ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠳᠤ ᠤᠬᠠᠭᠤᠯᠤᠨ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2022/12/27
      12 ᠰᠠᠷ᠎ᠠ ᠶᠢᠨ 22 ᠤᠨ ᠡᠳᠦᠷ ᠤᠨ ᠦᠳᠡ ᠶᠢᠨ ᠬᠤᠶᠢᠨ᠎ᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠳᠤ ᠤᠬᠠᠭᠤᠯᠤᠨ ᠲᠠᠶᠢᠯᠪᠤᠷᠢᠯᠠᠪᠠ᠃
图片1.png
       ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠯᠧᠺᠲ᠋ᠣᠷ ᠤᠨ ᠪᠦᠯᠬᠦᠮ ᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠭᠦᠨ ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠮᠠᠷᠺᠰ ᠤᠨ ᠦᠵᠡᠯ ᠤᠨ ᠳᠡᠭᠡᠳᠦ ᠰᠤᠷᠭᠠᠭᠤᠯᠢ ᠶᠢᠨ ᠫᠷᠤᠹᠧᠰᠰᠤᠷ ᠂ ᠳᠡᠳ᠋ ᠵᠠᠬᠢᠷᠤᠯ ᠹᠦ᠋ ᠰᠦᠸᠧ ᠭᠧᠨ ︽ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ ᠤᠯᠤᠰ ᠲᠦᠷᠦ ᠶᠢᠨ ᠲᠤᠩᠬᠠᠭ ᠪᠣᠯᠣᠨ ᠠᠵᠢᠯᠯᠠᠭᠠᠨ ᠤ ᠬᠥᠲᠥᠯᠪᠦᠷᠢ ︱ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ ᠲᠤᠭᠤᠰᠢᠯᠠᠭᠤᠯᠤᠶ᠎ᠠ ︾ ᠭᠡᠬᠦ ᠰᠡᠳᠦᠪ ᠢᠶᠠᠷ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠬᠢᠵᠡᠢ ᠃ ᠢᠯᠡᠳᠬᠡᠯ ᠳᠤ ᠭᠤᠣᠯᠳᠠᠭᠤ ᠨᠠᠮ ᠤᠨ ᠬᠤᠷᠢᠳᠤᠭᠠᠷ ᠶᠡᠭᠡ ᠬᠤᠷᠠᠯ ᠤᠨ ᠲᠡᠦᠬᠡᠨ ᠪᠠᠶᠢᠷᠢ ᠰᠠᠭᠤᠷᠢ ᠪᠣᠯᠣᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠬᠤ ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠣᠨᠣᠪᠴᠢᠲᠠᠢ ᠰᠤᠷᠤᠯᠴᠠᠨ ᠣᠶᠢᠯᠠᠭᠠᠬᠤ ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠥᠪᠥᠷ ᠮᠣᠩᠭᠤᠯ ᠳᠤ ᠦᠨᠳᠦᠰᠦᠯᠡᠭᠦᠯᠬᠦ ᠂ ᠴᠡᠴᠡᠭᠯᠡᠨ ᠵᠢᠮᠢᠰᠯᠡᠬᠦ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠵᠡᠷᠭᠡ ᠭᠤᠷᠪᠠᠨ ᠲᠠᠯ᠎ᠠ ᠪᠠᠷ ᠭᠤᠣᠯᠳᠠᠭᠤᠯᠵᠤ ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠭᠦᠨᠵᠡᠭᠡᠢ ᠲᠠᠶᠢᠯᠪᠤᠷᠢᠯᠠᠵᠠᠢ ᠃
图片2.png
        ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠺᠠᠳ᠋ᠷ ᠠᠵᠢᠯᠲᠠᠨ ᠠᠵᠢᠯᠴᠢᠨ ᠨᠠᠷᠢᠨ ᠬᠢᠨᠠᠮᠠᠭᠠᠢ ᠤᠬᠠᠭᠤᠯᠤᠨ ᠲᠠᠶᠢᠯᠪᠤᠷᠢᠯᠠᠬᠤ ᠶᠢ ᠰᠣᠨᠣᠰᠤᠭᠰᠠᠨ ᠤ ᠳᠠᠷᠠᠭ᠎ᠠ᠂ ᠲᠠᠷᠢᠶᠠᠯᠠᠩ ᠮᠠᠯ ᠠᠵᠤ ᠠᠬᠤᠢ ᠶᠢᠨ ᠹᠷᠣᠨᠲ ᠤᠨ ᠠᠵᠢᠯᠲᠠᠨ ᠪᠣᠯᠤᠭᠰᠠᠨ ᠤ ᠡᠭᠦᠷᠭᠡ ᠬᠠᠷᠢᠭᠤᠴᠠᠯᠭ᠎ᠠ ᠪᠠ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ ᠂ ᠤᠯᠤᠰ ᠲᠦᠷᠦ ᠶᠢᠨ ᠤᠬᠠᠮᠰᠠᠷ ᠂ ᠦᠵᠡᠯ ᠰᠠᠨᠠᠭᠠᠨ ᠤ ᠤᠬᠠᠮᠰᠠᠷ ᠪᠠ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠦᠷᠭᠦᠯᠵᠢᠯᠡᠨ ᠴᠢᠩᠭᠠᠳᠬᠠᠵᠤ ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ ᠂ ᠲᠤᠭ᠎ᠠ ᠬᠡᠮᠵᠢᠶ᠎ᠡ ᠶᠢ ᠥᠷᠭᠡᠳᠬᠡᠬᠦ ᠂ ᠭᠠᠷᠤᠯᠲᠠ ᠶᠢ ᠨᠡᠮᠡᠭᠳᠡᠭᠦᠯᠬᠦ ᠂ ᠶᠠᠰᠤ ᠴᠢᠨᠠᠷ ᠢ ᠳᠡᠭᠡᠭᠰᠢᠯᠡᠭᠦᠯᠬᠦ ᠳᠡᠭᠡᠷ᠎ᠡ ᠦᠷᠭᠦᠯᠵᠢᠯᠡᠨ ᠬᠦᠴᠦ ᠣᠷᠣᠭᠤᠯᠵᠤ ᠂ ᠮᠠᠨ ᠤ ᠣᠷᠣᠨ ᠤ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠴᠢᠨᠠᠷ ᠰᠠᠶᠢᠲᠠᠢ ᠥᠨᠳᠥᠷ ᠪᠦᠲᠦᠮᠵᠢᠲᠡᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠎ᠠ ᠭᠡᠵᠦ ᠢᠯᠡᠳᠭᠡᠵᠡᠭᠡᠪᠡ᠃  
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号