2022 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠣᠯ ᠪᠣᠯᠬᠤ ᠲᠠᠷᠢᠮᠠᠯ ᠤᠨ ᠵᠦᠢᠯ ᠤᠨ ᠡᠭᠦᠯᠳᠡᠷ ᠤᠷᠤᠭᠤᠯᠤᠯᠲᠠ ᠶᠢᠨ ᠳᠠᠩᠰᠠᠯᠠᠬᠤ ᠠᠵᠢᠯ ᠢ ᠥᠷᠨᠢᠭᠦᠯᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2022/12/2
ᠬᠠᠮᠢᠶ᠎ᠠ ᠪᠦᠬᠦᠢ ᠡᠭᠦᠯᠳᠡᠷ ᠤᠷᠤᠭᠤᠯᠤᠭᠴᠢᠳ ᠲᠤ᠄      ᠮᠠᠨ ᠤ ᠣᠷᠣᠨ ᠵᠢᠴᠢ ᠬᠤᠯᠪᠣᠭᠳᠠᠯ ᠪᠦᠬᠦᠢ ᠮᠤᠵᠢ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠢ ᠦᠨᠳᠦᠰᠦᠯᠡᠨ᠂ ᠡᠭᠦᠯᠳᠡᠷ ᠤᠷᠤᠭᠤᠯᠤᠯᠲᠠ ᠶᠢᠨ ᠳᠠᠩᠰᠠᠯᠠᠬᠤ ᠠᠵᠢᠯ ᠤᠨ ᠤᠷᠤᠭᠰᠢᠲᠠᠢ ᠶᠠᠪᠤᠭᠳᠠᠬᠤ ᠶᠢ ᠦᠨᠡᠨ ᠬᠦ ᠪᠠᠲᠤᠯᠠᠬᠤ ᠶᠢᠨ ᠲᠤᠰᠠᠳᠠ᠂ ᠡᠳᠦᠭᠡ 2022 ᠣᠨ ᠤ ᠭᠤᠣᠯ ᠪᠣᠯᠬᠤ ᠲᠠᠷᠢᠮᠠᠯ ᠤᠨ ᠠᠳᠠᠯᠢ ᠨᠢᠭᠡᠨ ᠲᠣᠬᠢᠷᠠᠮᠵᠢᠲᠠᠢ ᠠᠮᠢ ᠠᠬᠤᠢ ᠶᠢᠨ ᠣᠷᠣᠨ ᠤ ᠡᠭᠦᠯᠳᠡᠷ ᠤᠷᠤᠭᠤᠯᠤᠯᠲᠠ ᠶᠢᠨ ᠳᠠᠩᠰᠠᠯᠠᠬᠤ ᠶᠠᠪᠤᠳᠠᠯ ᠢ ᠳᠣᠣᠷᠠᠬᠢ ᠮᠡᠲᠦ ᠮᠡᠳᠡᠭᠳᠡᠪᠡ ᠄      ᠨᠢᠭᠡ᠂ ᠭᠥᠯᠢᠶᠡᠨ ᠠᠪᠴᠤ ᠰᠢᠢᠳᠪᠦᠷᠢᠯᠡᠬᠦ ᠴᠠᠭ      2022 ᠣᠨ ᠤ 12 ᠰᠠᠷ᠎ᠠ ᠶᠢᠨ 1 ᠤ ᠡᠳᠦᠷ ᠠᠴᠠ 2022 ᠣᠨ ᠤ 12 ᠰᠠᠷ᠎ᠠ ᠶᠢᠨ 31 ᠤ ᠡᠳᠦᠷ ᠪᠣᠯᠲᠠᠯ᠎ᠠ᠃      ᠬᠤᠶᠠᠷ᠂ ᠭᠤᠶᠤᠴᠢᠯᠠᠬᠤ ᠮᠠᠲ᠋ᠧᠷᠢᠶᠠᠯ  ᠢ ᠲᠤᠰᠢᠶᠠᠬᠤ      ︵ᠨᠢᠭᠡ︶ ᠡᠯᠧᠺᠲᠷᠣᠨ ᠬᠡᠪᠯᠡᠯ ᠤᠨ ᠮᠠᠲ᠋ᠧᠷᠢᠶᠠᠯ ᠲᠤᠰᠢᠶᠠᠬᠤ ᠃ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶᠡᠨ ︵ https://zwfw.nmg.gov.cn/ ︶ ᠳᠤ ᠭᠠᠷᠴᠤ᠂ ᠡᠭᠦᠯᠳᠡᠷ ᠤᠷᠤᠭᠤᠯᠤᠯᠲᠠ ᠶᠢᠨ ᠳᠠᠩᠰᠠᠯᠠᠬᠤ ᠦᠢᠯᠡᠴᠢᠯᠡᠭᠡᠨ ᠤ ᠵᠦᠢᠯᠡᠰ ᠢ ᠬᠠᠶᠢᠵᠤ ᠂ ᠠᠵᠢᠯ ᠶᠠᠪᠤᠳᠠᠯ ᠭᠦᠢᠴᠡᠳᠬᠡᠬᠦ ᠵᠦᠭᠯᠡᠭᠦᠷ ᠢ ᠣᠩᠰᠢᠨ ᠂ ᠰᠦᠯᠵᠢᠶᠡᠨ ᠳᠡᠭᠡᠷ᠎ᠡ ᠭᠦᠢᠴᠡᠳᠭᠡᠬᠦ ᠳᠤ ᠤᠷᠤᠵᠤ᠂ ᠱᠠᠭᠠᠷᠳᠠᠯᠭ᠎ᠠ ᠶᠣᠰᠣᠭᠠᠷ ᠠᠯᠪᠠᠨ ᠲᠠᠮᠠᠭ᠎ᠠ ᠳᠠᠷᠤᠭᠰᠠᠨ ᠡᠯᠧᠺᠲᠷᠣᠨ ᠬᠡᠪᠯᠡᠯ ᠤᠨ ᠮᠠᠲ᠋ᠧᠷᠢᠶᠠᠯ ᠢᠶᠠᠨ ᠲᠤᠰᠢᠶᠠᠨ᠎ᠠ᠃       ︵ ᠬᠤᠶᠠᠷ ︶ ᠴᠠᠭᠠᠰᠤᠨ ᠬᠡᠪᠯᠡᠯ  ᠤᠨ ᠮᠠᠲ᠋ᠧᠷᠢᠶᠠᠯ ᠲᠤᠰᠢᠶᠠᠬᠤ ᠃ ᠱᠠᠭᠠᠷᠳᠠᠯᠭ᠎ᠠ ᠶᠣᠰᠣᠭᠠᠷ ᠴᠠᠭᠠᠰᠤᠨ ᠬᠡᠪᠯᠡᠯ ᠤᠨ ᠮᠠᠲ᠋ᠧᠷᠢᠶᠠᠯ ︵ ᠳᠡᠪᠲᠡᠷᠯᠡᠬᠦ ᠬᠡᠷᠡᠭᠲᠡᠢ ︶ ᠢᠶᠠᠨ ᠨᠢᠭᠡ ᠬᠡᠯᠪᠡᠷᠢ ᠶᠢᠨ 2 ᠬᠤᠪᠢ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠬᠥᠯᠥᠨ ᠬᠤᠶᠢᠲᠤ ᠵᠠᠮ ᠤᠨ 13 ᠳ᠋ᠤᠭᠠᠷ ᠨᠣᠮᠧᠷ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠮᠠᠯ ᠤᠨ ᠦᠷ᠎ᠡ ᠰᠢᠯᠭᠠᠨ ᠪᠠᠶᠢᠴᠠᠭᠠᠬᠤ ᠲᠥᠪ︶ ᠲᠤ ᠢᠯᠡᠭᠡᠨ᠎ᠡ᠂ ᠰᠢᠤᠳᠠᠨ ᠳ᠋ᠤᠭᠠᠷ᠄ 010010      ᠭᠤᠷᠪᠠ ᠂ ᠪᠤᠰᠤᠳ ᠵᠦᠢᠯᠡᠰ      ︵ᠨᠢᠭᠡ︶ ᠭᠤᠶᠤᠴᠢᠯᠠᠭᠴᠢ ᠠᠴᠠ ᠠᠵᠢᠯ ᠶᠠᠪᠤᠳᠠᠯ ᠭᠦᠢᠴᠡᠳᠬᠡᠬᠦ ᠵᠦᠭᠯᠡᠭᠦᠷ ᠢ ᠡᠷᠬᠡᠪᠰᠢ ᠨᠠᠷᠢᠨ ᠨᠢᠮᠪᠠᠢ ᠤᠩᠰᠢᠵᠤ᠂ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠤᠨ ᠪᠦᠷᠢᠨ ᠭᠦᠢᠴᠡᠳ᠂ ᠦᠨᠡᠨ ᠪᠣᠳᠠᠲᠠᠢ ᠪᠥᠭᠡᠳ ᠪᠦᠲᠦᠮᠵᠢᠲᠡᠶ ᠪᠠᠶᠢᠬᠤ ᠶᠢ ᠪᠠᠲᠤᠯᠠᠬᠤ ᠬᠡᠷᠡᠭᠲᠡᠢ᠃      ︵ᠬᠤᠶᠠᠷ︶ ᠬᠢᠵᠢᠭ ᠤᠨ ᠪᠠᠶᠢᠳᠠᠯ ᠤᠨ ᠨᠥᠯᠥᠭᠡ ᠠᠴᠠ ᠪᠣᠯᠵᠤ ᠴᠠᠭᠠᠰᠤᠨ ᠬᠡᠪᠯᠡᠯ ᠤᠨ ᠭᠤᠶᠤᠴᠢᠯᠠᠬᠤ ᠮᠠᠲ᠋ᠧᠷᠢᠶᠠᠯ ᠢ ᠢᠯᠡᠭᠡᠵᠦ ᠳᠡᠶᠢᠯᠬᠦ ᠦᠭᠡᠢ ᠪᠤᠶᠤ ᠴᠠᠭᠠᠰᠤᠨ ᠬᠡᠪᠯᠡᠯ ᠤᠨ ᠭᠤᠶᠤᠴᠢᠯᠠᠬᠤ ᠮᠠᠲ᠋ᠧᠷᠢᠶᠠᠯ ᠢ ᠬᠢᠵᠢᠭ ᠤᠨ ᠪᠠᠶᠢᠳᠠᠯ ᠠᠴᠠ ᠪᠣᠯᠵᠤ ᠶᠠᠮᠠᠷ ᠨᠢᠭᠡᠨ ᠭᠠᠵᠠᠷ ᠲᠤ ᠰᠠᠭᠠᠲᠠᠭᠰᠠᠨ ᠪᠠᠶᠢᠪᠠᠯ᠂ ᠴᠠᠭ ᠲᠤᠬᠠᠢ ᠳᠤ ᠨᠢ ᠮᠠᠨ ᠤ ᠲᠢᠩᠬᠢᠮ ᠤᠨ ᠠᠵᠢᠯᠲᠠᠨ ᠳᠤ ᠮᠡᠳᠡᠭᠳᠡᠭᠡᠷᠡᠢ᠃      ︵ᠭᠤᠷᠪᠠ︶ ᠠᠰᠠᠭᠤᠨ ᠯᠠᠪᠯᠠᠬᠤ ᠤᠲᠠᠰᠤ᠄ 0471-6285043 ᠂   18847188884                            ᠦᠪᠦᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                           ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ                                         2022 ᠣᠨ ᠤ 12 ᠰᠠᠷ᠎ᠠ ᠶᠢᠨ 1 ᠤ ᠡᠳᠦᠷ    
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号