ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2022 ᠣᠨ ᠤ ᠪᠥᠬᠦ ᠵᠢᠯ ᠤᠨ ᠲᠡᠵᠢᠭᠡᠨ ᠦᠷᠡᠵᠢᠭᠦᠯᠭᠡ ᠶᠢᠨ ᠤᠰᠤᠨ ᠭᠠᠷᠤᠯᠲᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢᠨ ᠳᠠᠯᠳᠠ ᠬᠡᠮ ᠤᠨ ᠰᠡᠷᠡᠮᠵᠢ ᠶᠢᠨ ᠮᠡᠳᠡᠭᠡ ᠵᠠᠩᠬᠢ ᠶᠢᠨ ᠢᠯᠡ ᠨᠡᠶᠢᠲᠡᠯᠡᠯ
ᠨᠡᠶᠢᠲᠡᠯᠡᠭᠰᠡᠨ ᠴᠠᠭ᠄
2022/12/16
      ︽︿2022 ᠣᠨ ᠤ ᠤᠯᠤᠰ ᠤᠨ ᠭᠠᠷᠤᠯᠲᠠ ᠶᠢᠨ ᠣᠷᠣᠨ ᠤ ᠤᠰᠤᠨ ᠤ ᠭᠠᠷᠤᠯᠲᠠ ᠮᠠᠯ ᠤᠨ ᠡᠮ ᠤᠨ ᠦᠯᠡᠳᠡᠭᠳᠡᠯ ᠢ ᠬᠢᠨᠠᠨ ᠡᠵᠡᠮᠳᠡᠬᠦ ᠲᠥᠯᠥᠪᠯᠡᠭᠡ﹀ ︿2022 ᠣᠨ ᠤ ᠤᠯᠤᠰ ᠤᠨ ᠤᠰᠤᠨ ᠤ ᠠᠮᠢᠲᠠᠨ ᠤ ᠬᠢᠵᠢᠭ ᠡᠪᠡᠳᠴᠢᠨ ᠢ ᠬᠢᠨᠠᠨ ᠬᠡᠮᠵᠢᠬᠦ ᠲᠥᠯᠥᠪᠯᠡᠭᠡ﹀ ᠶᠢ ᠳᠠᠷᠤᠮᠠᠯᠯᠠᠨ ᠲᠠᠷᠬᠠᠭᠠᠬᠤ ᠲᠤᠬᠠᠢ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠮᠡᠳᠡᠭᠳᠡᠯ︾ ︵ᠲᠠᠷᠢᠶᠠᠯᠠᠩ ᠵᠢᠭᠠᠰᠤ ᠲᠠᠷᠬᠠᠭᠠᠭᠰᠠᠨ ﹇2022﹈ 7 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠵᠢᠭᠠᠰᠤᠨ ᠠᠵᠤ ᠦᠢᠯᠡᠰ ᠤᠨ ᠣᠷᠴᠢᠨ ᠲᠣᠭᠤᠷᠢᠨ ᠵᠢᠴᠢ ᠤᠰᠤᠨ ᠭᠠᠷᠤᠯᠲᠠ ᠶᠢᠨ ᠶᠠᠰᠤ ᠴᠢᠨᠠᠷ ᠲᠤ ᠬᠢᠨᠠᠯᠲᠠ ᠲᠠᠯᠪᠢᠵᠤ ᠪᠠᠶᠢᠴᠠᠭᠠᠨ ᠰᠢᠯᠭᠠᠬᠤ ᠲᠥᠪ ︵ᠬᠠᠷᠪᠢᠨ︶ ᠨᠢ 2022 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠷᠤᠯᠲᠠ ᠶᠢᠨ ᠣᠷᠣᠨ ᠤ ᠤᠰᠤᠨ ᠭᠠᠷᠤᠯᠲᠠ ᠶᠢᠨ ᠶᠠᠰᠤ ᠴᠢᠨᠠᠷ ᠤᠨ ᠠᠮᠤᠷ ᠲᠦᠪᠰᠢᠨ ᠳᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠠᠵᠢᠯ ᠢ ᠡᠭᠦᠷᠭᠡᠯᠡᠵᠦ᠂ ᠨᠡᠶᠢᠲᠡ 19 ᠪᠦᠯᠦᠭ ᠤᠳᠠᠭ᠎ᠠ ᠶᠢᠨ ᠥᠯᠢᠭᠡᠷ ᠡᠳ᠋ ᠢ ᠰᠤᠭᠤᠴᠢᠨ ᠠᠪᠴᠤ᠂ ᠡᠭᠦᠨ ᠳᠤ ᠬᠡᠯᠲᠡᠭᠡ ᠵᠢᠭᠠᠰᠤ 4 ᠪᠦᠯᠦᠭ ᠤᠳᠠᠭ᠎ᠠ᠂ ᠮᠥᠷᠭᠦ ᠵᠢᠭᠠᠰᠤ 13 ᠪᠦᠯᠦᠭ ᠤᠳᠠᠭ᠎ᠠ᠂ ᠠᠮᠤᠷ ᠵᠢᠭᠠᠰᠤ 2 ᠪᠦᠯᠦᠭ ᠤᠳᠠᠭ᠎ᠠ ᠪᠠᠶᠢᠵᠤ᠂ ᠡᠯ᠎ᠡ ᠲᠥᠷᠥᠯ ᠵᠦᠢᠯ ᠨᠢ ᠴᠥᠮ ᠬᠢᠷᠢ ᠲᠡᠩᠴᠡᠵᠦ᠂ ᠬᠢᠷᠢ ᠲᠡᠩᠴᠡᠭᠰᠡᠨ ᠨᠣᠷᠮ᠎ᠠ ᠨᠢ 100% ᠳᠤ ᠬᠦᠷᠴᠠᠢ᠃      ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ ᠣᠶᠢᠷ᠎ᠠ ᠶᠢᠨ ᠲᠠᠪᠤᠨ ᠵᠢᠯ ᠤᠨ ᠤᠰᠤᠨ ᠭᠠᠷᠤᠯᠲᠠ ᠶᠢᠨ ᠪᠠᠷᠢᠮᠵᠢᠶ᠎ᠠ  ᠠᠴᠠ ᠠᠮᠠᠷᠬᠠᠨ ᠬᠡᠲᠦᠷᠡᠬᠦ ᠲᠥᠷᠥᠯ ᠵᠦᠢᠯ ᠵᠢᠴᠢ ᠪᠠᠷᠢᠮᠵᠢᠶ᠎ᠠ ᠠᠴᠠ ᠠᠮᠠᠷᠬᠠᠨ ᠬᠡᠲᠦᠷᠡᠬᠦ ᠡᠮ ᠤᠨ ᠵᠦᠢᠯ ᠢ ᠡᠮᠬᠢᠯᠡᠵᠦ᠂ ᠳᠣᠣᠷᠠᠬᠢ ᠮᠡᠲᠦ ᠢᠯᠡ ᠨᠡᠶᠢᠲᠡᠯᠡᠪᠡ᠃     ᠤᠰᠤᠨ ᠭᠠᠷᠤᠯᠲᠠ ᠶᠢᠨ ᠪᠠᠷᠢᠮᠵᠢᠶ᠎ᠠ ᠠᠴᠠ ᠠᠮᠠᠷᠬᠠᠨ ᠬᠡᠲᠦᠷᠡᠬᠦ ᠲᠦᠷᠦᠯ ᠵᠦᠢᠯ ᠵᠢᠴᠢ ᠪᠠᠷᠢᠮᠵᠢᠶ᠎ᠠ ᠠᠴᠠ ᠠᠮᠠᠷᠬᠠᠨ ᠬᠡᠲᠦᠷᠡᠬᠦ ᠡᠮ ᠤᠨ ᠨᠡᠷᠡᠰ ᠤᠨ ᠵᠢᠭᠰᠠᠭᠠᠯᠲᠠ
30.jpg
                         ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                        ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ                                2022 ᠣᠨ ᠤ 12 ᠰᠠᠷ᠎ᠠ ᠶᠢᠨ 14 ᠤ ᠡᠳᠦᠷ 
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号