ᠯᠦ ᠸᠠᠩ ᠢᠮᠠᠭᠠᠨ ᠨᠤᠤᠯᠤᠭᠤᠷ ᠤᠨ ᠬᠤᠪᠴᠠᠰᠤ ︽ᠤᠯᠤᠰ ᠤᠨ ᠭᠤᠤᠯᠳᠠᠯᠭ᠎ᠠ ᠲᠠᠢ ᠪᠣᠶᠢᠵᠢᠭᠤᠯᠬᠤ ᠲᠦᠷᠦᠯ ᠲᠡᠮᠲᠡᠭ︾ ᠪᠤᠯᠵᠠᠢ
ᠨᠡᠶᠢᠲᠡᠯᠡᠭᠰᠡᠨ ᠴᠠᠭ᠄
2022/12/15
      ᠤᠯᠤᠰ ᠤᠨ ᠠᠵᠤ ᠦᠢᠯᠡᠳᠪᠦᠷᠢ ᠪᠤᠯᠤᠨ ᠮᠡᠳᠡᠭᠡ ᠵᠠᠩᠬᠢᠵᠢᠯᠳᠠ ᠶᠢᠨ ᠶᠠᠮᠤᠨ ᠣᠶᠢᠷ᠎ᠠ ᠶᠢᠨ ᠡᠳᠦᠷ ︽ᠭᠤᠤᠯᠳᠠᠯᠭ᠎ᠠ ᠲᠠᠢ ᠪᠣᠶᠢᠵᠢᠭᠤᠯᠬᠤ ᠨᠡᠬᠡᠮᠡᠯ ᠤᠨ ᠬᠤᠪᠴᠠᠰᠤ ᠶᠢᠨ ᠵᠠᠭᠤᠨ ᠲᠦᠷᠦᠯ ᠲᠡᠮᠳᠡᠭ ᠤᠨ ᠨᠡᠷᠡᠰ ︵2022 ᠣᠨ ᠤ ᠬᠡᠪᠯᠡᠯ︶︾ ᠢ ᠨᠡᠶᠢᠲᠡᠯᠡᠪᠡ᠂ ᠡᠭᠦᠨ ᠳᠤ ᠦᠪᠦᠷ ᠮᠤᠩᠭᠤᠯ ᠤᠨ ᠮᠦ ᠸᠠᠩ ᠢᠮᠠᠭᠠᠨ ᠨᠤᠤᠯᠤᠭᠤᠷ ᠤᠨ ᠬᠢᠵᠠᠭᠠᠷᠳᠤ ᠺᠤᠮᠫᠠᠨᠢ ᠪᠠᠭᠳᠠᠵᠦ᠂ ᠮᠠᠨ ᠤ ᠣᠷᠣᠨ ᠤ ᠴᠤᠷ ᠤᠨ ᠭᠠᠭᠴᠠ ᠲᠤᠰ ᠵᠢᠬᠰᠠᠭᠠᠯᠳᠠ ᠳᠤ ᠤᠷᠤᠬᠰᠠᠨ ᠠᠵᠤ ᠠᠬᠤᠶᠢᠯᠠᠯ ᠪᠤᠯᠤᠬᠰᠠᠨ ᠪᠠᠶᠢᠨ᠎ᠠ᠃      ᠦᠪᠦᠷ ᠮᠤᠩᠭᠤᠯ  ᠤᠨ ᠮᠦ ᠸᠠᠩ ᠢᠮᠠᠭᠠᠨ ᠨᠤᠤᠯᠤᠭᠤᠷ ᠤᠨ ᠬᠢᠵᠠᠭᠠᠷᠳᠤ ᠺᠤᠮᠫᠠᠨᠢ 1985 ᠤᠨ ᠳᠤ ᠪᠠᠶᠢᠭᠤᠯᠤᠭᠳᠠᠵᠤ᠂ 30 ᠭᠠᠷᠤᠢ ᠵᠢᠯ ᠤᠨ ᠬᠦᠭᠵᠢᠯᠳᠡ ᠪᠠᠷ ᠲᠠᠮᠵᠢᠭᠠᠳ᠂ ᠤᠯᠤᠰ ᠤᠨ ᠲᠡᠰ ᠤᠨ ᠠᠵᠤ ᠠᠬᠤᠶᠢᠯᠠᠯ ᠤᠨ ᠮᠡᠷᠭᠡᠵᠢᠯ ᠤᠨ ᠲᠦᠪ᠂ ᠠᠵᠤ ᠦᠢᠯᠡᠳᠪᠦᠷᠢ ᠶᠢᠨ ᠵᠢᠷᠤᠭ ᠲᠦᠯᠦᠪᠯᠡᠭᠡ ᠶᠢᠨ ᠲᠦᠪ ᠵᠡᠷᠭᠡ ᠤᠯᠠᠨ ᠢᠷᠠᠭᠤ ᠠᠯᠳᠠᠷ ᠢ ᠬᠦᠷᠳᠡᠵᠦ ᠦᠩᠬᠡᠷᠡᠪᠠ᠃ ᠲᠤᠰ ᠠᠵᠤ ᠠᠬᠤᠶᠢᠯᠠᠯ ᠬᠦᠭᠵᠢᠯᠲᠡ ᠶᠢᠨ ᠶᠠᠪᠤᠴᠠ ᠳᠤ ᠦᠪᠡᠷᠳᠡᠭᠡᠨ ᠵᠠᠰᠠᠬᠤ ᠣᠷᠤᠨ ᠤ ᠴᠦᠬᠡᠨ ᠲᠤᠭᠠᠲᠤ ᠦᠨᠳᠦᠰᠦᠲᠡᠨ ᠤ ᠲᠠᠪᠠᠭᠤᠯᠢᠬ ᠤᠨᠴᠠᠯᠢᠬᠳᠤ ᠠᠵᠤ ᠦᠢᠯᠡᠰ ᠤᠨ ᠭᠠᠳᠠᠭᠠᠲᠦ ᠳᠤ ᠭᠠᠷᠬᠤ ᠳᠤ ᠳᠣᠪᠤᠶᠢᠮ ᠦᠢᠯᠡᠳᠤᠯ ᠦᠵᠡᠭᠦᠯᠦᠭᠰᠡᠨ ᠪᠠᠶᠢᠨ᠎ᠠ᠃ 
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号