ ᠬᠠᠮᠲᠤ᠂ ᠨᠡᠶᠢᠳᠡᠮ ᠤᠨ ᠪᠠᠶᠢᠴᠠᠭᠠᠯᠲᠠ ᠶᠢᠨ ᠥᠯᠢᠭᠡᠷ ᠡᠳ᠋ ᠢ ᠪᠠᠶᠢᠴᠠᠭᠠᠨ ᠬᠡᠮᠵᠢᠬᠦ᠂ ᠶᠠᠰᠤ ᠴᠢᠨᠠᠷ ᠢ ᠡᠵᠡᠮᠳᠡᠬᠦ ᠵᠡᠷᠭᠡ ᠠᠵᠢᠯ ᠳᠤ ᠰᠢᠭᠤᠳ ᠣᠷᠤᠯᠴᠠᠬᠤ ᠶᠢ ᠪᠠᠲᠤᠯᠠᠬᠤ ᠬᠡᠷᠡᠭᠲᠡᠢ᠃ ᠮᠡᠷᠭᠡᠵᠢᠯ ᠤᠨ ᠠᠵᠢᠯᠲᠠᠳ ᠬᠠᠮᠢᠶ᠎ᠠ ᠪᠦᠬᠦᠢ ᠪᠠᠶᠢᠴᠠᠭᠠᠨ ᠰᠢᠯᠭᠠᠬᠤ ᠠᠷᠭ᠎ᠠ ᠪᠠ ᠶᠠᠰᠤ ᠴᠢᠨᠠᠷ ᠢ ᠡᠵᠡᠮᠳᠡᠬᠦ ᠠᠷᠭ᠎ᠠ ᠬᠡᠮᠵᠢᠶ᠎ᠡ ᠶᠢ ᠰᠠᠶᠢᠨ ᠮᠡᠳᠡᠵᠦ᠂ ᠡᠩ ᠤᠨ ᠥᠯᠢᠭᠡᠷ ᠡᠳ᠋ ᠪᠠ ᠬᠥᠷᠥᠰᠥᠨ ᠤ ᠣᠭᠲᠣᠯᠣᠭᠠᠰᠤ ᠶᠢᠨ ᠥᠯᠢᠭᠡᠷ ᠡᠳ᠋ ᠵᠡᠷᠭᠡ ᠥᠯᠢᠭᠡᠷ ᠡᠳ᠋ ᠦᠶᠯᠡᠳᠬᠦ ᠶᠠᠪᠤᠴᠠ ᠶᠢ ᠪᠣᠯᠪᠠᠰᠤᠷᠠᠩᠭᠤᠢ ᠡᠵᠡᠮᠰᠢᠬᠦ ᠬᠡᠷᠡᠭᠲᠡᠢ︔ ᠶᠠᠰᠤ ᠴᠢᠨᠠᠷ ᠢ ᠡᠵᠡᠮᠳᠡᠬᠦ ᠠᠵᠢᠯᠲᠠᠨ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ ᠲᠤᠷᠰᠢᠯᠲᠠ ᠶᠢᠨ ᠲᠠᠰᠤᠭ ᠤᠨ ᠳᠣᠲᠣᠭᠠᠳᠤ ᠶᠢᠨ ᠶᠠᠰᠤ ᠴᠢᠨᠠᠷ ᠢ ᠡᠵᠡᠮᠳᠡᠬᠦ ᠠᠵᠢᠯ ᠢ ᠥᠷᠨᠢᠭᠦᠯᠵᠦ᠂ ᠲᠤᠷᠰᠢᠯᠲᠠ ᠶᠢᠨ ᠲᠠᠰᠤᠭ ᠤᠨ ᠪᠠᠶᠢᠴᠠᠭᠠᠨ ᠬᠡᠮᠵᠢᠭᠰᠡᠨ ᠲᠤᠭ᠎ᠠ ᠪᠠᠷᠢᠮᠲᠠ ᠶᠢᠨ ᠣᠨᠣᠪᠴᠢᠲᠤ ᠴᠢᠨᠠᠷ᠂ ᠠᠷᠭ᠎ᠠ ᠶᠢᠨ ᠪᠦᠲᠦᠮᠵᠢᠲᠦ ᠴᠢᠨᠠᠷ ᠢ ᠮᠠᠭᠠᠳᠯᠠᠬᠤ ᠵᠢᠴᠢ ᠶᠠᠰᠤ ᠴᠢᠨᠠᠷ ᠢ ᠦᠨᠡᠯᠡᠨ ᠵᠢᠱᠢᠭᠰᠡᠨ ᠮᠡᠳᠡᠭᠦᠯᠦᠯᠲᠡ ᠶᠢ ᠨᠠᠶᠢᠷᠠᠭᠤᠯᠤᠨ ᠪᠢᠴᠢᠬᠦ ᠴᠢᠳᠠᠪᠤᠷᠢ ᠲᠠᠢ ᠪᠠᠶᠢᠬᠤ ᠬᠡᠷᠡᠭᠲᠡᠢ᠃ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠡᠭᠦᠷᠭᠡ ᠶᠢ ᠡᠭᠦᠷᠭᠡᠯᠡᠵᠦ ᠪᠠᠶᠢᠭ᠎ᠠ ᠬᠤᠭᠤᠴᠠᠭᠠᠨ ᠳᠤ ᠂ ᠲᠤᠷᠰᠢᠯᠲᠠ ᠶᠢᠨ ᠲᠠᠰᠤᠭ ᠨᠢ ᠬᠠᠮᠢᠶᠠᠷᠤᠯᠲᠠ ᠶᠢᠨ ᠠᠵᠢᠯᠲᠠᠨ ᠪᠣᠯᠣᠨ ᠲᠤᠰᠬᠠᠢ ᠮᠡᠷᠭᠡᠵᠢᠯ ᠤᠨ ᠠᠵᠢᠯᠲᠠᠨ ᠤ ᠦᠨᠳᠦᠰᠦᠨ ᠳᠤ ᠪᠠᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ ᠃      4. ᠲᠠᠯᠠᠪᠤᠷ ᠭᠠᠵᠠᠷ ᠤᠨ ᠣᠷᠴᠢᠨ ᠲᠣᠭᠤᠷᠢᠨ᠃ ᠲᠣᠭᠲᠠᠮᠠᠯ ᠥᠯᠢᠭᠡᠷ ᠡᠳ᠋ ᠦᠶᠯᠡᠳᠬᠦ᠂ ᠬᠠᠳᠠᠭᠠᠯᠠᠬᠤ ᠪᠠ ᠪᠠᠶᠢᠴᠠᠭᠠᠨ ᠬᠡᠮᠵᠢᠬᠦ ᠲᠠᠯᠠᠪᠤᠷ ᠲᠠᠢ ᠪᠠᠶᠢᠬᠤ ᠶᠢᠨ ᠬᠠᠮᠲᠤ᠂ ᠳᠤᠯᠠᠭᠠᠨ ᠤ ᠬᠡᠮᠵᠢᠶ᠎ᠡ᠂ ᠴᠢᠭᠢᠭᠲᠦᠴᠡ ᠵᠡᠷᠭᠡ ᠲᠠᠯᠠᠪᠤᠷ ᠤᠨ ᠣᠷᠴᠢᠨ ᠲᠣᠭᠤᠷᠢᠨ ᠤ ᠬᠤᠯᠪᠣᠭᠳᠠᠯ ᠪᠦᠬᠦᠢ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠢ᠃ ᠪᠠᠶᠢᠴᠠᠭᠠᠨ ᠰᠢᠯᠭᠠᠬᠤ ᠲᠠᠰᠤᠭ ᠤᠨ ᠪᠡᠯᠡᠳᠬᠡᠮᠵᠢ ᠶᠢᠨ ᠨᠥᠬᠦᠴᠡᠯ ᠪᠠ ᠣᠷᠴᠢᠨ ᠲᠣᠭᠤᠷᠢᠨ ᠨᠢ ᠵᠠᠳᠠᠯᠤᠨ ᠰᠢᠨᠵᠢᠯᠡᠬᠦ ᠬᠡᠮᠵᠢᠭᠦᠷᠯᠢᠭ᠂ ᠪᠠᠶᠢᠴᠠᠭᠠᠨ ᠰᠢᠯᠭᠠᠬᠤ ᠠᠷᠭ᠎ᠠ ᠵᠡᠷᠭᠡ ᠬᠤᠯᠪᠣᠭᠳᠠᠯ ᠪᠦᠬᠦᠢ ᠱᠠᠭᠠᠷᠳᠠᠯᠭ᠎ᠠ ᠶᠢ ᠬᠠᠩᠭᠠᠭᠰᠠᠨ ᠪᠠᠶᠢᠬᠤ ᠬᠡᠷᠡᠭᠲᠡᠢ᠃ ᠪᠠᠶᠢᠴᠠᠭᠠᠨ ᠬᠡᠮᠵᠢᠬᠦ ᠣᠷᠣᠨ ᠪᠦᠰᠡ ᠳᠤ ᠢᠯᠡᠷᠬᠡᠢ ᠲᠡᠮᠳᠡᠭ ᠲᠠᠢ ᠪᠠᠶᠢᠵᠤ ᠂ ᠬᠠᠷᠢᠯᠴᠠᠨ ᠨᠥᠯᠥᠭᠡᠯᠡᠬᠦ ᠣᠷᠣᠨ ᠪᠦᠰᠡ ᠶᠢ ᠪᠦᠲᠦᠮᠵᠢᠲᠡᠶ ᠪᠠᠷ ᠲᠤᠰᠠᠭᠠᠷᠯᠠᠵᠤ ᠂ ᠰᠣᠯᠪᠢᠴᠠᠨ ᠪᠣᠬᠢᠷᠲᠤᠬᠤ ᠶᠢ ᠰᠡᠷᠭᠡᠶᠢᠯᠡᠬᠦ ᠬᠡᠷᠡᠭᠲᠡᠢ ᠃ ᠪᠠᠶᠢᠴᠠᠭᠠᠨ ᠰᠢᠯᠭᠠᠭᠰᠠᠨ ᠦᠷ᠎ᠡ ᠳ᠋ᠦᠩ ᠤᠨ ᠶᠠᠰᠤ ᠴᠢᠨᠠᠷ ᠢ ᠨᠥᠯᠥᠭᠡᠯᠡᠵᠦ ᠮᠡᠳᠡᠬᠦ ᠣᠷᠴᠢᠨ ᠲᠣᠭᠤᠷᠢᠨ ᠤ ᠨᠥᠬᠦᠴᠡᠯ ᠢ ᠢᠯᠭᠠᠨ ᠲᠠᠨᠢᠵᠤ᠂ ᠬᠢᠨᠠᠨ ᠡᠵᠡᠮᠳᠡᠬᠦ ᠪᠠ ᠲᠡᠮᠳᠡᠭᠯᠡᠵᠦ᠂ ᠬᠠᠮᠢᠶ᠎ᠠ ᠪᠦᠬᠦᠢ ᠮᠡᠷᠭᠡᠵᠢᠯ ᠤᠨ ᠱᠠᠭᠠᠷᠳᠠᠯᠭ᠎ᠠ ᠳᠤ ᠨᠡᠶᠢᠴᠡᠭᠦᠯᠬᠦ ᠶᠢ ᠪᠠᠲᠤᠯᠠᠬᠤ ᠬᠡᠷᠡᠭᠲᠡᠢ᠃      5. ᠪᠡᠯᠡᠳᠬᠡᠮᠵᠢ ᠲᠥᠬᠦᠭᠡᠷᠦᠮᠵᠢ ᠃ ᠲᠤᠭ᠎ᠠ ᠬᠡᠮᠵᠢᠶ᠎ᠡ ᠨᠢ ᠭᠦᠢᠴᠡᠳ ᠮᠥᠷᠲᠡᠭᠡᠨ ᠮᠡᠷᠭᠡᠵᠢᠯ ᠤᠨ ᠭᠦᠢᠴᠡᠳᠬᠡᠯ ᠲᠤᠭ᠎ᠠ ᠨᠢ ᠭᠤᠶᠤᠴᠢᠯᠠᠭᠰᠠᠨ ᠨᠡᠶᠢᠳᠡᠮ ᠤᠨ ᠪᠠᠶᠢᠴᠠᠭᠠᠯᠲᠠ ᠶᠢᠨ ᠥᠯᠢᠭᠡᠷ ᠡᠳ᠋ ᠦᠶᠯᠡᠳᠬᠦ ᠪᠤᠶᠤ ᠪᠠᠶᠢᠴᠠᠭᠠᠨ ᠬᠡᠮᠵᠢᠬᠦ ᠡᠭᠦᠷᠭᠡ ᠶᠢᠨ ᠱᠠᠭᠠᠷᠳᠠᠯᠭ᠎ᠠ ᠳᠤ ᠨᠡᠶᠢᠴᠡᠭᠰᠡᠨ ᠬᠡᠮᠵᠢᠭᠦᠷᠯᠢᠭ ᠲᠥᠬᠦᠭᠡᠷᠦᠮᠵᠢ ᠶᠢ ᠲᠣᠬᠢᠷᠠᠭᠤᠯᠵᠤ᠂ ᠬᠡᠮᠵᠢᠭᠦᠷᠯᠢᠭ ᠲᠥᠬᠦᠭᠡᠷᠦᠮᠵᠢ ᠨᠢ ᠪᠦᠷᠢᠨ ᠪᠦᠲᠦᠨ ᠪᠠᠶᠢᠬᠤ ᠬᠡᠷᠡᠭᠲᠡᠢ᠃ ᠪᠠᠶᠢᠴᠠᠭᠠᠨ ᠰᠢᠯᠭᠠᠭᠰᠠᠨ ᠦᠷ᠎ᠡ ᠳ᠋ᠦᠩ ᠤᠨ ᠣᠨᠣᠪᠴᠢᠲᠤ ᠴᠢᠨᠠᠷ ᠪᠤᠶᠤ ᠪᠦᠲᠦᠮᠵᠢᠲᠦ ᠴᠢᠨᠠᠷ ᠲᠤ ᠨᠥᠯᠥᠭᠡ ᠲᠠᠢ ᠂ ᠡᠰᠡᠬᠦᠯ᠎ᠡ ᠬᠡᠮᠵᠢᠯᠲᠡ ᠶᠢᠨ ᠡᠬᠢ ᠶᠢ ᠡᠷᠢᠬᠦ ᠴᠢᠨᠠᠷ ᠲᠤ ᠱᠠᠭᠠᠷᠳᠠᠯᠭ᠎ᠠ ᠲᠠᠢ ᠬᠡᠮᠵᠢᠭᠦᠷᠯᠢᠭ ᠲᠥᠬᠦᠭᠡᠷᠦᠮᠵᠢ ᠶᠢ ᠠᠰᠢᠭᠯᠠᠯᠲᠠ ᠳᠤ ᠣᠷᠣᠭᠤᠯᠬᠤ ᠠᠴᠠ ᠡᠮᠦᠨ᠎ᠡ ᠬᠡᠮᠵᠢᠯᠲᠡ ᠶᠢᠨ ᠰᠢᠯᠭᠠᠨ ᠲᠣᠭᠲᠠᠭᠠᠯᠲᠠ ᠪᠤᠶᠤ ᠬᠠᠷᠭᠤᠭᠤᠯᠤᠯᠲᠠ ᠶᠢᠨ ᠬᠠᠮᠲᠤ ᠲᠡᠭᠦᠨ ᠢ ᠬᠦᠴᠦᠨ ᠲᠠᠢ ᠬᠤᠭᠤᠴᠠᠭᠠᠨ ᠳᠤ ᠬᠡᠷᠡᠭᠯᠡᠬᠦ ᠶᠢ ᠪᠠᠲᠤᠯᠠᠬᠤ ᠬᠡᠷᠡᠭᠲᠡᠢ ᠃ ᠲᠤᠰᠠᠯᠠᠬᠤ ᠬᠡᠮᠵᠢᠭᠦᠷᠯᠢᠭ ᠲᠥᠬᠦᠭᠡᠷᠦᠮᠵᠢ ᠳᠤ ᠴᠢᠳᠠᠮᠵᠢ ᠶᠢᠨ ᠬᠢᠨᠠᠨ ᠪᠠᠶᠢᠴᠠᠭᠠᠯᠲᠠ ᠬᠢᠬᠦ ᠬᠡᠷᠡᠭᠲᠡᠢ᠃ ᠬᠡᠷᠡᠭᠯᠡᠭᠰᠡᠨ ᠶᠠᠰᠤ ᠴᠢᠨᠠᠷ ᠤᠨ ᠡᠵᠡᠮᠳᠡᠯ ᠤᠨ ᠥᠯᠢᠭᠡᠷ ᠡᠳ᠋ ᠪᠠ ᠬᠢᠮᠢ ᠶᠢᠨ ᠤᠷᠪᠠᠯᠵᠢ ᠵᠡᠷᠭᠡ ᠨᠢ ᠬᠠᠮᠢᠶ᠎ᠠ ᠪᠦᠬᠦᠢ ᠪᠠᠶᠢᠴᠠᠭᠠᠨ ᠰᠢᠯᠭᠠᠬᠤ ᠪᠠᠷᠢᠮᠵᠢᠶ᠎ᠠ ᠶᠢᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠢ᠃ ᠶᠠᠰᠤ ᠴᠢᠨᠠᠷ ᠤᠨ ᠡᠵᠡᠮᠳᠡᠯ ᠤᠨ ᠦᠯᠢᠭᠡᠷ ᠡᠳ᠋ ᠢ ᠪᠠᠷᠢᠮᠵᠢᠶᠠᠲᠤ ᠪᠣᠳᠠᠰ ︵ᠪᠤᠶᠤ ᠬᠠᠷᠢᠴᠠᠭᠤᠯᠤᠭᠴᠢ ᠪᠣᠳᠠᠰ︶ ᠠᠴᠠ ᠡᠬᠢ ᠠᠴᠠ ᠨᠢ ᠡᠷᠢᠪᠡᠯ ᠵᠣᠬᠢᠨ᠎ᠠ᠃ ᠬᠢᠮᠢ ᠶᠢᠨ ᠤᠷᠪᠠᠯᠵᠢ ᠶᠢ ᠲᠤᠰᠬᠠᠢ ᠬᠥᠮᠥᠨ ᠬᠠᠷᠢᠭᠤᠴᠠᠵᠤ ᠂ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠵᠢᠷᠤᠮᠯᠠᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃      6. ᠪᠠᠶᠢᠴᠠᠭᠠᠨ ᠰᠢᠯᠭᠠᠬᠤ ᠠᠷᠭ᠎ᠠ ᠃ ︽ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠬᠥᠷᠥᠰᠥ ᠰᠢᠷᠣᠢ ᠶᠢᠨ ᠥᠯᠢᠭᠡᠷ ᠡᠳ᠋ ᠦᠶᠯᠡᠳᠬᠦ᠂ ᠬᠠᠳᠠᠭᠠᠯᠠᠬᠤ᠂ ᠡᠷᠭᠢᠯᠳᠦᠭᠦᠯᠬᠦ ᠪᠠ ᠪᠠᠶᠢᠴᠠᠭᠠᠨ ᠬᠡᠮᠵᠢᠬᠦ ᠮᠡᠷᠭᠡᠵᠢᠯ ᠤᠨ ᠵᠢᠷᠤᠮᠵᠢᠯ ︵ᠲᠤᠷᠰᠢᠨ ᠬᠡᠷᠡᠭᠵᠢᠭᠦᠯᠬᠦ︶︾ ᠳᠤ ᠲᠣᠭᠲᠠᠭᠠᠭᠰᠠᠨ ᠪᠠᠶᠢᠴᠠᠭᠠᠨ ᠬᠡᠮᠵᠢᠬᠦ ᠠᠷᠭ᠎ᠠ ︵ᠥᠯᠢᠭᠡᠷ ᠡᠳ᠋ ᠦᠶᠯᠡᠳᠬᠦ ᠪᠠ ᠤᠷᠢᠳ ᠢᠶᠠᠷ ᠰᠢᠢᠳᠪᠦᠷᠢᠯᠡᠬᠦ ᠠᠷᠭ᠎ᠠ ᠪᠠᠭᠲᠠᠨ᠎ᠠ︶ ᠶᠢᠨ ᠶᠣᠰᠣᠭᠠᠷ᠂ ᠡᠭᠦᠷᠭᠡᠯᠡᠵᠦ ᠪᠦᠬᠦᠢ ᠶᠠᠰᠤ ᠴᠢᠨᠠᠷ ᠤᠨ ᠡᠵᠡᠮᠳᠡᠯ ᠤᠨ ᠪᠠᠶᠢᠴᠠᠭᠠᠨ ᠬᠡᠮᠵᠢᠬᠦ ᠡᠭᠦᠷᠭᠡ ᠪᠠᠨ ᠪᠡᠶᠡᠯᠡᠭᠦᠯᠬᠦ ᠬᠡᠷᠡᠭᠲᠡᠢ᠃ ᠬᠡᠷᠡᠭᠯᠡᠭᠰᠡᠨ ᠪᠠᠶᠢᠴᠠᠭᠠᠨ ᠰᠢᠯᠭᠠᠬᠤ ᠠᠷᠭ᠎ᠠ ᠶᠢ ᠠᠷᠭ᠎ᠠ ᠪᠠᠷ ᠰᠢᠯᠭᠠᠨ ᠪᠠᠲᠤᠯᠠᠬᠤ ᠪᠤᠶᠤ ᠨᠤᠲᠠᠯᠠᠬᠤ ᠶᠢᠨ ᠬᠠᠮᠲᠤ᠂ ᠠᠷᠭ᠎ᠠ ᠶᠢᠨ ᠪᠠᠶᠢᠴᠠᠭᠠᠨ ᠭᠠᠷᠭᠠᠬᠤ ᠬᠢᠵᠠᠭᠠᠷ᠂ ᠨᠠᠷᠢᠯᠢᠭ ᠨᠢᠭᠲᠠᠴᠠ᠂ ᠣᠨᠣᠪᠴᠢ ᠶᠢᠨ ᠬᠡᠮᠵᠢᠶ᠎ᠡ ᠵᠡᠷᠭᠡ ᠶᠠᠰᠤ ᠴᠢᠨᠠᠷ ᠢ ᠡᠵᠡᠮᠳᠡᠬᠦ ᠱᠠᠭᠠᠷᠳᠠᠯᠭ᠎ᠠ ᠶᠢ ᠬᠠᠩᠭᠠᠭᠰᠠᠨ ᠬᠠᠮᠢᠶ᠎ᠠ ᠪᠦᠬᠦᠢ ᠲᠡᠮᠳᠡᠭᠯᠡᠯ ᠢ ᠪᠦᠷᠢᠯᠳᠦᠭᠦᠯᠬᠦ ᠬᠡᠷᠡᠭᠲᠡᠢ᠃      7. ᠶᠠᠰᠤ ᠴᠢᠨᠠᠷ ᠤᠨ ᠪᠠᠲᠤᠯᠠᠭ᠎ᠠ ᠃ ᠪᠤᠰᠤᠳ ︽ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠪᠥᠬᠦ ᠶᠠᠪᠤᠴᠠ ᠶᠢᠨ ᠶᠠᠰᠤ ᠴᠢᠨᠠᠷ ᠢ ᠡᠵᠡᠮᠳᠡᠬᠦ ᠮᠡᠷᠭᠡᠵᠢᠯ ᠤᠨ ᠵᠢᠷᠤᠮᠵᠢᠯ ︵ᠲᠤᠷᠰᠢᠨ ᠬᠡᠷᠡᠭᠵᠢᠭᠦᠯᠬᠦ︶︾ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠪᠠᠶᠢᠴᠠᠭᠠᠨ ᠬᠡᠮᠵᠢᠬᠦ ᠲᠤᠷᠰᠢᠯᠲᠠ ᠶᠢᠨ ᠲᠠᠰᠤᠭ ᠢ ᠵᠢᠯᠣᠭᠤᠳᠤᠨ ᠳᠣᠲᠣᠭᠠᠳᠤ ᠶᠢᠨ ᠶᠠᠰᠤ ᠴᠢᠨᠠᠷ ᠢ ᠡᠵᠡᠮᠳᠡᠬᠦ ᠲᠥᠯᠥᠪᠯᠡᠭᠡ ᠲᠣᠭᠲᠠᠭᠠᠵᠤ᠂ ᠪᠥᠬᠦ ᠶᠠᠪᠤᠴᠠ ᠶᠢᠨ ᠶᠠᠰᠤ ᠴᠢᠨᠠᠷ ᠢ ᠡᠵᠡᠮᠳᠡᠬᠦ ᠶᠢ ᠬᠡᠷᠡᠭᠵᠢᠭᠦᠯᠦᠨ᠂ ᠠᠵᠢᠯ ᠤᠨ ᠶᠠᠰᠤ ᠴᠢᠨᠠᠷ ᠢ ᠦᠨᠡᠨ ᠬᠦ ᠪᠠᠲᠤᠯᠠᠬᠤ ᠬᠡᠷᠡᠭᠲᠡᠢ᠃ ᠪᠠᠶᠢᠴᠠᠭᠠᠨ ᠬᠡᠮᠵᠢᠭᠰᠡᠨ ᠲᠤᠭ᠎ᠠ ᠪᠠᠷᠢᠮᠲᠠ ᠪᠠ ᠮᠡᠳᠡᠭᠦᠯᠦᠯᠲᠡ ᠶᠢᠨ ᠶᠠᠰᠤ ᠴᠢᠨᠠᠷ ᠢ ᠬᠢᠨᠠᠨ ᠬᠠᠷᠭᠤᠭᠤᠯᠬᠤ ᠳᠦᠷᠢᠮ ᠢ ᠪᠠᠶᠢᠭᠤᠯᠵᠤ᠂ ᠲᠤᠭ᠎ᠠ ᠪᠠᠷᠢᠮᠲᠠ ᠶᠢ ᠬᠢᠨᠠᠨ ᠬᠠᠷᠭᠤᠭᠤᠯᠬᠤ ᠠᠵᠢᠯᠲᠠᠨ ᠪᠠ ᠪᠠᠶᠢᠴᠠᠭᠠᠨ ᠬᠡᠮᠵᠢᠭᠰᠡᠨ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠬᠤ᠂ ᠬᠢᠨᠠᠨ ᠬᠠᠷᠭᠤᠭᠤᠯᠬᠤ ᠵᠢᠴᠢ ᠭᠠᠷ ᠤᠨ ᠥᠰᠥᠭ ᠵᠢᠷᠤᠵᠤ ᠶᠠᠪᠤᠭᠤᠯᠬᠤ ᠠᠵᠢᠯᠲᠠᠨ ᠢ ᠵᠢᠭᠠᠨ ᠲᠣᠭᠲᠠᠭᠠᠬᠤ ᠬᠡᠷᠡᠭᠲᠡᠢ᠃      ᠭᠤᠷᠪᠠ᠂ ᠰᠢᠭᠰᠢᠨ ᠰᠣᠩᠭᠤᠬᠤ ᠠᠯᠬᠤᠮ ᠳᠠᠷᠠᠭ᠎ᠠ      ︵ ᠨᠢᠭᠡ ︶ ᠲᠤᠷᠰᠢᠯᠲᠠ ᠶᠢᠨ ᠲᠠᠰᠤᠭ ᠭᠤᠶᠤᠴᠢᠯᠠᠬᠤ      ᠲᠣᠰ ᠮᠡᠳᠡᠭᠳᠡᠯ ᠳᠠᠬᠢ ᠥᠪᠡᠷᠲᠡᠭᠡᠨ ᠵᠠᠰᠠᠬᠤ ᠣᠷᠣᠨ ᠤ ᠱᠠᠲᠤᠨ ᠤ ᠶᠠᠰᠤ ᠴᠢᠨᠠᠷ ᠢ ᠡᠵᠡᠮᠳᠡᠬᠦ ᠲᠤᠷᠰᠢᠯᠲᠠ ᠶᠢᠨ ᠲᠠᠰᠤᠭ ᠤᠨ ᠨᠥᠬᠦᠴᠡᠯ ᠤᠨ ᠱᠠᠭᠠᠷᠳᠠᠯᠭ᠎ᠠ ᠳᠤ ᠨᠡᠶᠢᠴᠡᠬᠦ ᠨᠢᠭᠡᠴᠢ ᠪᠦᠬᠦᠨ ︽ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠲᠤᠷᠰᠢᠯᠲᠠ ᠶᠢᠨ ᠲᠠᠰᠤᠭ ᠤᠨ ᠭᠤᠶᠤᠴᠢᠯᠠᠯ ᠤᠨ ᠪᠢᠴᠢᠭ︾ ︵ᠬᠤᠯᠪᠣᠭᠠᠲᠤ ᠴᠣᠭᠴᠠ ᠶᠢᠨ ᠡᠯ᠎ᠡ ᠨᠢᠭᠡᠴᠢ ᠴᠥᠮ ᠲᠠᠭᠯᠠᠨ ᠪᠢᠴᠢᠬᠦ ᠬᠡᠷᠡᠭᠲᠡᠢ︶ ᠢ ᠲᠠᠭᠯᠠᠵᠤ᠂ ᠠᠶᠢᠮᠠᠭ ᠬᠤᠲᠠ ᠶᠢᠨ ᠭᠤᠷᠪᠠᠳᠤᠭᠠᠷ ᠤᠳᠠᠭᠠᠨ ᠤ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ ᠪᠤᠶᠤ ᠬᠤᠯᠪᠣᠭᠳᠠᠯ ᠪᠦᠬᠦᠢ ᠨᠢᠭᠡᠴᠢ ᠪᠠᠷ ᠳᠠᠮᠵᠢᠭᠤᠯᠤᠨ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭᠠᠨ ᠤ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ ᠲᠤ ᠦᠰᠦᠭ ᠪᠢᠴᠢᠭ ᠤᠨ ᠭᠤᠶᠤᠴᠢᠯᠠᠯ ᠪᠠ ᠬᠠᠮᠢᠶ᠎ᠠ ᠪᠦᠬᠦᠢ ᠮᠠᠲ᠋ᠧᠷᠢᠶᠠᠯ ᠢᠶᠠᠨ ᠨᠢᠭᠡᠳᠦᠯᠲᠡᠢ ᠲᠤᠰᠢᠶᠠᠬᠤ ᠶᠢᠨ ᠬᠠᠮᠲᠤ ᠲᠡᠭᠦᠨ ᠤ ᠦᠨᠡᠨ ᠪᠣᠳᠠᠲᠤ ᠴᠢᠨᠠᠷ ᠲᠤ ᠬᠠᠷᠢᠭᠤᠴᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭᠠᠨ ᠤ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ ᠠᠴᠠ ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠳ ᠢ ᠵᠣᠬᠢᠶᠠᠨ ᠪᠠᠶᠢᠭᠤᠯᠤᠨ ᠰᠢᠭᠰᠢᠨ ᠰᠣᠩᠭᠤᠵᠤ ᠬᠢᠨᠠᠨ ᠲᠣᠭᠲᠠᠭᠠᠬᠤ ᠠᠵᠢᠯ ᠢ ᠥᠷᠨᠢᠭᠦᠯᠵᠦ᠂ ᠰᠢᠭᠰᠢᠨ ᠰᠣᠩᠭᠤᠬᠤ ᠳᠤ ᠪᠠᠨ ᠵᠣᠬᠢᠬᠤ ᠭᠠᠵᠠᠷ ᠣᠷᠣᠨ ᠤ ᠪᠠᠶᠢᠷᠢᠰᠢᠭᠤᠯᠤᠯᠲᠠ ᠶᠢᠨ ᠬᠡᠷᠡᠭᠴᠡᠭᠡ ᠱᠠᠭᠠᠷᠳᠠᠯᠭ᠎ᠠ ᠶᠢ ᠪᠣᠳᠣᠯᠬᠢᠯᠠᠨ᠎ᠠ᠃      ︵ᠬᠤᠶᠠᠷ︶ ᠰᠢᠭᠰᠢᠨ ᠨᠤᠲᠠᠯᠠᠬᠤ ᠠᠷᠭ᠎ᠠ ᠬᠡᠯᠪᠡᠷᠢ      ᠰᠢᠭᠰᠢᠨ ᠰᠢᠯᠭᠠᠷᠠᠭᠤᠯᠬᠤ ᠳᠤ ᠪᠢᠴᠢᠭ ᠮᠠᠲ᠋ᠧᠷᠢᠶᠠᠯ ᠢ ᠬᠢᠨᠠᠨ ᠪᠠᠶᠢᠴᠠᠭᠠᠬᠤ ᠪᠠ ᠲᠤᠷᠰᠢᠯᠲᠠ ᠶᠢᠨ ᠲᠠᠰᠤᠭ ᠤᠨ ᠲᠤᠬᠠᠢ ᠶᠢᠨ ᠲᠠᠯᠠᠪᠠᠶ ᠶᠢᠨ ᠪᠠᠶᠢᠴᠠᠭᠠᠯᠲᠠ ᠶᠢ ᠬᠠᠷᠢᠯᠴᠠᠨ ᠤᠶᠠᠯᠳᠤᠭᠤᠯᠬᠤ ᠠᠷᠭ᠎ᠠ ᠬᠡᠯᠪᠡᠷᠢ ᠶᠢ ᠠᠪᠴᠤ᠂ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭᠠᠨ ᠤ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ ᠠᠴᠠ ᠪᠢᠴᠢᠭ ᠮᠠᠲ᠋ᠧᠷᠢᠶᠠᠯ ᠢ ᠬᠢᠨᠠᠨ ᠪᠠᠶᠢᠴᠠᠭᠠᠬᠤ ᠪᠠ ᠬᠡᠰᠡᠭ ᠲᠤᠷᠰᠢᠯᠲᠠ ᠶᠢᠨ ᠲᠠᠰᠤᠭ ᠤᠨ ᠲᠤᠬᠠᠢ ᠶᠢᠨ ᠲᠠᠯᠠᠪᠠᠶ ᠶᠢᠨ ᠰᠢᠭᠰᠢᠨ ᠪᠠᠶᠢᠴᠠᠭᠠᠬᠤ ᠶᠢ ᠬᠠᠷᠢᠭᠤᠴᠠᠨ ᠵᠣᠬᠢᠶᠠᠨ ᠪᠠᠶᠢᠭᠤᠯᠵᠤ᠂ ᠡᠯ᠎ᠡ ᠠᠶᠢᠮᠠᠭ ᠬᠤᠲᠠ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠣᠰ ᠲᠣᠰ ᠤᠨ ᠲᠤᠷᠰᠢᠯᠲᠠ ᠶᠢᠨ ᠲᠠᠰᠤᠭ ᠲᠤ ᠮᠡᠳᠡᠭᠦᠯᠦᠨ ᠬᠦᠷᠭᠡᠭᠰᠡᠨ ᠲᠤᠬᠠᠢ ᠶᠢᠨ ᠲᠠᠯᠠᠪᠠᠶ ᠶᠢᠨ ᠪᠠᠶᠢᠴᠠᠭᠠᠯᠲᠠ ᠶᠢ ᠬᠠᠷᠢᠭᠤᠴᠠᠨ᠎ᠠ᠃ ᠭᠤᠶᠤᠴᠢᠯᠠᠭᠰᠠᠨ ᠨᠢᠭᠡᠴᠢ ᠳᠤ ᠨᠡᠶᠢᠴᠡᠬᠦ ᠴᠢᠨᠠᠷ ᠤᠨ ᠬᠢᠨᠠᠨ ᠪᠠᠶᠢᠴᠠᠭᠠᠯᠲᠠ ᠬᠢᠬᠦ ᠪᠠᠷ ᠳᠠᠮᠵᠢᠭᠤᠯᠤᠨ᠂ ᠵᠣᠬᠢᠶᠠᠨ ᠪᠠᠶᠢᠭᠤᠯᠤᠨ ᠬᠠᠮᠢᠶᠠᠷᠬᠤ᠂ ᠪᠤᠰᠤᠳ ᠬᠦᠴᠦᠨ ᠴᠢᠳᠠᠯ ᠢ ᠪᠠᠶᠢᠴᠠᠭᠠᠨ ᠰᠢᠯᠭᠠᠬᠤ᠂ ᠴᠢᠳᠠᠪᠤᠷᠢ ᠶᠢ ᠰᠢᠯᠭᠠᠨ ᠪᠠᠶᠢᠴᠠᠭᠠᠵᠤ ᠬᠢᠨᠠᠨ ᠰᠢᠯᠭᠠᠬᠤ᠂ ᠪᠠᠶᠢᠴᠠᠭᠠᠨ ᠰᠢᠯᠭᠠᠬᠤ ᠠᠵᠢᠯᠲᠠᠨ᠂ ᠲᠠᠯᠠᠪᠤᠷ ᠭᠠᠵᠠᠷ ᠤᠨ ᠣᠷᠴᠢᠨ ᠲᠣᠭᠤᠷᠢᠨ᠂ ᠪᠡᠯᠡᠳᠬᠡᠮᠵᠢ ᠲᠥᠬᠦᠭᠡᠷᠦᠮᠵᠢ᠂ ᠠᠵᠢᠯ ᠤᠨ ᠠᠮᠵᠢᠯᠲᠠ ᠪᠦᠲᠦᠮᠵᠢ ᠵᠡᠷᠭᠡ ᠲᠠᠯ᠎ᠠ ᠪᠠᠷ ᠶᠡᠷᠦᠩᠬᠡᠶᠢᠯᠡᠭᠰᠡᠨ ᠬᠤᠪᠢ ᠥᠭᠴᠦ᠂ ᠠᠩᠬ᠎ᠠ ᠠᠯᠬᠤᠮ ᠰᠢᠭᠰᠢᠨ ᠰᠣᠩᠭᠤᠬᠤ ᠨᠡᠷᠡᠰ ᠢ ᠲᠣᠭᠲᠠᠭᠠᠨ᠎ᠠ᠃      ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭᠠᠨ ᠤ ᠨᠡᠶᠢᠳᠡᠮ ᠤᠨ ᠪᠠᠶᠢᠴᠠᠭᠠᠯᠲᠠ ᠶᠢᠨ ᠠᠯᠪᠠᠨ ᠭᠡᠷ ᠠᠴᠠ ᠰᠢᠯᠭᠠᠷᠠᠭᠤᠯᠵᠤ ᠨᠤᠲᠠᠯᠠᠭᠰᠠᠨ ᠶᠠᠰᠤ ᠴᠢᠨᠠᠷ ᠢ ᠡᠵᠡᠮᠳᠡᠬᠦ ᠲᠤᠷᠰᠢᠯᠲᠠ ᠶᠢᠨ ᠲᠠᠰᠤᠭ ᠤᠨ ᠬᠠᠮᠢᠶ᠎ᠠ ᠪᠦᠬᠦᠢ ᠮᠠᠲ᠋ᠧᠷᠢᠶᠠᠯ ︵ᠮᠡᠳᠡᠭᠦᠯᠦᠨ ᠬᠦᠷᠭᠡᠬᠦ ᠪᠢᠴᠢᠭ ᠮᠠᠲ᠋ᠧᠷᠢᠶᠠᠯ᠂ ᠭᠤᠶᠤᠴᠢᠯᠠᠬᠤ ᠮᠠᠲ᠋ᠧᠷᠢᠶᠠᠯ ᠪᠠ ᠬᠢᠨᠠᠨ ᠲᠣᠭᠲᠠᠭᠠᠬᠤ ᠮᠠᠲ᠋ᠧᠷᠢᠶᠠᠯ ᠵᠡᠷᠭᠡ︶ ᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠭᠤᠷᠪᠠᠳᠤᠭᠠᠷ ᠤᠳᠠᠭᠠᠨ ᠤ ᠨᠡᠶᠢᠳᠡᠮ ᠤᠨ ᠪᠠᠶᠢᠴᠠᠭᠠᠯᠲᠠ ᠶᠢᠨ ᠠᠯᠪᠠᠨ ᠭᠡᠷ ᠲᠤ ᠮᠡᠳᠡᠭᠦᠯᠵᠦ ᠳᠠᠩᠰᠠᠯᠠᠭᠤᠯᠤᠨ᠎ᠠ᠃      ᠳᠥᠷᠪᠡ᠂ ᠴᠠᠭ ᠤᠨ ᠲᠣᠬᠢᠷᠠᠭᠤᠯᠤᠯᠲᠠ      ︵ᠨᠢᠭᠡ︶ 2022 ᠣᠨ ᠤ 12 ᠰᠠᠷ᠎ᠠ ᠶᠢᠨ 25 ᠤ ᠡᠳᠦᠷ ᠠᠴᠠ ᠡᠮᠦᠨ᠎ᠡ᠂ ᠡᠯ᠎ᠡ ᠠᠶᠢᠮᠠᠭ ᠬᠤᠲᠠ ᠪᠣᠯᠣᠨ ᠬᠠᠮᠢᠶ᠎ᠠ ᠪᠦᠬᠦᠢ ᠨᠢᠭᠡᠴᠢ ᠨᠦᠭᠦᠳ ᠲᠣᠰ ᠭᠠᠵᠠᠷ ᠣᠷᠣᠨ ᠪᠤᠶᠤ ᠲᠣᠰ ᠰᠢᠰᠲ᠋ᠧᠮ ᠤᠨ ᠨᠥᠬᠦᠴᠡᠯ ᠳᠤ ᠨᠡᠶᠢᠴᠡᠬᠦ ᠲᠤᠷᠰᠢᠯᠲᠠ ᠶᠢᠨ ᠲᠠᠰᠤᠭ ᠤᠨ ᠮᠡᠳᠡᠭᠦᠯᠦᠨ ᠬᠦᠷᠭᠡᠬᠦ ᠬᠠᠮᠢᠶ᠎ᠠ ᠪᠦᠬᠦᠢ ᠮᠠᠲ᠋ᠧᠷᠢᠶᠠᠯ ᠤᠨ ᠡᠯᠧᠺᠲᠷᠣᠨ ᠬᠡᠪᠯᠡᠯ ︵ᠨᠢᠭᠡᠴᠢ ᠶᠢᠨ ᠠᠯᠪᠠᠨ ᠲᠠᠮᠠᠭ᠎ᠠ ᠶᠢᠨ PDF ᠰᠢᠷᠪᠢᠯᠲᠡ ᠶᠢᠨ ᠮᠠᠲ᠋ᠧᠷᠢᠶᠠᠯ ᠪᠠᠭᠲᠠᠨ᠎ᠠ︶ ᠢ ᠵᠣᠬᠢᠶᠠᠨ ᠪᠠᠶᠢᠭᠤᠯᠤᠨ ᠪᠡᠶᠡᠯᠡᠭᠦᠯᠦᠨ᠎ᠡ᠃      ︵ᠬᠤᠶᠠᠷ︶ 2022 ᠣᠨ ᠤ 12 ᠰᠠᠷ᠎ᠠ ᠶᠢᠨ 31 ᠤ ᠡᠳᠦᠷ ᠠᠴᠠ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭᠠᠨ ᠤ ᠨᠡᠶᠢᠳᠡᠮ ᠤᠨ ᠪᠠᠶᠢᠴᠠᠭᠠᠯᠲᠠ ᠶᠢᠨ ᠠᠯᠪᠠᠨ ᠭᠡᠷ ᠠᠴᠠ ᠨᠢᠭᠡᠳᠦᠯᠲᠡᠢ ᠰᠢᠭᠰᠢᠨ ᠰᠣᠩᠭᠤᠵᠤ ᠬᠢᠨᠠᠨ ᠲᠣᠭᠲᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠶᠢᠨ ᠬᠠᠮᠲᠤ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠭᠤᠷᠪᠠᠳᠤᠭᠠᠷ ᠤᠳᠠᠭᠠᠨ ᠤ ᠨᠡᠶᠢᠳᠡᠮ ᠤᠨ ᠪᠠᠶᠢᠴᠠᠭᠠᠯᠲᠠ ᠶᠢᠨ ᠠᠯᠪᠠᠨ ᠭᠡᠷ ᠲᠤ ᠳᠠᠩᠰᠠᠯᠠᠭᠤᠯᠤᠨ᠎ᠠ᠃      ᠲᠠᠪᠤ ᠂ ᠬᠤᠯᠪᠣᠭᠳᠠᠯ ᠪᠦᠬᠦᠢ ᠱᠠᠭᠠᠷᠳᠠᠯᠭ᠎ᠠ      ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭᠠᠨ ᠤ ᠨᠡᠶᠢᠳᠡᠮ ᠤᠨ ᠪᠠᠶᠢᠴᠠᠭᠠᠯᠲᠠ ᠶᠢᠨ ᠠᠯᠪᠠᠨ ᠭᠡᠷ ᠠᠴᠠ ᠲᠤᠷᠰᠢᠯᠲᠠ ᠶᠢᠨ ᠲᠠᠰᠤᠭ ᠤᠨ ᠬᠥᠳᠡᠯᠦᠩᠭᠦᠢ ᠬᠠᠮᠢᠶᠠᠷᠤᠯᠲᠠ ᠪᠠ ᠣᠷᠣᠵᠤ ᠭᠠᠷᠬᠤ ᠲᠣᠭᠲᠠᠴᠠ ᠶᠢ ᠪᠠᠶᠢᠭᠤᠯᠵᠤ᠂ ᠶᠠᠰᠤ ᠴᠢᠨᠠᠷ ᠢ ᠡᠵᠡᠮᠳᠡᠬᠦ ᠲᠤᠷᠰᠢᠯᠲᠠ ᠶᠢᠨ ᠲᠠᠰᠤᠭ ᠤᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠵᠣᠬᠢᠶᠠᠨ ᠡᠭᠦᠷᠭᠡ ᠬᠠᠷᠢᠭᠤᠴᠠᠯᠭ᠎ᠠ ᠶᠢᠨ ᠡᠭᠦᠷᠭᠡ ᠪᠠᠨ ᠭᠦᠢᠴᠡᠳᠬᠡᠵᠦ ᠳᠡᠶᠢᠯᠦᠭᠰᠡᠨ ᠦᠭᠡᠢ᠂ ᠪᠠᠶᠢᠴᠠᠭᠠᠨ ᠰᠢᠯᠭᠠᠬᠤ ᠪᠤᠶᠤ ᠶᠠᠰᠤ ᠴᠢᠨᠠᠷ ᠤᠨ ᠡᠵᠡᠮᠳᠡᠯ ᠳᠤ ᠴᠢᠬᠤᠯᠠ ᠶᠡᠭᠡ ᠠᠰᠠᠭᠤᠳᠠᠯ ᠢᠯᠡᠷᠡᠭᠰᠡᠨ ᠂ ᠲᠤᠭ᠎ᠠ ᠪᠠᠷᠢᠮᠲᠠ ᠶᠢ ᠬᠠᠭᠤᠷᠮᠠᠭᠯᠠᠨ ᠵᠣᠬᠢᠶᠠᠭᠰᠠᠨ᠂ ᠬᠤᠳᠠᠯ ᠬᠠᠭᠤᠷᠮᠠᠭ ᠢᠶᠠᠷ ᠵᠣᠬᠢᠶᠠᠭᠰᠠᠨ᠂ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭᠠᠨ ᠤ ᠨᠡᠶᠢᠳᠡᠮ ᠤᠨ ᠪᠠᠶᠢᠴᠠᠭᠠᠯᠲᠠ ᠶᠢᠨ ᠠᠯᠪᠠᠨ ᠭᠡᠷ ᠪᠤᠶᠤ ᠤᠯᠤᠰ ᠤᠨ ᠲᠠᠰ ᠤᠨ ᠶᠠᠰᠤ ᠴᠢᠨᠠᠷ ᠤᠨ ᠡᠵᠡᠮᠳᠡᠯ ᠤᠨ ᠲᠤᠷᠰᠢᠯᠲᠠ ᠶᠢᠨ ᠲᠠᠰᠤᠭ ᠤᠨ ᠠᠵᠢᠯ ᠳᠤ ᠬᠠᠮᠵᠢᠯᠴᠠᠬᠤ ᠦᠭᠡᠢ᠂ ᠬᠠᠮᠢᠶ᠎ᠠ ᠪᠦᠬᠦᠢ ᠲᠣᠭᠲᠠᠭᠠᠯ  ᠠᠴᠠ ᠲᠡᠷᠰᠯᠡᠨ ᠨᠡᠶᠢᠳᠡᠮ ᠤᠨ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠵᠠᠳᠠᠷᠠᠭᠤᠯᠤᠭᠰᠠᠨ  ᠵᠡᠷᠭᠡ ᠪᠠᠶᠢᠳᠠᠯ ᠲᠠᠢ ᠲᠤᠷᠰᠢᠯᠲᠠ ᠶᠢᠨ ᠲᠠᠰᠤᠭ ᠤᠨ ᠵᠣᠬᠢᠬᠤ ᠬᠢᠷᠢ ᠬᠡᠮ ᠢ ᠬᠦᠴᠦᠨ ᠦᠭᠡᠢ ᠪᠣᠯᠭᠠᠬᠤ ᠶᠢᠨ ᠬᠠᠮᠲᠤ ᠬᠠᠮᠢᠶ᠎ᠠ ᠪᠦᠬᠦᠢ ᠬᠠᠷᠢᠭᠤᠴᠠᠯᠭ᠎ᠠ ᠶᠢ ᠨᠡᠬᠡᠮᠵᠢᠯᠡᠬᠦ ᠮᠥᠷᠲᠡᠭᠡᠨ ᠭᠤᠶᠤᠴᠢᠯᠠᠯ ᠢ ᠨᠢ ᠳᠠᠭᠢᠵᠤ ᠭᠥᠯᠢᠶᠡᠨ ᠠᠪᠬᠤ ᠦᠭᠡᠢ᠃      ᠡᠯ᠎ᠡ ᠠᠶᠢᠮᠠᠭ ᠬᠤᠲᠠ ᠪᠣᠯᠣᠨ ᠬᠤᠯᠪᠣᠭᠳᠠᠯ ᠪᠦᠬᠦᠢ ᠨᠢᠭᠡᠴᠢ ᠨᠦᠭᠦᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠮᠡᠳᠡᠭᠳᠡᠯ ᠤᠨ ᠱᠠᠭᠠᠷᠳᠠᠯᠭ᠎ᠠ ᠪᠣᠯᠣᠨ ᠴᠠᠭ ᠬᠤᠭᠤᠴᠠᠭ᠎ᠠ ᠶᠢ ᠴᠢᠩᠭ᠎ᠠ ᠵᠢᠷᠤᠮᠯᠠᠨ ᠮᠡᠳᠡᠭᠦᠯᠦᠨ ᠬᠦᠷᠭᠡᠬᠦ ᠠᠵᠢᠯ ᠢᠶᠠᠨ ᠰᠠᠶᠢᠲᠤᠷ ᠲᠣᠬᠢᠷᠠᠭᠤᠯᠤᠨ ᠵᠣᠬᠢᠶᠠᠨ ᠪᠠᠶᠢᠭᠤᠯᠬᠤ ᠶᠢᠨ ᠬᠠᠮᠲᠤ ᠬᠤᠯᠪᠣᠭᠳᠠᠯ ᠪᠦᠬᠦᠢ ᠮᠠᠲ᠋ᠧᠷᠢᠶᠠᠯ ᠢᠶᠠᠨ ᠴᠠᠭ ᠲᠤᠬᠠᠢ ᠳᠤ  ᠨᠢ ᠳᠡᠭᠡᠭᠰᠢ ᠮᠡᠳᠡᠭᠦᠯᠡᠭᠡᠷᠡᠢ ᠃      ᠬᠠᠷᠢᠯᠴᠠᠬᠤ ᠬᠥᠮᠥᠨ᠄ ᠯᠢᠦ ᠬᠤᠩ  ᠶᠢᠨ 13654886912                           ᠸᠠᠩ ᡁᠢ ᠶᠦᠩ 15149315075      ᠢᠮᠧᠯ ᠄ nmgspb2022@163.com᠃       ᠳᠠᠭᠠᠯᠳᠤᠭᠤᠯᠤᠯ 1 ᠄ ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠲᠤᠷᠰᠢᠯᠲᠠ ᠶᠢᠨ ᠲᠠᠰᠤᠭ ᠤᠨ ᠭᠤᠶᠤᠴᠢᠯᠠᠯ ᠤᠨ ᠪᠢᠴᠢᠭ      ᠳᠠᠭᠠᠯᠳᠤᠭᠤᠯᠤᠯ 2 ᠄ ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠹᠢᠽᠢᠺ ᠬᠢᠮᠢ ᠶᠢᠨ ᠰᠢᠨᠵᠢ ᠪᠠᠶᠢᠳᠠᠯ ᠢ ᠪᠠᠶᠢᠴᠠᠭᠠᠨ ᠬᠡᠮᠵᠢᠬᠦ ᠭᠦᠢᠴᠡᠳᠬᠡᠯ ᠲᠤᠭ᠎ᠠ      ᠳᠠᠭᠠᠯᠳᠤᠭᠤᠯᠤᠯ 3 ᠄ ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠹᠢᠽᠢᠺ ᠬᠢᠮᠢ ᠶᠢᠨ ᠰᠢᠨᠵᠢ ᠪᠠᠶᠢᠳᠠᠯ ᠢ ᠪᠠᠶᠢᠴᠠᠭᠠᠨ ᠬᠡᠮᠵᠢᠬᠦ ᠭᠤᠣᠯ ᠪᠣᠯᠬᠤ ᠬᠡᠮᠵᠢᠭᠦᠷᠯᠢᠭ ᠲᠥᠬᠦᠭᠡᠷᠦᠮᠵᠢ                         ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ                        ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠤᠨ                         ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ                               2022 ᠣᠨ ᠤ 12 ᠰᠠᠷ᠎ᠠ ᠶᠢᠨ 7 ᠤ ᠡᠳᠦᠷ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号