ᠪᠠᠶᠠᠨᠨᠠᠭᠤᠷ ᠬᠤᠲᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ 1008.19 ᠲᠦᠮᠡᠨ‌ᠮᠦ ᠳᠤ ᠬᠦᠷᠴᠡᠢ
ᠨᠡᠶᠢᠲᠡᠯᠡᠭᠰᠡᠨ ᠴᠠᠭ᠄
2022/12/2
      ᠪᠠᠶᠠᠨᠨᠠᠭᠤᠷ ᠬᠤᠲᠠ ᠪᠣᠯ ᠤᠯᠤᠰ ᠤᠨ ᠴᠢᠬᠤᠯᠠ ᠠᠮᠤ ᠲᠣᠰᠤᠨ ᠤ ᠦᠢᠯᠡᠳᠪᠦᠷᠢᠯᠡᠯ ᠤᠨ ᠰᠠᠭᠤᠷᠢᠨ ᠪᠣᠯᠤᠨ᠎ᠠ᠂ ᠪᠥᠬᠦ ᠬᠤᠲᠠ ᠪᠠᠷ ᠢᠶᠠᠨ ᠪᠣᠬᠢᠷᠲᠤᠯ ᠥᠬᠡᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠭᠦᠨ ᠤ ᠦᠢᠯᠡᠳᠪᠦᠷᠢᠯᠡᠯ ᠤᠨ ᠰᠠᠭᠤᠷᠢᠨ ᠢ ᠰᠢᠯᠢᠳᠡᠭᠵᠢᠭᠦᠯᠦᠨ ᠬᠦᠴᠦᠷᠬᠡᠭᠵᠢᠭᠦᠯᠬᠦ ᠡᠭᠦᠷᠭᠡ ᠶᠢᠨ ᠲᠤᠭᠤᠷᠢᠨ ᠳᠤ ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠴᠢᠨᠠᠷ ᠰᠠᠶᠢᠲᠠᠢ ᠠᠬᠢᠭᠤᠯᠵᠤ᠂ ᠠᠮᠤ ᠪᠤᠳᠠᠭᠠᠨ ᠤ ᠠᠮᠤᠷ ᠲᠦᠪᠰᠢᠨ ᠤ ︽ᠲᠠᠷᠢᠶᠠᠯᠠᠬᠤ︾ ᠰᠠᠭᠤᠷᠢ ᠶᠢ ᠪᠠᠬᠢᠵᠢᠭᠦᠯᠵᠤ᠂ ᠣᠳᠣᠬᠠᠨ ᠪᠣᠯᠲᠠᠯ᠎ᠠ᠂ ᠪᠠᠶᠠᠨᠨᠠᠭᠤᠷ ᠬᠤᠲᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠶᠡᠷᠦᠩᠬᠡᠶ ᠲᠠᠯᠠᠪᠠᠶ ᠨᠡᠮᠡᠭᠳᠡᠭᠡᠳ 1008.19 ᠲᠦᠮᠡᠨ ᠮᠥ ᠪᠣᠯᠵᠤ᠂ ᠮᠥ ᠪᠦᠷᠢ ᠶᠢᠨ ᠠᠮᠤ ᠪᠤᠳᠠᠭᠠᠨ ᠤ ᠦᠢᠯᠡᠳᠪᠦᠷᠢᠯᠡᠯ ᠤᠨ ᠬᠦᠴᠦᠨ ᠪᠠᠷᠤᠭ 200 ᠵᠢᠩ ᠣᠷᠴᠢᠮ ᠨᠡᠮᠡᠭᠳᠡᠵᠦ᠂ ᠮᠥ ᠪᠦᠷᠢ ᠶᠢᠨ ᠥᠪᠡᠷ ᠤᠨ ᠦᠷᠳᠡᠭ ᠢ ᠠᠷᠪᠢᠯᠠᠵᠤ ᠦᠷ᠎ᠡ ᠠᠰᠢᠭ ᠢ 300 ᠲᠦᠭᠦᠷᠢᠭ ᠠᠴᠠ ᠳᠡᠭᠡᠭᠰᠢ ᠨᠡᠮᠡᠭᠳᠡᠭᠦᠯᠪᠡ᠃      ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ᠠᠷᠪᠠᠨ ᠨᠠᠢᠮᠠᠨ ᠳ᠋ᠦᠩᠰᠢᠭᠤᠷ ᠮᠦ ᠲᠠᠷᠢᠶᠠᠨ ᠭᠠᠵᠠᠷ ᠤᠨ ᠤᠯᠠᠭᠠᠨ ᠱᠤᠭᠤᠮ ᠢ ᠪᠠᠲᠤ ᠰᠠᠬᠢᠵᠤ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠪᠦᠬᠦᠨ ᠢ ᠠᠯᠬᠤᠮ ᠠᠯᠬᠤᠮ ᠢᠶᠠᠷ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠪᠦᠲᠦᠭᠡᠨ ᠪᠠᠶᠢᠭᠤᠯᠤᠨ᠎ᠠ ᠭᠡᠵᠦ ᠳᠤᠷᠠᠳᠤᠭᠰᠠᠨ ᠪᠠᠶᠢᠨ᠎ᠠ᠃ ᠣᠶᠢᠷ᠎ᠠ ᠶᠢᠨ ᠡᠳᠦᠷ ᠤᠳ ᠲᠤ ᠂ ᠯᠢᠨ ᠾᠧ ᠲᠤᠭᠤᠷᠢᠭ ᠤᠨ ᠹᠦ᠋ ᠴᠢᠶᠠᠩ ᠲᠤᠰᠬᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ ᠲᠤᠮᠤ ᠬᠡᠯᠪᠡᠷᠢ ᠶᠢᠨ ᠮᠠᠰᠢᠨ ᠮᠧᠬᠠᠨᠢᠭ ᠲᠠᠷᠢᠶᠠᠨ ᠭᠠᠵᠠᠷ ᠲᠤ ᠰᠦᠯᠵᠢᠯᠳᠦᠨ ᠠᠵᠢᠯᠯᠠᠵᠤ᠂ ᠲᠠᠷᠢᠶᠠᠨ ᠭᠠᠵᠠᠷ ᠲᠡᠭᠰᠢᠯᠡᠵᠦ᠂ ᠲᠠᠷᠢᠶ᠎ᠠ ᠲᠠᠷᠢᠬᠤ ᠵᠠᠮ ᠢ ᠵᠠᠰᠠᠨ᠂ ᠲᠠᠷᠢᠶ᠎ᠠ ᠤᠰᠤᠯᠠᠬᠤ ᠰᠤᠪᠠᠭ ᠵᠡᠷᠭᠡ ᠰᠠᠭᠤᠷᠢ ᠲᠦᠭᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠬᠢᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠦᠷᠦᠯ ᠵᠦᠢᠯ ᠢ ᠲᠦᠷᠭᠡᠳᠬᠡᠨ ᠬᠡᠷᠡᠭᠵᠢᠭᠦᠯᠬᠦ ᠶᠢ ᠠᠬᠢᠭᠤᠯᠵᠤ ᠪᠤᠢ᠃ ᠯᠢᠨ ᠾᠧ ᠲᠣᠭᠤᠷᠢᠭ 2022 ᠣᠨ ᠳᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 6 ᠲᠦᠮᠡᠨ ᠮᠥ ᠪᠥᠲᠥᠭᠡᠨ ᠪᠠᠶᠢᠭᠤᠯᠵᠤ᠂ 2023 ᠣᠨ ᠤ 4 ᠰᠠᠷ᠎ᠠ ᠶᠢᠨ ᠰᠡᠭᠦᠯᠴᠢ ᠪᠠᠷ ᠪᠦᠬᠦᠨ ᠢ ᠪᠦᠲᠦᠭᠡᠨ ᠪᠠᠶᠢᠭᠤᠯᠵᠤ ᠳᠠᠭᠤᠰᠬᠠᠬᠤ ᠪᠠᠷ ᠲᠥᠯᠥᠪᠯᠡᠵᠦ ᠪᠣᠶ᠃      ᠬᠠᠩᠭᠢᠨ ᠬᠤᠶᠢᠲᠤ ᠬᠤᠰᠢᠭᠤᠨ ᠤ ᠮᠠᠩᠭᠢᠰᠤ ᠪᠠᠯᠭᠠᠰᠤᠨ ᠤ ᠮᠢᠨ ᠱᠧᠩ ᠲᠤᠰᠬᠤ ᠶᠢᠨ ᠲᠠᠪᠤᠳᠤᠭᠠᠷ᠂ ᠳᠣᠯᠣᠳᠤᠭᠠᠷ ᠳᠤᠭᠤᠶᠢᠯᠠᠩ ᠤᠨ ᠲᠦᠷᠦᠯ ᠵᠦᠢᠯ ᠤᠨ ᠲᠤᠭᠤᠷᠢᠭ ᠲᠤ ᠰᠢᠷᠣᠢ ᠲᠦᠯᠬᠢᠬᠦ ᠮᠠᠰᠢᠨ᠂ ᠤᠬᠤᠭᠤᠷ ᠮᠠᠰᠢᠨ ᠵᠡᠷᠭᠡ ᠲᠤᠮᠤ ᠮᠠᠰᠢᠨ ᠲᠠᠷᠢᠶᠠᠨ ᠭᠠᠵᠠᠷ ᠲᠤ ᠳᠠᠪᠬᠢᠯᠳᠤᠨ᠂ ᠭᠠᠵᠠᠷ ᠰᠢᠷᠤᠢ ᠶᠢ ᠲᠡᠭᠰᠢᠯᠡᠬᠦ ᠪᠠ ᠬᠦᠬᠦᠷᠭᠡᠨ ᠤ ᠭᠤᠯᠳᠤᠩ ᠵᠡᠷᠭᠡ ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠭ ᠢ ᠵᠡᠷᠭᠡ ᠪᠠᠷ ᠠᠬᠢᠭᠤᠯᠤᠨ᠎ᠠ᠃ ᠬᠠᠩᠭᠢᠨ ᠬᠤᠶᠢᠲᠤ ᠬᠤᠰᠢᠭᠤᠨ ᠤ 2022 ᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠨᠢ ᠮᠠᠩᠭᠢᠰᠤ ᠪᠠᠯᠭᠠᠰᠤ᠂ ᠲᠣᠸᠠᠨ ᠵᠢᠶᠧ ᠪᠠᠯᠭᠠᠰᠤ᠂ ᠱᠠ ᠬᠠᠶ ᠪᠠᠯᠭᠠᠰᠤ ᠪᠣᠯᠤᠨ ᠱᠠᠮᠪᠠ ᠪᠠᠯᠭᠠᠰᠤ ᠵᠡᠷᠭᠡ ᠪᠥᠬᠦ ᠬᠤᠰᠢᠭᠤᠨ ᠤ 9 ᠪᠠᠯᠭᠠᠰᠤᠨ ᠳᠤ ᠲᠠᠷᠬᠠᠵᠤ᠂ ᠪᠥᠲᠥᠭᠡᠨ ᠪᠠᠶᠢᠭᠤᠯᠤᠯᠲᠠ ᠶᠢᠨ ᠬᠡᠪᠴᠢᠶ᠎ᠡ ᠨᠢ 5 ᠲᠦᠮᠡᠨ ᠮᠥ ᠬᠦᠷᠦᠨ᠎ᠡ᠃      2023 ᠣᠨ ᠳᠤ ᠪᠠᠶᠠᠨᠨᠠᠭᠤᠷ ᠬᠤᠲᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠪᠥᠬᠦ ᠬᠤᠲᠠ ᠳᠤ ᠳᠥᠯᠭᠢᠨ ᠠᠬᠢᠭᠤᠯᠬᠤ ᠲᠥᠷᠥᠯ ᠵᠦᠢᠯ ᠪᠤᠯᠭᠠᠨ ᠭᠤᠶᠤᠴᠢᠯᠠᠬᠤ ᠪᠠᠷ ᠲᠥᠯᠥᠪᠯᠡᠵᠦ᠂ ᠦᠨᠳᠦᠰᠦᠨ ᠲᠠᠷᠢᠶᠠᠨ ᠭᠠᠵᠠᠷ ᠤᠨ ᠶᠠᠰᠤ ᠴᠢᠨᠠᠷ ᠢ ᠳᠡᠭᠡᠭᠰᠢᠯᠡᠭᠦᠯᠦᠨ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠳᠤ ᠪᠠᠶᠠᠨᠨᠠᠭᠤᠷ ᠬᠤᠲᠠ ᠶᠢᠨ ᠬᠤᠪᠢ ᠨᠡᠮᠡᠷᠢ ᠶᠢ ᠦᠵᠡᠭᠦᠯᠬᠦ ᠪᠠᠷ ᠬᠦᠴᠦᠯᠡᠵᠦ ᠪᠤᠢ᠃ 
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号