2023 ᠣᠨ ᠤ ᠲᠥᠪ ᠤᠨ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ ᠶᠢᠨ ᠲᠠᠷᠢᠶᠠᠯᠠᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠤᠬᠠᠢ ᠢᠯᠡ ᠨᠡᠶᠢᠲᠡᠯᠡᠯ
ᠨᠡᠶᠢᠲᠡᠯᠡᠭᠰᠡᠨ ᠴᠠᠭ᠄
2022/12/23
      ︽ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠪᠡᠯᠡ ᠣᠷᠣᠭᠤᠯᠤᠯᠲᠠ ᠶᠢᠨ ᠵᠤᠷᠭᠠᠨ  ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠲᠥᠯᠥᠪᠯᠡᠭᠡ ᠡᠳ᠋ ᠤᠨ ᠶᠠᠪᠤᠳᠠᠯ ᠤᠨ ᠵᠤᠷᠭᠠᠨ ᠤ 2023 ᠣᠨ ᠤ ᠲᠥᠪ ᠤᠨ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ ᠶᠢᠨ ᠲᠠᠷᠢᠶᠠᠯᠠᠩ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠪᠡᠯᠡ ᠣᠷᠣᠭᠤᠯᠤᠯᠲᠠ ᠶᠢᠨ ᠬᠡᠷᠡᠭᠴᠡᠭᠡ ᠶᠢ ᠮᠡᠳᠡᠭᠦᠯᠦᠨ ᠬᠦᠷᠭᠡᠬᠦ ᠲᠤᠬᠠᠢ ᠮᠡᠳᠡᠭᠳᠡᠯ ︾ ᠂ ︽ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠲᠠᠷᠢᠶᠠᠯᠠᠩ ᠠᠵᠤ ᠠᠬᠤᠢ ᠶᠢᠨ ᠵᠤᠷᠭᠠᠨ  ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠲᠥᠯᠥᠪᠯᠡᠭᠡ ᠡᠳ᠋ ᠤᠨ ᠶᠠᠪᠤᠳᠠᠯ ᠤᠨ ᠵᠤᠷᠭᠠᠨ ᠤ 2023 ᠣᠨ ᠤ ᠲᠥᠪ ᠤᠨ ᠲᠥᠰᠥᠪ ᠤᠨ ᠳᠣᠲᠣᠷᠠᠬᠢ ᠲᠠᠷᠢᠶᠠᠯᠠᠩ ᠤᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠪᠡᠯᠡ ᠣᠷᠣᠭᠤᠯᠤᠯᠲᠠ ᠶᠢᠨ ᠲᠥᠯᠥᠪᠯᠡᠭᠡ ᠶᠢ ᠮᠡᠳᠡᠭᠦᠯᠬᠦ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ᠤᠨ ᠱᠠᠭᠠᠷᠳᠠᠯᠭ᠎ᠠ ᠶᠢ ᠦᠨᠳᠦᠰᠦᠯᠡᠨ ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠨᠢ ᠥᠪᠡᠷᠲᠡᠭᠡᠨ ᠵᠠᠰᠠᠬᠤ ᠣᠷᠣᠨ ᠤ ᠲᠥᠷᠥᠯ ᠵᠦᠢᠯ ᠤᠨ ᠨᠥᠭᠡᠴᠡ ᠶᠢᠨ ᠬᠥᠮᠥᠷᠭᠡ ᠠᠴᠠ 2023 ᠣᠨ ᠤ ᠲᠥᠷᠥᠯ ᠵᠦᠢᠯ ᠢ ᠮᠡᠳᠡᠭᠦᠯᠬᠦ ᠵᠦᠭᠯᠡᠭᠦᠷ ᠤᠨ ᠱᠠᠭᠠᠷᠳᠠᠯᠭ᠎ᠠ ᠳᠤ ᠨᠡᠶᠢᠴᠡᠭᠰᠡᠨ ᠲᠥᠷᠥᠯ ᠵᠦᠢᠯ ᠢ ᠰᠤᠩᠭᠤᠨ ᠭᠠᠷᠭᠠᠵᠤ᠂ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠬᠢᠨᠠᠨ ᠰᠢᠯᠭᠠᠷᠠᠭᠤᠯᠬᠤ ᠪᠠᠷ ᠳᠡᠮᠵᠢᠨ᠂ ᠲᠥᠷᠥᠯ ᠵᠦᠢᠯ ᠤᠨ ᠪᠣᠯᠣᠮᠵᠢᠲᠤ ᠰᠤᠳᠤᠯᠭᠠᠨ ᠤ ᠮᠡᠳᠡᠭᠦᠯᠦᠯᠲᠡ ᠪᠤᠶᠤ ᠬᠡᠷᠡᠭᠵᠢᠭᠦᠯᠬᠦ ᠲᠥᠰᠥᠯ ᠤᠨ ᠴᠣᠬᠤᠯᠠᠪᠤᠷᠢ ᠶᠢ ᠪᠡᠶᠡᠯᠡᠭᠦᠯᠵᠦ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2023 ᠣᠨ ᠤ ᠲᠥᠪ ᠤᠨ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ ᠶᠢᠨ ᠲᠠᠷᠢᠶᠠᠯᠠᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠡᠯᠡ ᠣᠷᠣᠭᠤᠯᠤᠯᠲᠠ ᠶᠢᠨ ᠬᠡᠷᠡᠭᠴᠡᠭᠡ ᠱᠠᠭᠠᠷᠳᠠᠯᠭ᠎ᠠ ᠶᠢ ᠲᠠᠨᠢᠯᠴᠠᠭᠤᠯᠤᠨ ᠮᠡᠳᠡᠭᠦᠯᠬᠦ ᠪᠠᠷ ᠪᠣᠶ᠃ ᠡᠳᠦᠭᠡ ᠢᠯᠡ ᠨᠡᠶᠢᠲᠡᠯᠡᠪᠡ᠂ ᠢᠯᠡ ᠨᠡᠶᠢᠲᠡᠯᠡᠬᠦ ᠬᠤᠭᠤᠴᠠᠭ᠎ᠠ ᠨᠢ ᠲᠠᠪᠤᠨ ᠠᠵᠢᠯᠯᠠᠬᠤ ᠡᠳᠦᠷ ᠪᠣᠯᠣᠨ᠎ᠠ ᠂ ᠬᠡᠷᠪᠡ ᠣᠨᠳᠣᠣ ᠰᠠᠨᠠᠯ ᠲᠠᠢ ᠪᠣᠯ ᠬᠤᠪᠢ ᠬᠥᠮᠥᠨ ᠪᠣᠯᠣᠨ ᠵᠣᠬᠢᠶᠠᠨ ᠪᠠᠶᠢᠭᠤᠯᠤᠯᠲᠠ ᠠᠴᠠ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠪᠠᠶᠢᠭᠤᠯᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠪᠣᠯᠣᠨ ᠲᠥᠯᠥᠪᠯᠡᠭᠡ ᠡᠳ᠋ ᠤᠨ ᠶᠠᠪᠤᠳᠠᠯ ᠤᠨ ᠭᠠᠵᠠᠷ ᠲᠤ ᠳᠤᠰᠬᠠᠭᠠᠷᠠᠢ᠃      ᠬᠠᠷᠢᠯᠴᠠᠬᠤ ᠤᠲᠠᠰᠤ᠄ 0471-6652005   0471-6651073      0471-6652004   15648190333   13500613018      ᠳᠠᠭᠠᠯᠳᠤᠭᠤᠯᠤᠯ᠄ 1. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠤᠰᠬᠠᠢ ᠵᠦᠢᠯ ᠤᠨ 2023 ᠣᠨ ᠤ ᠲᠥᠪ ᠤᠨ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ ᠶᠢᠨ ᠬᠡᠷᠡᠭᠴᠡᠭᠡ ᠱᠠᠭᠠᠷᠳᠠᠯᠭ᠎ᠠ ᠶᠢᠨ ᠭᠤᠶᠤᠴᠢᠯᠠᠯ ᠤᠨ ᠬᠦᠰᠦᠨᠦᠭᠲᠦ      2. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠠᠵᠢᠯ ᠲᠥᠷᠥᠯ ᠤᠨ ᠰᠠᠭᠤᠷᠢ ᠴᠢᠳᠠᠪᠤᠷᠢ ᠶᠢᠨ ᠪᠠᠶᠢᠭᠤᠯᠤᠯᠲᠠ ᠶᠢᠨ ᠲᠤᠰᠬᠠᠢ ᠵᠦᠢᠯ ᠤᠨ 2023 ᠣᠨ ᠤ ᠲᠥᠪ ᠤᠨ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ ᠶᠢᠨ ᠬᠡᠷᠡᠭᠴᠡᠭᠡ ᠱᠠᠭᠠᠷᠳᠠᠯᠭ᠎ᠠ ᠶᠢᠨ ᠭᠤᠶᠤᠴᠢᠯᠠᠯ ᠤᠨ ᠬᠦᠰᠦᠨᠦᠭᠲᠦ                         ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                         ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ                              2022 ᠣᠨ ᠤ 12 ᠰᠠᠷ᠎ᠠ ᠶᠢᠨ 23 ᠤ ᠡᠳᠦᠷ 
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号