ᠨᠢᠮᠪᠡᠭᠡ ᠶᠢᠨ ᠬᠤᠷᠢᠶᠠᠬᠤ ᠮᠠᠰᠢᠨ ᠤ ᠲᠤᠰᠬᠠᠢ ᠬᠢᠨᠠᠨ ᠲᠣᠭᠲᠠᠭᠠᠯᠲᠠ ᠶᠢᠨ ᠬᠥᠲᠥᠯᠪᠦᠷᠢ ᠶᠢᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠢᠯᠡ ᠨᠡᠶᠢᠲᠡᠯᠡᠯ
ᠨᠡᠶᠢᠲᠡᠯᠡᠭᠰᠡᠨ ᠴᠠᠭ᠄
2022/12/22
      ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ︽ᠲᠠᠷᠢᠶᠠᠯᠠᠩ ᠤᠨ ᠮᠠᠰᠢᠨ ᠤ ᠲᠤᠷᠰᠢᠯᠲᠠ ᠶᠢᠨ ᠬᠢᠨᠠᠨ ᠲᠣᠭᠲᠠᠭᠠᠬᠤ ᠠᠷᠭ᠎ᠠ︾ ᠪᠠ ︽ᠲᠠᠷᠢᠶᠠᠯᠠᠩ ᠤᠨ ᠮᠠᠰᠢᠨ ᠤ ᠲᠤᠷᠰᠢᠯᠲᠠ ᠶᠢᠨ ᠬᠢᠨᠠᠨ ᠲᠣᠭᠲᠠᠭᠠᠬᠤ ᠠᠵᠢᠯ ᠤᠨ ᠵᠢᠷᠤᠮᠵᠢᠯ︾ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠮᠠᠨ ᠤ ᠲᠢᠩᠬᠢᠮ ᠮᠡᠷᠭᠡᠵᠢᠯ ᠢᠶᠠᠷ ᠲᠤᠯᠭᠠᠭᠤᠷᠢᠯᠠᠬᠤ ᠨᠢᠭᠡᠴᠢ ᠶᠢ ᠵᠣᠬᠢᠶᠠᠨ ᠪᠠᠶᠢᠭᠤᠯᠵᠤ 2022 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠮᠠᠰᠢᠨ ᠤ ᠲᠤᠰᠬᠠᠢ ᠬᠢᠨᠠᠨ ᠲᠣᠭᠲᠠᠭᠠᠬᠤ ᠬᠥᠲᠥᠯᠪᠦᠷᠢ ᠶᠢ ᠲᠣᠭᠲᠠᠭᠠᠵᠤ ᠵᠠᠰᠠᠪᠤᠷᠢ ᠣᠷᠣᠭᠤᠯᠬᠤ ᠠᠵᠢᠯ ᠢ ᠥᠷᠨᠢᠭᠦᠯᠪᠡ᠃ ᠡᠳᠦᠭᠡ ︽ ᠨᠢᠮᠪᠡᠭᠡ ᠶᠢᠨ ᠬᠤᠷᠢᠶᠠᠬᠤ ᠮᠠᠰᠢᠨ ︾ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠮᠠᠰᠢᠨ ᠤ ᠲᠤᠰᠬᠠᠢ ᠵᠦᠢᠯ ᠤᠨ ᠬᠢᠨᠠᠨ ᠲᠣᠭᠲᠠᠭᠠᠯᠲᠠ ᠶᠢᠨ ᠬᠥᠲᠥᠯᠪᠦᠷᠢ ︵ᠳᠠᠭᠠᠯᠳᠤᠭᠤᠯᠤᠯ ᠳᠤ ᠦᠵᠡᠭᠡᠷᠡᠢ ︶ ᠶᠢ ᠢᠯᠡ ᠨᠡᠶᠢᠲᠡᠯᠡᠪᠡ ᠂ ᠢᠯᠡ ᠨᠡᠶᠢᠲᠡᠯᠡᠬᠦ ᠬᠤᠭᠤᠴᠠᠭ᠎ᠠ ᠨᠢ 2022 ᠣᠨ ᠤ 12 ᠰᠠᠷ᠎ᠠ ᠶᠢᠨ 13 ᠤ ᠡᠳᠦᠷ ᠠᠴᠠ 2022 ᠣᠨ ᠤ 1 ᠰᠠᠷ᠎ᠠ ᠶᠢᠨ 2 ᠤᠨ ᠡᠳᠦᠷ ᠪᠣᠯᠲᠠᠯ᠎ᠠ ᠃ ᠬᠡᠷᠪᠡ ᠢᠯᠡ ᠨᠡᠶᠢᠲᠡᠯᠡᠬᠦ ᠠᠭᠤᠯᠭ᠎ᠠ ᠳᠤ ᠵᠠᠰᠠᠪᠤᠷᠢ ᠣᠷᠣᠭᠤᠯᠬᠤ ᠰᠠᠨᠠᠯ ᠪᠠ ᠰᠠᠨᠠᠭᠤᠯᠭ᠎ᠠ ᠲᠠᠢ ᠪᠣᠯ᠂ ᠢᠯᠡ ᠨᠡᠶᠢᠲᠡᠯᠡᠬᠦ ᠬᠤᠭᠤᠴᠠᠭᠠᠨ ᠳᠤ ᠢᠮᠧᠯ ᠤᠨ ᠬᠡᠯᠪᠡᠷᠢ ᠪᠠᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠲᠠᠷᠢᠶᠠᠯᠠᠩ ᠤᠨ ᠮᠠᠰᠢᠨ ᠤ ᠲᠣᠪᠴᠢᠶ᠎ᠠ ᠳᠤ ᠬᠠᠷᠢᠭᠤ ᠳᠤᠰᠬᠠᠭᠠᠷᠠᠢ ᠃      ᠬᠠᠷᠢᠯᠴᠠᠬᠤ ᠬᠦᠮᠦᠨ᠄ ᠸᠧᠢ ᠰᠢᠩ      ᠬᠠᠷᠢᠯᠴᠠᠬᠤ ᠤᠲᠠᠰᠤ᠄ 0471-6651907      ᠢᠮᠧᠯ ᠄ 18647159240@163.com       ᠳᠠᠭᠠᠯᠳᠤᠭᠤᠯᠤᠯ ᠄ ᠲᠠᠷᠢᠶᠠᠯᠠᠩ ᠤᠨ ᠮᠠᠰᠢᠨ ᠤ ᠲᠤᠰᠬᠠᠢ ᠵᠦᠢᠯ ᠤᠨ ᠬᠢᠨᠠᠨ ᠲᠣᠭᠲᠠᠭᠠᠯᠲᠠ ᠶᠢᠨ ᠬᠦᠲᠦᠯᠪᠤᠷᠢ                         ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                         ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ                                 2022 ᠣᠨ ᠤ 12 ᠰᠠᠷ᠎ᠠ ᠶᠢᠨ 15 ᠤ ᠡᠳᠦᠷ 
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号