ᠬᠤᠶᠠᠳᠤᠭᠠᠷ ᠬᠤᠭᠤᠴᠠᠭᠠᠨ ᠤ ︽ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠰᠠᠶᠢᠨ ᠰᠣᠨᠢᠨ ᠮᠡᠳᠡᠭᠡ︾ ᠢ ᠰᠢᠯᠭᠠᠷᠠᠭᠤᠯᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2022/12/26
      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ ᠂ ︽ ᠬᠤᠶᠠᠷ ᠲᠣᠭᠲᠠᠭᠠᠯᠲᠠ︾  ᠶᠢᠨ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠴᠢᠨᠠᠭᠰᠢᠳᠠ ᠭᠦᠨᠵᠡᠭᠡᠢ ᠣᠶᠢᠯᠠᠭᠠᠨ ᠂ ︽ ᠲᠦᠷᠪᠡᠨ ᠤᠬᠠᠮᠰᠠᠷ ︾  ᠢᠶᠠᠨ ᠴᠢᠩᠭᠠᠳᠬᠠᠵᠤ ᠂ ︽ᠲᠦᠷᠪᠡᠨ ᠢᠲᠡᠭᠡᠯ ︾  ᠢᠶᠠᠨ ᠪᠠᠲᠤᠳᠬᠠᠵᠤ ᠂ ︽  ᠬᠤᠶᠠᠷ ᠬᠠᠮᠠᠭᠠᠯᠠᠯᠲᠠ︾ ᠶᠢ ᠪᠡᠶᠡᠯᠡᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠢ ᠤᠭᠲᠤᠬᠤ᠂ ᠤᠬᠠᠭᠤᠯᠬᠤ᠂ ᠲᠤᠭᠤᠰᠢᠯᠠᠭᠤᠯᠬᠤ ᠭᠤᠣᠯ ᠰᠢᠵᠢᠮ ᠲᠠᠢ ᠨᠢᠭᠲᠠ ᠤᠶᠠᠯᠳᠤᠭᠤᠯᠤᠨ᠂ ᠥᠪᠥᠷ ᠮᠣᠩᠭᠤᠯ ᠤᠨ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠳᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠯᠠᠪᠳᠠᠭᠤᠨ ᠪᠠᠲᠤᠲᠠᠢ ᠵᠠᠮᠨᠠᠬᠤ ᠶᠠᠪᠤᠴᠠ ᠳᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠵᠢᠴᠢ ︽ ᠲᠠᠷᠢᠶᠠᠯᠠᠩ ᠮᠠᠯ ᠠᠵᠤ ᠠᠬᠤᠢ ᠲᠠᠷᠢᠶᠠᠯᠠᠬᠤ ᠮᠠᠯᠵᠢᠬᠤ ᠣᠷᠣᠨ ᠲᠠᠷᠢᠶᠠᠴᠢᠨ ᠮᠠᠯᠴᠢᠨ︾ ᠤ ᠬᠦᠷᠢᠶ᠎ᠡ ᠴᠠᠷᠠᠭᠠᠨ ᠤ ᠭᠤᠶᠢᠳᠠ ᠰᠠᠶᠢᠬᠠᠨ ᠦᠯᠢᠭᠡᠷ ᠢ ᠭᠦᠨᠵᠡᠭᠡᠢ ᠠᠬᠢᠭᠤᠯᠵᠤ ᠂ ᠪᠦᠬᠦ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠣᠨᠢᠨ ᠮᠡᠳᠡᠭᠡᠨ ᠤ ᠮᠡᠳᠡᠭᠡᠯᠡᠯ ᠤᠨ ᠶᠠᠰᠤ ᠴᠢᠨᠠᠷ ᠪᠣᠯᠣᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ ᠂ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠤᠢ ᠪᠣᠯᠭᠠᠬᠤ ᠶᠢᠨ ᠲᠦᠯᠦᠭᠡ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ ᠬᠤᠶᠠᠳᠤᠭᠠᠷ ᠬᠤᠭᠤᠴᠠᠭᠠᠨ ᠤ ︽ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠰᠠᠶᠢᠨ ᠰᠣᠨᠢᠨ ᠮᠡᠳᠡᠭᠡ ︾  ᠶᠢ ᠰᠢᠯᠭᠠᠷᠠᠭᠤᠯᠬᠤ ᠠᠵᠢᠯᠯᠠᠭ᠎ᠠ ᠥᠷᠨᠢᠭᠦᠯᠬᠦ ᠪᠠᠷ ᠲᠣᠭᠲᠠᠪᠠ ᠃ ᠡᠳᠦᠭᠡ ᠠᠵᠢᠯᠯᠠᠭ᠎ᠠ ᠶᠢᠨ ᠰᠢᠯᠭᠠᠷᠠᠭᠤᠯᠬᠤ ᠵᠦᠢᠯᠡᠰ ᠢ ᠳᠣᠣᠷᠠᠬᠢ ᠮᠡᠲᠦ ᠮᠡᠳᠡᠭᠳᠡᠪᠡ ᠄      ᠨᠢᠭᠡ ᠂ ᠰᠢᠯᠭᠠᠷᠠᠭᠤᠯᠤᠯᠲᠠ ᠳᠤ ᠣᠷᠤᠯᠴᠠᠬᠤ ᠬᠡᠪᠴᠢᠶ᠎ᠡ      ᠰᠢᠯᠭᠠᠷᠠᠭᠤᠯᠤᠯᠲᠠ ᠳᠤ ᠣᠷᠣᠯᠴᠠᠭᠰᠠᠨ ᠪᠦᠲᠦᠭᠡᠯ ᠨᠢ ᠡᠷᠬᠡᠪᠰᠢ ᠤᠯᠤᠰ ᠠᠴᠠ ᠵᠢᠩᠬᠢᠨᠢ ᠪᠠᠷ ᠵᠥᠪᠰᠢᠶᠡᠷᠡᠭᠰᠡᠨ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠱᠠᠲᠤᠨ ᠤ ᠰᠣᠨᠢᠨ ᠤ ᠬᠤᠷᠢᠶ᠎ᠠ ︵ᠰᠣᠨᠢᠨ ᠤ ᠦᠢᠯᠡᠰ ᠤᠨ ᠪᠦᠯᠦᠭᠯᠡᠯ︶᠂ ᠮᠡᠳᠡᠭᠡᠯᠡᠯ ᠤᠨ ᠬᠤᠷᠢᠶ᠎ᠠ᠂ ᠷᠠᠳᠢᠣ᠋ ᠲᠧᠯᠸᠢᠰ ᠬᠤᠷᠢᠶ᠎ᠠ᠂ ᠰᠣᠨᠢᠨ ᠮᠡᠳᠡᠭᠡᠨ ᠤ ᠰᠦᠯᠵᠢᠶᠡᠨ ᠳᠡᠭᠡᠷ᠎ᠡ ᠠᠩᠬ᠎ᠠ ᠤᠳᠠᠭ᠎ᠠ ᠨᠡᠶᠢᠲᠡᠯᠡᠭᠰᠡᠨ ᠤᠳᠬ᠎ᠠ ᠵᠣᠬᠢᠶᠠᠯ᠂ ᠲᠧᠯᠸᠢᠰ᠂ ᠷᠠᠳᠢᠣ᠋ ᠪᠠ ᠬᠡᠷᠡᠯ ᠵᠢᠷᠤᠭ ᠵᠡᠷᠭᠡ ᠤᠤᠭᠠᠯ ᠡᠭᠦᠳᠦᠯᠲᠡ ᠶᠢᠨ ᠰᠣᠨᠢᠨ ᠮᠡᠳᠡᠭᠡᠨ ᠤ ᠪᠦᠲᠦᠭᠡᠯ ᠵᠢᠴᠢ ᠲᠢᠩ ᠲᠤᠭ ᠂ ᠬᠤᠷᠳᠤᠨ ᠭᠠᠷ ᠵᠡᠷᠭᠡ ᠡᠯ᠎ᠡ ᠲᠥᠷᠥᠯ ᠤᠨ ᠬᠠᠮ ᠵᠠᠭᠤᠴᠢᠯᠠᠭᠤᠷ ᠳᠡᠭᠡᠷ᠎ᠡ ᠨᠡᠶᠢᠲᠡᠯᠡᠭᠰᠡᠨ ᠤᠤᠭᠠᠯ ᠡᠭᠦᠳᠦᠯᠲᠡ ᠶᠢᠨ ᠰᠣᠨᠢᠨ ᠮᠡᠳᠡᠭᠡᠨ ᠤ ᠪᠦᠲᠦᠭᠡᠯ ᠪᠠᠶᠢᠬᠤ ᠬᠡᠷᠡᠭᠲᠡᠢ᠃ ᠪᠦᠲᠦᠭᠡᠯ ᠤᠨ ᠠᠭᠤᠯᠭ᠎ᠠ ᠨᠢ ᠪᠥᠬᠦ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠯᠤᠲᠤ ᠶᠡᠭᠡ ᠬᠤᠪᠢᠷᠠᠯᠲᠠ ᠶᠢ ᠳᠤᠰᠬᠠᠨ᠎ᠠ ᠃ ᠪᠦᠲᠦᠭᠡᠯ ᠢ ᠨᠡᠶᠢᠲᠡᠯᠡᠬᠦ ᠬᠤᠭᠤᠴᠠᠭ᠎ᠠ  ᠨᠢ 2022 ᠣᠨ ᠤ 1 ᠰᠠᠷ᠎ᠠ ᠶᠢᠨ 1 ᠤ ᠡᠳᠦᠷ ᠠᠴᠠ 2022 ᠣᠨ ᠤ 12 ᠰᠠᠷ᠎ᠠ ᠶᠢᠨ 31 ᠤ ᠡᠳᠦᠷ ᠪᠣᠯᠲᠠᠯ᠎ᠠ᠃      ᠬᠤᠶᠠᠷ ᠂ ᠰᠢᠯᠭᠠᠷᠠᠭᠤᠯᠤᠯᠲᠠ ᠶᠢᠨ ᠪᠠᠷᠢᠮᠵᠢᠶ᠎ᠠ      1. ᠭᠤᠣᠯᠳᠠᠯᠭ᠎ᠠ ᠪᠠᠨ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠳᠤ ᠣᠯᠣᠭᠰᠠᠨ ᠰᠢᠨ᠎ᠡ ᠠᠮᠵᠢᠯᠲᠠ ᠰᠢᠨ᠎ᠡ ᠬᠢᠯᠠᠰ ᠴᠡᠭ ᠢᠯᠠᠩᠭᠤᠶ᠎ᠠ ᠪᠥᠬᠦ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠢᠰᠲ᠋ᠧᠮ ᠤᠨ ᠬᠢᠨ ᠤ ᠠᠮᠤ ᠪᠤᠳᠠᠭᠠᠨ ᠤ ᠤᠨᠠᠯᠲᠠ ᠶᠢ ᠲᠣᠭᠲᠠᠪᠤᠷᠢᠵᠢᠭᠤᠯᠤᠨ ᠤᠨᠠᠯᠲᠠ ᠶᠢ ᠨᠡᠮᠡᠭᠳᠡᠭᠦᠯᠬᠦ ᠠᠵᠢᠯᠯᠠᠭ᠎ᠠ᠂ ᠲᠠᠷᠢᠶᠠᠨ ᠭᠠᠵᠠᠷ ᠢ ᠬᠠᠮᠠᠭᠠᠯᠠᠬᠤ ᠪᠠ ᠪᠦᠲᠦᠭᠡᠨ ᠪᠠᠶᠢᠭᠤᠯᠬᠤ ᠠᠵᠢᠯᠯᠠᠭ᠎ᠠ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢ ᠠᠵᠤ ᠦᠶᠢᠯᠡᠰᠵᠢᠭᠦᠯᠦᠨ ᠬᠥᠭᠵᠢᠭᠦᠯᠬᠦ ᠠᠵᠢᠯᠯᠠᠭ᠎ᠠ᠂ ᠲᠠᠷᠢᠶᠠᠯᠠᠩ ᠮᠠᠯ ᠠᠵᠤ ᠠᠬᠤᠢ ᠶᠢᠨ ᠨᠠᠷᠠᠲᠤ ᠲᠥᠷᠥᠯ ᠲᠡᠮᠳᠡᠭᠲᠦ ᠶᠢ ᠳᠡᠭᠡᠭᠰᠢᠯᠡᠭᠦᠯᠬᠦ ᠠᠵᠢᠯᠯᠠᠭ᠎ᠠ᠂ ᠲᠠᠷᠢᠮᠠᠯ ᠤᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ᠂ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠵᠡᠷᠭᠡ ᠲᠠᠯ᠎ᠠ ᠪᠠᠷ ᠬᠢ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠰᠠᠶᠢᠨ ᠨᠡᠶᠢᠲᠡᠯᠢᠭ ᠵᠢᠱᠢᠶ᠎ᠡ ᠶᠢ ᠬᠠᠷᠠᠭᠤᠯᠬᠤ ᠬᠡᠷᠡᠭᠲᠡᠢ ᠃      2.ᠮᠡᠳᠡᠭᠦᠯᠦᠨ ᠬᠦᠷᠭᠡᠭᠰᠡᠨ ᠰᠣᠨᠢᠨ ᠮᠡᠳᠡᠭᠡᠨ ᠤ ᠪᠦᠲᠦᠭᠡᠯ ᠤᠨ ᠤᠳᠤᠷᠢᠳᠤᠮᠵᠢ ᠨᠢ ᠵᠥᠪ ᠣᠨᠣᠪᠴᠢᠲᠠᠶ ᠂ ᠦᠨᠳᠦᠰᠦᠨ ᠬᠠᠤᠯᠢ ᠪᠠ ᠬᠠᠤᠯᠢ ᠴᠠᠭᠠᠵᠠ ᠳᠤ ᠨᠡᠶᠢᠴᠡᠵᠦ ᠂ ᠨᠠᠮ ᠪᠠ ᠤᠯᠤᠰ ᠤᠨ ᠴᠢᠭᠯᠡᠯᠲᠡ ᠲᠦᠷᠦ ᠶᠢᠨ ᠪᠣᠳᠣᠯᠭ᠎ᠠ ᠳᠤ ᠨᠡᠶᠢᠴᠡᠵᠦ ᠂ ᠠᠭᠤᠯᠭ᠎ᠠ ᠨᠢ ᠦᠨᠡᠨ ᠪᠣᠳᠠᠲᠠᠢ ᠂ ᠭᠤᠣᠯ ᠰᠡᠳᠦᠪ ᠨᠢ ᠢᠯᠡ ᠲᠣᠳᠣ ᠂ ᠠᠮᠢᠳᠤᠯᠢᠭ ᠂ ᠵᠣᠬᠢᠶᠠᠨ ᠪᠦᠲᠦᠭᠡᠯᠲᠡ ᠨᠢ ᠨᠠᠷᠢᠯᠢᠭ ᠪᠠᠶᠢᠵᠤ ᠂ ᠤᠯᠠᠮᠵᠢᠯᠠᠨ ᠲᠠᠷᠬᠠᠭᠠᠬᠤ ᠠᠷᠭ᠎ᠠ ᠪᠠᠷᠢᠯ ᠪᠠ ᠦᠭᠡ ᠶᠠᠷᠢᠶᠠᠨ ᠤ ᠠᠷᠭ᠎ᠠ ᠮᠠᠶ᠋ᠢᠭ ᠤᠨ ᠰᠢᠨ᠎ᠡ ᠶᠢ ᠡᠭᠦᠳᠬᠦ ᠲᠠᠯ᠎ᠠ ᠪᠠᠷ ᠰᠢᠪᠲᠤᠯᠤᠯᠲᠠ ᠲᠠᠢ ᠪᠠᠶᠢᠬᠤ ᠬᠡᠷᠡᠭᠲᠡᠢ ᠃ ᠪᠦᠲᠦᠭᠡᠯ ᠤᠨ ᠨᠥᠯᠥᠭᠡᠯᠡᠬᠦ ᠬᠦᠴᠦᠨ ᠴᠢᠩᠭ᠎ᠠ᠂ ᠣᠯᠠᠨ ᠲᠦᠮᠡᠨ ᠰᠣᠨᠣᠰᠬᠤ ᠳᠤᠷᠠᠲᠠᠢ᠂ ᠦᠵᠡᠯ ᠰᠠᠨᠠᠭ᠎ᠠ ᠲᠠᠢ᠂ ᠴᠢᠨᠰᠠᠭ᠎ᠠ ᠲᠠᠢ᠂ ᠬᠠᠯᠠᠭᠤᠨ ᠳᠤᠯᠠᠭᠠᠨ ᠲᠠᠢ᠂ ᠨᠡᠯᠢᠶᠡᠳ ᠥᠨᠳᠥᠷ ᠦᠵᠡᠬᠦ ᠨᠣᠷᠮ᠎ᠠ᠂ ᠤᠩᠰᠢᠬᠤ ᠬᠡᠮᠵᠢᠶ᠎ᠡ᠂ ᠲᠣᠪᠴᠢᠳᠠᠬᠤ ᠨᠣᠷᠮ᠎ᠠ ᠪᠠ ᠰᠢᠯᠵᠢᠭᠦᠯᠦᠨ ᠨᠡᠶᠢᠲᠡᠯᠡᠬᠦ ᠬᠡᠮᠵᠢᠶ᠎ᠡ ᠲᠠᠢ ᠪᠠᠶᠢᠵᠤ᠂ ᠨᠡᠯᠢᠶᠡᠳ ᠶᠡᠭᠡ ᠨᠡᠶᠢᠭᠡᠮ ᠤᠨ ᠨᠥᠯᠥᠭᠡ ᠲᠠᠢ ᠪᠠᠶᠢᠬᠤ ᠬᠡᠷᠡᠭᠲᠡᠢ ᠃      3.ᠪᠦᠲᠦᠭᠡᠯ ᠨᠢ ᠪᠣᠳᠠᠲᠤ ᠪᠠᠶᠢᠳᠠᠯ ᠲᠠᠢ ᠨᠡᠶᠢᠴᠡᠬᠦ ᠤᠶᠢᠭᠡᠢ᠂ ᠰᠣᠨᠢᠨ ᠮᠡᠳᠡᠭᠡᠨ ᠤ ᠡᠯᠧᠮᠧᠨ᠋ᠲ ᠪᠦᠷᠢᠨ ᠪᠤᠰᠤ᠂ ᠪᠣᠳᠠᠲᠤ ᠶᠠᠪᠤᠳᠠᠯ ᠤᠨ ᠴᠢᠨᠠᠷᠲᠠᠢ ᠪᠤᠷᠤᠭᠤ ᠵᠡᠷᠭᠡ ᠪᠠᠶᠢᠳᠠᠯ ᠲᠠᠢ ᠪᠦᠲᠦᠭᠡᠯ ᠪᠠᠶᠢᠪᠠᠯ ᠰᠢᠯᠭᠠᠷᠠᠭᠤᠯᠤᠯᠲᠠ ᠳᠤ ᠣᠷᠣᠯᠴᠠᠵᠤ ᠪᠣᠯᠬᠤ ᠤᠶᠢᠭᠡᠢ᠃      ᠭᠤᠷᠪᠠ᠂ ᠮᠡᠳᠡᠭᠦᠯᠦᠨ ᠬᠦᠷᠭᠡᠬᠦ ᠠᠷᠭ᠎ᠠ ᠪᠣᠯᠣᠨ ᠴᠠᠭ      1.ᠡᠯ᠎ᠡ ᠰᠣᠨᠢᠨ ᠮᠡᠳᠡᠭᠡᠨ ᠤ ᠨᠢᠭᠡᠴᠢ ᠠᠴᠠ ᠬᠠᠷᠢᠶ᠎ᠠ ᠪᠦᠬᠦᠢ ᠵᠠᠭᠤᠴᠢᠯᠠᠭᠤᠷ ᠤᠨ ᠨᠡᠶᠢᠲᠡᠯᠡᠭᠰᠡᠨ ︽ᠲᠠᠷᠢᠶᠠᠯᠠᠩ ᠮᠠᠯ ᠠᠵᠤ ᠠᠬᠤᠢ ᠲᠠᠷᠢᠶᠠᠯᠠᠬᠤ ᠮᠠᠯᠵᠢᠬᠤ ᠣᠷᠣᠨ ᠲᠠᠷᠢᠶᠠᠴᠢᠨ ᠮᠠᠯᠴᠢᠨ︾ ᠤ ᠲᠤᠬᠠᠢ ᠰᠢᠯᠢᠳᠡᠭ ᠪᠦᠲᠦᠭᠡᠯ ᠢ ᠰᠣᠩᠭᠤᠨ ᠭᠠᠷᠭᠠᠬᠤ ᠳᠤ᠂ ᠵᠣᠬᠢᠬᠤ ᠲᠠᠨᠢᠯᠴᠠᠭᠤᠯᠬᠤ ᠰᠠᠨᠠᠯ ᠤᠨ ᠬᠦᠰᠦᠨᠦᠭᠲᠦ ︵ᠳᠠᠭᠠᠯᠳᠤᠭᠤᠯᠤᠯ ᠳᠤ ᠦᠵᠡᠭᠡᠷᠡᠢ ︶ ᠶᠢ ᠲᠠᠭᠯᠠᠵᠤ᠂ ᠲᠠᠨᠢᠯᠴᠠᠭᠤᠯᠬᠤ ᠰᠠᠨᠠᠯ ᠤᠨ ᠬᠦᠰᠦᠨᠦᠭᠲᠦ ︵ᠠᠯᠪᠠᠨ ᠲᠠᠮᠠᠭ᠎ᠠ ᠳᠠᠷᠤᠨ᠎ᠠ︶ ᠶᠢ PDF ᠬᠡᠪᠯᠡᠯ ᠤᠨ ᠬᠡᠯᠪᠡᠷᠢ ᠪᠠᠷ ᠵᠢᠭᠠᠨ ᠲᠣᠭᠲᠠᠭᠠᠭᠰᠠᠨ ᠢᠮᠧᠯ ᠳᠤ ᠶᠠᠪᠤᠭᠤᠯᠵᠤ᠂ ᠰᠢᠤᠳᠠᠨ ᠤ ᠵᠦᠢᠯ ᠳᠤ ᠲᠠᠨᠢᠯᠴᠠᠭᠤᠯᠬᠤ ᠨᠢᠭᠡᠴᠢ ᠠᠴᠠ ᠡᠷᠬᠡᠪᠰᠢ ᠨᠢᠭᠡ ᠬᠤᠯᠪᠣᠭᠠᠴᠢᠨ ᠲᠣᠭᠲᠠᠭᠠᠬᠤ ᠬᠡᠷᠡᠭᠲᠡᠢ᠃      2.ᠪᠦᠲᠦᠭᠡᠯ ᠢ ᠴᠥᠮ ᠬᠡᠪᠯᠡᠨ ᠨᠡᠪᠲᠡᠷᠡᠭᠦᠯᠬᠦ ᠦᠶ᠎ᠡ ᠶᠢᠨ ᠵᠣᠬᠢᠶᠠᠭᠴᠢ ᠂ ᠬᠠᠷᠢᠭᠤᠴᠠᠨ ᠨᠠᠶᠢᠷᠠᠭᠤᠯᠤᠭᠴᠢ ᠶᠢᠨ ᠣᠪᠣᠭ ᠨᠡᠷ᠎ᠡ ᠂ ᠬᠥᠮᠥᠨ ᠤ ᠲᠤᠭ᠎ᠠ ᠂ ᠲᠡᠰ ᠳᠠᠷᠠᠭᠠᠯᠠᠯ ᠢᠶᠠᠷ ᠪᠠᠷᠢᠮᠵᠢᠶ᠎ᠠ ᠪᠣᠯᠭᠠᠬᠤ ᠬᠡᠷᠡᠭᠲᠡᠢ᠂ ᠬᠦᠷᠭᠡᠵᠦ ᠦᠨᠡᠯᠡᠭᠦᠯᠬᠦ ᠳᠤ ᠪᠠᠨ ᠬᠤᠪᠢᠷᠠᠭᠤᠯᠵᠤ ᠪᠣᠯᠬᠤ ᠦᠭᠡᠢ︔ ᠪᠢᠴᠢᠭ ᠤᠨ ᠨᠡᠷ᠎ᠡ ᠪᠠᠷ ᠨᠡᠷ᠎ᠡ ᠪᠠᠨ ᠪᠢᠴᠢᠭᠰᠡᠨ ᠪᠠᠶᠢᠪᠠᠯ ᠂ ᠦᠨᠡᠨ ᠪᠣᠳᠠᠲᠠᠢ ᠣᠪᠣᠭ ᠨᠡᠷ᠎ᠡ ᠪᠠᠨ ᠲᠠᠭᠯᠠᠨ ᠪᠢᠴᠢᠬᠦ ᠬᠡᠷᠡᠭᠲᠡᠢ ᠂ ᠮᠡᠳᠡᠭᠦᠯᠦᠨ ᠬᠦᠷᠭᠡᠭᠰᠡᠨ ᠤ ᠲᠠᠷᠠᠭ᠎ᠠ ᠴᠥᠮ ᠬᠠᠯᠠᠵᠤ ᠥᠭᠡᠷᠡᠴᠢᠯᠡᠵᠦ ᠪᠣᠯᠬᠤ ᠦᠭᠡᠢ ︔ ᠵᠣᠬᠢᠶᠠᠭᠴᠢ ᠶᠢᠨ ᠬᠥᠮᠥᠨ ᠤ ᠲᠤᠭ᠎ᠠ ᠨᠢ ᠭᠤᠷᠪᠠᠨ ᠬᠥᠮᠥᠨ ᠠᠴᠠ ᠬᠡᠲᠦᠷᠡᠭᠰᠡᠨ ᠪᠠᠶᠢᠪᠠᠯ᠂ ᠬᠠᠮᠲᠤ ᠪᠠᠷ ᠵᠣᠬᠢᠶᠠᠨ ᠪᠦᠲᠦᠭᠡᠬᠦ ᠨᠡᠷ᠎ᠡ ᠪᠠᠨ ᠪᠢᠴᠢᠵᠦ᠂ ᠬᠡᠷᠪᠡ ᠪᠦᠲᠦᠭᠡᠯ ᠤᠨ ᠲᠠᠨᠢᠯᠴᠠᠭᠤᠯᠭ᠎ᠠ ᠶᠢᠨ ᠬᠦᠰᠦᠨᠦᠭ ᠳᠡᠭᠡᠷᠡᠬᠢ ᠮᠡᠳᠡᠭᠡ ᠵᠠᠩᠭᠢ ᠨᠢ ᠨᠡᠶᠢᠲᠡᠯᠡᠵᠦ ᠨᠡᠪᠲᠡᠷᠡᠭᠦᠯᠬᠦ ᠦᠶ᠎ᠡ ᠶᠢᠨ ᠬᠢ ᠲᠠᠢ ᠨᠡᠶᠢᠴᠡᠬᠦ ᠦᠭᠡᠢ ᠪᠣᠯ ᠰᠢᠯᠭᠠᠷᠠᠭᠤᠯᠤᠯᠲᠠ ᠳᠤ ᠣᠷᠤᠯᠴᠠᠬᠤ ᠬᠢᠷᠢ ᠬᠡᠮ ᠢ ᠨᠢ ᠬᠠᠰᠤᠨ᠎ᠠ᠃      3.ᠪᠦᠲᠦᠭᠡᠯ ᠢᠶᠠᠨ ᠮᠡᠳᠡᠭᠦᠯᠦᠨ ᠬᠦᠷᠭᠡᠬᠦ ᠴᠠᠭ ᠨᠢ 2023 ᠣᠨ ᠤ 1 ᠰᠠᠷ᠎ᠠ ᠶᠢᠨ 6 ᠤ ᠡᠳᠦᠷ ᠳᠠᠭᠤᠰᠤᠨ᠎ᠠ᠃      ᠳᠥᠷᠪᠡ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ ᠰᠢᠯᠭᠠᠷᠠᠭᠤᠯᠬᠤ ᠺᠣᠮᠢᠰ ︵ᠳᠣᠷᠣᠭᠰᠢ ︽ᠰᠢᠯᠭᠠᠷᠠᠭᠤᠯᠬᠤ ᠺᠣᠮᠢᠰ︾ ᠭᠡᠵᠦ ᠲᠣᠪᠴᠢᠯᠠᠨ᠎ᠠ︶ ᠢ ᠵᠣᠬᠢᠶᠠᠨ ᠪᠠᠶᠢᠭᠤᠯᠤᠨ᠎ᠠ᠃ ᠰᠢᠯᠭᠠᠷᠠᠭᠤᠯᠬᠤ ᠺᠣᠮᠢᠰ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠰᠣᠨᠢᠨ ᠮᠡᠳᠡᠭᠡᠨ ᠤ ᠠᠵᠢᠯᠲᠠᠳ ᠤᠨ ᠨᠡᠶᠢᠭᠡᠮᠯᠢᠭ ᠤᠨ ᠬᠠᠮᠢᠶ᠎ᠠ ᠪᠦᠬᠦᠢ ᠲᠤᠰᠬᠠᠢ ᠮᠡᠷᠭᠡᠵᠢᠯᠲᠡᠨ᠂ ᠨᠡᠷ᠎ᠡ ᠬᠦᠨᠳᠦᠲᠦ ᠰᠤᠷᠪᠤᠯᠵᠢᠯᠠᠭᠴᠢ ᠪᠠᠷ ᠪᠦᠷᠢᠯᠳᠦᠵᠦ᠂ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠰᠠᠶᠢᠨ ᠰᠣᠨᠢᠨ ᠮᠡᠳᠡᠭᠡᠨ ᠤ ᠱᠠᠩᠨᠠᠯ ᠤᠨ ᠰᠢᠯᠭᠠᠷᠠᠭᠤᠯᠤᠯᠲᠠ ᠶᠢ ᠬᠠᠷᠢᠭᠤᠴᠠᠨ᠎ᠠ᠃      ᠲᠠᠪᠤ ᠂ ᠱᠠᠩᠨᠠᠯ ᠤᠨ ᠵᠦᠢᠯ ᠤᠨ ᠲᠣᠬᠢᠷᠠᠭᠤᠯᠤᠯᠲᠠ      ᠬᠤᠶᠠᠳᠤᠭᠠᠷ ᠬᠤᠭᠤᠴᠠᠭᠠᠨ ᠤ ︽ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠰᠠᠶᠢᠨ ᠰᠣᠨᠢᠨ ᠮᠡᠳᠡᠭᠡ ︾ ᠶᠢᠨ ᠱᠠᠩᠨᠠᠯ ᠤᠨ ᠵᠦᠢᠯ ᠤᠨ ᠲᠣᠬᠢᠷᠠᠭᠤᠯᠤᠯᠲᠠ ᠨᠢ ᠲᠣᠰ ᠲᠣᠰ ᠣᠨᠴᠠ ᠬᠤᠪᠢ ᠨᠡᠮᠡᠷᠢ ᠶᠢᠨ ᠱᠠᠩᠨᠠᠯ᠂ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠳᠡᠰ ᠤᠨ ᠱᠠᠩᠨᠠᠯ᠂ ᠰᠢᠯᠢᠳᠡᠭ ᠱᠠᠩᠨᠠᠯ᠂ ᠬᠠᠮᠤᠭ ᠤᠨ ᠰᠢᠯᠢᠳᠡᠭ ᠰᠢᠨ᠎ᠡ ᠵᠠᠭᠤᠴᠢᠯᠠᠭᠤᠷ ᠤᠨ ᠪᠦᠲᠦᠭᠡᠯ ᠤᠨ ᠱᠠᠩᠨᠠᠯ᠂ ᠬᠠᠮᠤᠭ ᠤᠨ ᠰᠢᠯᠢᠳᠡᠭ ᠬᠡᠷᠡᠯ ᠵᠢᠷᠤᠭ ᠤᠨ ᠱᠠᠩᠨᠠᠯ ᠪᠣᠯᠣᠨ᠎ᠠ᠂ ᠰᠢᠯᠭᠠᠷᠠᠭᠤᠯᠤᠭᠰᠠᠨ ᠦᠷ᠎ᠡ ᠳ᠋ᠦᠩ ᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠠᠯᠪᠠᠨ ᠰᠦᠯᠵᠢᠶ᠎ᠡ ᠳᠤ ᠢᠯᠡ ᠨᠡᠶᠢᠲᠡᠯᠡᠬᠦ ᠶᠢᠨ ᠬᠠᠮᠲᠤ ᠱᠠᠩᠨᠠᠯ ᠣᠯᠣᠭᠰᠠᠨ ᠪᠦᠲᠦᠭᠡᠯ ᠢ ᠬᠥᠬᠢᠭᠦᠯᠦᠨ ᠱᠠᠩᠨᠠᠨ᠎ᠠ᠃      ᠡᠬᠡ ᠪᠢᠴᠢᠭ ᠢᠯᠡᠭᠡᠬᠦ ᠢᠮᠧᠯ ᠤᠨ ᠬᠠᠶ᠋ᠢᠭ᠄ xczxztt@163.com᠃      ᠬᠠᠷᠢᠯᠴᠠᠬᠤ ᠬᠥᠮᠥᠨ᠄ ᠵᠠᠩ ᠲᠢᠩ ᠲᠢᠩ ᠂ ᠬᠠᠷᠢᠯᠴᠠᠬᠤ ᠤᠲᠠᠰᠤ᠄ 18104847686᠃       ᠳᠠᠭᠠᠯᠳᠤᠭᠤᠯᠤᠯ᠄ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠰᠠᠶᠢᠨ ᠰᠣᠨᠢᠨ ᠮᠡᠳᠡᠭᠡᠨ ᠤ ᠰᠢᠯᠭᠠᠷᠠᠭᠤᠯᠤᠯᠲᠠ ᠳᠤ ᠣᠷᠣᠯᠴᠠᠭᠰᠠᠨ ᠪᠦᠲᠦᠭᠡᠯ ᠢ ᠲᠠᠨᠢᠯᠴᠠᠭᠤᠯᠬᠤ ᠰᠠᠨᠠᠯ ᠤᠨ ᠬᠦᠰᠦᠨᠦᠭᠲᠦ                            ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                           ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ                                 2022 ᠣᠨ ᠤ 12 ᠰᠠᠷ᠎ᠠ ᠶᠢᠨ 22 ᠤᠨ ᠡᠳᠦᠷ 
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号