ᠣᠶᠢᠷ᠎ᠠ ᠳᠤ ᠶᠠᠭᠰᠢ ᠬᠤᠲᠠ ᠶᠢᠨ ᠪᠠᠭᠠᠷᠢᠨ ᠪᠠᠯᠭᠠᠰᠤ ᠶᠢᠨ ᠶᠠᠯᠤ ᠭᠤᠤᠯ ᠤᠯᠤᠰ ᠤᠨ ᠨᠤᠭᠤ ᠭᠠᠵᠠᠷ ᠤᠨ | ᠴᠡᠴᠡᠷᠯᠢᠭ ᠠᠴᠠ ᠮᠠᠠ ᠤ ᠤᠯᠤᠰ ᠤᠨ ᠬᠤᠶᠠᠳᠤᠭᠠᠷ ᠳᠡᠰ ᠤᠨ ᠬᠠᠮᠠᠭᠠᠯᠠᠯᠲᠠ ᠶᠢᠨ ᠠᠮᠢᠲᠠᠨ ᠪᠤᠯᠬᠤ ︽ᠲᠤᠯᠤᠭᠠᠨ | ᠵᠠᠯᠮᠠᠭᠠᠢᠳᠤ ᠮᠤᠨᠲᠤᠬᠠᠢ︾ ᠶᠢ ᠢᠯᠡᠷᠡᠭᠦᠯᠪᠡ᠃ | ᠲᠤᠰ ︽ᠲᠤᠯᠤᠭᠠᠨ ᠵᠠᠯᠮᠠᠭᠠᠶᠢᠲᠤ ᠮᠤᠨᠲᠤᠬᠠᠢ︾ ᠶᠢ ᠨᠤᠭᠤ ᠭᠠᠵᠠᠷ ᠤᠨ ᠴᠡᠴᠡᠷᠯᠢᠭ ᠤᠨ ᠶᠠᠯᠦ ᠬᠠᠮᠢᠶᠠᠷᠤᠨ | ᠬᠠᠮᠠᠭᠠᠯᠠᠬᠤ ᠦᠷᠲᠡᠭᠡ ᠶᠢᠨ ᠠᠵᠢᠯᠲᠠᠨ ᠲᠣᠭᠤᠷᠢᠨ ᠬᠠᠮᠠᠭᠠᠯᠠᠬᠤ ᠠᠵᠢᠯ ᠤᠨ ᠳᠤᠮᠳᠠ ᠤᠯᠵᠤ ᠮᠡᠳᠡᠨ᠂ ᠲᠡᠷᠡ | ᠳᠠᠷᠤᠶ ᠳᠤᠨᠢ ᠬᠡᠷᠡᠯ ᠵᠢᠷᠤᠭ ᠠᠪᠬᠤ ᠶᠢᠨ ᠬᠠᠮᠲᠤ ᠬᠢᠨᠠᠨ ᠬᠡᠮᠵᠢᠬᠦ ᠲᠣᠭᠲᠠᠴᠠ ᠶᠢ ᠡᠬᠢᠯᠡᠭᠦᠯᠪᠡ᠃ ᠲᠤᠰᠬᠠᠢ | ᠮᠠᠷᠭᠡᠵᠢᠯᠲᠡᠨ ᠠᠴᠠ ᠪᠡᠶ᠎ᠡ ᠶᠢᠨ ᠬᠡᠯᠪᠡᠷᠢ᠂ ᠬᠡ ᠤᠭᠠᠯᠵᠠ ᠵᠡᠷᠭᠡ ᠣᠨᠴᠠᠯᠢᠭ ᠠᠴᠠ ᠨᠢ ᠮᠠᠭᠠᠳᠯᠠᠨ ᠲᠣᠭᠲᠠᠭᠠᠭᠠᠳ ᠂ | ᠤᠯᠤᠰ ᠤᠨ ᠬᠤᠶᠠᠳᠤᠭᠠᠷ ᠳᠡᠰ ᠤᠨ ᠬᠠᠮᠠᠭᠠᠯᠠᠯᠲᠠ ᠶᠢᠨ ᠠᠮᠢᠲᠠᠨ ︽ᠲᠤᠯᠤᠭᠠᠨ ᠵᠠᠯᠮᠠᠭᠠᠶᠢᠲᠤ ᠮᠣᠨᠲᠣᠬᠠᠶ︾ ᠭᠡᠵᠦ | ᠲᠤᠭᠲᠠᠭᠠᠭᠰᠠᠨ ᠪᠠᠶᠢᠨ᠎ᠠ ᠃ | ︽ᠲᠤᠯᠤᠭᠠᠨ ᠵᠠᠯᠮᠠᠭᠠᠶᠢᠲᠤ ᠮᠣᠨᠲᠣᠬᠠᠶ︾ ᠶᠢ ᠠᠮᠠᠨ ᠶᠠᠷᠢᠶᠠᠨ ᠳᠤ ᠪᠠᠰᠠ ︽ᠳᠣᠯᠣᠭᠠᠨ ᠣᠳᠣ︾ ᠬᠡᠵᠦ | ᠨᠡᠷᠡᠯᠡᠨ᠂ ᠨᠢᠳᠦᠨ ᠤ ᠠᠷᠤ ᠲᠠᠯ᠎ᠠ ᠳᠤᠨᠢ ᠲᠤᠰ ᠪᠦᠷᠢ ᠳᠣᠯᠣᠭᠠᠨ ᠵᠠᠯᠮᠠᠭᠠᠶ ᠶᠢᠨ ᠨᠦᠬᠡ ᠲᠠᠢ ᠪᠤᠯᠬᠤᠷ ︽ᠲᠤᠯᠤᠭᠠᠨ | ᠵᠠᠯᠮᠠᠭᠠᠶᠢᠲᠤ ᠮᠣᠨᠲᠣᠬᠠᠶ︾ ᠭᠡᠳᠡᠭ᠃ ᠪᠠᠯᠠᠷ ᠡᠷᠲᠡᠨ ᠤ ᠵᠢᠭᠠᠰᠤᠨ ᠤ ᠲᠥᠷᠥᠯ ᠤᠨ ᠨᠢᠭᠡ᠂ ᠰᠢᠳᠦ ᠨᠢ ᠮᠠᠰᠢ | ᠬᠤᠷᠴᠠ᠂ ᠭᠠᠳᠠᠷ ᠬᠡᠯᠪᠡᠷᠢ ᠳᠦᠷᠰᠤ ᠨᠢ ᠪᠠᠯᠠᠷᠯᠢᠭ ᠪᠠᠶᠢᠳᠠᠯ ᠢᠶᠠᠨ ᠬᠠᠳᠠᠭᠠᠯᠠᠭᠰᠠᠭᠠᠷ ᠪᠠᠶᠢᠵᠤ ᠂ ᠣᠲᠣ ᠪᠣᠯᠲᠠᠯ᠎ᠠ | ᠨᠢᠭᠡᠨᠲᠡ ᠳᠡᠯᠡᠬᠡᠶ ᠶᠢᠨ ᠪᠥᠮᠪᠥᠷᠴᠡᠭ ᠳᠡᠭᠡᠷ᠎ᠡ ᠬᠡᠳᠦᠨ ᠳ᠋ᠦᠩᠰᠢᠭᠤᠷ ᠵᠢᠯ ᠠᠮᠢᠳᠤᠷᠠᠭᠰᠠᠨ ᠪᠤᠯᠬᠤᠷ ︽ᠡᠬᠡ | ᠪᠠᠶᠢᠭᠠᠯᠢ ᠶᠢᠨ ᠠᠮᠢᠳᠤ ᠴᠢᠯᠠᠭᠤᠵᠢᠮᠠᠯ︾ ᠭᠡᠭᠳᠡᠳᠡᠭ᠃ ᠡᠶᠢᠮᠦᠷᠭᠦᠦ ᠠᠮᠢᠳᠤ ᠪᠣᠳᠠᠰ ᠤᠨ ᠢᠯᠡᠷᠡᠭᠰᠡᠨ ᠨᠢ | ᠲᠤᠬᠠᠢ ᠶᠢᠨ ᠭᠠᠵᠠᠷ ᠤᠨ ᠠᠮᠢ ᠠᠬᠤᠶ ᠣᠷᠴᠢᠨ ᠲᠤᠭᠤᠷᠢᠨ ᠰᠠᠶᠢᠵᠢᠷᠠᠭᠰᠠᠨ ᠢ ᠬᠠᠷᠠᠭᠤᠯᠵᠤ ᠪᠠᠶᠢᠬᠤ ᠪᠦᠭᠡᠳ | ᠨᠡᠯᠢᠶᠡᠳ ᠥᠨᠳᠥᠷ ᠠᠮᠢ ᠠᠬᠤᠶ ᠶᠢᠨ ᠰᠢᠰᠲ᠋ᠧᠮ ᠤᠨ ᠲᠣᠭᠲᠠᠪᠤᠷᠢᠲᠤ ᠴᠢᠨᠠᠷ ᠨᠢ ᠡᠶᠢᠮᠦᠷᠭᠦᠦ ᠪᠠᠯᠠᠷ ᠡᠷᠲᠡᠨ ᠤ | ᠠᠮᠢᠳᠤ ᠪᠣᠳᠠᠰ ᠤᠨ ᠣᠷᠤᠰᠢᠨ ᠲᠣᠭᠲᠠᠨᠢᠬᠤ ᠳᠤ ᠴᠦ ᠨᠦᠬᠦᠴᠡᠯ ᠪᠤᠯᠤᠮᠵᠢ ᠶᠢ ᠪᠦᠷᠢᠯᠳᠦᠭᠦᠯᠵᠤ ᠦᠭᠴᠠᠢ᠃ | ᠣᠶᠢᠷ᠎ᠠ ᠶᠢᠨ ᠵᠢᠯ ᠤᠳ ᠲᠤ ᠂ ᠪᠠᠭᠠᠷᠢᠨ ᠪᠠᠯᠭᠠᠰᠤ ᠶᠢᠨ ᠶᠠᠯᠦ ᠭᠤᠤᠯ ᠤᠯᠤᠰ ᠤᠨ ᠨᠤᠭᠤ ᠭᠠᠵᠠᠷ ᠤᠨ | ᠴᠡᠴᠡᠷᠯᠢᠭ ᠨᠢ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠨ᠂ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ | ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ︽ᠬᠠᠮᠠᠭᠠᠯᠠᠬᠤ ᠶᠢ ᠲᠡᠷᠢᠭᠦᠨ ᠳᠤ ᠲᠠᠯᠪᠢᠬᠤ᠂ | ᠰᠢᠨᠵᠢᠯᠡᠬᠦ ᠤᠬᠠᠭᠠᠨᠴᠢ ᠪᠠᠷ ᠰᠡᠷᠭᠦᠭᠡᠬᠦ᠂ ᠵᠦᠶ ᠵᠣᠬᠢᠰᠲᠠᠶ ᠠᠰᠢᠭᠯᠠᠬᠤ ᠂ ᠦᠷᠭᠦᠯᠵᠢᠯᠡᠬᠦ ᠭᠦᠭᠵᠢᠯᠲᠡ︾ ᠶᠢᠨ | ᠦᠨᠳᠦᠰᠦᠨ ᠵᠠᠷᠴᠢᠮ ᠢ ᠪᠠᠷᠢᠮᠲᠠᠯᠠᠨ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠳᠣᠪᠤᠶᠢᠮ᠎ᠠ ᠪᠠᠶᠢᠷᠢᠨ ᠳᠤ | ᠲᠠᠯᠪᠢᠵᠤ᠂ ᠨᠤᠭᠤ ᠭᠠᠵᠠᠷ ᠤᠨ ᠠᠮᠢ ᠠᠬᠤᠶ ᠶᠢᠨ ᠰᠢᠰᠲ᠋ᠧᠮ ᠢ ᠬᠠᠮᠤᠭ ᠤᠨ ᠶᠡᠭᠡ ᠬᠡᠮᠵᠢᠶ᠎ᠡ ᠪᠠᠷ ᠬᠠᠮᠠᠭᠠᠯᠠᠨ | ᠰᠡᠷᠭᠦᠭᠡᠪᠡ᠃ | |