ᠲᠡᠵᠢᠭᠡᠨ ᠦᠷᠡᠵᠢᠭᠦᠯᠬᠦ ᠦᠨᠡᠮᠯᠡᠯ ᠤᠨ ᠴᠢᠳᠠᠮᠵᠢ ᠪᠠ ᠦᠢᠯᠡᠳᠦᠯ
ᠨᠡᠶᠢᠲᠡᠯᠡᠭᠰᠡᠨ ᠴᠠᠭ᠄
2022/12/15
      ᠨᠢᠭᠡ ᠂ ᠲᠡᠵᠢᠭᠡᠨ ᠦᠷᠡᠵᠢᠭᠦᠯᠬᠦ ᠦᠨᠡᠮᠯᠡᠯ ᠪᠣᠯ ᠦᠢᠯᠡᠳᠪᠦᠷᠢᠯᠡᠭᠴᠢ ᠶᠢᠨ ᠤᠰᠤᠨ ᠤ ᠴᠠᠷᠠᠭ᠎ᠠ ᠂ ᠭᠤᠣᠯ ᠤᠨ ᠰᠠᠶᠢᠷᠭᠠᠯ ᠢ ᠬᠡᠷᠡᠭᠯᠡᠨ ᠲᠡᠵᠢᠭᠡᠨ ᠦᠷᠡᠵᠢᠭᠦᠯᠬᠦ ᠦᠢᠯᠡᠳᠪᠦᠷᠢᠯᠡᠯ ᠤᠨ ᠠᠵᠢᠯᠯᠠᠭ᠎ᠠ ᠬᠢᠬᠦ ᠶᠢᠨ ᠬᠠᠤᠯᠢ ᠶᠣᠰᠣᠨ ᠤ ᠭᠡᠷᠡᠴᠢ ᠪᠠᠷᠢᠮᠲᠠ ᠪᠣᠯᠣᠨ᠎ᠠ᠃ ᠦᠨᠡᠮᠯᠡᠯ ᠠᠪᠴᠤ ᠪᠠᠶᠢᠭ᠎ᠠ ᠬᠥᠮᠥᠨ ᠤ ᠲᠡᠵᠢᠭᠡᠨ ᠦᠷᠡᠵᠢᠭᠦᠯᠬᠦ ᠦᠢᠯᠡᠳᠪᠦᠷᠢᠯᠡᠯ ᠡᠷᠬᠢᠯᠡᠬᠦ ᠬᠠᠤᠯᠢ ᠶᠣᠰᠣᠨ ᠤ ᠡᠷᠬᠡ ᠠᠰᠢᠭ ᠢ ᠬᠠᠤᠯᠢ ᠪᠠᠷ ᠬᠠᠮᠠᠭᠠᠯᠠᠨ᠎ᠠ ᠂ ᠲᠣᠭᠲᠠᠭᠠᠯ ᠶᠣᠰᠣᠭᠠᠷ ᠤᠯᠤᠰ ᠤᠨ ᠬᠤᠯᠪᠣᠭᠳᠠᠯ ᠪᠦᠬᠦᠢ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠦᠢᠯᠡᠰ ᠤᠨ ᠬᠦᠭᠵᠢᠭᠦᠯᠦᠯᠲᠡ ᠶᠢᠨ ᠪᠡᠯᠡ ᠣᠷᠣᠭᠤᠯᠤᠯᠲᠠ ᠂ ᠮᠡᠷᠭᠡᠵᠢᠯ ᠤᠨ ᠦᠢᠯᠡᠴᠢᠯᠡᠭᠡ ᠂ ᠡᠪᠡᠳᠴᠢᠨ ᠤ ᠬᠥᠨᠥᠭᠡᠯ ᠢ ᠰᠡᠷᠭᠡᠶᠢᠯᠡᠨ ᠵᠠᠰᠠᠬᠤ ᠂ ᠪᠣᠯᠪᠠᠰᠤᠷᠠᠭᠤᠯᠤᠯ ᠬᠥᠮᠦᠵᠢᠯ ᠵᠡᠷᠭᠡ ᠬᠠᠷᠠᠭᠠᠯᠵᠠᠯ ᠤᠨ ᠲᠡᠳᠬᠦᠨ ᠳᠡᠮᠵᠢᠬᠦ ᠲᠦᠷᠦ ᠶᠢᠨ ᠪᠣᠳᠣᠯᠭ᠎ᠠ ᠶᠢ ᠬᠦᠷᠲᠡᠵᠦ ᠪᠣᠯᠣᠨ᠎ᠠ ︔      ᠬᠤᠶᠠᠷ ᠂ ᠲᠡᠵᠢᠭᠡᠨ ᠦᠷᠡᠵᠢᠭᠦᠯᠬᠦ ᠦᠨᠡᠮᠯᠡᠯ ᠪᠣᠯ ᠤᠰᠤᠨ ᠤ ᠴᠠᠷᠠᠭ᠎ᠠ ᠂ ᠭᠤᠣᠯ ᠤᠨ ᠰᠠᠶᠢᠷᠭᠠᠯ ᠤᠨ ᠲᠡᠵᠢᠭᠡᠨ ᠦᠷᠡᠵᠢᠭᠦᠯᠬᠦ ᠳᠤ ᠬᠡᠷᠡᠭᠯᠡᠬᠦ ᠴᠢᠳᠠᠮᠵᠢ ᠶᠢ ᠮᠠᠭᠠᠳᠯᠠᠬᠤ ᠰᠠᠭᠤᠷᠢ ᠦᠨᠳᠦᠰᠦᠯᠡᠯ ᠮᠥᠨ ᠃ ᠤᠰᠤᠨ ᠤ ᠴᠠᠷᠠᠭ᠎ᠠ ᠂ ᠭᠤᠣᠯ ᠤᠨ ᠰᠠᠶᠢᠷᠭᠠᠯ ᠢ ᠤᠯᠤᠰ ᠤᠨ ᠪᠦᠲᠦᠭᠡᠨ ᠪᠠᠶᠢᠭᠤᠯᠤᠯᠲᠠ ᠵᠢᠴᠢ ᠪᠤᠰᠤᠳ ᠵᠦᠢᠯᠡᠰ ᠲᠤ ᠲᠠᠲᠠᠪᠤᠷᠢᠯᠠᠨ ᠬᠡᠷᠡᠭᠯᠡᠭᠰᠡᠨ ᠪᠤᠶᠤ ᠪᠣᠬᠢᠷᠲᠤᠭᠰᠠᠨ ᠠᠴᠠ ᠪᠣᠯᠵᠤ ᠬᠤᠬᠢᠷᠠᠯ ᠳᠤ ᠤᠴᠠᠷᠠᠭᠰᠠᠨ ᠦᠶ᠎ᠡ ᠳᠤ ᠂ ᠲᠡᠵᠢᠭᠡᠨ ᠦᠷᠡᠵᠢᠭᠦᠯᠦᠭᠴᠢ ᠨᠢ ᠲᠡᠵᠢᠭᠡᠨ ᠦᠷᠡᠵᠢᠭᠦᠯᠬᠦ ᠦᠨᠡᠮᠯᠡᠯ ᠢᠶᠠᠷ ᠢᠶᠠᠨ ᠲᠥᠯᠥᠪᠦᠷᠢ ᠭᠤᠶᠤᠴᠢᠯᠠᠬᠤ ᠪᠤᠶᠤ ᠲᠥᠯᠥᠪᠦᠷᠢ ᠠᠪᠬᠤ ᠪᠠᠷ ᠭᠤᠶᠤᠴᠢᠯᠠᠵᠤ ᠪᠣᠯᠣᠨ᠎ᠠ ᠃ ᠵᠢᠭᠠᠰᠤᠨ ᠠᠵᠤ ᠠᠬᠤᠢ ᠶᠢᠨ ᠪᠣᠬᠢᠷᠳᠤᠯ ᠤᠨ ᠡ᠊ᠨᠳᠡᠯ ᠢ ᠪᠠᠶᠢᠴᠠᠭᠠᠬᠤ ᠪᠠᠶᠢᠭᠤᠯᠤᠮᠵᠢ ᠨᠢ ᠲᠡᠵᠢᠭᠡᠨ ᠦᠷᠡᠵᠢᠭᠦᠯᠬᠦ ᠦᠨᠡᠮᠯᠡᠯ ᠢᠶᠠᠷ ᠬᠡᠷᠡᠭ ᠢ ᠭᠥᠯᠢᠶᠡᠨ ᠠᠪᠴᠤ ᠰᠢᠢᠳᠪᠦᠷᠢᠯᠡᠬᠦ ᠶᠢᠨ ᠰᠠᠭᠤᠷᠢ ᠪᠣᠯᠭᠠᠵᠤ᠂ ᠲᠡᠵᠢᠭᠡᠨ ᠦᠷᠡᠵᠢᠭᠦᠯᠬᠦ ᠦᠨᠡᠮᠯᠡᠯ ᠢ ᠳᠠᠩᠰᠠᠯᠠᠬᠤ ᠠᠭᠤᠯᠭ᠎ᠠ ᠨᠢ ᠬᠠᠷᠢᠨ ᠡ᠊ᠨᠳᠡᠯ ᠢ ᠪᠠᠶᠢᠴᠠᠭᠠᠨ ᠰᠢᠢᠳᠪᠦᠷᠢᠯᠡᠬᠦ ᠶᠢᠨ ᠴᠢᠬᠤᠯᠠ ᠦᠨᠳᠦᠰᠦ ᠪᠠᠷᠢᠮᠲᠠ ᠪᠣᠯᠣᠨ᠎ᠠ ︔      ᠭᠤᠷᠪᠠ ᠂ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠦᠢᠯᠡᠳᠪᠦᠷᠢᠯᠡᠭᠴᠢᠳ ᠲᠡᠵᠢᠭᠡᠨ ᠦᠷᠡᠵᠢᠭᠦᠯᠬᠦ ᠦᠨᠡᠮᠯᠡᠯ ᠲᠠᠢ ᠪᠠᠶᠢᠪᠠᠯ ᠰᠠᠶ᠋ᠢ ᠤᠰᠤᠨ ᠭᠠᠷᠤᠯᠲᠠ ᠶᠢᠨ ᠦᠷ᠎ᠡ ᠵᠢᠷᠠᠭᠠᠬᠠᠢ ᠶᠢᠨ ᠦᠢᠯᠡᠳᠪᠦᠷᠢᠯᠡᠯ ᠤᠨ ᠬᠢᠨᠠᠨ ᠵᠥᠪᠰᠢᠶᠡᠷᠡᠯ ᠂ ᠤᠰᠤᠨ ᠤ ᠬᠡᠭᠡᠷ᠎ᠡ ᠶᠢᠨ ᠠᠮᠢᠲᠠᠨ ᠢ ᠲᠡᠵᠢᠭᠡᠨ ᠦᠷᠡᠵᠢᠭᠦᠯᠬᠦ ᠦᠨᠡᠮᠯᠡᠯ ᠂ ᠤᠰᠤᠨ ᠭᠠᠷᠤᠯᠲᠠ ᠶᠢᠨ ᠤᠭ ᠭᠠᠷᠤᠯᠲᠠ ᠶᠢᠨ ᠭᠠᠵᠠᠷ ᠤᠨ ᠦᠨᠡᠮᠯᠡᠯ ᠂ ᠨᠡᠶᠢᠲᠡ ᠳᠤ ᠬᠤᠣᠷᠳᠠᠭᠳᠠᠯ ᠦᠭᠡᠢ ᠲᠠᠷᠢᠶᠠᠯᠠᠩ ᠤᠨ ᠪᠦᠲᠦᠭᠡᠭᠳᠡᠬᠦᠨ ᠤ ᠰᠠᠭᠤᠷᠢᠨ ᠭᠠᠵᠠᠷ ᠤᠨ ᠬᠢᠷᠢ ᠬᠡᠮ ᠵᠡᠷᠭᠡ ᠶᠢ ᠭᠤᠶᠤᠴᠢᠯᠠᠵᠤ ᠪᠣᠯᠬᠤ ᠪᠥᠭᠡᠳ ᠡᠭᠦᠨ ᠢ ᠦᠨᠳᠦᠰᠦᠯᠡᠨ ᠤᠯᠤᠰ ᠤᠨ ᠭᠠᠶᠢᠯᠢ ᠲᠠᠲᠠᠪᠤᠷᠢ ᠵᠡᠷᠭᠡ ᠲᠠᠯ᠎ᠠ ᠶᠢᠨ ᠬᠠᠷᠠᠭᠠᠯᠵᠠᠯᠲᠤ ᠲᠦᠷᠦ ᠶᠢᠨ ᠪᠣᠳᠣᠯᠭ᠎ᠠ ᠶᠢ ᠬᠦᠷᠲᠡᠵᠦ ᠪᠣᠯᠣᠨ᠎ᠠ ︔      ᠳᠥᠷᠪᠡ ᠂ ᠦᠨᠡᠮᠯᠡᠯ ᠠᠪᠴᠤ ᠪᠠᠶᠢᠭ᠎ᠠ ᠬᠥᠮᠥᠨ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠲᠣᠭᠲᠠᠭᠠᠯ ᠢ ᠵᠢᠷᠤᠮᠯᠠᠨ ᠰᠠᠬᠢᠬᠤ ᠬᠡᠷᠡᠭᠲᠡᠢ ᠃ ᠤᠰᠦᠠ ᠣᠷᠣᠨ ᠂ ᠭᠤᠣᠯ ᠤᠨ ᠰᠠᠶᠢᠷᠭᠠᠯ ᠢ ᠬᠡᠷᠡᠭᠯᠡᠨ ᠲᠡᠵᠢᠭᠡᠨ ᠦᠷᠡᠵᠢᠭᠦᠯᠬᠦ ᠦᠢᠯᠡᠳᠪᠦᠷᠢᠯᠡᠯ ᠢ ᠡᠷᠬᠢᠯᠡᠬᠦ ᠳᠤ ᠪᠠᠨ ᠲᠥᠯᠦᠪᠵᠢᠭᠦᠯᠭᠡ ᠶᠣᠰᠣᠭᠠᠷ ᠵᠦᠢ ᠵᠣᠬᠢᠰᠲᠠᠢ ᠪᠠᠶᠢᠷᠢᠰᠢᠭᠤᠯᠵᠤ ᠂ ᠰᠢᠨᠵᠢᠯᠡᠬᠦ ᠤᠬᠠᠭᠠᠨᠴᠢ ᠪᠠᠷ ᠥᠭᠶᠥᠭᠡ ᠲᠠᠯᠪᠢᠵᠤ ᠂ ᠡᠮ ᠬᠡᠷᠡᠭᠯᠡᠬᠦ ᠬᠡᠷᠡᠭᠲᠡᠢ ᠂ ᠤᠰᠦᠠ ᠣᠷᠣᠨ ᠤ ᠣᠷᠴᠢᠨ ᠠᠬᠤᠢ ᠶᠢ ᠪᠣᠬᠢᠷᠲᠤᠭᠤᠯᠵᠤ ᠪᠣᠯᠬᠤ ᠤᠶᠢᠭᠡᠢ ᠪᠥᠭᠡᠳ ᠲᠡᠵᠢᠭᠡᠨ ᠦᠷᠡᠵᠢᠭᠦᠯᠬᠦ ᠦᠨᠡᠮᠯᠡᠯ ᠳᠤ ᠲᠣᠭᠲᠠᠭᠠᠭᠰᠠᠨ ᠲᠡᠵᠢᠭᠡᠨ ᠦᠷᠡᠵᠢᠭᠦᠯᠬᠦ ᠣᠷᠣᠨ ᠂ ᠲᠤᠶᠢᠷᠦᠯ ᠬᠡᠯᠪᠡᠷᠢ ᠂ ᠠᠷᠭ᠎ᠠ ᠮᠠᠶ᠋ᠢᠭ ᠵᠡᠷᠭᠡ ᠠᠭᠤᠯᠭ᠎ᠠ ᠶᠢ ᠴᠢᠩᠭ᠎ᠠ ᠵᠢᠷᠤᠮᠯᠠᠨ ᠦᠢᠯᠡᠳᠪᠦᠷᠢᠯᠡᠯ ᠤᠨ ᠠᠵᠢᠯᠯᠠᠭ᠎ᠠ ᠬᠢᠬᠦ ᠬᠡᠷᠡᠭᠲᠡᠢ ᠃ 
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号