ᠶᠡᠭᠡᠨ᠋ᠤᠰᠤ ᠰᠤᠮᠤ ᠤᠢ ᠰᠢᠭᠤᠢ ᠨᠤᠳᠤᠭ ᠪᠡᠯᠴᠢᠭᠡᠷ ᠤᠨ ᠬᠠᠮᠠᠭᠠᠯᠠᠯᠳᠠ ᠬᠠᠮᠢᠶᠠᠷᠤᠯᠳᠠ ᠶᠢ ᠴᠢᠩᠭᠠᠳᠬᠠᠵᠤ ᠪᠤᠢ
ᠨᠡᠶᠢᠲᠡᠯᠡᠭᠰᠡᠨ ᠴᠠᠭ᠄
2022/12/22
      ᠰᠢᠨᠠᠪᠠᠯᠭᠠᠰᠤ ᠶᠢᠨ ᠮᠡᠳᠡᠭᠡ ᠬᠠᠨᠭ᠍ᠭᠢᠨ ᠬᠤᠰᠢᠭᠤᠨ ᠤ ᠶᠡᠭᠡᠨ᠋ᠤᠰᠤ ᠰᠤᠮᠤ ᠠᠯᠢ ᠤᠯᠠᠨ ᠠᠷᠭ᠎ᠠ ᠬᠡᠮᠵᠢᠶ᠎ᠠ ᠠᠪᠴᠤ ᠤᠢ ᠰᠢᠭᠤᠢ ᠨᠤᠳᠤᠭ ᠪᠡᠯᠴᠢᠭᠡᠷ ᠤᠨ ᠬᠠᠮᠠᠭᠠᠯᠠᠯᠳᠠ ᠪᠤᠯᠤᠨ ᠬᠠᠮᠢᠶᠠᠷᠤᠯᠳᠠ ᠶᠢ ᠴᠢᠩᠭᠠᠳᠬᠠᠵᠤ᠂ ᠤᠢ ᠰᠢᠭᠤᠢ ᠨᠤᠳᠤᠭ ᠪᠠᠯᠴᠢᠭᠡᠷ ᠤᠨ ᠶᠠᠰᠤ ᠴᠢᠨᠠᠷ ᠪᠠ ᠠᠮᠢ ᠠᠬᠤᠢ ᠶᠢᠨ ᠰᠢᠰᠲ᠋ᠧᠮ ᠤᠨ ᠲᠤᠭᠳᠠᠪᠤᠷᠢᠳᠤ ᠴᠢᠨᠠᠷ ᠢ ᠲᠡᠭᠡᠭᠰᠢᠯᠡᠬᠦᠯᠦᠨ ᠪᠠᠳᠤᠯᠠᠵᠦ ᠪᠤᠢ᠃      ︽ᠤᠢ ᠰᠢᠭᠤᠢ ᠶᠢᠨ ᠲᠠᠷᠤᠭ᠎ᠠ︾ ᠶᠢᠨ ᠲᠦᠷᠢᠮ ᠢ ᠯᠠᠪᠳᠠᠭᠤᠨ ᠠᠬᠢᠭᠤᠯᠪᠠ᠃ ᠰᠤᠮᠤ ᠪᠠ ᠭᠠᠴᠠᠭ᠎ᠠ ᠬᠤᠶᠠᠷ ᠱᠠᠲᠤᠨ ᠤ ᠤᠢ ᠰᠢᠭᠤᠢ ᠶᠢᠨ ᠲᠠᠷᠤᠭ᠎ᠠ ᠶᠢᠨ ᠲᠦᠷᠢᠮ ᠢ ᠪᠦᠷᠢᠨᠰᠢᠬᠦᠯᠵᠤ᠂ ᠶᠠᠷᠦᠩᠭᠡᠢ ᠤᠢ ᠰᠢᠭᠤᠢ ᠶᠢᠨ ᠲᠠᠷᠤᠭ᠎ᠠ ᠪᠠᠷ 1 ᠬᠦᠮᠦᠨ᠂ ᠲᠠᠳ᠋ ᠤᠢ ᠰᠢᠭᠤᠢ ᠶᠢᠨ ᠲᠠᠷᠤᠭ᠎ᠠ ᠪᠠᠷ 13 ᠬᠦᠮᠦᠨ᠂ ᠭᠠᠴᠠᠭᠠᠨ ᠤ ᠱᠠᠲᠤᠨ ᠤ ᠤᠢ ᠰᠢᠭᠤᠢ ᠶᠢᠨ ᠲᠠᠷᠤᠭ᠎ᠠ ᠪᠠᠷ 12 ᠬᠦᠮᠦᠨ᠂ ᠤᠢ ᠰᠢᠭᠤᠢ ᠶᠢᠨ ᠬᠠᠮᠠᠭᠠᠯᠠᠭᠴᠢ ᠪᠠ ᠨᠤᠳᠤᠭ ᠪᠡᠯᠴᠢᠭᠡᠷ ᠤᠨ ᠬᠠᠮᠢᠶᠠᠷᠤᠭᠴᠢ ᠪᠠᠷ 42 ᠬᠦᠮᠦᠨ ᠢ ᠲᠤᠮᠢᠯᠠᠨ ᠲᠤᠭᠳᠠᠭᠠᠵᠦ᠂ ᠤᠢ ᠰᠢᠭᠤᠢ᠂ ᠨᠤᠳᠤᠭ ᠪᠡᠯᠴᠢᠭᠡᠷ᠂ ᠨᠤᠭᠤ ᠭᠠᠵᠠᠷ ᠵᠡᠷᠭᠡ ᠪᠠᠶᠢᠭᠠᠯᠢ ᠶᠢᠨ ᠡᠬᠢ ᠪᠠᠶᠠᠯᠢᠭ ᠢ ᠬᠠᠮᠠᠭᠠᠯᠠᠬᠤ ᠠᠵᠢᠯ ᠢ ᠪᠦᠬᠦ ᠲᠠᠯ᠎ᠠ ᠪᠠᠷ ᠦᠷᠨᠢᠬᠦᠯᠪᠠ᠃ ᠵᠢᠯ ᠤᠨ ᠡᠬᠢᠨ ᠠᠴᠠ ᠤᠳᠤ ᠪᠤᠯᠳᠠᠯ᠎ᠠ᠂ ᠨᠡᠶᠢᠲᠡ 610 ᠬᠦᠮᠦᠨ ᠤᠳᠠᠭ᠎ᠠ ᠴᠠᠭᠳᠠᠨ ᠪᠠᠶᠢᠴᠠᠭᠠᠯᠲᠠ ᠥᠷᠨᠢᠭᠦᠯᠵᠦ᠂ ᠮᠠᠯ ᠢᠶᠠᠨ ᠲᠤᠷ᠎ᠠ ᠪᠠᠷ ᠬᠠᠰᠢᠶᠠᠨ ᠠᠴᠠ ᠪᠠᠨ ᠭᠠᠷᠭᠠᠵᠦ ᠪᠡᠯᠴᠢᠭᠡᠭᠰᠡᠨ᠂ ᠬᠤᠭ ᠨᠤᠪᠰᠢ ᠶᠢ ᠬᠡᠭᠡᠷ᠎ᠠ ᠬᠦᠳᠡᠭᠡ ᠲᠤᠷ᠎ᠠ ᠪᠠᠷ ᠬᠡᠭᠡᠵᠦ ᠤᠪᠤᠭᠠᠯᠠᠬᠰᠠᠨ ᠵᠡᠷᠭᠡ ᠠᠰᠠᠭᠤᠳᠠᠯ ᠢ ᠴᠠᠭ ᠲᠤᠬᠠᠢ ᠳᠤᠨᠢ ᠢᠯᠡᠷᠡᠬᠦᠯᠵᠦ ᠰᠢᠢᠳᠭᠡᠭᠰᠡᠨ ᠪᠠᠶᠢᠨ᠎ᠠ ᠃      ︽ ᠪᠠᠶᠢᠬᠤ ᠪᠠᠨ ᠪᠠᠳᠤᠯᠠᠵᠦ᠂ ᠬᠡᠮᠵᠢᠶ᠎ᠠ ᠪᠠᠨ ᠨᠠᠮᠡᠭᠳᠡᠬᠦᠯᠵᠦ᠂ ᠴᠢᠨᠠᠷ ᠢ ᠲᠡᠭᠡᠭᠰᠢᠯᠡᠬᠦᠯᠬᠦ︾ ᠵᠠᠷᠴᠢᠮ ᠢᠶᠠᠷ᠂ ᠠᠮᠢ ᠠᠬᠤᠢ ᠶᠢᠨ ᠰᠢᠰᠲ᠋ᠧᠮ ᠤᠨ ᠰᠠᠶᠢᠵᠢᠷᠠᠯᠲᠠ ᠶᠢ ᠠᠬᠢᠭᠤᠯᠪᠠ᠃ ᠡᠨᠡ ᠵᠢᠯ᠂ ᠰᠣᠮᠤᠨ ᠤ ᠪᠦᠬᠦ ᠺᠠᠳ᠋ᠷ ᠠᠵᠢᠯᠳᠠᠨ ᠨᠠᠮ ᠤᠨ ᠬᠡᠰᠢᠬᠦᠨ ᠪᠤᠯᠤᠨ ᠭᠠᠴᠠᠭᠠᠨ ᠤ 4500 ᠭᠠᠷᠤᠢ ᠮᠠᠯᠴᠢᠨ ᠲᠠᠷᠢᠶᠠᠴᠢᠨ ᠢ ᠳᠠᠶᠢᠴᠢᠯᠠᠨ ᠠᠯᠪᠠᠨ ᠵᠢᠷᠤᠮ ᠤᠨ ᠮᠤᠳᠤ ᠲᠠᠷᠢᠬᠤ ᠠᠵᠢᠯᠯᠠᠭ᠎ᠠ ᠳᠤ ᠤᠷᠤᠯᠴᠠᠭᠤᠯᠵᠤ᠂ 4300 ᠰᠠᠭᠤᠷᠢ ᠮᠤᠳᠤ ᠵᠠᠶᠢᠯᠠᠵᠤ ᠂ 25.1 ᠲᠦᠮᠠᠨ ᠰᠠᠭᠤᠷᠢ ᠪᠤᠳᠠᠯᠢᠭ ᠮᠤᠳᠤ ᠲᠠᠷᠢᠪᠠ᠃ ᠡᠭᠦᠨ ᠤ ᠬᠠᠮᠳᠤ᠂ ᠰᠠᠶᠢᠨ ᠴᠢᠨᠠᠷ ᠤᠨ ᠡᠪᠡᠰᠦ ᠲᠠᠷᠢᠬᠤ ᠲᠦᠷᠦᠯ ᠵᠦᠢᠯ ᠢ ᠬᠡᠷᠡᠭᠵᠢᠬᠦᠯᠵᠦ᠂ 2.93 ᠲᠦᠮᠠᠨ ᠮᠦ ᠨᠢ ᠬᠢᠨᠠᠨ ᠰᠢᠯᠭᠠᠯᠳᠠ ᠳᠤ ᠬᠢᠷᠢ ᠲᠡᠩᠴᠡᠪᠠ᠃      ᠠᠮᠤᠷ ᠲᠦᠪᠰᠢᠨ ᠤ ᠬᠤᠷᠢᠭ᠎ᠠ ᠱᠤᠭᠤᠮ ᠢ ᠪᠠᠳᠤ ᠰᠠᠬᠢᠪᠠ᠃ ᠤᠢ ᠰᠢᠭᠤᠢ ᠨᠤᠳᠤᠭ ᠪᠠᠯᠴᠢᠭᠡᠷ ᠤᠨ ᠭᠠᠯ ᠲᠦᠮᠠᠷ ᠢ ᠰᠡᠷᠭᠡᠶᠢᠯᠡᠵᠦ ᠤᠨᠳᠠᠷᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ ᠂ ᠬᠠᠷᠢᠭᠤᠴᠠᠯᠭ᠎ᠠ ᠶᠢ ᠭᠠᠴᠠᠭ᠎ᠠ᠂ ᠨᠡᠶᠢᠭᠡᠮ ᠲᠤᠭᠤᠷᠢᠭ ᠬᠦᠷᠳᠡᠯ᠎ᠠ ᠨᠠᠶᠢᠳᠠᠪᠤᠷᠢᠵᠢᠭᠤᠯᠪᠠ ᠃ 10 ᠰᠠᠷ᠎ᠠ ᠶᠢᠨ ᠰᠡᠬᠦᠯᠴᠢ ᠬᠦᠷᠳᠡᠯ᠎ᠠ᠂ ᠤᠢ ᠰᠢᠭᠤᠢ ᠨᠤᠳᠤᠭ ᠪᠠᠯᠴᠢᠭᠡᠷ ᠤᠨ ᠭᠠᠯ ᠲᠦᠮᠠᠷ ᠢ ᠰᠡᠷᠭᠡᠶᠢᠯᠡᠬᠦ ᠠᠮᠤᠷ ᠲᠦᠪᠰᠢᠨ ᠤ ᠪᠤᠯᠪᠠᠰᠤᠷᠠᠯ ᠰᠤᠷᠤᠯᠴᠠᠯᠭ᠎ᠠ ᠶᠢ 3 ᠤᠳᠠᠭ᠎ᠠ ᠦᠷᠨᠢᠬᠦᠯᠵᠦ᠂ 1 ᠤᠳᠠᠭ᠎ᠠ ᠰᠤᠷᠢᠯᠳᠠ ᠬᠢᠭᠰᠡᠨ ᠪᠠᠶᠢᠨ᠎ᠠ ᠃ 
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号